ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠵᠢᠷᠤᠬᠲᠦ᠍ ᠮᠡᠳᠡᠭᠡ
ᠦᠬᠠᠢ ᠬᠣᠲᠠ ᠵᠢᠴᠢ ᠡᠷᠭᠢᠨ ᠲᠣᠭᠣᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠢ ᠬᠣᠯᠪᠣᠭ᠋ᠠᠯᠠᠨ ᠰᠡᠷᠭᠡᠢ᠌ᠯᠡᠨ ᠬᠣᠯᠪᠣᠭ᠋ᠠᠯᠠᠨ ᠡᠵᠡᠮᠳᠡᠵᠦ ᠬᠣᠯᠪᠣᠭ᠋ᠠᠯᠠᠨ ᠵᠠᠰᠠᠬᠤ ᠠᠵᠢᠯ᠎ᠤᠨ ᠠᠬᠢᠭᠤᠯᠬᠤ ᠬᠤᠷᠠᠯ᠎ᠢ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2019-01-03

     12 ᠳ᠋ᠤᠭ᠋ᠠᠷ ᠰᠠᠷ᠎ᠠ ᠵᠢᠨ 27᠎ᠤ ᠡᠳᠦᠷ᠂ ᠦᠬᠠᠢ ᠬᠣᠲᠠ ᠵᠢᠴᠢ ᠡᠷᠭᠢᠨ ᠲᠣᠭᠣᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠢ ᠬᠣᠯᠪᠣᠭ᠋ᠠᠯᠠᠨ ᠰᠡᠷᠭᠡᠢ᠌ᠯᠡᠨ ᠬᠣᠯᠪᠣᠭ᠋ᠠᠯᠠᠨ ᠡᠵᠡᠮᠳᠡᠵᠦ ᠬᠣᠯᠪᠣᠭ᠋ᠠᠯᠠᠨ ᠵᠠᠰᠠᠬᠤ ᠠᠵᠢᠯ᠎ᠤᠨ ᠠᠬᠢᠭᠤᠯᠬᠤ ᠬᠤᠷᠠᠯ᠎ᠢ ᠦᠬᠠᠢ ᠬᠣᠲᠠ᠎ᠳᠤ ᠬᠤᠷᠠᠯᠳᠤᠭᠤᠯᠪᠠ᠃
      ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠪᠣᠤ ᠭᠠᠩ ᠬᠤᠷᠠᠯ᠎ᠳᠤ ᠣᠷᠣᠯᠴᠠᠭᠰᠠᠨ᠎ᠤ ᠬᠠᠮᠲᠤ ᠶᠠᠷᠢᠶ᠎ᠠ ᠲᠠᠯᠪᠢᠵᠠᠢ᠃
      ᠪᠣᠤ ᠭᠠᠩ ᠵᠢᠭ᠋ᠠᠬᠤ᠎ᠳᠤ᠎ᠪᠠᠨ᠂ ᠦᠬᠠᠢ ᠵᠢᠴᠢ ᠡᠷᠭᠢᠨ ᠲᠣᠭᠣᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯ ᠪᠣᠯ ᠪᠦᠬᠦ ᠣᠷᠣᠨ᠎ᠤ ᠬᠥᠬᠡ ᠣᠭᠲᠠᠷᠭᠤᠢ ᠵᠢ ᠬᠠᠮᠠᠭ᠋ᠠᠯᠠᠬᠤ ᠳᠠᠢ᠌ᠯᠠᠯᠳᠤᠭ᠋ᠠᠨ᠎ᠳᠤ ᠢᠯᠠᠯᠲᠠ ᠣᠯᠬᠤ ᠵᠢᠨ ᠭᠣᠣᠯᠳᠠᠯᠭ᠎ᠠ ᠵᠢᠨ ᠳᠣᠲᠣᠷᠠᠬᠢ ᠭᠣᠣᠯᠳᠠᠯᠭ᠎ᠠ ᠪᠠᠢ᠌ᠵᠤ᠂ 3 ᠵᠢᠯ ᠭᠠᠷᠤᠢ ᠦᠷᠭᠦᠯᠵᠢᠯᠡᠨ ᠵᠠᠰᠠᠯᠲᠠ ᠬᠢᠬᠦ᠎ᠪᠠᠷ ᠳᠠᠮᠵᠢᠭᠤᠯᠵᠤ᠂ ᠣᠷᠣᠨ ᠪᠦᠰᠡ ᠵᠢᠨ ᠣᠷᠴᠢᠨ ᠲᠣᠭᠣᠷᠢᠨ᠎ᠤ ᠶᠠᠰᠤ ᠴᠢᠨᠠᠷ ᠨᠡᠯᠢᠶᠡᠳ ᠶᠡᠬᠡ᠎ᠪᠠᠷ ᠰᠠᠢ᠌ᠵᠢᠷᠠᠪᠠ᠃ ᠪᠢᠳᠡ ᠤᠯᠤᠰ ᠲᠥᠷᠥ ᠵᠢᠨ ᠵᠣᠭᠰᠣᠴᠠ᠎ᠪᠠᠨ ᠦᠨᠡᠨ ᠬᠦ᠌ ᠳᠡᠭᠡᠭᠰᠢᠯᠡᠭᠦᠯᠦᠨ᠂ ᠣᠷᠣᠰᠢᠵᠤ ᠪᠠᠢ᠌ᠭ᠎ᠠ ᠲᠣᠪᠣᠢ᠌ᠮ᠎ᠠ ᠠᠰᠠᠭᠤᠳᠠᠯ᠎ᠢ ᠲᠣᠳᠣᠷᠬᠠᠢ ᠲᠠᠨᠢᠵᠤ᠂ ᠳᠡᠭᠡᠳᠦ ᠬᠡᠮᠵᠢᠶᠡᠨ᠎ᠤ ᠤᠯᠤᠰ ᠲᠥᠷᠥ ᠵᠢᠨ ᠬᠠᠷᠢᠭᠤᠴᠠᠯᠭ᠎ᠠ ᠪᠠ ᠠᠵᠢᠯ᠎ᠤᠨ ᠲᠤᠯᠭ᠋ᠠᠮᠳᠠᠭᠤ ᠰᠡᠳᠬᠢᠯᠭᠡ᠎ᠪᠠᠷ ᠡᠨᠡ ᠬᠦ᠌ ᠴᠢᠬᠤᠯᠠ ᠶᠡᠬᠡ ᠳᠠᠢ᠌ᠯᠠᠯᠳᠤᠭ᠋ᠠᠨ᠎ᠳᠤ ᠢᠯᠠᠯᠲᠠ ᠣᠯᠬᠤ ᠬᠡᠷᠡᠭᠲᠡᠢ ᠭᠡᠵᠡᠢ᠃
      ᠪᠣᠤ ᠭᠠᠩ ᠴᠢᠬᠤᠯᠠᠴᠢᠯᠠᠬᠤ᠎ᠳᠤ᠎ᠪᠠᠨ᠂ ᠦᠬᠠᠢ ᠵᠢᠴᠢ ᠡᠷᠭᠢᠨ ᠲᠣᠭᠣᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠳᠤ ᠵᠠᠰᠠᠯᠲᠠ ᠬᠢᠬᠦ ᠪᠣᠯ ᠨᠢᠭᠡ ᠵᠦᠢ᠍ᠯ᠎ᠤᠨ ᠰᠢᠰᠲ᠋ᠧᠮᠲᠦ ᠢᠨᠵᠧᠨᠧᠷᠢᠩ ᠪᠠᠢ᠌ᠵᠤ᠂ ᠭᠠᠵᠠᠷ ᠣᠷᠣᠨ᠂ ᠰᠠᠯᠠᠭ᠎ᠠ ᠮᠥᠴᠢᠷ ᠪᠠ ᠠᠵᠤ ᠠᠬᠤᠢ᠌ᠯᠠᠯ᠎ᠤᠳ ᠨᠢᠭᠡᠳᠦᠯᠲᠡᠢ ᠲᠥᠯᠥᠪᠵᠢᠭᠦᠯᠦᠨ ᠨᠡᠢ᠌ᠲᠡ᠎ᠳᠤ᠎ᠨᠢ ᠬᠠᠷᠠᠭ᠋ᠠᠯᠵᠠᠵᠤ᠂ ᠵᠣᠬᠢᠴᠠᠭᠤᠯᠬᠤ ᠪᠠ ᠬᠣᠯᠪᠣᠭ᠋ᠠᠯᠠᠨ ᠬᠥᠳᠡᠯᠦᠯᠴᠡᠵᠦ᠂ ᠠᠵᠢᠯ᠎ᠤᠨ ᠬᠠᠮᠲᠤᠷᠠᠭᠰᠠᠨ ᠬᠦᠴᠦᠨ᠎ᠢ ᠪᠦᠷᠢᠯᠳᠦᠭᠦᠯᠬᠦ ᠬᠡᠷᠡᠭᠲᠡᠢ᠃ ᠠᠵᠢᠯ᠎ᠤᠨ ᠭᠣᠣᠯᠳᠠᠯᠭ᠎ᠠ ᠵᠢ ᠲᠣᠪᠣᠢ᠌ᠯᠭ᠋ᠠᠨ᠂ ᠠᠭᠤᠷᠬᠠᠢ ᠵᠢᠨ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠯᠲᠠ ᠵᠢ ᠴᠢᠩᠭ᠋ᠠᠳᠬᠠᠵᠤ᠂ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠎ᠤᠨ ᠲᠣᠭᠲᠠᠭᠤᠨ ᠵᠶ᠋ᠠᠷ ᠪᠣᠬᠢᠷᠲᠤᠯ ᠭᠠᠳᠠᠭᠰᠢᠯᠠᠭᠤᠯᠬᠤ ᠪᠠᠷᠢᠮᠵᠢᠶ᠎ᠠ᠎ᠳᠤ ᠬᠦᠷᠬᠦ ᠵᠢ ᠪᠠᠲᠤᠯᠠᠵᠤ᠂ ᠡᠪᠦᠯ᠎ᠤᠨ ᠤᠯᠠᠷᠢᠯ᠎ᠤᠨ ᠲᠠᠷᠠᠬᠠᠢ ᠪᠤᠲᠠᠷᠬᠠᠢ ᠨᠡᠭᠦᠷᠡᠰᠦ ᠵᠢ ᠲᠦᠯᠡᠵᠦ ᠪᠠᠢ᠌ᠭ᠎ᠠ ᠪᠠᠢ᠌ᠳᠠᠯ᠎ᠳᠤ ᠵᠠᠰᠠᠯᠲᠠ ᠬᠢᠬᠦ ᠵᠢ ᠠᠬᠢᠭᠤᠯᠤᠨ᠂ ᠬᠥᠳᠡᠯᠦᠩᠭᠦᠢ ᠪᠣᠬᠢᠷᠲᠤᠯ᠎ᠤᠨ ᠡᠬᠢ ᠰᠤᠷᠪᠤᠯᠵᠢ᠎ᠳᠤ ᠵᠠᠰᠠᠯᠲᠠ ᠬᠢᠬᠦ ᠵᠢ ᠴᠢᠩᠭ᠋ᠠᠳᠬᠠᠬᠤ ᠬᠡᠷᠡᠭᠲᠡᠢ᠃ ᠵᠠᠷᠯᠠᠨ ᠮᠡᠳᠡᠭᠡᠯᠡᠵᠦ ᠬᠠᠷᠢᠭᠤᠴᠠᠯᠭ᠎ᠠ ᠨᠡᠬᠡᠮᠵᠢᠯᠡᠬᠦ ᠡᠷᠴᠢᠮ᠎ᠢ ᠴᠢᠩᠭ᠋ᠠᠷᠠᠭᠤᠯᠤᠨ᠂ 《ᠨᠢᠭᠡ ᠯᠡ ᠪᠠᠷᠢᠮᠵᠢᠶ᠎ᠠ ᠱᠤᠭᠤᠮ ᠵᠶ᠋ᠠᠷ ᠲᠠᠰᠤᠯᠬᠤ》 ᠦᠢ᠍ᠯᠡ ᠠᠵᠢᠯᠯᠠᠭ᠎ᠠ᠎ᠠᠴᠠ ᠵᠠᠢ᠌ᠯᠠᠰᠬᠢᠵᠤ᠂ ᠬᠣᠯᠪᠣᠭ᠋ᠠᠯᠠᠨ ᠰᠡᠷᠭᠡᠢ᠌ᠯᠡᠨ ᠬᠣᠯᠪᠣᠭ᠋ᠠᠯᠠᠨ ᠡᠵᠡᠮᠳᠡᠵᠦ ᠬᠣᠯᠪᠣᠭ᠋ᠠᠯᠠᠨ ᠵᠠᠰᠠᠬᠤ ᠠᠵᠢᠯ᠎ᠢ ᠦᠨᠡᠨ ᠬᠦ᠌ ᠪᠣᠳᠠᠲᠠᠢ᠎ᠳᠤ ᠨᠠᠢ᠌ᠳᠠᠪᠤᠷᠢᠵᠢᠭᠤᠯᠬᠤ ᠬᠡᠷᠡᠭᠲᠡᠢ   ᠭᠡᠵᠡᠢ᠃
      ᠬᠤᠷᠠᠯ᠎ᠠᠴᠠ ᠦᠬᠠᠢ ᠵᠢᠴᠢ ᠡᠷᠭᠢᠨ ᠲᠣᠭᠣᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠵᠢ ᠴᠢᠩᠭ᠋ᠠᠷᠠᠭᠤᠯᠵᠤ ᠰᠢᠮᠳᠠᠭᠤᠯᠤᠨ ᠪᠠᠢ᠌ᠴᠠᠭ᠋ᠠᠭᠰᠠᠨ ᠪᠠᠢ᠌ᠳᠠᠯ᠎ᠢ ᠵᠠᠷᠯᠠᠨ ᠮᠡᠳᠡᠭᠡᠯᠡᠵᠦ᠂ ᠦᠬᠠᠢ ᠬᠣᠲᠠ᠂ ᠣᠷᠳᠣᠰ ᠬᠣᠲᠠ᠂ ᠠᠯᠠᠱ᠌ᠠᠨ ᠠᠢ᠌ᠮᠠᠭ᠎ᠤᠨ ᠠᠵᠢᠯ᠎ᠤᠨ ᠬᠠᠷᠢᠭᠤ ᠮᠡᠳᠡᠭᠦᠯᠦᠯᠲᠡ ᠪᠠ ᠬᠡᠰᠡᠭ ᠠᠵᠤ ᠠᠬᠤᠢ᠌ᠯᠠᠯ᠎ᠤᠨ ᠵᠣᠷᠢᠭ ᠵᠶ᠋ᠠᠨ ᠢᠯᠡᠳᠬᠡᠭᠰᠡᠨ ᠦᠭᠡ ᠵᠢ ᠰᠣᠨᠣᠰᠴᠠᠢ᠃

      ᠦᠬᠠᠢ ᠬᠣᠲᠠ ᠵᠢᠴᠢ ᠡᠷᠭᠢᠨ ᠲᠣᠭᠣᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠢ ᠬᠣᠯᠪᠣᠭ᠋ᠠᠯᠠᠨ ᠰᠡᠷᠭᠡᠢ᠌ᠯᠡᠨ ᠬᠣᠯᠪᠣᠭ᠋ᠠᠯᠠᠨ ᠡᠵᠡᠮᠳᠡᠵᠦ ᠬᠣᠯᠪᠣᠭ᠋ᠠᠯᠠᠨ ᠵᠠᠰᠠᠬᠤ ᠠᠵᠢᠯ᠎ᠤᠨ ᠠᠬᠢᠭᠤᠯᠬᠤ ᠬᠤᠷᠠᠯ᠎ᠢ ᠦᠬᠠᠢ ᠬᠣᠲᠠ᠎ᠳᠤ ᠬᠤᠷᠠᠯᠳᠤᠭᠤᠯᠵᠤ ᠪᠠᠢ᠌ᠨ᠎ᠠ


      ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠪᠣᠤ ᠭᠠᠩ ᠬᠤᠷᠠᠯ᠎ᠳᠤ ᠣᠷᠣᠯᠴᠠᠬᠤ ᠵᠢᠨ ᠬᠠᠮᠲᠤ ᠶᠠᠷᠢᠶ᠎ᠠ ᠲᠠᠯᠪᠢᠵᠤ ᠪᠠᠢ᠌ᠨ᠎ᠠ


      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠳᠠᠷᠤᠭ᠎ᠠ ᠰᠢᠶᠠᠩ ᠳ᠋ᠦᠩ ᠦᠬᠠᠢ ᠬᠣᠲᠠ ᠵᠢᠴᠢ ᠡᠷᠭᠢᠨ ᠲᠣᠭᠣᠷᠢᠨ᠎ᠤ ᠭᠠᠵᠠᠷ ᠣᠷᠣᠨ᠎ᠤ ᠠᠭᠤᠷ ᠠᠮᠢᠰᠬᠤᠯ᠎ᠤᠨ ᠣᠷᠴᠢᠨ ᠲᠣᠭᠣᠷᠢᠨ᠎ᠤ ᠶᠠᠰᠤ ᠴᠢᠨᠠᠷ ᠵᠢᠴᠢ ᠣᠷᠣᠰᠢᠵᠤ ᠪᠠᠢ᠌ᠭ᠎ᠠ ᠠᠰᠠᠭᠤᠳᠠᠯ᠎ᠢ ᠵᠠᠷᠯᠠᠨ ᠮᠡᠳᠡᠭᠡᠯᠡᠵᠦ ᠪᠠᠢ᠌ᠨ᠎ᠠ


      ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠳᠡᠳ᠋ ᠡᠷᠬᠢᠯᠡᠭᠴᠢ ᠰᠦᠨ ᠯᠢ ᠵᠢᠶᠠᠨ ᠬᠤᠷᠠᠯ ᠡᠷᠬᠢᠯᠡᠵᠦ ᠪᠠᠢ᠌ᠨ᠎ᠠ


      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠳᠡᠳ᠋ ᠲᠣᠭᠣᠷᠢᠨ ᠪᠠᠢ᠌ᠴᠠᠭ᠋ᠠᠭᠴᠢ ᠵᠠᠩ ᠱᠦ᠍ ᠯᠢ ᠦᠬᠠᠢ ᠬᠣᠲᠠ ᠵᠢᠴᠢ ᠡᠷᠭᠢᠨ ᠲᠣᠭᠣᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠵᠢ ᠴᠢᠩᠭ᠋ᠠᠷᠠᠭᠤᠯᠵᠤ ᠰᠢᠮᠳᠠᠭᠤᠯᠤᠨ ᠪᠠᠢ᠌ᠴᠠᠭ᠋ᠠᠭᠰᠠᠨ ᠪᠠᠢ᠌ᠳᠠᠯ᠎ᠢ ᠵᠠᠷᠯᠠᠨ ᠮᠡᠳᠡᠭᠡᠯᠡᠵᠦ ᠪᠠᠢ᠌ᠨ᠎ᠠ


      ᠦᠬᠠᠢ ᠬᠣᠲᠠ ᠵᠢᠨ ᠨᠠᠮ᠎ᠤᠨ ᠬᠣᠷᠢᠶ᠎ᠠ ᠵᠢᠨ ᠳᠡᠳ᠋ ᠱᠦᠵᠢ᠂ ᠬᠣᠲᠠ ᠵᠢᠨ ᠳᠠᠷᠤᠭ᠎ᠠ ᠭᠤᠤ ᠱ᠌ᠢ ᠬᠤᠩ ᠠᠵᠢᠯ᠎ᠤᠨ ᠬᠠᠷᠢᠭᠤ ᠮᠡᠳᠡᠭᠦᠯᠦᠯᠲᠡ ᠬᠢᠵᠦ ᠪᠠᠢ᠌ᠨ᠎ᠠ


      ᠣᠷᠳᠣᠰ ᠬᠣᠲᠠ ᠵᠢᠨ ᠳᠡᠳ᠋ ᠳᠠᠷᠤᠭ᠎ᠠ ᠯᠢ ᠸᠧᠨ ᠵᠦᠩ ᠠᠵᠢᠯ᠎ᠤᠨ ᠬᠠᠷᠢᠭᠤ ᠮᠡᠳᠡᠭᠦᠯᠦᠯᠲᠡ ᠬᠢᠵᠦ ᠪᠠᠢ᠌ᠨ᠎ᠠ


      ᠠᠯᠠᠱ᠌ᠠᠨ ᠠᠢ᠌ᠮᠠᠭ᠎ᠤᠨ ᠳᠡᠳ᠋ ᠳᠠᠷᠤᠭ᠎ᠠ ᠸᠠᠩ ᠸᠧᠢ ᠳ᠋ᠦᠩ ᠠᠵᠢᠯ᠎ᠤᠨ ᠬᠠᠷᠢᠭᠤ ᠮᠡᠳᠡᠭᠦᠯᠦᠯᠲᠡ ᠬᠢᠵᠦ ᠪᠠᠢ᠌ᠨ᠎ᠠ


      ᠠᠵᠤ ᠠᠬᠤᠢ᠌ᠯᠠᠯ᠎ᠤᠨ ᠲᠥᠯᠥᠭᠡᠯᠡᠭᠴᠢ ᠵᠣᠷᠢᠭ ᠵᠶ᠋ᠠᠨ ᠢᠯᠡᠳᠬᠡᠬᠦ ᠦᠭᠡ ᠶᠠᠷᠢᠵᠤ ᠪᠠᠢ᠌ᠨ᠎ᠠ

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 《ᠣᠨ ᠵᠢᠯ᠎ᠤᠨ ᠮᠠᠭᠲᠠᠭ᠋ᠠᠯ》 ᠰᠢᠷᠢᠰ ᠦᠵᠡᠭᠦᠯᠭᠡ ᠵᠢᠨ ᠲᠣᠭᠯᠠᠯᠲᠠ᠎ᠳᠤ ᠰᠢᠨ᠎ᠡ ᠳᠦᠷᠢ ᠲᠥᠷᠬᠦ ᠵᠢ ᠢᠯᠡᠷᠡᠭᠦᠯᠪᠡ
ᠥᠪᠥᠷ ᠮᠣᠩᠭᠣᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠡᠯᠡᠳᠬᠡᠮᠵᠢ ᠵᠢᠨ ᠣᠯᠠᠨ ᠨᠡᠢ᠌ᠲᠡ᠎ᠳᠤ ᠨᠡᠭᠡᠭᠡᠯᠲᠡ ᠬᠢᠬᠦ ᠠᠵᠢᠯᠯᠠᠭ᠎ᠠ᠎ᠨᠢ ᠠᠩᠬᠠᠳᠠᠭᠴᠢ ᠰᠠᠯᠠᠭ᠎ᠠ ᠠᠵᠤ ᠠᠬᠤᠢ᠌ᠯᠠᠯ᠎ᠤᠨ ᠪᠦᠯᠬᠦᠮ ᠨᠡᠢ᠌ᠲᠡ ᠵᠢ ᠤᠭᠲᠤᠨ ᠠᠪᠴᠤ ᠲᠣᠭᠣᠷᠢᠨ ᠦᠵᠡᠭᠦᠯᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠨᠣᠯ᠎ᠤᠨ ᠰᠤᠷᠤᠯᠴᠠᠭ᠎ᠠ ᠵᠢᠨ ᠭᠣᠣᠯ ᠳᠤᠭᠤᠢ᠌ᠯᠠᠩ (ᠥᠷᠭᠡᠳᠬᠡᠭᠰᠡᠨ)᠎ᠤᠨ ᠬᠣᠶᠠᠳᠤᠭ᠋ᠠᠷ ᠤᠳᠠᠭ᠋ᠠᠨ᠎ᠤ ᠲᠤᠰᠬᠠᠢ ᠰᠡᠳᠦᠪ ᠵᠶ᠋ᠡᠷ ᠰᠤᠳᠤᠯᠤᠨ ᠶᠠᠷᠢᠯᠴᠠᠵᠤ ᠰᠣᠯᠢᠯᠴᠠᠬᠤ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ 《ᠳᠥᠷᠪᠡᠨ ᠵᠦᠢ᠍ᠯ᠎ᠤᠨ ᠲᠤᠰᠢᠶᠠᠯᠲᠠᠨ》᠎ᠤ ᠠᠰᠠᠭᠤᠳᠠᠯ᠎ᠢ ᠭᠦᠨᠵᠡᠭᠡᠢ ᠴᠡᠭᠴᠡᠯᠡᠨ ᠵᠠᠰᠠᠵᠤ ᠠᠮᠢ ᠠᠬᠤᠢ ᠵᠢ ᠴᠡᠪᠡᠷᠰᠢᠭᠦᠯᠵᠦ ᠴᠡᠭᠴᠡᠯᠡᠨ ᠵᠠᠰᠠᠬᠤ ᠺᠠᠳ᠋ᠷᠴᠤᠳ᠎ᠤᠨ ᠶᠡᠬᠡ ᠬᠤᠷᠠᠯ᠎ᠢ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠤᠳᠤᠷᠢᠳᠬᠤ ᠪᠠᠭ᠎ᠤᠨ᠎ᠬᠢᠨ᠎ᠤ 2018 ᠣᠨ᠎ᠤ ᠠᠷᠠᠳᠴᠢᠯᠠᠭᠰᠠᠨ ᠠᠮᠢᠳᠤᠷᠠᠯ᠎ᠤᠨ ᠬᠤᠷᠠᠯ᠎ᠤᠨ ᠰᠠᠨᠠᠯ ᠬᠤᠷᠢᠶᠠᠬᠤ ᠶᠠᠷᠢᠯᠴᠠᠭ᠋ᠠᠨ᠎ᠤ ᠬᠤᠷᠠᠯ᠎ᠢ ᠬᠤᠷᠠᠯᠳᠤᠭᠤᠯᠪᠠ
 
             蒙ICP备05000248号