ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠵᠢᠷᠤᠬᠲᠦ᠍ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 《ᠣᠨ ᠵᠢᠯ᠎ᠤᠨ ᠮᠠᠭᠲᠠᠭ᠋ᠠᠯ》 ᠰᠢᠷᠢᠰ ᠦᠵᠡᠭᠦᠯᠭᠡ ᠵᠢᠨ ᠲᠣᠭᠯᠠᠯᠲᠠ᠎ᠳᠤ ᠰᠢᠨ᠎ᠡ ᠳᠦᠷᠢ ᠲᠥᠷᠬᠦ ᠵᠢ ᠢᠯᠡᠷᠡᠭᠦᠯᠪᠡ
ᠨᠡᠶ᠋ᠢᠲᠡᠯᠡᠭᠰᠡᠨ ᠴᠠᠭ᠄ 2018-12-28

      ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠪᠠ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠭᠡᠷᠡᠴᠢᠯᠡᠯᠲᠡ ᠨᠡᠭᠡᠭᠡᠯᠲᠡ ᠬᠢᠭᠰᠡᠨ 40 ᠵᠢᠯ᠎ᠤᠨ ᠲᠤᠷᠰᠢᠬᠢ ᠡᠯ᠎ᠡ ᠠᠵᠢᠯ ᠲᠥᠷᠥᠯ᠎ᠤᠨ ᠺᠠᠳ᠋ᠷ ᠠᠵᠢᠯᠲᠠᠳ᠎ᠤᠨ ᠳᠦᠷᠢ ᠲᠥᠷᠬᠦ ᠵᠢ ᠢᠯᠡᠷᠡᠭᠦᠯᠬᠦ ᠵᠢᠨ ᠲᠤᠰᠠᠳᠠ᠂ 12 ᠳ᠋ᠤᠭ᠋ᠠᠷ ᠰᠠᠷ᠎ᠠ ᠵᠢᠨ 12᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢ᠌ᠭᠤᠯᠭ᠎ᠠ ᠵᠢᠨ ᠠᠵᠢᠯ᠎ᠤᠨ ᠵᠥᠪᠯᠡᠯ᠎ᠠᠴᠠ ᠥᠭᠡᠷᠡᠴᠢᠯᠡᠯᠲᠡ ᠨᠡᠭᠡᠭᠡᠯᠲᠡ ᠬᠢᠭᠰᠡᠨ 40 ᠵᠢᠯ᠎ᠤᠨ ᠣᠢ ᠵᠢ ᠪᠠᠶᠠᠷᠯᠠᠨ ᠪᠡᠯᠭᠡᠯᠡᠬᠦ ᠺᠠᠳ᠋ᠷ ᠠᠵᠢᠯᠲᠠᠳ᠎ᠤᠨ 《ᠣᠨ ᠵᠢᠯ᠎ᠤᠨ ᠮᠠᠭᠲᠠᠭ᠋ᠠᠯ》 ᠤᠷᠠᠨ ᠰᠠᠢ᠌ᠬᠠᠨ᠎ᠤ ᠰᠢᠷᠢᠰ ᠦᠵᠡᠭᠦᠯᠭᠡ ᠵᠢᠨ ᠲᠣᠭᠯᠠᠯᠲᠠ ᠵᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠰᠣᠩᠭᠣᠨ ᠲᠣᠮᠢᠯᠠᠭᠰᠠᠨ ᠵᠦ᠍ ᡁᠢ ᠴᠧᠩ ᠨᠥᠬᠥᠷ ᠤᠷᠠᠨ ᠰᠠᠢ᠌ᠬᠠᠨ᠎ᠤ ᠬᠠᠮᠲᠤᠷᠠᠭᠰᠠᠨ ᠲᠣᠭᠯᠠᠯᠲᠠ᠎ᠳᠤ ᠣᠷᠣᠯᠴᠠᠵᠤ᠂ ᠲᠣᠭᠯᠠᠬᠤ ᠪᠠ ᠪᠣᠯᠪᠠᠰᠤᠷᠠᠬᠤ ᠬᠤᠭᠤᠴᠠᠭ᠋ᠠᠨ᠎ᠳᠤ᠂ ᠵᠦ᠍ ᡁᠢ ᠴᠧᠩ ᠨᠥᠬᠥᠷ ᠲᠡᠰᠪᠦᠷᠢ ᠬᠠᠲᠠᠭᠤᠵᠢᠯᠲᠠᠢ ᠲᠡᠮᠡᠴᠡᠨ᠂ ᠣᠶᠣᠨ ᠬᠦᠴᠦᠨ ᠵᠶ᠋ᠡᠨ ᠲᠥᠪᠯᠡᠷᠡᠭᠦᠯᠦᠨ ᠰᠢᠭᠤᠷᠬᠠᠢ ᠠᠵᠢᠯᠯᠠᠬᠤ ᠠᠵᠢᠯ᠎ᠤᠨ ᠵᠣᠷᠢᠭ ᠰᠠᠨᠠᠭ᠎ᠠ ᠵᠢ ᠪᠠᠳᠠᠷᠠᠭᠤᠯᠵᠤ᠂ ᠲᠣᠭᠯᠠᠯᠲᠠ ᠵᠢᠨ ᠡᠭᠦᠷᠭᠡ ᠵᠢ ᠲᠡᠭᠦᠰ ᠠᠮᠵᠢᠯᠲᠠ᠎ᠲᠠᠢ ᠪᠡᠶᠡᠯᠡᠭᠦᠯᠵᠡᠢ᠃
      ᠣᠢ᠌ᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢ᠌ᠭᠤᠯᠭ᠎ᠠ ᠵᠢᠨ ᠠᠵᠢᠯ᠎ᠤᠨ ᠵᠥᠪᠯᠡᠯ᠎ᠠᠴᠠ ᠲᠠᠯᠠᠷᠬᠠᠯ᠎ᠤᠨ ᠵᠠᠬᠢᠳᠠᠯ ᠢᠷᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠠᠴᠠ ᠲᠣᠭᠯᠠᠯᠲᠠ ᠡᠷᠬᠢᠯᠡᠬᠦ ᠠᠵᠢᠯ᠎ᠳᠤ ᠶᠡᠬᠡ ᠬᠦᠴᠦᠨ᠎ᠤ ᠳᠡᠮᠵᠢᠯᠭᠡ ᠦᠵᠡᠭᠦᠯᠦᠭᠰᠡᠨ᠎ᠳᠤ ᠴᠢᠩ ᠰᠡᠳᠬᠢᠯ᠎ᠠᠴᠠ᠎ᠪᠠᠨ ᠲᠠᠯᠠᠷᠬᠠᠵᠤ ᠪᠠᠢ᠌ᠭ᠎ᠠ᠎ᠪᠠᠨ ᠢᠯᠡᠳᠬᠡᠵᠦ᠂ ᠵᠦ᠍ ᡁᠢ ᠴᠧᠩ ᠨᠥᠬᠥᠷ᠎ᠤᠨ ᠰᠢᠷᠭ᠋ᠠᠭᠤ ᠬᠠᠲᠠᠭᠤᠵᠢᠯᠲᠠᠢ ᠴᠢᠷᠮᠠᠢ᠌ᠯᠭ᠎ᠠ ᠵᠢᠴᠢ ᠲᠣᠭᠯᠠᠯᠲᠠ ᠵᠢᠨ ᠡᠭᠦᠷᠭᠡ ᠵᠢ ᠭᠢᠯᠠᠯᠵᠠᠲᠠᠯ᠎ᠠ ᠪᠡᠶᠡᠯᠡᠭᠦᠯᠦᠭᠰᠡᠨ᠎ᠳᠤ ᠪᠠᠶᠠᠷ ᠲᠠᠯᠠᠷᠬᠠᠯ ᠳᠡᠪᠰᠢᠭᠦᠯᠵᠡᠢ᠃



ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠡᠯᠡᠳᠬᠡᠮᠵᠢ ᠵᠢᠨ ᠣᠯᠠᠨ ᠨᠡᠢ᠌ᠲᠡ᠎ᠳᠤ ᠨᠡᠭᠡᠭᠡᠯᠲᠡ ᠬᠢᠬᠦ ᠠᠵᠢᠯᠯᠠᠭ᠎ᠠ᠎ᠨᠢ ᠠᠩᠬᠠᠳᠠᠭᠴᠢ ᠰᠠᠯᠠᠭ᠎ᠠ ᠠᠵᠤ ᠠᠬᠤᠢ᠌ᠯᠠᠯ᠎ᠤᠨ ᠪᠦᠯᠬᠦᠮ ᠨᠡᠢ᠌ᠲᠡ ᠵᠢ ᠤᠭᠲᠤᠨ ᠠᠪᠴᠤ ᠲᠣᠭᠣᠷᠢᠨ ᠦᠵᠡᠭᠦᠯᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠨᠣᠯ᠎ᠤᠨ ᠰᠤᠷᠤᠯᠴᠠᠭ᠎ᠠ ᠵᠢᠨ ᠭᠣᠣᠯ ᠳᠤᠭᠤᠢ᠌ᠯᠠᠩ (ᠥᠷᠭᠡᠳᠬᠡᠭᠰᠡᠨ)᠎ᠤᠨ ᠬᠣᠶᠠᠳᠤᠭ᠋ᠠᠷ ᠤᠳᠠᠭ᠋ᠠᠨ᠎ᠤ ᠲᠤᠰᠬᠠᠢ ᠰᠡᠳᠦᠪ ᠵᠶ᠋ᠡᠷ ᠰᠤᠳᠤᠯᠤᠨ ᠶᠠᠷᠢᠯᠴᠠᠵᠤ ᠰᠣᠯᠢᠯᠴᠠᠬᠤ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ 《ᠳᠥᠷᠪᠡᠨ ᠵᠦᠢ᠍ᠯ᠎ᠤᠨ ᠲᠤᠰᠢᠶᠠᠯᠲᠠᠨ》᠎ᠤ ᠠᠰᠠᠭᠤᠳᠠᠯ᠎ᠢ ᠭᠦᠨᠵᠡᠭᠡᠢ ᠴᠡᠭᠴᠡᠯᠡᠨ ᠵᠠᠰᠠᠵᠤ ᠠᠮᠢ ᠠᠬᠤᠢ ᠵᠢ ᠴᠡᠪᠡᠷᠰᠢᠭᠦᠯᠵᠦ ᠴᠡᠭᠴᠡᠯᠡᠨ ᠵᠠᠰᠠᠬᠤ ᠺᠠᠳ᠋ᠷᠴᠤᠳ᠎ᠤᠨ ᠶᠡᠬᠡ ᠬᠤᠷᠠᠯ᠎ᠢ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠤᠳᠤᠷᠢᠳᠬᠤ ᠪᠠᠭ᠎ᠤᠨ᠎ᠬᠢᠨ᠎ᠤ 2018 ᠣᠨ᠎ᠤ ᠠᠷᠠᠳᠴᠢᠯᠠᠭᠰᠠᠨ ᠠᠮᠢᠳᠤᠷᠠᠯ᠎ᠤᠨ ᠬᠤᠷᠠᠯ᠎ᠤᠨ ᠰᠠᠨᠠᠯ ᠬᠤᠷᠢᠶᠠᠬᠤ ᠶᠠᠷᠢᠯᠴᠠᠭ᠋ᠠᠨ᠎ᠤ ᠬᠤᠷᠠᠯ᠎ᠢ ᠬᠤᠷᠠᠯᠳᠤᠭᠤᠯᠪᠠ
ᠠᠮᠢ ᠠᠬᠤᠢ ᠣᠷᠴᠢᠨ ᠲᠣᠭᠣᠷᠢᠨ᠎ᠤ ᠶᠠᠮᠤᠨ 2019 ᠣᠨ᠎ᠤ ᠪᠦᠬᠦ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ᠎ᠤ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠠᠵᠢᠯ᠎ᠤᠨ ᠲᠧᠯᠸᠢᠰ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠪᠠ
 
             蒙ICP备05000248号