2019 ᠣᠨ᠎ᠤ ᠪᠦᠬᠦ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ᠂ ᠭᠣᠣᠯᠳᠠᠯᠭ᠎ᠠ᠎ᠲᠠᠢ ᠠᠵᠢᠯ᠎ᠢ ᠨᠠᠢ᠌ᠳᠠᠪᠤᠷᠢᠵᠢᠭᠤᠯᠬᠤ ᠵᠢ ᠠᠬᠢᠭᠤᠯᠬᠤ ᠵᠢᠨ ᠲᠤᠰᠠᠳᠠ᠂ 1 ᠳ᠋ᠦ᠍ᠭᠡᠷ ᠰᠠᠷ᠎ᠠ ᠵᠢᠨ 22᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 2019 ᠣᠨ᠎ᠤ ᠠᠢ᠌ᠮᠠᠭ ᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ ᠵᠢᠨ ᠳᠠᠷᠤᠭ᠎ᠠ ᠵᠢᠨ ᠶᠠᠷᠢᠯᠴᠠᠭ᠋ᠠᠨ᠎ᠤ ᠬᠤᠷᠠᠯ᠎ᠢ ᠬᠤᠷᠠᠯᠳᠤᠭᠤᠯᠵᠠᠢ᠃
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠳᠠᠷᠤᠭ᠎ᠠ ᠰᠢᠶᠠᠩ ᠳ᠋ᠦᠩ ᠬᠤᠷᠠᠯ ᠡᠷᠬᠢᠯᠡᠭᠰᠡᠨ᠎ᠤ ᠬᠠᠮᠲᠤ ᠶᠠᠷᠢᠶ᠎ᠠ ᠲᠠᠯᠪᠢᠵᠤ᠂ ᠡᠯ᠎ᠡ ᠠᠢ᠌ᠮᠠᠭ ᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ ᠵᠢᠨ ᠳᠠᠷᠤᠭ᠎ᠠ ᠰᠣᠯᠢᠯᠴᠠᠬᠤ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠬᠤᠪᠢᠳᠠᠨ ᠬᠠᠮᠢᠶᠠᠷᠴᠤ ᠪᠠᠢ᠌ᠭ᠎ᠠ ᠤᠳᠤᠷᠢᠳᠤᠯᠭ᠎ᠠ᠎ᠠᠴᠠ ᠬᠤᠪᠢᠳᠠᠨ ᠬᠠᠮᠢᠶᠠᠷᠴᠤ ᠪᠠᠢ᠌ᠭ᠎ᠠ ᠬᠦᠷᠢᠶ᠎ᠡ ᠴᠠᠷᠠᠭ᠋ᠠᠨ᠎ᠳᠠᠬᠢ ᠭᠣᠣᠯᠳᠠᠯᠭ᠎ᠠ᠎ᠲᠠᠢ ᠠᠵᠢᠯ᠎ᠤᠨ ᠲᠤᠬᠠᠢ ᠲᠣᠬᠢᠷᠠᠭᠤᠯᠤᠯᠲᠠ ᠪᠠᠢ᠌ᠷᠢᠯᠠᠭᠤᠯᠤᠯᠲᠠ ᠬᠢᠵᠡᠢ᠃
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠤᠳᠤᠷᠢᠳᠤᠯᠭ᠎ᠠ ᠨᠠᠷ᠂ ᠡᠯ᠎ᠡ ᠠᠢ᠌ᠮᠠᠭ ᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ ᠵᠢᠨ ᠳᠠᠷᠤᠭ᠎ᠠ ᠨᠠᠷ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠵᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠬᠠᠷᠢᠭᠤᠴᠠᠯᠭ᠋ᠠᠲᠠᠨ᠂ ᠲᠢᠩᠬᠢᠮ᠎ᠤᠨ ᠪᠠᠢ᠌ᠭᠤᠯᠭ᠎ᠠ ᠡᠯ᠎ᠡ ᠭᠠᠵᠠᠷ ᠲᠠᠰᠤᠭ᠂ ᠬᠠᠷᠢᠶᠠᠯᠠᠭᠳᠠᠬᠤ ᠠᠵᠢᠯ ᠦᠢ᠍ᠯᠡᠰ᠎ᠤᠨ ᠨᠢᠭᠡᠴᠢ ᠵᠢᠨ ᠭᠣᠣᠯ ᠬᠠᠷᠢᠭᠤᠴᠠᠯᠭ᠋ᠠᠲᠠᠳ ᠬᠤᠷᠠᠯ᠎ᠳᠤ ᠣᠷᠣᠯᠴᠠᠵᠠᠢ᠃

ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 2019 ᠣᠨ᠎ᠤ ᠠᠢ᠌ᠮᠠᠭ ᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ ᠵᠢᠨ ᠳᠠᠷᠤᠭ᠎ᠠ ᠵᠢᠨ ᠶᠠᠷᠢᠯᠴᠠᠭ᠋ᠠᠨ᠎ᠤ ᠬᠤᠷᠠᠯ᠎ᠢ ᠬᠤᠷᠠᠯᠳᠤᠭᠤᠯᠵᠤ ᠪᠠᠢ᠌ᠨ᠎ᠠ

ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠳᠠᠷᠤᠭ᠎ᠠ ᠰᠢᠶᠠᠩ ᠳ᠋ᠦᠩ ᠬᠤᠷᠠᠯ ᠡᠷᠬᠢᠯᠡᠭᠰᠡᠨ᠎ᠤ ᠬᠠᠮᠲᠤ ᠶᠠᠷᠢᠶ᠎ᠠ ᠲᠠᠯᠪᠢᠵᠤ ᠪᠠᠢ᠌ᠨ᠎ᠠ

ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠬᠤᠪᠢᠳᠠᠨ ᠬᠠᠮᠢᠶᠠᠷᠴᠤ ᠪᠠᠢ᠌ᠭ᠎ᠠ ᠤᠳᠤᠷᠢᠳᠤᠯᠭ᠎ᠠ᠎ᠠᠴᠠ ᠬᠤᠪᠢᠳᠠᠨ ᠬᠠᠮᠢᠶᠠᠷᠴᠤ ᠪᠠᠢ᠌ᠭ᠎ᠠ ᠬᠦᠷᠢᠶ᠎ᠡ ᠴᠠᠷᠠᠭ᠋ᠠᠨ᠎ᠳᠠᠬᠢ ᠭᠣᠣᠯᠳᠠᠯᠭ᠎ᠠ᠎ᠲᠠᠢ ᠠᠵᠢᠯ᠎ᠤᠨ ᠲᠤᠬᠠᠢ ᠲᠣᠬᠢᠷᠠᠭᠤᠯᠤᠯᠲᠠ ᠪᠠᠢ᠌ᠷᠢᠯᠠᠭᠤᠯᠤᠯᠲᠠ ᠬᠢᠵᠦ ᠪᠠᠢ᠌ᠨ᠎ᠠ

ᠠᠢ᠌ᠮᠠᠭ ᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ ᠵᠢᠨ ᠳᠠᠷᠤᠭ᠎ᠠ ᠨᠠᠷ ᠰᠣᠯᠢᠯᠴᠠᠬᠤ ᠦᠭᠡ ᠶᠠᠷᠢᠵᠤ ᠪᠠᠢ᠌ᠨ᠎ᠠ᠃