1 ᠳ᠋ᠦ᠍ᠭᠡᠷ ᠰᠠᠷ᠎ᠠ ᠵᠢᠨ 21᠎ᠤ ᠡᠳᠦᠷ᠂ ᠪᠦᠬᠦ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠬᠤᠷᠠᠯ᠎ᠢ ᠬᠥᠬᠡᠬᠣᠲᠠ᠎ᠳᠤ ᠬᠤᠷᠠᠯᠳᠤᠭᠤᠯᠪᠠ᠃ ᠬᠤᠷᠠᠯ᠎ᠤᠨ ᠭᠣᠣᠯ ᠡᠭᠦᠷᠭᠡ᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠨ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠪᠠ ᠪᠦᠬᠦ ᠤᠯᠤᠰ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠬᠡ ᠬᠤᠷᠠᠯ᠂ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠂ ᠪᠦᠬᠦ ᠤᠯᠤᠰ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠪᠦᠬᠦ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠬᠡ ᠬᠤᠷᠠᠯ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠳᠤᠭ᠋ᠠᠷ ᠬᠤᠭᠤᠴᠠᠭ᠋ᠠᠨ᠎ᠤ ᠨᠠᠢ᠍ᠮᠠᠳᠤᠭ᠋ᠠᠷ ᠪᠦᠭᠦᠳᠡ ᠬᠤᠷᠠᠯ ᠵᠢᠴᠢ ᠪᠦᠬᠦ ᠣᠷᠣᠨ᠎ᠤ ᠠᠵᠤ ᠠᠬᠤᠢ ᠵᠢᠨ ᠠᠵᠢᠯ᠎ᠤᠨ ᠬᠤᠷᠠᠯ᠎ᠤᠨ ᠪᠠᠢ᠌ᠷᠢᠯᠠᠭᠤᠯᠤᠯᠲᠠ ᠵᠢᠨ ᠱᠠᠭ᠋ᠠᠷᠳᠠᠯᠭ᠎ᠠ ᠵᠢ ᠭᠦᠨᠵᠡᠭᠡᠢ ᠨᠠᠢ᠌ᠳᠠᠪᠤᠷᠢᠵᠢᠭᠤᠯᠵᠤ᠂ 2018 ᠣᠨ᠎ᠤ ᠪᠦᠬᠦ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠢ ᠳ᠋ᠦᠩᠨᠡᠵᠦ᠂ 2019 ᠣᠨ᠎ᠤ ᠭᠣᠣᠯᠳᠠᠯᠭ᠎ᠠ᠎ᠲᠠᠢ ᠡᠭᠦᠷᠭᠡ ᠵᠢ ᠲᠣᠬᠢᠷᠠᠭᠤᠯᠤᠨ ᠪᠠᠢ᠌ᠷᠢᠯᠠᠭᠤᠯᠤᠨ᠎ᠠ᠃
ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠪᠣᠤ ᠭᠠᠩ ᠬᠤᠷᠠᠯ᠎ᠳᠤ ᠣᠷᠣᠯᠴᠠᠭᠰᠠᠨ᠎ᠤ ᠬᠠᠮᠲᠤ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠳᠠᠷᠤᠭ᠎ᠠ ᠰᠢᠶᠠᠩ ᠳ᠋ᠦᠩ ᠠᠵᠢᠯ᠎ᠤᠨ ᠢᠯᠡᠳᠬᠡᠯ ᠬᠢᠵᠦ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠳᠡᠳ᠋ ᠡᠷᠬᠢᠯᠡᠭᠴᠢ ᠰᠦᠨ ᠯᠢ ᠵᠢᠶᠠᠨ ᠬᠤᠷᠠᠯ ᠡᠷᠬᠢᠯᠡᠵᠡᠢ᠃
ᠪᠣᠤ ᠭᠠᠩ ᠵᠢᠭ᠋ᠠᠬᠤ᠎ᠳᠤ᠎ᠪᠠᠨ᠂ ᠰᠠᠶᠢᠬᠠᠨ ᠥᠩᠭᠡᠷᠡᠨ ᠣᠳᠣᠭᠰᠠᠨ 2018 ᠣᠨ ᠪᠣᠯ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠡᠦᠬᠡᠨ ᠳᠡᠭᠡᠷᠡᠬᠢ ᠬᠥᠰᠢᠶ᠎ᠡ ᠳᠤᠷᠠᠰᠬᠠᠯ᠎ᠤᠨ ᠠᠴᠢ ᠬᠣᠯᠪᠣᠭᠳᠠᠯ᠎ᠲᠠᠢ ᠨᠢᠭᠡ ᠵᠢᠯ ᠮᠥᠨ᠃ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠪᠦᠬᠦ ᠤᠯᠤᠰ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠬᠡ ᠬᠤᠷᠠᠯ᠎ᠢ ᠬᠤᠷᠠᠯᠳᠤᠭᠤᠯᠤᠨ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠲᠣᠭᠲᠠᠭ᠋ᠠᠵᠤ᠂ ᠰᠢᠨ᠎ᠡ ᠴᠠᠭ ᠦᠶ᠎ᠡ ᠵᠢᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠪᠠ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠰᠢᠨ᠎ᠡ ᠡᠷᠢᠨ᠎ᠢ ᠡᠬᠢᠯᠡᠭᠦᠯᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠠᠴᠠ ᠪᠦᠬᠦ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠬᠡ ᠬᠤᠷᠠᠯ᠎ᠢ ᠬᠤᠷᠠᠯᠳᠤᠭᠤᠯᠤᠨ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠡᠯ᠎ᠡ ᠱᠠᠲᠤᠨ᠎ᠤ ᠡᠯ᠎ᠡ ᠰᠠᠯᠠᠭ᠎ᠠ ᠮᠥᠴᠢᠷ᠎ᠢ ᠳᠠᠢ᠌ᠴᠢᠯᠠᠨ ᠳᠠᠭ᠋ᠠᠭᠤᠯᠵᠤ 《ᠨᠠᠮ ᠵᠠᠰᠠᠭ ᠬᠠᠮᠲᠤ᠎ᠪᠠᠷ ᠬᠠᠷᠢᠭᠤᠴᠠᠯᠭ᠎ᠠ ᠡᠭᠦᠷᠭᠡᠯᠡᠬᠦ》᠂ 《ᠨᠢᠭᠡ ᠠᠵᠢᠯ᠎ᠤᠨ ᠪᠠᠢ᠌ᠷᠢ᠎ᠳᠤ ᠬᠣᠣᠰ ᠬᠠᠷᠢᠭᠤᠴᠠᠯᠭ᠎ᠠ ᠡᠭᠦᠷᠭᠡᠯᠡᠬᠦ》 ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠵᠡᠯ ᠤᠬᠠᠮᠰᠠᠷ ᠵᠶ᠋ᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠠᠵᠢᠯ᠎ᠤᠨ ᠡᠷᠴᠢᠮ ᠵᠶ᠋ᠡᠨ ᠲᠠᠰᠤᠷᠠᠯᠲᠠ ᠴᠢᠩᠭ᠋ᠠᠷᠠᠭᠤᠯᠵᠤ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠰᠠᠢ᠌ᠲᠤᠷ ᠡᠬᠢᠯᠡᠭᠦᠯᠵᠦ᠂ ᠲᠥᠪ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠢ᠌ᠴᠠᠭ᠋ᠠᠵᠤ ᠴᠡᠭᠴᠡᠯᠡᠨ ᠥᠭᠡᠷᠡᠴᠢᠯᠡᠬᠦ ᠠᠵᠢᠯ᠎ᠢ ᠯᠠᠪᠳᠠᠭᠤᠨ ᠪᠠᠲᠤᠲᠠᠢ ᠠᠬᠢᠭᠤᠯᠵᠤ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠢ ᠬᠤᠪᠢᠶᠠᠷᠢᠯᠠᠨ ᠲᠣᠭᠲᠠᠭ᠋ᠠᠬᠤ ᠠᠵᠢᠯ᠎ᠢ ᠤᠷᠤᠭᠰᠢᠲᠠᠢ ᠪᠡᠶᠡᠯᠡᠭᠦᠯᠦᠨ᠂ ᠪᠦᠬᠦ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠶᠠᠰᠤ ᠴᠢᠨᠠᠷ᠎ᠢ ᠦᠷᠭᠦᠯᠵᠢᠯᠡᠨ ᠰᠠᠢ᠌ᠵᠢᠷᠠᠭᠤᠯᠪᠠ ᠭᠡᠵᠡᠢ᠃
ᠪᠣᠤ ᠭᠠᠩ ᠴᠢᠬᠤᠯᠠᠴᠢᠯᠠᠬᠤ᠎ᠳᠤ᠎ᠪᠠᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠠᠴᠠ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠡᠨᠡ ᠵᠢᠯ᠎ᠤᠨ ᠡᠬᠢᠨ᠎ᠳᠤ ᠬᠤᠷᠠᠯᠳᠤᠭᠤᠯᠤᠭᠰᠠᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠳᠤᠭ᠋ᠠᠷ ᠬᠤᠭᠤᠴᠠᠭ᠋ᠠᠨ᠎ᠤ ᠨᠠᠢ᠍ᠮᠠᠳᠤᠭ᠋ᠠᠷ ᠪᠦᠭᠦᠳᠡ ᠬᠤᠷᠠᠯ ᠵᠢᠴᠢ ᠪᠦᠬᠦ ᠣᠷᠣᠨ᠎ᠤ ᠠᠵᠤ ᠠᠬᠤᠢ ᠵᠢᠨ ᠠᠵᠢᠯ᠎ᠤᠨ ᠬᠤᠷᠠᠯ ᠳᠡᠭᠡᠷ᠎ᠡ᠂ ᠱᠦᠵᠢ ᠯᠢ ᠵᠢᠢ ᠡᠾᠧᠩ᠂ ᠲᠡᠷᠢᠭᠦᠯᠡᠭᠴᠢ ᠪᠦ᠋ ᠰᠢᠶᠣᠤ ᠯᠢᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠴᠢᠩᠭ᠋ᠠᠳᠬᠠᠨ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠰᠠᠢ᠌ᠲᠤᠷ ᠬᠢᠬᠦ ᠲᠤᠬᠠᠢ ᠲᠣᠳᠣᠷᠬᠠᠢ ᠱᠠᠭ᠋ᠠᠷᠳᠠᠯᠭ᠎ᠠ ᠳᠤᠷᠠᠳᠪᠠ᠃ ᠪᠢᠳᠡ ᠡᠷᠬᠡᠪᠰᠢ ᠲᠥᠪ ᠪᠠ ᠥᠪᠡᠷᠲᠡᠭᠡᠨ ᠵᠠᠰᠠᠬᠤ ᠣᠷᠣᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠳᠣᠣᠷᠠᠬᠢ ᠬᠡᠳᠦᠨ ᠲᠠᠯ᠎ᠠ ᠵᠢᠨ ᠠᠵᠢᠯ᠎ᠢ ᠭᠣᠣᠯᠳᠠᠯᠭ᠎ᠠ᠎ᠲᠠᠢ᠎ᠪᠠᠷ ᠰᠠᠢ᠌ᠲᠤᠷ ᠠᠳᠬᠤᠬᠤ ᠬᠡᠷᠡᠭᠲᠡᠢ᠃ ᠨᠢᠭᠡᠳᠦᠭᠡᠷ᠎ᠲᠤ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠭᠤᠷᠪᠠᠨ ᠶᠡᠬᠡ ᠬᠠᠮᠠᠭ᠋ᠠᠯᠠᠯᠲᠠ ᠵᠢᠨ ᠳᠠᠢ᠌ᠯᠠᠯᠳᠤᠭ᠋ᠠᠨ᠎ᠢ ᠡᠷᠡᠰ ᠰᠢᠭᠤᠷᠬᠠᠢ᠎ᠪᠠᠷ ᠰᠠᠢ᠌ᠲᠤᠷ ᠬᠢᠬᠦ ᠬᠡᠷᠡᠭᠲᠡᠢ᠃ ᠴᠡᠩᠬᠡᠷ ᠣᠭᠲᠠᠷᠭᠤᠢ ᠵᠢ ᠬᠠᠮᠠᠭ᠋ᠠᠯᠠᠬᠤ ᠳᠠᠢ᠌ᠯᠠᠯᠳᠤᠭ᠋ᠠᠨ᠎ᠤ ᠲᠠᠯ᠎ᠠ᠎ᠪᠠᠷ᠂ ᠨᠢᠭᠡ᠎ᠳᠤ᠂ ᠭᠣᠣᠯᠳᠠᠯᠭ᠎ᠠ᠎ᠲᠠᠢ ᠣᠷᠣᠨ ᠪᠦᠰᠡ ᠵᠢᠨ ᠬᠣᠯᠪᠣᠭ᠋ᠠᠯᠠᠨ ᠰᠡᠷᠭᠡᠢ᠌ᠯᠡᠨ ᠬᠣᠯᠪᠣᠭ᠋ᠠᠯᠠᠨ ᠡᠵᠡᠮᠳᠡᠵᠦ ᠬᠣᠯᠪᠣᠭ᠋ᠠᠯᠠᠨ ᠵᠠᠰᠠᠬᠤ ᠵᠢ ᠰᠠᠢ᠌ᠲᠤᠷ ᠠᠳᠬᠤᠬᠤ ᠬᠡᠷᠡᠭᠲᠡᠢ᠃ ᠬᠥᠬᠡᠬᠣᠲᠠ ᠲᠠᠷᠠᠬᠠᠢ ᠪᠤᠲᠠᠷᠬᠠᠢ ᠨᠡᠭᠦᠷᠡᠰᠦ ᠵᠢ ᠲᠦᠯᠡᠬᠦ ᠪᠠ ᠲᠣᠭᠣᠰᠣ ᠳᠡᠭᠳᠡᠬᠦ ᠪᠣᠬᠢᠷᠲᠤᠯ᠎ᠤᠨ ᠠᠰᠠᠭᠤᠳᠠᠯ᠎ᠢ ᠭᠣᠣᠯᠳᠠᠯᠭ᠎ᠠ᠎ᠲᠠᠢ᠎ᠪᠠᠷ ᠰᠢᠢ᠍ᠳᠪᠦᠷᠢᠯᠡᠨ᠂ ᠪᠤᠭᠤᠲᠤ 《ᠠᠵᠤ ᠦᠢ᠍ᠯᠡᠳᠪᠦᠷᠢ ᠬᠣᠲᠠ ᠵᠢ ᠪᠦᠰᠡᠯᠡᠭᠰᠡᠨ》 ᠠᠰᠠᠭᠤᠳᠠᠯ᠎ᠢ ᠭᠣᠣᠯᠳᠠᠯᠭ᠎ᠠ᠎ᠲᠠᠢ᠎ᠪᠠᠷ ᠰᠢᠢ᠍ᠳᠪᠦᠷᠢᠯᠡᠵᠦ᠂ ᠦᠬᠠᠢ ᠵᠢᠴᠢ ᠡᠷᠭᠢᠨ ᠲᠣᠭᠣᠷᠢᠨ᠎ᠤ ᠭᠠᠵᠠᠷ ᠣᠷᠣᠨ ᠠᠭᠤᠷᠬᠠᠢ ᠨᠡᠭᠡᠭᠡᠨ ᠮᠠᠯᠲᠠᠬᠤ᠂ ᠨᠡᠭᠦᠷᠡᠰᠦᠨ ᠠᠭᠤᠷᠬᠠᠢ ᠥᠪᠡᠷ ᠵᠶ᠋ᠡᠨ ᠰᠢᠲᠠᠬᠤ ᠪᠠ ᠠᠵᠤ ᠠᠬᠤᠢ᠌ᠯᠠᠯ᠎ᠤᠨ ᠡᠮᠬᠢ ᠵᠠᠮᠪᠠᠷᠠᠭ᠎ᠠ ᠦᠭᠡᠢ᠎ᠪᠠᠷ ᠪᠣᠬᠢᠷᠲᠤᠯ ᠡᠳ᠋ ᠭᠠᠳᠠᠭᠰᠢᠯᠠᠭᠤᠯᠬᠤ ᠠᠰᠠᠭᠤᠳᠠᠯ᠎ᠢ ᠭᠣᠣᠯᠳᠠᠯᠭ᠎ᠠ᠎ᠲᠠᠢ᠎ᠪᠠᠷ ᠰᠢᠢ᠍ᠳᠪᠦᠷᠢᠯᠡᠵᠦ᠂ ᠭᠤᠷᠪᠠᠨ ᠭᠠᠵᠠᠷ ᠣᠷᠣᠨ᠎ᠤ᠎ᠬᠢᠨ ᠣᠷᠣᠨ ᠪᠦᠰᠡ ᠣᠷᠣᠨ ᠵᠠᠢ ᠵᠢᠨ ᠠᠮᠢ ᠠᠬᠤᠢ ᠵᠢᠨ ᠣᠷᠴᠢᠨ ᠲᠣᠭᠣᠷᠢᠨ᠎ᠳᠤ ᠦᠨᠡᠯᠡᠯᠲᠡ ᠬᠢᠬᠦ ᠵᠢ ᠰᠠᠢ᠌ᠲᠤᠷ ᠬᠢᠭᠰᠡᠨ ᠰᠠᠭᠤᠷᠢᠨ ᠳᠡᠭᠡᠷ᠎ᠡ᠂ ᠨᠢᠭᠡᠳᠦᠯᠲᠡᠢ ᠲᠥᠯᠥᠪᠵᠢᠭᠦᠯᠦᠨ ᠤᠬᠠᠭ᠋ᠠᠯᠠᠨ ᠲᠥᠯᠥᠪᠯᠡᠵᠦ᠂ ᠥᠩᠭᠡᠨ ᠲᠠᠯ᠎ᠠ ᠪᠠ ᠤᠭ ᠦᠨᠳᠦᠰᠦᠨ᠎ᠠᠴᠠ᠎ᠨᠢ ᠵᠠᠰᠠᠵᠤ᠂ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠬᠢᠬᠦ᠎ᠪᠠᠷ ᠪᠠᠷᠠᠬᠤ ᠦᠭᠡᠢ᠂ ᠤᠳᠠᠭ᠋ᠠᠨ ᠳᠠᠭ᠋ᠠᠭ᠋ᠠᠮᠠᠢ ᠳᠠᠢ᠌ᠯᠠᠯᠳᠤᠭ᠋ᠠᠨ᠎ᠢ ᠬᠢᠬᠦ ᠬᠡᠷᠡᠭᠲᠡᠢ᠃ ᠬᠣᠶᠠᠷ᠎ᠲᠤ᠂ ᠭᠠᠵᠠᠷ ᠣᠷᠣᠨ᠎ᠤ ᠪᠠᠢ᠌ᠳᠠᠯᠳᠤᠨᠢ ᠲᠣᠬᠢᠷᠠᠭᠤᠯᠤᠨ ᠲᠠᠷᠠᠬᠠᠢ ᠪᠤᠲᠠᠷᠬᠠᠢ ᠨᠡᠭᠦᠷᠡᠰᠦᠨ᠎ᠤ ᠪᠣᠬᠢᠷᠲᠤᠯ᠎ᠤᠨ ᠠᠰᠠᠭᠤᠳᠠᠯ᠎ᠢ ᠰᠢᠢ᠍ᠳᠪᠦᠷᠢᠯᠡᠬᠦ ᠬᠡᠷᠡᠭᠲᠡᠢ᠃ ᠬᠣᠲᠠ ᠬᠥᠳᠡᠭᠡ ᠵᠢᠨ ᠲᠥᠪᠯᠡᠷᠡᠭᠦᠯᠦᠨ ᠢᠯᠴᠢ ᠬᠠᠩᠭ᠋ᠠᠬᠤ ᠵᠢ ᠭᠣᠣᠯᠳᠠᠯᠭ᠎ᠠ᠎ᠲᠠᠢ᠎ᠪᠠᠷ ᠠᠬᠢᠭᠤᠯᠤᠨ᠂ ᠳᠥᠭᠥᠮ ᠪᠦᠳᠦᠭᠦᠯᠢᠭ ᠣᠷᠣᠨ ᠰᠠᠭᠤᠴᠠᠲᠤ ᠲᠣᠭᠣᠷᠢᠭ ᠪᠠ ᠬᠣᠲᠠ ᠵᠢᠨ ᠳᠣᠲᠣᠷᠠᠬᠢ ᠲᠣᠰᠬᠤᠨ᠎ᠢ ᠥᠭᠡᠷᠡᠴᠢᠯᠡᠨ ᠪᠠᠢ᠌ᠭᠤᠯᠬᠤ ᠵᠢ ᠲᠦᠷᠭᠡᠳᠬᠡᠵᠦ᠂ ᠢᠯᠴᠢ ᠡᠭᠦᠰᠬᠡᠭᠴᠢ ᠴᠡᠭ ᠪᠠ ᠢᠯᠴᠢ ᠬᠠᠩᠭ᠋ᠠᠬᠤ ᠬᠣᠭᠣᠯᠠᠢ ᠵᠢᠨ ᠲᠣᠣᠷ᠎ᠤᠨ ᠪᠠᠢ᠌ᠭᠤᠯᠤᠯᠲᠠ ᠵᠢ ᠰᠠᠢ᠌ᠲᠤᠷ ᠠᠳᠬᠤᠵᠤ᠂ ᠲᠥᠪᠯᠡᠷᠡᠭᠦᠯᠦᠨ ᠢᠯᠴᠢ ᠬᠠᠩᠭ᠋ᠠᠬᠤ ᠲᠠᠯᠠᠪᠠᠢ ᠵᠢ ᠥᠷᠭᠡᠳᠬᠡᠬᠦ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ᠎ᠳᠤ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ᠂ ᠬᠥᠳᠡᠭᠡ ᠲᠣᠰᠬᠤᠨ᠎ᠤ ᠪᠠᠷᠢᠯᠭ᠎ᠠ ᠵᠢᠨ ᠡᠨᠧᠷᠭᠢ ᠠᠷᠪᠢᠯᠠᠵᠤ ᠥᠭᠡᠷᠡᠴᠢᠯᠡᠨ ᠪᠠᠢ᠌ᠭᠤᠯᠬᠤ ᠵᠢ ᠰᠠᠢ᠌ᠲᠤᠷ ᠬᠢᠵᠦ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠭ᠋ᠠᠷᠳᠠᠯᠭ᠎ᠠ᠎ᠳᠤ ᠨᠡᠢ᠌ᠴᠡᠬᠦ ᠦᠭᠡᠢ ᠨᠡᠭᠦᠷᠡᠰᠦ ᠲᠦᠯᠡᠬᠦ ᠵᠢᠵᠢᠭ ᠭᠦᠸᠧᠯᠦ ᠵᠢ ᠡᠷᠡᠰ ᠲᠠᠶᠠᠭᠳᠠᠭᠤᠯᠵᠤ᠂ ᠦᠬᠦᠮᠡᠯ ᠦᠨᠡᠰᠦ ᠵᠢᠨ ᠳᠠᠬᠢᠨ ᠨᠣᠴᠣᠬᠤ᠎ᠠᠴᠠ ᠰᠡᠷᠭᠡᠢ᠌ᠯᠡᠬᠦ ᠬᠡᠷᠡᠭᠲᠡᠢ᠃ ᠭᠤᠷᠪᠠ᠎ᠳᠤ᠂ ᠠᠵᠤ ᠦᠢ᠍ᠯᠡᠳᠪᠦᠷᠢ ᠵᠢᠨ ᠪᠣᠬᠢᠷᠲᠤᠯ᠎ᠢ ᠰᠡᠷᠭᠡᠢ᠌ᠯᠡᠨ ᠵᠠᠰᠠᠬᠤ ᠵᠢ ᠴᠢᠩᠭ᠋ᠠᠳᠬᠠᠬᠤ ᠬᠡᠷᠡᠭᠲᠡᠢ᠃ 《ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ ᠪᠣᠬᠢᠷᠲᠤᠯ᠎ᠲᠠᠢ》 ᠠᠵᠤ ᠠᠬᠤᠢ᠌ᠯᠠᠯ᠎ᠢ ᠶᠡᠬᠡ ᠬᠦᠴᠦᠨ ᠵᠶ᠋ᠡᠷ ᠴᠡᠭᠴᠡᠯᠡᠨ ᠵᠠᠰᠠᠬᠤ᠂ ᠡᠮᠬᠢ ᠵᠠᠮᠪᠠᠷᠠᠭ᠎ᠠ ᠦᠭᠡᠢ᠎ᠪᠠᠷ ᠪᠣᠬᠢᠷᠲᠤᠯ ᠡᠳ᠋ ᠭᠠᠳᠠᠭᠰᠢᠯᠠᠭᠤᠯᠬᠤ ᠵᠢ ᠬᠠᠮᠢᠶᠠᠷᠬᠤ᠂ ᠬᠡᠳᠦ ᠳᠣᠣᠷ᠎ᠠ ᠬᠡᠮᠵᠢᠶ᠎ᠡ᠎ᠪᠠᠷ ᠪᠣᠬᠢᠷᠲᠤᠯ ᠡᠳ᠋ ᠭᠠᠳᠠᠭᠰᠢᠯᠠᠭᠤᠯᠬᠤ᠎ᠪᠠᠷ ᠥᠭᠡᠷᠡᠴᠢᠯᠡᠨ ᠪᠠᠢ᠌ᠭᠤᠯᠬᠤ᠂ ᠠᠭᠤᠷᠰᠢᠯ᠎ᠤᠨ ᠴᠢᠨᠠᠷᠲᠠᠢ ᠣᠷᠭ᠋ᠠᠨᠢᠭ ᠪᠣᠳᠠᠰ᠎ᠲᠤ ᠵᠠᠰᠠᠯᠲᠠ ᠬᠢᠬᠦ ᠵᠡᠷᠭᠡ ᠭᠣᠣᠯᠳᠠᠯᠭ᠎ᠠ᠎ᠲᠠᠢ ᠠᠵᠢᠯ᠎ᠢ ᠰᠠᠢ᠌ᠲᠤᠷ ᠠᠳᠬᠤᠵᠤ᠂ ᠠᠵᠤ ᠠᠬᠤᠢ᠌ᠯᠠᠯ᠎ᠤᠨ ᠪᠦᠬᠦ ᠲᠠᠯ᠎ᠠ᠎ᠪᠠᠷ ᠪᠠᠷᠢᠮᠵᠢᠶ᠎ᠠ ᠶᠣᠰᠣᠭ᠋ᠠᠷ ᠪᠣᠬᠢᠷᠲᠤᠯ ᠡᠳ᠋ ᠭᠠᠳᠠᠭᠰᠢᠯᠠᠭᠤᠯᠬᠤ ᠵᠢ ᠪᠠᠲᠤᠯᠠᠬᠤ ᠬᠡᠷᠡᠭᠲᠡᠢ᠃ 《ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ ᠪᠣᠬᠢᠷᠲᠤᠯ᠎ᠲᠠᠢ》 ᠠᠵᠤ ᠠᠬᠤᠢ᠌ᠯᠠᠯ᠎ᠢ ᠴᠡᠭᠴᠡᠯᠡᠨ ᠵᠠᠰᠠᠬᠤ᠎ᠳᠤ ᠭᠣᠣᠯᠳᠠᠯᠭ᠎ᠠ᠎ᠨᠢ 《ᠪᠣᠬᠢᠷᠲᠤᠯ》 ᠳᠡᠭᠡᠷ᠎ᠡ ᠪᠠᠢ᠌ᠬᠤ᠎ᠠᠴᠠ ᠪᠢᠰᠢ 《ᠵᠢᠵᠢᠭ》 ᠳᠡᠭᠡᠷ᠎ᠡ ᠪᠠᠢ᠌ᠭ᠎ᠠ ᠪᠢᠰᠢ᠂ ᠵᠢᠵᠢᠭ ᠪᠢᠴᠢᠯ ᠠᠵᠤ ᠠᠬᠤᠢ᠌ᠯᠠᠯ᠎ᠨᠢ ᠭᠠᠭᠴᠠ ᠬᠦ᠌ ᠠᠵᠤ ᠦᠢ᠍ᠯᠡᠰ᠎ᠤᠨ ᠲᠥᠷᠥ ᠵᠢᠨ ᠪᠣᠳᠣᠯᠭ᠎ᠠ᠂ ᠪᠣᠬᠢᠷᠲᠤᠯ ᠡᠳ᠋ ᠭᠠᠳᠠᠭᠰᠢᠯᠠᠭᠤᠯᠬᠤ ᠪᠠᠷᠢᠮᠵᠢᠶ᠎ᠠ᠎ᠳᠤ ᠬᠦᠷᠦᠭᠰᠡᠨ ᠪᠣᠯ᠂ ᠳᠠᠷᠤᠢ ᠳᠡᠮᠵᠢᠨ ᠬᠥᠭᠵᠢᠭᠦᠯᠬᠦ ᠬᠡᠷᠡᠭᠲᠡᠢ᠃ ᠡᠭᠦᠨ᠎ᠤ ᠬᠠᠮᠲᠤ ᠡᠯ᠎ᠡ ᠭᠠᠵᠠᠷ᠎ᠤᠨ ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠤ ᠠᠳᠠᠯᠢ ᠪᠤᠰᠤ ᠣᠨᠴᠠᠯᠢᠭ᠎ᠢ ᠦᠨᠳᠦᠰᠦᠯᠡᠨ᠂ ᠠᠭᠤᠷᠬᠠᠢ ᠵᠢᠨ ᠣᠷᠴᠢᠨ ᠲᠣᠭᠣᠷᠢᠨ᠎ᠳᠤ ᠶᠡᠷᠦᠩᠬᠡᠢ᠌ᠯᠡᠨ ᠵᠠᠰᠠᠯᠲᠠ ᠬᠢᠬᠦ᠂ ᠴᠠᠢ᠌ᠶᠢᠦ ᠲᠣᠰᠣᠨ᠎ᠤ ᠪᠠᠷᠠᠭ᠋ᠠᠨ᠎ᠤ ᠲᠡᠷᠭᠡ᠎ᠳᠤ ᠵᠠᠰᠠᠯᠲᠠ ᠬᠢᠬᠦ᠂ ᠬᠣᠲᠠ ᠵᠢᠨ ᠲᠣᠭᠣᠰᠣ ᠳᠡᠭᠳᠡᠬᠦ ᠵᠢ ᠬᠠᠮᠢᠶᠠᠷᠬᠤ ᠵᠡᠷᠭᠡ ᠠᠷᠭ᠎ᠠ ᠬᠡᠮᠵᠢᠶ᠎ᠡ ᠵᠢ ᠨᠢᠭᠡᠳᠦᠯᠲᠡᠢ ᠲᠥᠯᠥᠪᠵᠢᠭᠦᠯᠦᠨ ᠰᠠᠢ᠌ᠲᠤᠷ ᠠᠳᠬᠤᠵᠤ᠂ ᠣᠯᠠᠨ ᠲᠠᠯ᠎ᠠ᠎ᠠᠴᠠ ᠵᠡᠷᠭᠡ᠎ᠪᠠᠷ ᠠᠳᠬᠤᠨ ᠴᠠᠭ ᠠᠭ᠋ᠠᠷ᠎ᠤᠨ ᠶᠠᠰᠤ ᠴᠢᠨᠠᠷ᠎ᠢ ᠰᠠᠢ᠌ᠵᠢᠷᠠᠭᠤᠯᠬᠤ ᠬᠡᠷᠡᠭᠲᠡᠢ᠃ ᠴᠡᠩᠭᠡᠭ ᠤᠰᠤ ᠵᠢ ᠬᠠᠮᠠᠭ᠋ᠠᠯᠠᠬᠤ ᠳᠠᠢ᠌ᠯᠠᠯᠳᠤᠭ᠋ᠠᠨ᠎ᠤ ᠲᠠᠯ᠎ᠠ᠎ᠪᠠᠷ᠂ ᠭᠣᠣᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢᠨ ᠳᠦᠷᠢᠮ᠎ᠢ ᠭᠦᠨᠵᠡᠭᠡᠢ ᠨᠠᠢ᠌ᠳᠠᠪᠤᠷᠢᠵᠢᠭᠤᠯᠤᠨ᠂ ᠬᠥᠯᠥᠨ ᠨᠠᠭᠤᠷ᠂ ᠤᠯᠠᠭ᠋ᠠᠨᠰᠤᠬᠠᠢ᠂ ᠳᠠᠭ᠎ᠠ ᠨᠠᠭᠤᠷᠳᠤ ᠶᠡᠷᠦᠩᠬᠡᠢ᠌ᠯᠡᠨ ᠵᠠᠰᠠᠯᠲᠠ ᠬᠢᠬᠦ ᠲᠥᠷᠥᠯ ᠵᠦᠢ᠍ᠯ᠎ᠢ ᠲᠦᠷᠭᠡᠳᠬᠡᠨ ᠬᠡᠷᠡᠭᠵᠢᠭᠦᠯᠵᠦ᠂ ᠬᠣᠲᠠ ᠬᠥᠳᠡᠭᠡ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠪᠣᠬᠢᠷ ᠤᠰᠤ ᠵᠢ ᠬᠤᠷᠢᠶᠠᠨ ᠴᠤᠭᠯᠠᠭᠤᠯᠵᠤ ᠰᠢᠢ᠍ᠳᠪᠦᠷᠢᠯᠡᠬᠦ ᠴᠢᠳᠠᠪᠤᠷᠢ ᠪᠠ ᠴᠡᠪᠡᠷᠵᠢᠭᠦᠨ ᠤᠰᠤ ᠵᠢ ᠪᠤᠴᠠᠭ᠋ᠠᠨ ᠬᠡᠷᠡᠭᠯᠡᠬᠦ ᠨᠣᠷᠮ᠎ᠠ ᠵᠢ ᠬᠦᠴᠦᠯᠡᠨ ᠳᠡᠭᠡᠭᠰᠢᠯᠡᠭᠦᠯᠵᠦ᠂ ᠬᠠᠷ᠎ᠠ ᠦᠮᠡᠬᠡᠢ ᠤᠰᠤᠨ ᠴᠣᠭᠴᠠ ᠵᠢ ᠴᠡᠭᠴᠡᠯᠡᠨ ᠵᠠᠰᠠᠬᠤ᠂ ᠤᠤᠭᠤᠬᠤ ᠤᠰᠤᠨ᠎ᠤ ᠤᠰᠤᠨ ᠰᠤᠷᠪᠤᠯᠵᠢ ᠵᠢᠨ ᠣᠷᠣᠨ᠎ᠢ ᠬᠠᠮᠠᠭ᠋ᠠᠯᠠᠬᠤ ᠵᠡᠷᠭᠡ ᠲᠤᠰᠬᠠᠢ ᠵᠦᠢ᠍ᠯ᠎ᠤᠨ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠤᠰᠤᠨ᠎ᠤ ᠪᠣᠬᠢᠷᠲᠤᠯ᠎ᠳᠤ ᠵᠠᠰᠠᠯᠲᠠ ᠬᠢᠬᠦ᠂ ᠤᠰᠤᠨ᠎ᠤ ᠠᠮᠢ ᠠᠬᠤᠢ ᠵᠢ ᠵᠠᠰᠠᠨ ᠰᠡᠷᠭᠦᠭᠡᠬᠦ᠂ ᠤᠰᠤᠨ᠎ᠤ ᠡᠬᠢ ᠪᠠᠶᠠᠯᠢᠭ᠎ᠢ ᠬᠠᠮᠠᠭ᠋ᠠᠯᠠᠬᠤ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠎ᠪᠠᠷ ᠳᠠᠮᠵᠢᠭᠤᠯᠤᠨ᠂ ᠰᠢᠯᠢᠳᠡᠭ ᠰᠠᠢ᠌ᠨ ᠤᠰᠤᠨ ᠴᠣᠭᠴᠠ ᠵᠢᠨ ᠬᠠᠷᠢᠴᠠᠯ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠢ ᠪᠦᠬᠦ ᠲᠠᠯ᠎ᠠ᠎ᠪᠠᠷ ᠰᠠᠢ᠌ᠵᠢᠷᠠᠭᠤᠯᠬᠤ ᠬᠡᠷᠡᠭᠲᠡᠢ᠃ ᠠᠷᠢᠭᠤᠨ ᠬᠥᠷᠥᠰᠥ ᠵᠢ ᠬᠠᠮᠠᠭ᠋ᠠᠯᠠᠬᠤ ᠳᠠᠢ᠌ᠯᠠᠯᠳᠤᠭ᠋ᠠᠨ᠎ᠤ ᠲᠠᠯ᠎ᠠ᠎ᠪᠠᠷ᠂ ᠬᠥᠷᠥᠰᠥ ᠰᠢᠷᠣᠢ ᠵᠢᠨ ᠪᠣᠬᠢᠷᠲᠤᠯ᠎ᠤᠨ ᠪᠠᠢ᠌ᠳᠠᠯ᠎ᠳᠤ ᠨᠠᠷᠢᠨ ᠪᠠᠢ᠌ᠴᠠᠭ᠋ᠠᠯᠲᠠ ᠬᠢᠭᠰᠡᠨ ᠦᠷ᠎ᠡ ᠪᠦᠲᠦᠭᠡᠯ᠎ᠢ ᠭᠦᠢ᠍ᠴᠡᠳ ᠠᠰᠢᠭᠯᠠᠨ᠂ ᠥᠯᠥ ᠪᠣᠬᠢᠷᠲᠤᠭᠰᠠᠨ ᠬᠥᠷᠥᠰᠥ ᠰᠢᠷᠣᠢ ᠵᠢᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠠᠵᠤ ᠦᠢ᠍ᠯᠡᠳᠪᠦᠷᠢ ᠵᠢᠨ ᠢᠷᠡᠯᠲᠡ᠂ ᠲᠠᠷᠢᠶᠠᠯᠠᠩ᠎ᠤᠨ ᠢᠷᠡᠯᠲᠡ᠂ ᠠᠮᠢᠳᠤᠷᠠᠯ᠎ᠤᠨ ᠢᠷᠡᠯᠲᠡ ᠵᠡᠷᠭᠡ ᠡᠬᠢ ᠢᠷᠡᠯᠲᠡ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠷᠠᠭᠤᠯᠵᠤ᠂ ᠳᠠᠬᠢᠵᠤ ᠰᠢᠨ᠎ᠡ ᠳᠠᠩᠰᠠ ᠥᠷᠢᠲᠦᠵᠦ ᠶᠠᠭ᠋ᠠᠬᠢᠭᠰᠠᠨ ᠴᠤ᠌ ᠪᠣᠯᠬᠤ ᠦᠭᠡᠢ᠃ ᠬᠦᠨᠳᠦ ᠲᠡᠮᠦᠷᠯᠢᠭ᠎ᠤᠨ ᠠᠵᠢᠯ ᠲᠥᠷᠥᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠵᠢ ᠭᠣᠣᠯᠳᠠᠯᠭ᠎ᠠ᠎ᠲᠠᠢ᠎ᠪᠠᠷ ᠰᠠᠢ᠌ᠲᠤᠷ ᠠᠳᠬᠤᠵᠤ᠂ ᠠᠵᠤ ᠦᠢ᠍ᠯᠡᠳᠪᠦᠷᠢ ᠵᠢᠨ ᠬᠠᠲᠠᠭᠤ ᠪᠡᠶᠡᠲᠦ ᠬᠠᠶᠠᠭᠳᠠᠮᠠᠯ ᠡᠳ᠋᠎ᠤᠨ ᠬᠢᠨᠠᠯᠲᠠ ᠬᠠᠮᠢᠶᠠᠷᠤᠯᠲᠠ ᠪᠠ ᠠᠶᠤᠯᠲᠠᠢ ᠬᠠᠶᠠᠭᠳᠠᠮᠠᠯ ᠡᠳ᠋᠎ᠤᠨ ᠵᠢᠷᠤᠮᠵᠢᠭᠤᠯᠤᠭᠰᠠᠨ ᠬᠠᠮᠢᠶᠠᠷᠤᠯᠲᠠ ᠵᠢ ᠴᠢᠩᠭ᠋ᠠᠳᠬᠠᠵᠤ᠂ ᠬᠥᠷᠥᠰᠥ ᠰᠢᠷᠣᠢ ᠵᠢᠨ ᠣᠷᠴᠢᠨ ᠲᠣᠭᠣᠷᠢᠨ᠎ᠤ ᠠᠮᠤᠷ ᠲᠦᠪᠰᠢᠨ᠎ᠢ ᠪᠠᠲᠤᠯᠠᠬᠤ ᠬᠡᠷᠡᠭᠲᠡᠢ᠃ ᠪᠦᠬᠦ ᠣᠷᠣᠨ᠎ᠤ ᠶᠡᠬᠡ ᠲᠠᠯ᠎ᠠ ᠪᠠ ᠠᠯᠤᠰ ᠬᠡᠳᠦ ᠵᠢᠨ ᠬᠥᠭᠵᠢᠯᠲᠡ᠎ᠠᠴᠠ ᠡᠭᠦᠰᠦᠨ᠂ ᠬᠥᠭᠵᠢᠭᠦᠯᠬᠦ ᠪᠠ ᠬᠠᠮᠠᠭ᠋ᠠᠯᠠᠬᠤ ᠵᠢᠨ ᠬᠠᠷᠢᠴᠠᠭ᠎ᠠ ᠵᠢ ᠵᠥᠪ ᠵᠶ᠋ᠡᠷ ᠰᠠᠢ᠌ᠲᠤᠷ ᠰᠢᠢ᠍ᠳᠪᠦᠷᠢᠯᠡᠵᠦ᠂ ᠣᠷᠴᠢᠨ ᠲᠣᠭᠣᠷᠢᠨ᠎ᠤ ᠬᠠᠮᠠᠭ᠋ᠠᠯᠠᠯᠲᠠ᠎ᠳᠤ 《ᠨᠢᠭᠡ ᠯᠡ ᠪᠠᠷᠢᠮᠵᠢᠶ᠎ᠠ ᠱᠤᠭᠤᠮ ᠵᠶ᠋ᠠᠷ ᠲᠠᠰᠤᠯᠬᠤ》 ᠵᠢ ᠡᠷᠡᠰ ᠰᠡᠷᠭᠡᠢ᠌ᠯᠡᠵᠦ᠂ ᠬᠠᠤᠯᠢ ᠲᠣᠭᠲᠠᠭ᠋ᠠᠯ᠎ᠳᠤ ᠨᠡᠢ᠌ᠴᠡᠭᠰᠡᠨ ᠠᠵᠤ ᠠᠬᠤᠢ᠌ᠯᠠᠯ᠎ᠤᠨ ᠡᠷᠬᠡ ᠠᠰᠢᠭ᠎ᠢ ᠦᠨᠡᠨ ᠬᠦ᠌ ᠬᠠᠮᠠᠭ᠋ᠠᠯᠠᠬᠤ ᠬᠡᠷᠡᠭᠲᠡᠢ᠃ ᠬᠣᠶᠠᠳᠤᠭ᠋ᠠᠷ᠎ᠲᠤ᠂ ᠲᠥᠪ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠢ᠌ᠴᠠᠭ᠋ᠠᠵᠤ ᠴᠡᠭᠴᠡᠯᠡᠨ ᠥᠭᠡᠷᠡᠴᠢᠯᠡᠬᠦ ᠭᠤᠷᠪᠠᠨ ᠵᠦᠢ᠍ᠯ᠎ᠤᠨ ᠭᠣᠣᠯᠳᠠᠯᠭ᠎ᠠ᠎ᠲᠠᠢ ᠡᠭᠦᠷᠭᠡ ᠵᠢ ᠦᠨᠡᠨ ᠬᠦ᠌ ᠰᠠᠢ᠌ᠲᠤᠷ ᠠᠳᠬᠤᠬᠤ ᠬᠡᠷᠡᠭᠲᠡᠢ᠃ ᠡᠯ᠎ᠡ ᠠᠢ᠌ᠮᠠᠭ ᠬᠣᠲᠠ ᠵᠢᠨ᠎ᠬᠢᠨ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠰᠢᠮᠳᠠᠭᠤᠯᠤᠨ ᠪᠠᠢ᠌ᠴᠠᠭ᠋ᠠᠬᠤ ᠳᠤᠭᠤᠢ᠌ᠯᠠᠩ᠎ᠤᠨ ᠣᠷᠣᠵᠤ ᠰᠠᠭᠤᠭᠰᠠᠨ ᠬᠤᠭᠤᠴᠠᠭ᠋ᠠᠨ᠎ᠳᠠᠬᠢ ᠠᠵᠢᠯ᠎ᠤᠨ ᠡᠷᠴᠢ ᠵᠣᠷᠢᠭ ᠵᠶ᠋ᠡᠨ ᠪᠠᠳᠠᠷᠠᠭᠤᠯᠤᠨ᠂ ᠲᠣᠭᠲᠠᠭᠰᠠᠨ ᠬᠤᠭᠤᠴᠠᠭ᠋ᠠᠨ᠎ᠳᠤ ᠰᠢᠢ᠍ᠳᠪᠦᠷᠢᠯᠡᠨ ᠭᠦᠢ᠍ᠴᠡᠳᠬᠡᠵᠦ᠂ ᠪᠦᠬᠦᠨ᠎ᠢ ᠭᠦᠢ᠍ᠴᠡᠳᠬᠡᠨ ᠳᠠᠭᠤᠰᠬᠠᠭᠰᠠᠨ᠎ᠤ ᠳᠠᠷᠠᠭ᠎ᠠ ᠲᠥᠪ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠢ᠌ᠴᠠᠭ᠋ᠠᠬᠤ ᠳᠤᠭᠤᠢ᠌ᠯᠠᠩ᠎ᠳᠤ ᠵᠢᠩᠬᠢᠨᠢ᠎ᠪᠠᠷ ᠬᠠᠷᠢᠭᠤ ᠮᠡᠳᠡᠭᠦᠯᠦᠯᠲᠡ ᠬᠢᠬᠦ ᠬᠡᠷᠡᠭᠲᠡᠢ᠃ ᠡᠯ᠎ᠡ ᠭᠠᠵᠠᠷ᠎ᠤᠨ ᠡᠯ᠎ᠡ ᠰᠠᠯᠠᠭ᠎ᠠ ᠮᠥᠴᠢᠷ᠎ᠤᠳ ᠭᠦᠨᠵᠡᠭᠡᠢ ᠰᠤᠷᠭ᠋ᠠᠮᠵᠢ ᠠᠪᠴᠤ᠂ ᠴᠡᠭᠴᠡᠯᠡᠨ ᠥᠭᠡᠷᠡᠴᠢᠯᠡᠬᠦ ᠲᠥᠰᠥᠯ᠎ᠳᠤ ᠲᠣᠳᠣᠷᠬᠠᠢ᠌ᠯᠠᠭᠰᠠᠨ ᠴᠠᠭ᠎ᠤᠨ ᠬᠢᠵᠠᠭ᠋ᠠᠷ᠂ ᠬᠠᠷᠠᠯᠲᠠ ᠪᠠ ᠠᠷᠭ᠎ᠠ ᠬᠡᠮᠵᠢᠶ᠎ᠡ ᠶᠣᠰᠣᠭ᠋ᠠᠷ ᠴᠡᠭᠴᠡᠯᠡᠨ ᠥᠭᠡᠷᠡᠴᠢᠯᠡᠬᠦ ᠵᠢ ᠴᠢᠩᠭ᠎ᠠ ᠠᠬᠢᠭᠤᠯᠬᠤ ᠬᠡᠷᠡᠭᠲᠡᠢ᠃ ᠦᠨᠡᠨ ᠬᠦ᠌ ᠲᠣᠬᠢᠷᠠᠭᠤᠯᠤᠯᠲᠠ ᠬᠢᠬᠦ ᠴᠢᠬᠤᠯᠠᠲᠠᠢ ᠪᠣᠯ ᠡᠷᠬᠡᠪᠰᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠵᠥᠪᠰᠢᠶᠡᠷᠡᠯ᠎ᠢ ᠳᠠᠮᠵᠢᠬᠤ ᠬᠡᠷᠡᠭᠲᠡᠢ᠃ ᠠᠰᠠᠭᠤᠳᠠᠯ᠎ᠢ ᠴᠡᠭᠴᠡᠯᠡᠨ ᠥᠭᠡᠷᠡᠴᠢᠯᠡᠬᠦ ᠵᠢ ᠨᠢᠭᠡᠨᠲᠡ ᠪᠡᠶᠡᠯᠡᠭᠦᠯᠦᠭᠰᠡᠨ ᠪᠣᠯ᠂ ᠴᠠᠭ ᠲᠤᠬᠠᠢᠳᠤᠨᠢ ᠳᠡᠭᠡᠭᠰᠢ ᠮᠡᠳᠡᠭᠦᠯᠵᠦ᠂ ᠰᠢᠯᠭ᠋ᠠᠨ ᠬᠤᠷᠢᠶᠠᠨ ᠠᠪᠴᠤ ᠬᠦᠴᠦᠨ ᠦᠭᠡᠢ ᠪᠣᠯᠭ᠋ᠠᠨ᠂ ᠴᠡᠭᠴᠡᠯᠡᠨ ᠥᠭᠡᠷᠡᠴᠢᠯᠡᠭᠰᠡᠨ ᠦᠷ᠎ᠡ ᠪᠦᠲᠦᠭᠡᠯ᠎ᠢ ᠪᠠᠲᠤᠳᠬᠠᠬᠤ ᠬᠡᠷᠡᠭᠲᠡᠢ᠃ ᠭᠤᠷᠪᠠᠳᠤᠭ᠋ᠠᠷ᠎ᠲᠤ᠂ ᠡᠬᠢ ᠢᠷᠡᠯᠲᠡ᠎ᠠᠴᠠ᠎ᠨᠢ ᠪᠣᠬᠢᠷᠲᠤᠯ᠎ᠢ ᠵᠠᠰᠠᠬᠤ ᠳᠥᠷᠪᠡᠨ ᠶᠡᠬᠡ ᠲᠤᠰᠬᠠᠢ ᠵᠦᠢ᠍ᠯ᠎ᠤᠨ ᠠᠵᠢᠯᠯᠠᠭ᠎ᠠ ᠵᠢ ᠭᠦᠨᠵᠡᠭᠡᠢ ᠥᠷᠨᠢᠭᠦᠯᠬᠦ ᠬᠡᠷᠡᠭᠲᠡᠢ᠃ ᠨᠢᠭᠡ᠎ᠳᠤ᠂ ᠪᠦᠬᠦ ᠣᠷᠣᠨ᠎ᠤ ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠳᠠᠬᠢ ᠠᠭᠤᠷᠬᠠᠢ ᠵᠢ ᠪᠤᠴᠠᠭ᠋ᠠᠨ ᠭᠠᠷᠭ᠋ᠠᠬᠤ᠂ ᠠᠭᠤᠷᠬᠠᠢ᠎ᠳᠤ ᠵᠠᠰᠠᠯᠲᠠ ᠬᠢᠬᠦ ᠵᠢᠴᠢ ᠲᠣᠭᠲᠠᠭ᠋ᠠᠯ᠎ᠠᠴᠠ ᠵᠥᠷᠢᠴᠡᠵᠦ ᠨᠤᠲᠤᠭ ᠪᠡᠯᠴᠢᠭᠡᠷ᠎ᠢ ᠡᠯᠰᠡᠨ ᠡᠵᠡᠯᠡᠵᠦ ᠬᠡᠷᠡᠭᠯᠡᠭᠰᠡᠨ ᠠᠰᠠᠭᠤᠳᠠᠯ᠎ᠳᠤ ᠲᠤᠰᠬᠠᠢ ᠵᠦᠢ᠍ᠯ᠎ᠤᠨ ᠴᠡᠭᠴᠡᠯᠡᠨ ᠵᠠᠰᠠᠯᠲᠠ ᠥᠷᠨᠢᠭᠦᠯᠬᠦ ᠬᠡᠷᠡᠭᠲᠡᠢ᠃ ᠬᠣᠶᠠᠷ᠎ᠲᠤ᠂ ᠪᠦᠬᠦ ᠣᠷᠣᠨ᠎ᠤ ᠬᠣᠲᠠ ᠬᠥᠳᠡᠭᠡ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠪᠣᠬᠢᠷ ᠤᠰᠤ ᠵᠢ ᠰᠢᠢ᠍ᠳᠪᠦᠷᠢᠯᠡᠬᠦ ᠦᠢ᠍ᠯᠡᠳᠪᠦᠷᠢ ᠵᠢᠨ ᠪᠣᠬᠢᠷᠲᠤᠯ ᠡᠳ᠋ ᠭᠠᠳᠠᠭᠰᠢᠯᠠᠭᠤᠯᠤᠭᠰᠠᠨ᠎ᠨᠢ ᠪᠠᠷᠢᠮᠵᠢᠶ᠎ᠠ᠎ᠳᠤ ᠬᠦᠷᠬᠦ ᠦᠭᠡᠢ᠂ ᠴᠡᠪᠡᠷᠵᠢᠭᠦᠨ ᠤᠰᠤ ᠵᠢ ᠪᠤᠴᠠᠭ᠋ᠠᠨ ᠬᠡᠷᠡᠭᠯᠡᠬᠦ ᠪᠠ ᠬᠠᠲᠠᠭᠤ ᠪᠡᠶᠡᠲᠦ ᠬᠠᠶᠠᠭᠳᠠᠮᠠᠯ ᠡᠳ᠋᠎ᠢ ᠰᠢᠢ᠍ᠳᠪᠦᠷᠢᠯᠡᠬᠦ ᠠᠰᠠᠭᠤᠳᠠᠯ᠎ᠳᠤ ᠲᠤᠰᠬᠠᠢ ᠵᠦᠢ᠍ᠯ᠎ᠤᠨ ᠴᠡᠭᠴᠡᠯᠡᠨ ᠵᠠᠰᠠᠯᠲᠠ ᠵᠢ ᠥᠷᠨᠢᠭᠦᠯᠬᠦ ᠬᠡᠷᠡᠭᠲᠡᠢ᠃ ᠭᠤᠷᠪᠠ᠎ᠳᠤ᠂ ᠪᠦᠬᠦ ᠣᠷᠣᠨ᠎ᠤ ᠤᠰᠤᠨ ᠰᠤᠷᠪᠤᠯᠵᠢ ᠵᠢᠨ ᠣᠷᠣᠨ᠎ᠢ ᠬᠠᠮᠠᠭ᠋ᠠᠯᠠᠬᠤ᠂ ᠭᠠᠵᠠᠷ ᠳᠣᠣᠷᠠᠬᠢ ᠤᠰᠤ ᠵᠢ ᠬᠡᠲᠦᠷᠡᠭᠦᠯᠦᠨ ᠠᠪᠬᠤ᠂ ᠬᠠᠷ᠎ᠠ ᠦᠮᠡᠬᠡᠢ ᠤᠰᠤᠨ ᠴᠣᠭᠴᠠ᠎ᠳᠤ ᠵᠠᠰᠠᠯᠲᠠ ᠬᠢᠬᠦ ᠵᠡᠷᠭᠡ᠎ᠳᠤ ᠲᠤᠰᠬᠠᠢ ᠵᠦᠢ᠍ᠯ᠎ᠤᠨ ᠴᠡᠭᠴᠡᠯᠡᠨ ᠵᠠᠰᠠᠯᠲᠠ ᠬᠢᠬᠦ ᠬᠡᠷᠡᠭᠲᠡᠢ᠃ ᠳᠥᠷᠪᠡ᠎ᠳᠤ᠂ ᠬᠥᠬᠡᠬᠣᠲᠠ᠂ ᠪᠤᠭᠤᠲᠤ ᠬᠣᠲᠠ᠂ ᠦᠬᠠᠢ ᠬᠣᠲᠠ ᠵᠢᠴᠢ ᠡᠷᠭᠢᠨ ᠲᠣᠭᠣᠷᠢᠨ᠎ᠤ ᠭᠠᠵᠠᠷ ᠣᠷᠣᠨ ᠵᠡᠷᠭᠡ ᠠᠭ᠋ᠠᠷ ᠮᠠᠨᠳᠠᠯ᠎ᠤᠨ ᠪᠣᠬᠢᠷᠲᠤᠯ᠎ᠨᠢ ᠨᠡᠯᠢᠶᠡᠳ ᠬᠦᠨᠳᠦ ᠨᠣᠴᠢᠲᠠᠢ ᠬᠣᠲᠠ᠎ᠳᠤ ᠲᠤᠰᠬᠠᠢ ᠵᠦᠢ᠍ᠯ᠎ᠤᠨ ᠴᠡᠭᠴᠡᠯᠡᠨ ᠵᠠᠰᠠᠯᠲᠠ ᠬᠢᠬᠦ ᠬᠡᠷᠡᠭᠲᠡᠢ᠃ ᠳᠥᠷᠪᠡᠨ ᠶᠡᠬᠡ ᠲᠤᠰᠬᠠᠢ ᠵᠦᠢ᠍ᠯ᠎ᠤᠨ ᠴᠡᠭᠴᠡᠯᠡᠨ ᠵᠠᠰᠠᠯᠲᠠ ᠵᠢ ᠬᠡᠷᠡᠭᠵᠢᠭᠦᠯᠬᠦ᠎ᠪᠠᠷ ᠳᠠᠮᠵᠢᠭᠤᠯᠵᠤ᠂ ᠨᠢᠭᠡ ᠪᠦᠯᠦᠭ ᠠᠰᠠᠭᠤᠳᠠᠯ᠎ᠢ ᠡᠬᠢ ᠢᠷᠡᠯᠲᠡ᠎ᠠᠴᠠ᠎ᠨᠢ ᠦᠨᠡᠨ ᠬᠦ᠌ ᠰᠢᠢ᠍ᠳᠪᠦᠷᠢᠯᠡᠬᠦ ᠬᠡᠷᠡᠭᠲᠡᠢ ᠭᠡᠵᠡᠢ᠃
ᠪᠣᠤ ᠭᠠᠩ ᠱᠠᠭ᠋ᠠᠷᠳᠠᠬᠤ᠎ᠳᠤ᠎ᠪᠠᠨ᠂ 2019 ᠣᠨ᠎ᠳᠤ᠂ ᠨᠢᠭᠡ᠎ᠳᠤ᠂ ᠠᠵᠢᠯ᠎ᠤᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠤᠨ ᠴᠢᠩᠭ᠋ᠠᠷᠠᠭᠤᠯᠵᠤ ᠴᠢᠩᠭ᠋ᠠᠳᠬᠠᠬᠤ ᠬᠡᠷᠡᠭᠲᠡᠢ᠃ ᠣᠷᠣᠨ ᠨᠤᠲᠤᠭ᠎ᠤᠨ ᠡᠯ᠎ᠡ ᠱᠠᠲᠤᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠭᠣᠣᠯ ᠤᠳᠤᠷᠢᠳᠤᠯᠭ᠎ᠠ ᠪᠣᠯ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠨᠢᠭᠡᠳᠦᠭᠡᠷ ᠬᠠᠷᠢᠭᠤᠴᠠᠯᠭ᠋ᠠᠲᠠᠨ ᠪᠠᠢ᠌ᠵᠤ᠂ ᠥᠪᠡᠷ ᠵᠶ᠋ᠡᠨ ᠳᠠᠭᠤᠷᠢᠶᠠᠯ ᠦᠵᠡᠭᠦᠯᠦᠨ᠂ ᠬᠦᠨᠳᠦ ᠴᠢᠬᠤᠯᠠ ᠠᠵᠢᠯ᠎ᠢ ᠥᠪᠡᠷ ᠵᠶ᠋ᠡᠨ ᠭᠠᠷᠳᠠᠵᠤ᠂ ᠪᠡᠶ᠎ᠡ᠎ᠪᠠᠷ ᠵᠶ᠋ᠡᠨ ᠬᠦᠴᠦᠯᠡᠨ ᠴᠢᠷᠮᠠᠢ᠌ᠵᠤ ᠣᠷᠣᠯᠴᠠᠬᠤ ᠬᠡᠷᠡᠭᠲᠡᠢ; ᠬᠤᠪᠢᠳᠠᠨ ᠬᠠᠮᠢᠶᠠᠷᠴᠤ ᠪᠠᠢ᠌ᠭ᠎ᠠ ᠤᠳᠤᠷᠢᠳᠤᠯᠭ᠎ᠠ ᠪᠣᠯ ᠰᠢᠭᠤᠳ ᠬᠠᠷᠢᠭᠤᠴᠠᠯᠭ᠋ᠠᠲᠠᠨ ᠪᠠᠢ᠌ᠵᠤ᠂ ᠬᠢᠨᠠᠮᠠᠭ᠋ᠠᠢ ᠰᠤᠳᠤᠯᠤᠨ ᠤᠬᠠᠭ᠋ᠠᠯᠠᠨ ᠲᠥᠯᠥᠪᠯᠡᠵᠦ᠂ ᠰᠢᠮᠳᠠᠭᠤᠯᠤᠨ ᠨᠠᠢ᠌ᠳᠠᠪᠤᠷᠢᠵᠢᠭᠤᠯᠬᠤ ᠵᠢ ᠴᠢᠩᠭ᠋ᠠᠳᠬᠠᠬᠤ ᠬᠡᠷᠡᠭᠲᠡᠢ; ᠲᠤᠰ ᠭᠠᠵᠠᠷ ᠣᠷᠣᠨ᠎ᠤ᠎ᠪᠠᠨ ᠲᠣᠪᠣᠢ᠌ᠮ᠎ᠠ ᠠᠰᠠᠭᠤᠳᠠᠯ᠎ᠳᠤ ᠠᠩᠬᠠᠷᠤᠭᠤᠯᠤᠨ ᠲᠥᠪᠯᠡᠷᠡᠭᠦᠯᠵᠦ᠂ ᠪᠠᠢ᠌ᠯᠳᠤᠭ᠋ᠠᠨ᠎ᠤ ᠲᠥᠯᠥᠪᠯᠡᠭᠡ ᠵᠢ ᠱᠠᠯᠠᠪᠳᠠᠨ ᠲᠣᠭᠲᠠᠭ᠋ᠠᠵᠤ᠂ ᠪᠡᠯᠡ ᠮᠥᠩᠭᠥ ᠵᠢᠨ ᠣᠷᠣᠭᠤᠯᠤᠯᠲᠠ ᠪᠠ ᠠᠵᠢᠯ᠎ᠤᠨ ᠡᠷᠴᠢᠮ ᠵᠶ᠋ᠡᠨ ᠴᠢᠩᠭ᠋ᠠᠷᠠᠭᠤᠯᠤᠨ᠂ ᠨᠢᠭᠡ ᠨᠢᠭᠡ᠎ᠪᠠᠷ ᠰᠢᠪᠲᠤᠯᠤᠯᠲᠠ ᠬᠢᠬᠦ ᠬᠡᠷᠡᠭᠲᠡᠢ᠃ ᠬᠣᠶᠠᠷ᠎ᠲᠤ᠂ ᠵᠠᠷᠯᠠᠨ ᠮᠡᠳᠡᠭᠡᠯᠡᠵᠦ ᠬᠠᠷᠢᠭᠤᠴᠠᠯᠭ᠎ᠠ ᠨᠡᠬᠡᠮᠵᠢᠯᠡᠬᠦ ᠡᠷᠴᠢᠮ᠎ᠢ ᠴᠢᠩᠭ᠋ᠠᠷᠠᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠠᠴᠠ ᠠᠵᠢᠯ ᠵᠶ᠋ᠠᠨ ᠲᠤᠰᠬᠠᠢ᠌ᠯᠠᠨ ᠮᠡᠳᠡᠭᠦᠯᠬᠦ ᠪᠠ ᠲᠣᠭᠲᠠᠮᠠᠯ ᠬᠤᠭᠤᠴᠠᠭ᠎ᠠ᠎ᠲᠠᠢ᠎ᠪᠠᠷ ᠵᠠᠷᠯᠠᠨ ᠨᠡᠢ᠌ᠲᠡᠯᠡᠬᠦ ᠳᠦᠷᠢᠮ᠎ᠢ ᠪᠠᠢ᠌ᠭᠤᠯᠵᠤ᠂ 2019 ᠣᠨ᠎ᠤ 1 ᠳ᠋ᠦ᠍ᠭᠡᠷ ᠰᠠᠷ᠎ᠠ᠎ᠠᠴᠠ ᠡᠬᠢᠯᠡᠨ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠂ ᠲᠥᠪ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠢ᠌ᠴᠠᠭ᠋ᠠᠯᠲᠠ ᠪᠠ ᠴᠡᠭᠴᠡᠯᠡᠨ ᠥᠭᠡᠷᠡᠴᠢᠯᠡᠯᠲᠡ᠂ ᠳᠥᠷᠪᠡᠨ ᠶᠡᠬᠡ ᠲᠤᠰᠬᠠᠢ ᠵᠦᠢ᠍ᠯ᠎ᠤᠨ ᠴᠡᠭᠴᠡᠯᠡᠨ ᠵᠠᠰᠠᠬᠤ ᠠᠵᠢᠯᠯᠠᠭ᠎ᠠ ᠵᠡᠷᠭᠡ ᠭᠣᠣᠯᠳᠠᠯᠭ᠎ᠠ᠎ᠲᠠᠢ ᠠᠵᠢᠯ᠎ᠳᠤ᠂ ᠰᠠᠷ᠎ᠠ ᠪᠦᠷᠢ ᠲᠣᠭᠲᠠᠮᠠᠯ ᠬᠤᠭᠤᠴᠠᠭ᠎ᠠ᠎ᠲᠠᠢ᠎ᠪᠠᠷ ᠠᠵᠢᠯ᠎ᠤᠨ ᠠᠬᠢᠯᠲᠠ ᠵᠢᠨ ᠪᠠᠢ᠌ᠳᠠᠯ᠎ᠢ ᠵᠠᠷᠯᠠᠨ ᠨᠡᠢ᠌ᠲᠡᠯᠡᠵᠦ᠂ ᠤᠯᠠᠷᠢᠯ ᠪᠦᠷᠢ ᠥᠪᠡᠷᠲᠡᠭᠡᠨ ᠵᠠᠰᠠᠬᠤ ᠣᠷᠣᠨ᠎ᠤ ᠳᠥᠷᠪᠡᠨ ᠶᠡᠬᠡ ᠤᠳᠤᠷᠢᠳᠬᠤ ᠪᠠᠭ᠎ᠤᠨ ᠤᠳᠤᠷᠢᠳᠤᠯᠭ᠎ᠠ ᠨᠠᠷ᠎ᠲᠤ ᠲᠤᠰᠬᠠᠢ᠌ᠯᠠᠨ ᠮᠡᠳᠡᠭᠦᠯᠦᠨ᠎ᠡ᠃ ᠭᠤᠷᠪᠠ᠎ᠳᠤ᠂ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ᠎ᠤ ᠲᠤᠰ ᠪᠡᠶ᠎ᠡ ᠵᠢᠨ ᠪᠠᠢ᠌ᠭᠤᠯᠤᠯᠲᠠ ᠵᠢ ᠴᠢᠩᠭ᠋ᠠᠳᠬᠠᠬᠤ ᠬᠡᠷᠡᠭᠲᠡᠢ᠃ ᠪᠠᠢ᠌ᠭᠤᠯᠤᠮᠵᠢ ᠵᠢᠨ ᠥᠭᠡᠷᠡᠴᠢᠯᠡᠯᠲᠡ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠡᠭᠴᠡ ᠴᠢᠭᠯᠡᠯ᠎ᠤᠨ ᠥᠭᠡᠷᠡᠴᠢᠯᠡᠯᠲᠡ᠂ ᠶᠡᠷᠦᠩᠬᠡᠢ᠌ᠯᠡᠨ ᠬᠠᠤᠯᠢ ᠬᠡᠷᠡᠭᠵᠢᠭᠦᠯᠬᠦ ᠥᠭᠡᠷᠡᠴᠢᠯᠡᠯᠲᠡ᠂ ᠠᠵᠢᠯ ᠦᠢ᠍ᠯᠡᠰ᠎ᠤᠨ ᠨᠢᠭᠡᠴᠢ ᠵᠢᠨ ᠥᠭᠡᠷᠡᠴᠢᠯᠡᠯᠲᠡ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠠᠢ᠌ᠭᠤᠯᠤᠮᠵᠢ ᠣᠷᠣᠨ ᠲᠣᠭ᠎ᠠ᠂ ᠠᠵᠢᠯᠲᠠᠨ᠎ᠤ ᠬᠦᠴᠦᠨ ᠵᠡᠷᠭᠡ ᠠᠰᠠᠭᠤᠳᠠᠯ᠎ᠢ ᠨᠢᠭᠡᠳᠦᠯᠲᠡᠢ ᠲᠥᠯᠥᠪᠵᠢᠭᠦᠯᠦᠨ ᠰᠠᠢ᠌ᠲᠤᠷ ᠰᠢᠢ᠍ᠳᠪᠦᠷᠢᠯᠡᠵᠦ᠂ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠳ᠎ᠤᠨ ᠡᠭᠦᠷᠭᠡ ᠬᠠᠷᠢᠭᠤᠴᠠᠯᠭ᠎ᠠ᠎ᠪᠠᠨ ᠨᠡᠩ ᠰᠠᠢ᠌ᠲᠤᠷ ᠭᠦᠢ᠍ᠴᠡᠳᠬᠡᠬᠦ ᠵᠢ ᠠᠬᠢᠭᠤᠯᠬᠤ ᠬᠡᠷᠡᠭᠲᠡᠢ᠃
ᠰᠢᠶᠠᠩ ᠳ᠋ᠦᠩ ᠪᠦᠬᠦ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠲᠤᠬᠠᠢ ᠲᠣᠬᠢᠷᠠᠭᠤᠯᠤᠯᠲᠠ ᠪᠠᠢ᠌ᠷᠢᠯᠠᠭᠤᠯᠤᠯᠲᠠ ᠬᠢᠵᠦ᠂ 2019 ᠣᠨ ᠪᠣᠯ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠤ ᠢᠯᠠᠯᠲᠠ ᠵᠢ ᠣᠯᠵᠤ᠂ ᠴᠢᠨᠡᠭᠡᠯᠢᠭ ᠨᠡᠢ᠌ᠭᠡᠮ᠎ᠢ ᠪᠦᠬᠦ ᠲᠠᠯ᠎ᠠ᠎ᠪᠠᠷ ᠪᠠᠢ᠌ᠭᠤᠯᠤᠨ ᠪᠦᠲᠦᠭᠡᠬᠦ ᠰᠢᠢ᠍ᠳᠪᠦᠷᠢᠲᠦ ᠢᠯᠠᠯᠲᠠ ᠵᠢ ᠣᠯᠬᠤ ᠡᠮᠦᠨᠡᠬᠢ ᠬᠣᠢ᠌ᠨᠠᠬᠢ ᠵᠢ ᠵᠠᠯᠭ᠋ᠠᠯᠳᠤᠭᠤᠯᠤᠨ ᠡᠬᠢᠯᠡᠭᠦᠯᠬᠦ ᠵᠠᠩᠭᠢᠯᠠᠭ᠎ᠠ ᠵᠢᠨ ᠨᠢᠭᠡ ᠵᠢᠯ ᠮᠥᠨ᠃ ᠠ᠋ᠨᠡ ᠵᠢᠯ᠎ᠤᠨ ᠠᠵᠢᠯ᠎ᠤᠨ ᠶᠠᠷᠤᠩᠬᠡᠢ ᠱᠠᠭ᠋ᠠᠷᠳᠠᠯᠭ᠎ᠠ ᠪᠣᠯ ᠠᠮᠢ ᠠᠬᠤᠢ ᠵᠢᠨ ᠤᠷᠴᠢᠨ ᠲᠤᠭᠤᠷᠢᠨ᠎ᠤ ᠶᠠᠰᠤ ᠴᠢᠨᠠᠷ᠎ᠢ ᠰᠠᠢ᠌ᠵᠢᠷᠠᠭᠤᠯᠬᠤ᠎ᠪᠠᠷ ᠭᠤᠤᠯ ᠪᠣᠯᠭ᠋ᠠᠨ᠂ ᠤᠯᠠᠨ ᠲᠦᠮᠡᠨ᠎ᠤ ᠠᠮᠢ ᠠᠬᠤᠢ ᠵᠢᠨ ᠤᠷᠴᠢᠨ ᠲᠤᠭᠤᠷᠢᠨ᠎ᠤ ᠬᠦᠷᠲᠡᠭᠡᠮᠵᠢᠲᠦ ᠳᠦᠷᠦᠭᠳᠡᠯ ᠵᠤᠯ ᠵᠢᠷᠭ᠋ᠠᠯᠲᠤ ᠲᠦᠷᠦᠭᠳᠡᠯ ᠠᠮᠤᠷ ᠲᠦᠪᠰᠢᠨ ᠲᠦᠷᠦᠭᠳᠡᠯ᠎ᠢ ᠴᠢᠩᠭ᠋ᠠᠷᠠᠭᠤᠯᠬᠤ᠎ᠪᠠᠷ ᠤᠳᠤᠷᠢᠳᠤᠮᠵᠢ ᠪᠣᠯᠭ᠋ᠠᠵᠤ᠂ ᠠᠮᠢ ᠠᠬᠤᠢ ᠵᠢᠨ ᠤᠷᠴᠢᠨ ᠲᠤᠭᠤᠷᠢᠨ᠎ᠤ ᠲᠤᠪᠤᠢ᠍ᠢ᠍ᠮ᠎ᠠ ᠠᠰᠠᠭᠤᠳᠠᠯ᠎ᠢ ᠰᠢᠢ᠍ᠳᠪᠦᠷᠢᠯᠡᠬᠦ᠎ᠪᠠᠷ ᠭᠤᠤᠯᠳᠠᠯᠭ᠎ᠠ ᠪᠤᠯᠭ᠋ᠠᠨ᠂ ᠠᠮᠢ ᠠᠬᠤᠢ ᠵᠢᠨ ᠤᠷᠴᠢᠨ ᠲᠤᠭᠤᠷᠢᠨ᠎ᠤ ᠳᠦᠭᠰᠢᠬᠦᠷᠢ ᠵᠢ ᠰᠡᠷᠭᠡᠢ᠌ᠯᠡᠨ ᠡᠵᠡᠮᠳᠡᠬᠦ᠎ᠪᠠᠷ ᠬᠣᠷᠢᠭ᠎ᠠ ᠱᠤᠭᠤᠮ ᠪᠤᠯᠭ᠋ᠠᠵᠤ᠂ ᠠᠮᠢ ᠠᠬᠤᠢ ᠵᠢᠨ ᠤᠷᠴᠢᠨ ᠲᠤᠭᠤᠷᠢᠨ᠎ᠤ ᠬᠦᠷᠢᠶ᠎ᠡ ᠴᠠᠷᠠᠭ᠋ᠠᠨ᠎ᠳᠠᠬᠢ ᠦᠬᠡᠷᠡᠴᠢᠯᠡᠯᠳᠡ ᠵᠢ ᠠᠬᠢᠭᠤᠯᠬᠤ᠎ᠪᠠᠷ ᠪᠠᠳᠤᠯᠠᠭ᠎ᠠ ᠪᠤᠯᠭ᠋ᠠᠨ᠂ ᠠᠩᠬᠠᠷᠤᠯ ᠪᠠ ᠬᠦᠴᠦᠨ ᠵᠶ᠋ᠡᠨ ᠲᠦᠪᠯᠡᠷᠡᠬᠦᠯᠤᠨ ᠪᠤᠬᠢᠷᠳᠤᠯ᠎ᠢ ᠰᠡᠷᠬᠡᠢ᠍ᠢ᠍ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠰᠠᠢ᠍ᠢ᠍ᠳᠤᠷ ᠬᠢᠵᠤ᠂ ᠰᠢᠨ᠎ᠡ ᠴᠠᠬ ᠦᠶ᠎ᠠ ᠵᠢᠨ ᠠᠮᠢ ᠠᠬᠤᠢ ᠵᠢᠨ ᠤᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠰᠢᠨ᠎ᠠ ᠪᠠᠢ᠍ᠢ᠍ᠳᠠᠯ᠎ᠢ ᠴᠢᠷᠮᠠᠢ᠍ᠢ᠍ᠨ ᠠ᠋ᠬᠦᠳᠴᠤ᠂ ᠪᠦᠬᠦ ᠤᠷᠤᠨ᠎ᠤ ᠠᠵᠤ ᠠᠬᠤᠢ ᠵᠢᠨ ᠴᠢᠨᠠᠷᠯᠢᠭ ᠬᠦᠭᠵᠢᠯᠳᠡ ᠵᠢ ᠠᠬᠢᠭᠤᠯᠤᠨ᠂ ᠴᠢᠨᠡᠭᠡᠯᠢᠭ ᠨᠡᠢ᠍ᠢ᠍ᠭᠡᠮ᠎ᠢ ᠪᠦᠬᠦ ᠳᠠᠯ᠎ᠠ᠎ᠪᠠᠷ ᠪᠠᠢ᠌ᠭᠤᠯᠤᠨ ᠪᠦᠲᠦᠭᠡᠬᠦ ᠰᠢᠢ᠍ᠳᠪᠤᠷᠢᠳᠤ ᠢᠯᠠᠯᠳᠠ ᠵᠢ ᠣᠯᠬᠤ᠎ᠳᠤ ᠴᠢᠩᠭ᠎ᠠ ᠬᠦᠴᠦᠨ ᠪᠦᠬᠦᠢ ᠲᠤᠯᠭ᠋ᠠᠭᠤᠷᠢᠯᠠᠯ ᠬᠠᠩᠭ᠋ᠠᠵᠤ᠂ ᠰᠢᠨ᠎ᠡ ᠳᠤᠮᠳᠠᠳᠤ ᠤᠯᠤᠰ ᠪᠠᠢ᠍ᠢ᠍ᠭᠤᠯᠤᠬᠳᠠᠬᠰᠠᠨ 70 ᠵᠢᠯ᠎ᠤᠨ ᠤᠢ᠎ᠳᠤ ᠪᠡᠯᠡᠭ ᠪᠣᠯᠭ᠋ᠠᠨ ᠬᠠᠨᠳᠢᠪᠯᠠᠨ᠎ᠠ᠃ ᠭᠤᠤᠯ ᠬᠠᠷᠠᠯᠳᠠ᠎ᠨᠢ ᠪᠦᠬᠦ ᠤᠷᠤᠨ᠎ᠤ ᠲᠤᠰᠬᠠᠢ ᠣᠷᠣᠨ᠎ᠤ ᠲᠡᠰ᠎ᠤᠨ ᠬᠤᠳᠠ ᠵᠢᠨ ᠠᠭ᠋ᠠᠷ᠎ᠤᠨ ᠶᠠᠰᠤ ᠴᠢᠨᠠᠷ᠎ᠤᠨ ᠰᠢᠯᠢᠳᠡᠭ ᠰᠠᠢ᠌ᠨ ᠠ᠋ᠳᠤᠷ᠎ᠤᠨ ᠲᠤᠭ᠎ᠠ ᠵᠢᠨ ᠬᠠᠷᠢᠴᠠᠯ᠎ᠢ 83.5%᠎ᠳᠤ ᠬᠦᠷᠬᠡᠵᠤ᠂ PM2.5᠎ᠨᠢ ᠪᠠᠷᠢᠮᠵᠢᠶᠠᠨ᠎ᠳᠤ ᠬᠦᠷᠬᠦ ᠦᠬᠡᠢ ᠲᠤᠰᠬᠠᠢ ᠣᠷᠣᠨ᠎ᠤ ᠳᠡᠰ᠎ᠤᠨ ᠬᠤᠳᠠ ᠵᠢᠨ ᠵᠢᠯ᠎ᠤᠨ ᠳᠤᠮᠳᠠᠴᠢ ᠦᠳᠬᠡᠴᠡ ᠵᠢ 2015 ᠤᠨ᠎ᠤ ᠳᠤᠤᠷᠠᠳᠤ ᠬᠠᠭ᠋ᠠᠰ ᠵᠢᠯ᠎ᠤᠨ᠎ᠬᠢ᠎ᠠᠴᠠ 11.8%᠎ᠪᠠᠷ ᠪᠠᠭᠤᠷᠠᠭᠤᠯᠤᠨ᠎ᠠ; ᠭᠠᠵᠠᠷ ᠳᠡᠬᠡᠷᠡᠬᠢ ᠤᠰᠤᠨ᠎ᠤ ᠴᠢᠨᠠᠷ᠎ᠤᠨ ᠰᠢᠯᠢᠳᠡᠭ ᠰᠠᠢ᠌ᠨ᠎ᠤ ᠬᠠᠷᠢᠴᠠᠯ᠎ᠢ 59.6%᠎ᠳᠤ ᠬᠦᠷᠬᠡᠵᠤ᠂ ᠮᠠᠭᠤ V ᠲᠦᠷᠤᠯ᠎ᠤᠨ ᠤᠰᠤᠨ ᠴᠤᠬ᠍ᠴᠠ ᠵᠢᠨ ᠬᠠᠷᠢᠴᠠᠯ᠎ᠢ 5.8% ᠵᠢᠨ ᠳᠤᠳᠤᠷ᠎ᠠ ᠬᠢᠵᠠᠭ᠋ᠠᠷᠯᠠᠨ᠎ᠠ; ᠳᠠᠷᠢᠶᠠᠯᠠᠩ᠎ᠳᠤ ᠬᠡᠷᠡᠭᠯᠡᠬᠦ ᠭᠠᠵᠠᠷ ᠪᠠ ᠪᠦᠳᠤᠬᠡᠨ ᠪᠠᠢ᠍ᠢ᠍ᠭᠤᠯᠤᠯᠳᠠ᠎ᠳᠤ ᠬᠡᠷᠡᠭᠯᠡᠬᠦ ᠭᠠᠵᠠᠷ᠎ᠤᠨ ᠬᠥᠷᠥᠰᠥ ᠰᠢᠷᠣᠢ ᠵᠢᠨ ᠤᠷᠴᠢᠨ ᠲᠤᠭᠤᠷᠢᠨ᠎ᠤ ᠲᠦᠭᠰᠢᠬᠦᠷᠢ ᠵᠢ ᠪᠦᠳᠤᠮᠵᠢᠳᠠᠢ ᠬᠢᠵᠠᠭ᠋ᠠᠷᠯᠠᠨ᠎ᠠ᠃ ᠳᠡᠭᠡᠷ᠎ᠡ ᠶᠠᠷᠢᠭᠰᠠᠨ ᠬᠠᠷᠠᠯᠳᠠ ᠵᠢᠨ ᠲᠤᠭᠤᠷᠢᠨ᠎ᠳᠤ ᠠᠩᠬᠠᠷᠤᠯ ᠪᠠ ᠬᠦᠴᠦᠨ ᠵᠶ᠋ᠡᠨ ᠲᠦᠪᠯᠡᠷᠡᠬᠦᠯᠤᠨ ᠪᠤᠬᠢᠷᠳᠤᠯ᠎ᠢ ᠰᠡᠷᠬᠡᠢ᠍ᠢ᠍ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠰᠠᠢ᠍ᠢ᠍ᠳᠤᠷ ᠬᠢᠬᠦ᠂ ᠠᠵᠤ ᠠᠬᠤᠢ ᠵᠢᠨ ᠴᠢᠨᠠᠷᠯᠢᠭ ᠬᠦᠭᠵᠢᠯᠳᠡ ᠵᠢ ᠢᠳᠡᠪᠬᠢᠳᠠᠢ ᠠᠬᠢᠭᠤᠯᠬᠤ᠂ ᠠᠮᠢ ᠠᠬᠤᠢ ᠵᠢᠨ ᠤᠷᠴᠢᠨ ᠲᠤᠭᠤᠷᠢᠨ᠎ᠤ ᠬᠦᠷᠢᠶ᠎ᠡ ᠴᠠᠷᠠᠭ᠋ᠠᠨ᠎ᠳᠠᠬᠢ ᠦᠬᠡᠷᠡᠴᠢᠯᠡᠯᠳᠡ ᠵᠢ ᠪᠦᠬᠦ ᠳᠠᠯ᠎ᠠ᠎ᠪᠠᠷ ᠬᠦᠨᠵᠡᠬᠡᠢ᠍ᠢ᠍ᠷᠡᠬᠦᠯᠬᠦ᠂ ᠲᠦᠪ᠎ᠤᠨ ᠤᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠢ᠌ᠴᠠᠭ᠋ᠠᠵᠤ ᠴᠡᠭᠴᠡᠯᠡᠨ ᠵᠠᠰᠠᠬᠤ ᠠ᠋ᠬᠦᠷᠬᠡ ᠵᠢ ᠠ᠋ᠷᠡᠰ ᠨᠠᠢ᠌ᠳᠠᠪᠤᠷᠢᠵᠢᠭᠤᠯᠬᠤ᠂ ᠪᠠᠢ᠍ᠢ᠍ᠭ᠋ᠠᠯᠢ ᠵᠢᠨ ᠠᠮᠢ ᠠᠬᠤᠢ ᠵᠢᠨ ᠰᠢᠰᠲ᠋ᠧᠮ᠎ᠤᠨ ᠬᠠᠮᠠᠭ᠋ᠠᠯᠠᠯᠳᠠ ᠵᠢ ᠴᠢᠩᠭ᠋ᠠᠳᠬᠠᠬᠤ᠂ ᠠᠮᠢ ᠠᠬᠤᠢ ᠵᠢᠨ ᠤᠷᠴᠢᠨ ᠲᠤᠭᠤᠷᠢᠨ᠎ᠤ ᠬᠠᠤᠯᠢ ᠬᠡᠷᠡᠭᠵᠢᠬᠦᠯᠵᠤ ᠬᠢᠨᠠᠨ ᠬᠠᠮᠢᠶᠠᠷᠬᠤ ᠪᠠ ᠲᠦᠭᠰᠢᠬᠦᠷᠢ ᠵᠢ ᠰᠡᠷᠬᠡᠢ᠍ᠢ᠍ᠯᠡᠨ ᠡᠵᠡᠮᠰᠢᠬᠦ ᠵᠢ ᠴᠢᠩᠭ᠋ᠠᠳᠬᠠᠬᠤ᠂ ᠠᠮᠢ ᠠᠬᠤᠢ ᠵᠢᠨ ᠤᠷᠴᠢᠨ ᠲᠤᠭᠤᠷᠢᠨ᠎ᠳᠤ ᠵᠠᠰᠠᠯᠲᠠ ᠬᠢᠬᠦ ᠴᠢᠳᠠᠪᠤᠷᠢ᠎ᠪᠠᠨ ᠳᠡᠬᠡᠭᠰᠢᠯᠡᠬᠦᠯᠬᠦ᠂ ᠨᠠᠮ᠎ᠢ ᠪᠦᠬᠦ ᠳᠠᠯ᠎ᠠ᠎ᠪᠠᠷ ᠴᠢᠩᠭ᠎ᠠ ᠵᠠᠰᠠᠬᠤ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠵᠡᠷᠭᠡ ᠨᠠᠢ᠍ᠮᠠᠨ ᠳᠠᠯ᠎ᠠ ᠵᠢᠨ ᠠᠵᠢᠯ᠎ᠢ ᠰᠠᠢ᠍ᠢ᠍ᠳᠤᠷ ᠬᠢᠬᠦ ᠬᠡᠷᠡᠭᠳᠡᠢ᠃
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠤᠳᠤᠷᠢᠳᠤᠯᠭ᠎ᠠ᠂ ᠡᠯ᠎ᠡ ᠠᠢ᠌ᠮᠠᠭ ᠬᠣᠲᠠ ᠵᠢᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠢ ᠬᠤᠪᠢᠳᠠᠨ ᠬᠠᠮᠢᠶᠠᠷᠴᠤ ᠪᠠᠢ᠌ᠭ᠎ᠠ ᠳᠡᠳ᠋ ᠳᠠᠷᠤᠭ᠎ᠠ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ ᠵᠢᠨ ᠳᠠᠷᠤᠭ᠎ᠠ; ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠪᠠ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ ᠨᠢᠭᠡᠴᠢ ᠵᠢᠴᠢ ᠪᠤᠰᠤᠳ ᠬᠣᠯᠪᠣᠭᠳᠠᠯ ᠪᠦᠬᠦᠢ ᠨᠢᠭᠡᠴᠢ ᠵᠢᠨ ᠬᠠᠷᠢᠭᠤᠴᠠᠯᠭ᠋ᠠᠲᠠᠳ; ᠤᠯᠤᠰ᠎ᠤᠨ ᠳᠡᠰ᠂ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠬᠡᠰᠡᠭ ᠬᠦᠷᠢᠶᠡᠯᠡᠩ ᠲᠣᠭᠣᠷᠢᠭ᠎ᠤᠨ ᠬᠠᠷᠢᠭᠤᠴᠠᠯᠭ᠋ᠠᠲᠠᠳ᠂ ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠪᠠᠢ᠌ᠭᠤᠯᠤᠮᠵᠢ ᠵᠢᠨ ᠭᠣᠣᠯ ᠬᠠᠷᠢᠭᠤᠴᠠᠯᠭ᠋ᠠᠲᠠᠳ᠂ ᠭᠣᠣᠯᠳᠠᠯᠭ᠎ᠠ᠎ᠲᠠᠢ ᠠᠵᠤ ᠠᠬᠤᠢ᠌ᠯᠠᠯ᠎ᠤᠨ ᠭᠣᠣᠯ ᠬᠠᠷᠢᠭᠤᠴᠠᠯᠭ᠋ᠠᠲᠠᠳ; ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠵᠣᠬᠢᠶᠠᠨ ᠪᠠᠢ᠌ᠭᠤᠯᠬᠤ ᠬᠡᠯᠲᠡᠰ᠂ ᠤᠬᠠᠭᠤᠯᠬᠤ ᠬᠡᠯᠲᠡᠰ᠂ ᠪᠠᠢ᠌ᠭᠤᠯᠤᠮᠵᠢ ᠣᠷᠣᠨ ᠲᠣᠭ᠋ᠠᠨ᠎ᠤ ᠵᠥᠪᠯᠡᠯ᠎ᠤᠨ ᠠᠯᠪᠠᠨ ᠭᠡᠷ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠣᠷᠴᠢᠨ ᠲᠣᠭᠣᠷᠢᠨ ᠬᠢᠭᠡᠳ ᠡᠬᠢ ᠪᠠᠶᠠᠯᠢᠭ᠎ᠤᠨ ᠬᠠᠮᠠᠭ᠋ᠠᠯᠠᠯᠲᠠ ᠵᠢᠨ ᠵᠥᠪᠯᠡᠯ᠂ ᠤᠯᠤᠰ ᠲᠥᠷᠥ ᠵᠢᠨ ᠵᠥᠪᠯᠡᠯᠭᠡᠨ᠎ᠤ ᠬᠤᠷᠠᠯ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠬᠢᠭᠡᠳ ᠣᠷᠴᠢᠨ ᠲᠣᠭᠣᠷᠢᠨ᠎ᠤ ᠵᠥᠪᠯᠡᠯ᠎ᠤᠨ ᠬᠠᠷᠢᠭᠤᠴᠠᠯᠭ᠋ᠠᠲᠠᠳ; ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠤᠳᠤᠷᠢᠳᠬᠤ ᠪᠠᠭ᠎ᠤᠨ ᠭᠡᠰᠢᠭᠦᠳ᠂ ᠪᠠᠢ᠌ᠭᠤᠯᠭ᠎ᠠ ᠵᠢᠨ ᠡᠯ᠎ᠡ ᠭᠠᠵᠠᠷ ᠲᠠᠰᠤᠭ ᠪᠠ ᠬᠠᠷᠢᠶᠠᠯᠠᠭᠳᠠᠬᠤ ᠠᠵᠢᠯ ᠦᠢ᠍ᠯᠡᠰ᠎ᠤᠨ ᠨᠢᠭᠡᠴᠢ ᠵᠢᠨ ᠭᠣᠣᠯ ᠬᠠᠷᠢᠭᠤᠴᠠᠯᠭ᠋ᠠᠲᠠᠳ ᠬᠤᠷᠠᠯ᠎ᠳᠤ ᠣᠷᠣᠯᠴᠠᠵᠠᠢ᠃

ᠪᠦᠬᠦ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠬᠤᠷᠠᠯ᠎ᠢ ᠬᠤᠷᠠᠯᠳᠤᠭᠤᠯᠵᠤ ᠪᠠᠢ᠌ᠨ᠎ᠠ

ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠪᠣᠤ ᠭᠠᠩ ᠬᠤᠷᠠᠯ᠎ᠳᠤ ᠣᠷᠣᠯᠴᠠᠭᠰᠠᠨ᠎ᠤ ᠬᠠᠮᠲᠤ ᠶᠠᠷᠢᠶ᠎ᠠ ᠲᠠᠯᠪᠢᠵᠤ ᠪᠠᠢ᠌ᠨ᠎ᠠ

ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠳᠠᠷᠤᠭ᠎ᠠ ᠰᠢᠶᠠᠩ ᠳ᠋ᠦᠩ ᠠᠵᠢᠯ᠎ᠤᠨ ᠢᠯᠡᠳᠬᠡᠯ ᠬᠢᠵᠦ ᠪᠠᠢ᠌ᠨ᠎ᠠ

ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠳᠡᠳ᠋ ᠡᠷᠬᠢᠯᠡᠭᠴᠢ ᠰᠦᠨ ᠯᠢ ᠵᠢᠶᠠᠨ ᠬᠤᠷᠠᠯ ᠡᠷᠬᠢᠯᠡᠵᠦ ᠪᠠᠢ᠌ᠨ᠎ᠠ

ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠤᠳᠤᠷᠢᠳᠤᠯᠭ᠎ᠠ᠂ ᠡᠯ᠎ᠡ ᠠᠢ᠌ᠮᠠᠭ ᠬᠣᠲᠠ ᠵᠢᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠢ ᠬᠤᠪᠢᠳᠠᠨ ᠬᠠᠮᠢᠶᠠᠷᠬᠤ ᠠᠢ᠌ᠮᠠᠭ ᠬᠣᠲᠠ ᠵᠢᠨ ᠳᠡᠳ᠋ ᠳᠠᠷᠤᠭ᠎ᠠ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ ᠵᠢᠨ ᠳᠠᠷᠤᠭ᠎ᠠ; ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠪᠠ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ ᠨᠢᠭᠡᠴᠢ ᠵᠢᠴᠢ ᠪᠤᠰᠤᠳ ᠬᠣᠯᠪᠣᠭᠳᠠᠯ ᠪᠦᠬᠦᠢ ᠨᠢᠭᠡᠴᠢ ᠵᠢᠨ ᠬᠠᠷᠢᠭᠤᠴᠠᠯᠭ᠋ᠠᠲᠠᠳ; ᠤᠯᠤᠰ᠎ᠤᠨ ᠳᠡᠰ᠂ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠬᠡᠰᠡᠭ ᠬᠦᠷᠢᠶᠡᠯᠡᠩ ᠲᠣᠭᠣᠷᠢᠭ᠎ᠤᠨ ᠬᠠᠷᠢᠭᠤᠴᠠᠯᠭ᠋ᠠᠲᠠᠳ᠂ ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠪᠠᠢ᠌ᠭᠤᠯᠤᠮᠵᠢ ᠵᠢᠨ ᠭᠣᠣᠯ ᠬᠠᠷᠢᠭᠤᠴᠠᠯᠭ᠋ᠠᠲᠠᠳ᠂ ᠭᠣᠣᠯᠳᠠᠯᠭ᠎ᠠ᠎ᠲᠠᠢ ᠠᠵᠤ ᠠᠬᠤᠢ᠌ᠯᠠᠯ᠎ᠤᠨ ᠭᠣᠣᠯ ᠬᠠᠷᠢᠭᠤᠴᠠᠯᠭ᠋ᠠᠲᠠᠳ; ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠵᠣᠬᠢᠶᠠᠨ ᠪᠠᠢ᠌ᠭᠤᠯᠬᠤ ᠬᠡᠯᠲᠡᠰ᠂ ᠤᠬᠠᠭᠤᠯᠬᠤ ᠬᠡᠯᠲᠡᠰ᠂ ᠪᠠᠢ᠌ᠭᠤᠯᠤᠮᠵᠢ ᠣᠷᠣᠨ ᠲᠣᠭ᠋ᠠᠨ᠎ᠤ ᠵᠥᠪᠯᠡᠯ᠎ᠤᠨ ᠠᠯᠪᠠᠨ ᠭᠡᠷ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠣᠷᠴᠢᠨ ᠲᠣᠭᠣᠷᠢᠨ ᠬᠢᠭᠡᠳ ᠡᠬᠢ ᠪᠠᠶᠠᠯᠢᠭ᠎ᠤᠨ ᠬᠠᠮᠠᠭ᠋ᠠᠯᠠᠯᠲᠠ ᠵᠢᠨ ᠵᠥᠪᠯᠡᠯ᠂ ᠤᠯᠤᠰ ᠲᠥᠷᠥ ᠵᠢᠨ ᠵᠥᠪᠯᠡᠯᠭᠡᠨ᠎ᠤ ᠬᠤᠷᠠᠯ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠬᠢᠭᠡᠳ ᠣᠷᠴᠢᠨ ᠲᠣᠭᠣᠷᠢᠨ᠎ᠤ ᠵᠥᠪᠯᠡᠯ᠎ᠤᠨ ᠬᠠᠷᠢᠭᠤᠴᠠᠯᠭ᠋ᠠᠲᠠᠳ; ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠤᠳᠤᠷᠢᠳᠬᠤ ᠪᠠᠭ᠎ᠤᠨ ᠭᠡᠰᠢᠭᠦᠳ᠂ ᠪᠠᠢ᠌ᠭᠤᠯᠭ᠎ᠠ ᠵᠢᠨ ᠡᠯ᠎ᠡ ᠭᠠᠵᠠᠷ ᠲᠠᠰᠤᠭ ᠪᠠ ᠬᠠᠷᠢᠶᠠᠯᠠᠭᠳᠠᠬᠤ ᠠᠵᠢᠯ ᠦᠢ᠍ᠯᠡᠰ᠎ᠤᠨ ᠨᠢᠭᠡᠴᠢ ᠵᠢᠨ ᠭᠣᠣᠯ ᠬᠠᠷᠢᠭᠤᠴᠠᠯᠭ᠋ᠠᠲᠠᠳ ᠬᠤᠷᠠᠯ᠎ᠳᠤ ᠣᠷᠣᠯᠴᠠᠵᠤ ᠪᠠᠢ᠌ᠨ᠎ᠠ᠃