ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶ᠎ᠠ ᠵᠢᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠵᠢᠨ ᠭᠤᠷᠪᠠᠳᠤᠭ᠋ᠠᠷ ᠪᠦᠭᠦᠳᠡ ᠬᠤᠷᠠᠯ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠵᠢᠨ ᠠᠷᠪᠠᠳᠤᠭ᠋ᠠᠷ ᠬᠤᠭᠤᠴᠠᠭ᠋ᠠᠨ᠎ᠤ ᠲᠠᠪᠤᠳᠤᠭ᠋ᠠᠷ ᠪᠦᠭᠦᠳᠡ ᠬᠤᠷᠠᠯ ᠪᠠ ᠪᠦᠬᠦ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ᠎ᠤ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠠᠵᠢᠯ᠎ᠤᠨ ᠲᠧᠯᠸᠢᠰ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ 2018 ᠣᠨ᠎ᠤ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ᠎ᠤ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠠᠵᠢᠯ᠎ᠢ ᠳ᠋ᠦᠩᠨᠡᠨ᠂ 2019 ᠣᠨ᠎ᠤ ᠭᠣᠣᠯᠳᠠᠯᠭ᠎ᠠ᠎ᠲᠠᠢ ᠡᠭᠦᠷᠭᠡ ᠵᠢ ᠪᠠᠢ᠌ᠷᠢᠯᠠᠭᠤᠯᠬᠤ ᠵᠢᠨ ᠲᠤᠰᠠᠳᠠ᠂ 2 ᠳ᠋ᠤᠭ᠋ᠠᠷ ᠰᠠᠷ᠎ᠠ ᠵᠢᠨ 15᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 2019 ᠣᠨ᠎ᠤ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ᠎ᠤ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠠᠵᠢᠯ᠎ᠤᠨ ᠲᠧᠯᠸᠢᠰ ᠬᠤᠷᠠᠯ᠎ᠢ ᠬᠤᠷᠠᠯᠳᠤᠭᠤᠯᠵᠠᠢ᠃
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠰᠢᠶᠠᠩ ᠳ᠋ᠦᠩ 2018 ᠣᠨ᠎ᠤ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ᠎ᠤ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠠᠵᠢᠯ᠎ᠢ ᠳ᠋ᠦᠩᠨᠡᠨ᠂ 2019 ᠣᠨ᠎ᠤ ᠭᠣᠣᠯᠳᠠᠯᠭ᠎ᠠ᠎ᠲᠠᠢ ᠡᠭᠦᠷᠭᠡ ᠵᠢ ᠪᠠᠢ᠌ᠷᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠵᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠳᠠᠷᠤᠭ᠎ᠠ ᠶᠠᠩ ᠸᠧᠨ ᠮᠢᠩ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶ᠎ᠠ ᠵᠢᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠵᠢᠨ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠬᠤ᠂ ᠭᠣᠣᠯ ᠴᠣᠭᠴᠠ ᠵᠢᠨ ᠬᠠᠷᠢᠭᠤᠴᠠᠯᠭ᠎ᠠ᠎ᠪᠠᠨ ᠴᠢᠩᠭ᠋ᠠᠳᠬᠠᠬᠤ᠂ ᠬᠢᠨᠠᠯᠲᠠ ᠲᠠᠯᠪᠢᠬᠤ ᠬᠠᠷᠢᠭᠤᠴᠠᠯᠭ᠎ᠠ᠎ᠪᠠᠨ ᠴᠢᠩᠭ᠋ᠠᠷᠠᠭᠤᠯᠬᠤ ᠭᠤᠷᠪᠠᠨ ᠲᠠᠯ᠎ᠠ᠎ᠠᠴᠠ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ᠎ᠤ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠠᠵᠢᠯ᠎ᠳᠤ ᠲᠣᠳᠣᠷᠬᠠᠢ ᠱᠠᠭ᠋ᠠᠷᠳᠠᠯᠭ᠎ᠠ ᠳᠤᠷᠠᠳᠴᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠵᠠᠩ ᠬᠤᠢ ᠢᠦᠢ ᠬᠤᠷᠠᠯ᠎ᠢ ᠡᠷᠬᠢᠯᠡᠭᠰᠡᠨ᠎ᠤ ᠬᠠᠮᠲᠤ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠲᠤᠬᠠᠢ ᠪᠣᠳᠠᠲᠠᠢ ᠱᠠᠭ᠋ᠠᠷᠳᠠᠯᠭ᠎ᠠ ᠳᠤᠷᠠᠳᠴᠠᠢ᠃
ᠰᠢᠶᠠᠩ ᠳ᠋ᠦᠩ ᠵᠢᠭ᠋ᠠᠬᠤ᠎ᠳᠤ᠎ᠪᠠᠨ᠂ 2018 ᠣᠨ᠎ᠳᠤ᠂ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠡᠷᠡᠰ ᠭᠤᠢ᠌ᠪᠢᠰᠢ ᠦᠭᠡᠢ ᠲᠤᠭᠤᠰᠢᠯᠠᠭᠤᠯᠤᠨ᠂ ᠨᠠᠮ᠎ᠢ ᠬᠠᠮᠢᠶᠠᠷᠤᠨ ᠨᠠᠮ᠎ᠢ ᠵᠠᠰᠠᠬᠤ ᠤᠯᠤᠰ ᠲᠥᠷᠥ ᠵᠢᠨ ᠬᠠᠷᠢᠭᠤᠴᠠᠯᠭ᠎ᠠ᠎ᠪᠠᠨ ᠬᠢᠨᠠᠮᠠᠭ᠋ᠠᠢ ᠭᠦᠢ᠍ᠴᠡᠳᠬᠡᠵᠦ᠂ ᠨᠠᠮ᠎ᠤᠨ ᠤᠯᠤᠰ ᠲᠥᠷᠥ ᠵᠢᠨ ᠪᠠᠢ᠌ᠭᠤᠯᠤᠯᠲᠠ᠎ᠪᠠᠷ ᠨᠢᠭᠡᠳᠦᠯᠲᠡᠢ ᠤᠳᠤᠷᠢᠳᠤᠭᠤᠯᠬᠤ ᠵᠢ ᠪᠠᠷᠢᠮᠲᠠᠯᠠᠵᠤ᠂ ᠨᠠᠮ᠎ᠤᠨ ᠡᠯ᠎ᠡ ᠲᠠᠯ᠎ᠠ ᠵᠢᠨ ᠪᠠᠢ᠌ᠭᠤᠯᠤᠯᠲᠠ ᠵᠢ ᠦᠨᠡᠨ ᠬᠦ᠌ ᠴᠢᠩᠭ᠋ᠠᠳᠬᠠᠭᠰᠠᠨ᠎ᠠᠴᠠ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠠᠵᠢᠯ ᠢᠳᠡᠪᠬᠢᠲᠡᠢ ᠦᠷ᠎ᠡ ᠪᠦᠲᠦᠮᠵᠢ ᠣᠯᠪᠠ᠃ ᠢᠮᠠᠭᠲᠠ ᠲᠤᠭ ᠲᠡᠮᠳᠡᠭ ᠲᠣᠳᠣᠷᠬᠠᠢ᠎ᠪᠠᠷ ᠤᠯᠤᠰ ᠲᠥᠷᠥ ᠵᠢ ᠡᠷᠬᠢᠮᠯᠡᠬᠦ ᠵᠢ ᠪᠠᠷᠢᠮᠲᠠᠯᠠᠵᠤ᠂ ᠨᠠᠮ᠎ᠳᠤ᠎ᠪᠠᠨ ᠬᠠᠷᠢᠴᠠᠯᠠᠰᠢᠭᠦᠢ ᠦᠨᠡᠨᠴᠢ ᠰᠢᠳᠤᠷᠭᠤ ᠬᠡᠪ ᠴᠢᠨᠠᠷ ᠵᠶ᠋ᠠᠨ ᠤᠯᠠᠮ ᠨᠢᠭᠡ ᠠᠯᠬᠤᠮ ᠴᠢᠩᠭ᠋ᠠᠷᠠᠭᠤᠯᠪᠠ; ᠪᠠᠲᠤ ᠴᠢᠩᠭ᠎ᠠ ᠳᠠᠢ᠌ᠴᠢᠨ ᠪᠡᠬᠢᠯᠡᠯᠲᠡ ᠵᠢ ᠴᠣᠭᠴᠠᠯᠠᠨ ᠪᠠᠢ᠌ᠭᠤᠯᠬᠤ ᠵᠢ ᠪᠠᠷᠢᠮᠲᠠᠯᠠᠵᠤ᠂ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠰᠠᠭᠤᠷᠢᠢ ᠤᠯᠠᠮ ᠨᠢᠭᠡ ᠠᠯᠬᠤᠮ ᠪᠠᠲᠤᠳᠬᠠᠪᠠ; ᠴᠢᠩᠭ᠎ᠠ ᠬᠥᠮᠥᠵᠢᠭᠦᠯᠦᠨ ᠴᠢᠩᠭ᠎ᠠ ᠬᠠᠮᠢᠶᠠᠷᠴᠤ ᠴᠢᠩᠭ᠎ᠠ ᠬᠢᠨᠠᠯᠲᠠ ᠲᠠᠯᠪᠢᠬᠤ ᠵᠢ ᠪᠠᠷᠢᠮᠲᠠᠯᠠᠵᠤ᠂ ᠺᠠᠳ᠋ᠷ᠎ᠤᠨ ᠡᠩᠨᠡᠭᠡ ᠵᠢᠨ ᠪᠠᠢ᠌ᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠪᠠ; ᠪᠠᠢ᠌ᠩᠭᠤ ᠠᠳᠬᠤᠨ ᠨᠢᠮᠪᠠᠢ ᠠᠳᠬᠤᠵᠤ ᠤᠷᠲᠤ ᠬᠤᠭᠤᠴᠠᠭ᠎ᠠ᠎ᠪᠠᠷ ᠠᠳᠬᠤᠬᠤ ᠵᠢ ᠪᠠᠷᠢᠮᠲᠠᠯᠠᠵᠤ᠂ ᠣᠪᠣᠷ ᠰᠤᠷᠲᠠᠯ᠎ᠤᠨ ᠪᠠᠢ᠌ᠭᠤᠯᠤᠯᠲᠠ ᠵᠢᠨ ᠬᠢᠷᠢ ᠲᠦᠪᠰᠢᠨ ᠵᠶ᠋ᠠᠨ ᠤᠯᠠᠮ ᠨᠢᠭᠡ ᠠᠯᠬᠤᠮ ᠳᠡᠭᠡᠭᠰᠢᠯᠡᠭᠦᠯᠪᠡ; ᠰᠠᠬᠢᠯᠭ᠎ᠠ ᠪᠠᠲᠤ ᠵᠢ ᠲᠡᠷᠢᠭᠦᠨ᠎ᠳᠤ ᠲᠠᠯᠪᠢᠬᠤ ᠵᠢ ᠪᠠᠷᠢᠮᠲᠠᠯᠠᠵᠤ᠂ ᠨᠠᠮ᠎ᠤᠨ ᠰᠤᠷᠲᠠᠯ ᠴᠢᠭᠴᠢ ᠵᠠᠰᠠᠭ᠎ᠤᠨ ᠪᠠᠢ᠌ᠭᠤᠯᠤᠯᠲᠠ ᠵᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠪᠡ ᠭᠡᠵᠡᠢ᠃
ᠰᠢᠶᠠᠩ ᠳ᠋ᠦᠩ ᠴᠢᠬᠤᠯᠠᠴᠢᠯᠠᠬᠤ᠎ᠳᠤ᠎ᠪᠠᠨ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠡᠷᠡᠰ ᠭᠤᠢ᠌ᠪᠢᠰᠢ ᠦᠭᠡᠢ ᠲᠤᠭᠤᠰᠢᠯᠠᠭᠤᠯᠤᠨ᠂ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶ᠎ᠠ ᠵᠢᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠵᠢᠨ ᠭᠤᠷᠪᠠᠳᠤᠭ᠋ᠠᠷ ᠪᠦᠭᠦᠳᠡ ᠬᠤᠷᠠᠯ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠵᠢᠨ ᠠᠷᠪᠠᠳᠤᠭ᠋ᠠᠷ ᠬᠤᠭᠤᠴᠠᠭ᠋ᠠᠨ᠎ᠤ ᠲᠠᠪᠤᠳᠤᠭ᠋ᠠᠷ ᠪᠦᠭᠦᠳᠡ ᠬᠤᠷᠠᠯ ᠪᠠ ᠪᠦᠬᠦ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ᠎ᠤ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠠᠵᠢᠯ᠎ᠤᠨ ᠲᠧᠯᠸᠢᠰ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠠᠩᠬᠠᠨ᠎ᠤ ᠵᠣᠷᠢᠯᠲᠠ᠎ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ 《ᠳᠥᠷᠪᠡᠨ ᠵᠦᠢ᠍ᠯ᠎ᠤᠨ ᠦᠵᠡᠯ ᠤᠬᠠᠮᠰᠠᠷ》 ᠵᠶ᠋ᠠᠨ ᠴᠢᠩᠭ᠋ᠠᠷᠠᠭᠤᠯᠤᠨ᠂ 《ᠳᠥᠷᠪᠡᠨ ᠲᠠᠯ᠎ᠠ ᠵᠢᠨ ᠢᠲᠡᠭᠡᠯ》 ᠵᠶ᠋ᠡᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠭᠦᠢ᠍ᠴᠡᠳᠬᠡᠵᠦ᠂ ᠲᠣᠭᠲᠠᠭᠤᠨ ᠪᠠᠢ᠌ᠯᠭ᠋ᠠᠬᠤ ᠮᠥᠷᠲᠡᠭᠡᠨ ᠤᠷᠤᠭᠰᠢᠯᠠᠨ ᠲᠠᠪᠰᠢᠬᠤ ᠶᠡᠷᠦᠩᠬᠡᠢ ᠬᠥᠭ᠎ᠢ ᠪᠠᠷᠢᠮᠲᠠᠯᠠᠨ᠂ ᠨᠠᠮ᠎ᠤᠨ ᠤᠯᠤᠰ ᠲᠥᠷᠥ ᠵᠢᠨ ᠪᠠᠢ᠌ᠭᠤᠯᠤᠯᠲᠠ᠎ᠪᠠᠷ ᠨᠢᠭᠡᠳᠦᠯᠲᠡᠢ ᠤᠳᠤᠷᠢᠳᠤᠭᠤᠯᠵᠤ᠂ ᠨᠠᠮ᠎ᠤᠨ ᠡᠯ᠎ᠡ ᠲᠠᠯ᠎ᠠ ᠵᠢᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠤᠨ᠂ ᠢᠯᠵᠢᠷᠡᠯ᠎ᠢ ᠡᠰᠡᠷᠭᠦᠴᠡᠬᠦ ᠲᠡᠮᠡᠴᠡᠯ᠎ᠤᠨ ᠬᠠᠮᠤᠭ᠎ᠤᠨ ᠴᠢᠬᠤᠯᠠ ᠴᠢᠨᠠᠷᠲᠠᠢ ᠢᠯᠠᠯᠲᠠ ᠵᠢ ᠪᠡᠬᠢᠵᠢᠭᠦᠯᠦᠨ ᠬᠥᠭᠵᠢᠭᠦᠯᠵᠦ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠡᠮᠦᠷ ᠴᠡᠷᠢᠭ᠎ᠢ ᠪᠠᠢ᠌ᠭᠤᠯᠤᠨ᠂ ᠵᠠᠰᠠᠭ ᠲᠥᠷᠥ ᠠᠷᠢᠭᠤᠨ ᠴᠢᠭᠴᠢ ᠣᠪᠣᠷ ᠰᠤᠷᠲᠠᠯ ᠲᠥᠪ ᠭᠣᠣᠯᠴᠢ ᠤᠯᠤᠰ ᠲᠥᠷᠥ ᠵᠢᠨ ᠠᠮᠢ ᠠᠬᠤᠢ ᠵᠢ ᠪᠣᠢ ᠪᠣᠯᠭ᠋ᠠᠵᠤ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠰᠢᠨ᠎ᠡ ᠪᠠᠢ᠌ᠳᠠᠯ᠎ᠢ ᠲᠠᠰᠤᠷᠠᠯᠲᠠ ᠦᠭᠡᠢ ᠡᠭᠦᠳᠦᠨ ᠨᠡᠭᠡᠭᠡᠵᠦ᠂ ᠪᠣᠳᠠᠲᠤ ᠠᠵᠢᠯᠯᠠᠭ᠎ᠠ ᠪᠠ ᠰᠢᠯᠢᠳᠡᠭ ᠦᠷ᠎ᠡ ᠪᠦᠲᠦᠮᠵᠢ᠎ᠪᠠᠷ ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ ᠪᠠᠢ᠌ᠭᠤᠯᠤᠭᠳᠠᠭᠰᠠᠨ 70 ᠵᠢᠯ᠎ᠤᠨ ᠣᠢ ᠵᠢ ᠪᠠᠶᠠᠷᠯᠠᠨ ᠪᠡᠯᠭᠡᠯᠡᠬᠦ ᠬᠡᠷᠡᠭᠲᠡᠢ ᠭᠡᠵᠡᠢ᠃
ᠰᠢᠶᠠᠩ ᠳ᠋ᠦᠩ ᠱᠠᠭ᠋ᠠᠷᠳᠠᠬᠤ᠎ᠳᠤ᠎ᠪᠠᠨ᠂ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠰᠢᠨ᠎ᠡ ᠴᠠᠭ᠎ᠤᠨ ᠪᠠᠢ᠌ᠳᠠᠯ ᠪᠠ ᠰᠢᠨ᠎ᠡ ᠱᠠᠭ᠋ᠠᠷᠳᠠᠯᠭ᠎ᠠ ᠵᠢ ᠣᠨᠣᠪᠴᠢᠲᠠᠢ ᠡᠵᠡᠮᠳᠡᠨ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠠᠴᠠ ᠨᠠᠭ᠋ᠠᠰᠢᠬᠢ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠭ᠋ᠠᠳ ᠣᠯᠣᠭᠰᠠᠨ ᠢᠯᠡᠳᠲᠡ ᠦᠷ᠎ᠡ ᠪᠦᠲᠦᠮᠵᠢ ᠵᠢ ᠣᠨᠣᠪᠴᠢᠲᠠᠢ ᠡᠵᠡᠮᠳᠡᠵᠦ᠂ ᠮᠠᠨ᠎ᠤ ᠨᠠᠮ᠎ᠤᠨ ᠲᠡᠷᠢᠭᠦᠨ᠎ᠤ ᠴᠢᠨᠠᠷ ᠪᠠ ᠠᠷᠢᠭᠤᠨ ᠴᠢᠭᠴᠢ ᠴᠢᠨᠠᠷ᠎ᠢ ᠥᠨᠢᠳᠡ ᠪᠠᠲᠤᠯᠠᠭᠰᠠᠨ ᠡᠷᠬᠢᠮ ᠨᠠᠨᠳᠢᠨ ᠲᠤᠷᠰᠢᠯᠭ᠎ᠠ ᠵᠢ ᠣᠨᠣᠪᠴᠢᠲᠠᠢ ᠡᠵᠡᠮᠳᠡᠵᠦ᠂ ᠰᠢᠨ᠎ᠡ ᠴᠠᠭ᠎ᠤᠨ ᠪᠠᠢ᠌ᠳᠠᠯ ᠳᠣᠣᠷᠠᠬᠢ ᠨᠠᠮ᠎ᠤᠨ ᠳᠣᠲᠣᠭ᠋ᠠᠳᠤ ᠵᠢᠨ ᠤᠯᠤᠰ ᠲᠥᠷᠥ ᠵᠢᠨ ᠠᠮᠢᠳᠤᠷᠠᠯ᠎ᠤᠨ ᠳᠦᠷᠢᠮᠤᠳᠢ ᠲᠤᠭᠤᠰᠢᠯᠠᠭᠤᠯᠬᠤ ᠴᠢᠬᠤᠯᠠ ᠱᠠᠭ᠋ᠠᠷᠳᠠᠯᠭ᠎ᠠ ᠵᠢ ᠣᠨᠣᠪᠴᠢᠲᠠᠢ ᠡᠵᠡᠮᠳᠡᠨ᠂ ᠣᠳᠣᠬᠠᠨ᠎ᠳᠤ ᠪᠠ ᠬᠣᠢ᠌ᠰᠢᠳᠠ ᠵᠢᠨ ᠨᠢᠭᠡ ᠬᠡᠰᠡᠭ ᠬᠤᠭᠤᠴᠠᠭ᠋ᠠᠨ᠎ᠳᠤ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠵᠢ ᠠᠬᠢᠭᠤᠯᠬᠤ 《ᠵᠢᠷᠭᠤᠭ᠋ᠠᠨ ᠵᠦᠢ᠍ᠯ᠎ᠤᠨ ᠡᠭᠦᠷᠭᠡ》᠄ ᠨᠢᠭᠡ᠎ᠳᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠦᠵᠡᠯ ᠰᠠᠨᠠᠭ᠎ᠠ᠎ᠪᠠᠨ ᠵᠡᠪᠰᠡᠭᠯᠡᠬᠦ ᠵᠢ ᠲᠠᠰᠤᠷᠠᠯᠲᠠ ᠦᠭᠡᠢ ᠴᠢᠩᠭ᠋ᠠᠷᠠᠭᠤᠯᠤᠨ᠎ᠠ; ᠬᠣᠶᠠᠷ᠎ᠲᠤ᠂ ᠨᠠᠮ᠎ᠤᠨ ᠤᠯᠤᠰ ᠲᠥᠷᠥ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠪᠦᠬᠦ ᠨᠠᠮ᠎ᠤᠨ ᠲᠥᠪᠯᠡᠷᠡᠩᠭᠦᠢ ᠨᠢᠭᠡᠳᠦᠯᠲᠡᠢ᠂ ᠵᠠᠷᠯᠢᠭ ᠴᠠᠭ᠋ᠠᠵᠠ ᠵᠢ ᠵᠢᠷᠤᠮᠯᠠᠨ ᠳᠠᠭ᠋ᠠᠨ᠎ᠠ; ᠭᠤᠷᠪᠠ᠎ᠳᠤ᠂ ᠰᠢᠯᠢᠳᠡᠭ ᠣᠪᠣᠷ ᠰᠤᠷᠲᠠᠯ᠎ᠢ ᠪᠠᠳᠠᠷᠠᠭᠤᠯᠵᠤ᠂ ᠰᠡᠳᠬᠢᠯ ᠵᠶ᠋ᠡᠨ ᠨᠢᠭᠡᠳᠬᠡᠨ ᠬᠦᠴᠦᠨ ᠵᠶ᠋ᠡᠨ ᠬᠠᠮᠲᠤᠳᠬᠠᠵᠤ ᠴᠢᠨᠡᠭᠡᠯᠢᠭ ᠨᠡᠢ᠌ᠭᠡᠮ᠎ᠢ ᠪᠡᠶᠡᠯᠡᠭᠦᠯᠦᠨ᠎ᠡ; ᠳᠥᠷᠪᠡ᠎ᠳᠤ᠂ ᠢᠯᠵᠢᠷᠡᠯ᠎ᠢ ᠡᠷᠡᠰ ᠵᠠᠯᠬᠠᠭ᠋ᠠᠨ ᠰᠢᠢ᠍ᠳᠬᠡᠵᠦ᠂ ᠬᠠᠮᠤᠭ᠎ᠤᠨ ᠴᠢᠬᠤᠯᠠ ᠴᠢᠨᠠᠷᠲᠠᠢ ᠢᠯᠠᠯᠲᠠ ᠵᠢ ᠪᠡᠬᠢᠵᠢᠭᠦᠯᠦᠨ ᠬᠥᠭᠵᠢᠭᠦᠯᠦᠨ᠎ᠡ; ᠲᠠᠪᠤ᠎ᠳᠤ᠂ ᠭᠣᠣᠯ ᠴᠣᠭᠴᠠ ᠵᠢᠨ ᠬᠠᠷᠢᠭᠤᠴᠠᠯᠭ᠎ᠠ᠎ᠪᠠᠨ ᠴᠢᠩᠭ᠋ᠠᠷᠠᠭᠤᠯᠵᠤ᠂ ᠬᠢᠨᠠᠯᠲᠠ ᠲᠠᠯᠪᠢᠬᠤ ᠰᠢᠰᠲ᠋ᠧᠮᠵᠢ ᠵᠢ ᠲᠡᠭᠦᠯᠳᠡᠷᠵᠢᠭᠦᠯᠦᠨ᠎ᠡ; ᠵᠢᠷᠭᠤᠭ᠎ᠠ᠎ᠳᠤ᠂ ᠣᠯᠠᠨ ᠲᠦᠮᠡᠨ᠎ᠤ ᠬᠠᠵᠠᠭᠤ᠎ᠳᠠᠬᠢ ᠲᠥᠪ ᠪᠤᠰᠤ ᠰᠤᠷᠲᠠᠯ ᠪᠠ ᠢᠯᠵᠢᠷᠡᠮᠡᠯ ᠠᠰᠠᠭᠤᠳᠠᠯ᠎ᠲᠠᠢ ᠡᠷᠡᠰ ᠲᠡᠮᠡᠴᠡᠯ ᠶᠠᠪᠤᠭᠤᠯᠵᠤ᠂ ᠣᠯᠠᠨ ᠲᠦᠮᠡᠨ᠎ᠤ ᠲᠤᠰ ᠪᠡᠶ᠎ᠡ ᠵᠢᠨ ᠠᠰᠢᠭ ᠲᠤᠰᠠ ᠵᠢ ᠬᠠᠮᠠᠭ᠋ᠠᠯᠠᠬᠤ ᠵᠢ ᠣᠨᠣᠪᠴᠢᠲᠠᠢ ᠡᠵᠡᠮᠳᠡᠬᠦ ᠬᠡᠷᠡᠭᠲᠡᠢ ᠭᠡᠵᠡᠢ᠃
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠵᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠳᠠᠷᠤᠭ᠎ᠠ ᠶᠠᠩ ᠸᠧᠨ ᠮᠢᠩ ᠶᠠᠷᠢᠶᠠᠨ᠎ᠳᠤ᠎ᠪᠠᠨ᠂ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶ᠎ᠠ ᠵᠢᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠵᠢᠨ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ᠂ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ᠎ᠤ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠵᠢ ᠠᠬᠢᠭᠤᠯᠬᠤ ᠤᠯᠤᠰ ᠲᠥᠷᠥ ᠵᠢᠨ ᠬᠠᠷᠢᠭᠤᠴᠠᠯᠭ᠎ᠠ᠎ᠪᠠᠨ ᠴᠢᠩᠭ᠋ᠠᠷᠠᠭᠤᠯᠵᠤ᠂ ᠭᠣᠣᠯ ᠴᠣᠭᠴᠠ ᠵᠢᠨ ᠬᠠᠷᠢᠭᠤᠴᠠᠯᠭ᠎ᠠ᠎ᠪᠠᠨ ᠴᠢᠩᠭ᠋ᠠᠷᠠᠭᠤᠯᠤᠨ᠂ ᠨᠠᠮ᠎ᠢ ᠬᠠᠮᠢᠶᠠᠷᠤᠨ ᠨᠠᠮ᠎ᠢ ᠵᠠᠰᠠᠬᠤ ᠬᠠᠷᠢᠭᠤᠴᠠᠯᠭ᠎ᠠ᠎ᠪᠠᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠪᠦᠬᠦ ᠶᠠᠪᠤᠴᠠ᠎ᠳᠤ ᠨᠡᠢ᠌ᠳᠡᠮ ᠲᠤᠭᠤᠰᠢᠯᠠᠭᠤᠯᠵᠤ᠂ ᠬᠢᠨᠠᠯᠲᠠ ᠲᠠᠯᠪᠢᠬᠤ ᠬᠠᠷᠢᠭᠤᠴᠠᠯᠭ᠎ᠠ᠎ᠪᠠᠨ ᠴᠢᠩᠭ᠋ᠠᠷᠠᠭᠤᠯᠤᠨ᠂ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ᠎ᠤ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠵᠢ ᠭᠦᠨᠵᠡᠭᠡᠢ ᠬᠥᠭᠵᠢᠭᠦᠯᠬᠦ ᠵᠢ ᠠᠬᠢᠭᠤᠯᠬᠤ ᠬᠡᠷᠡᠭᠲᠡᠢ ᠭᠡᠵᠦ ᠱᠠᠭ᠋ᠠᠷᠳᠠᠵᠠᠢ᠃
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠵᠠᠩ ᠬᠤᠢ ᠢᠦᠢ ᠳ᠋ᠦᠩᠨᠡᠯᠲᠡ ᠵᠢᠨ ᠶᠠᠷᠢᠶᠠᠨ᠎ᠳᠤ᠎ᠪᠠᠨ᠂ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠦᠨ᠂ ᠦᠷ᠎ᠡ ᠪᠦᠲᠦᠭᠡᠯ᠎ᠢ ᠨᠡᠢ᠌ᠳᠡᠮ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ 《ᠬᠣᠶᠠᠷ᠎ᠢ ᠬᠠᠮᠠᠭ᠋ᠠᠯᠠᠬᠤ》 ᠵᠢ ᠡᠷᠡᠰ ᠦᠢ᠍ᠯᠡᠳᠦᠯᠭᠡᠵᠢᠭᠦᠯᠬᠦ ᠳᠡᠭᠡᠷ᠎ᠡ ᠢᠯᠡᠷᠡᠭᠦᠯᠬᠦ ᠬᠡᠷᠡᠭᠲᠡᠢ; ᠡᠭᠦᠷᠭᠡ ᠬᠠᠷᠢᠭᠤᠴᠠᠯᠭ᠎ᠠ ᠵᠢ ᠵᠣᠷᠢᠭᠲᠠᠢ ᠡᠭᠦᠷᠭᠡᠯᠡᠬᠦ ᠦᠵᠡᠯ ᠤᠬᠠᠮᠰᠠᠷ᠎ᠢ ᠴᠢᠩᠭ᠋ᠠᠷᠠᠭᠤᠯᠤᠨ᠂ ᠦᠷ᠎ᠡ ᠪᠦᠲᠦᠭᠡᠯ᠎ᠢ ᠨᠡᠢ᠌ᠳᠡᠮ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠬᠠᠷᠢᠭᠤᠴᠠᠯᠭ᠎ᠠ᠎ᠪᠠᠨ ᠴᠢᠩᠭ᠎ᠠ ᠭᠦᠢ᠍ᠴᠡᠳᠬᠡᠬᠦ ᠳᠡᠭᠡᠷ᠎ᠡ ᠢᠯᠡᠷᠡᠭᠦᠯᠬᠦ ᠬᠡᠷᠡᠭᠲᠡᠢ; ᠤᠷᠲᠤ ᠬᠤᠭᠤᠴᠠᠭ᠋ᠠᠨ᠎ᠤ ᠲᠣᠭᠲᠠᠴᠠ ᠵᠢ ᠪᠦᠷᠢᠨᠰᠢᠭᠦᠯᠵᠦ᠂ ᠦᠷ᠎ᠡ ᠪᠦᠲᠦᠭᠡᠯ᠎ᠢ ᠨᠡᠢ᠌ᠳᠡᠮ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠳᠦᠷᠢᠮᠵᠢᠭᠦᠯᠦᠯᠲᠡ ᠵᠢᠷᠤᠮᠵᠢᠭᠤᠯᠤᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ ᠳᠡᠭᠡᠷ᠎ᠡ ᠢᠯᠡᠷᠡᠭᠦᠯᠬᠦ ᠬᠡᠷᠡᠭᠲᠡᠢ᠃ ᠲᠤᠰ ᠤᠳᠠᠭ᠋ᠠᠨ᠎ᠤ ᠬᠤᠷᠠᠯ᠎ᠤᠨ ᠪᠠᠢ᠌ᠷᠢᠯᠠᠭᠤᠯᠤᠯᠲᠠ ᠶᠣᠰᠣᠭ᠋ᠠᠷ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠡᠭᠦᠷᠭᠡ ᠬᠠᠷᠢᠭᠤᠴᠠᠯᠭ᠎ᠠ᠎ᠪᠠᠨ ᠨᠡᠩ ᠰᠠᠢ᠌ᠲᠤᠷ ᠭᠦᠢ᠍ᠴᠡᠳᠬᠡᠵᠦ᠂ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ᠎ᠤ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠠᠵᠢᠯ᠎ᠢ ᠲᠠᠰᠤᠷᠠᠯᠲᠠ ᠦᠭᠡᠢ ᠠᠬᠢᠭᠤᠯᠤᠨ ᠳᠠᠬᠢᠨ ᠰᠢᠨ᠎ᠡ ᠬᠢᠷᠢ ᠲᠦᠪᠰᠢᠨ᠎ᠳᠤ ᠬᠦᠷᠭᠡᠵᠦ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠰᠠᠢ᠌ᠲᠤᠷ ᠬᠢᠵᠦ ᠢᠯᠠᠯᠲᠠ ᠣᠯᠣᠨ᠂ ᠮᠠᠨ᠎ᠤ ᠤᠯᠤᠰ᠎ᠤᠨ ᠤᠮᠠᠷᠠᠲᠤ ᠵᠢᠨ ᠠᠮᠢ ᠠᠬᠤᠢ ᠵᠢᠨ ᠴᠢᠬᠤᠯᠠ ᠬᠠᠯᠬᠠᠪᠴᠢ ᠵᠢ ᠴᠣᠭᠴᠠᠯᠠᠨ ᠪᠠᠢ᠌ᠭᠤᠯᠵᠤ᠂ ᠡᠬᠡ ᠤᠯᠤᠰ᠎ᠤᠨ ᠤᠮᠠᠷᠠᠲᠤ ᠬᠢᠵᠠᠭ᠋ᠠᠷ᠎ᠤᠨ ᠲᠦᠮᠡᠨ ᠭᠠᠵᠠᠷ᠎ᠤᠨ ᠨᠣᠭᠣᠭ᠋ᠠᠨ ᠥᠩᠭᠡᠲᠦ ᠤᠷᠲᠤ ᠴᠠᠭ᠋ᠠᠨ ᠬᠡᠷᠡᠮ᠎ᠢ ᠪᠠᠢ᠌ᠭᠤᠯᠬᠤ᠎ᠳᠤ ᠪᠠᠲᠤ ᠴᠢᠩᠭ᠎ᠠ ᠪᠠᠲᠤᠯᠠᠭ᠎ᠠ ᠬᠠᠩᠭ᠋ᠠᠬᠤ ᠬᠡᠷᠡᠭᠲᠡᠢ ᠭᠡᠵᠦ ᠱᠠᠭ᠋ᠠᠷᠳᠠᠵᠠᠢ᠃
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠤᠳᠤᠷᠢᠳᠬᠤ ᠪᠠᠭ᠎ᠤᠨ ᠭᠡᠰᠢᠭᠦᠳ᠂ ᠲᠢᠩᠬᠢᠮ᠎ᠤᠨ ᠪᠠᠢ᠌ᠭᠤᠯᠭ᠎ᠠ ᠵᠢᠨ ᠪᠦᠬᠦ ᠺᠠᠳ᠋ᠷ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠵᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠪᠦᠬᠦ ᠺᠠᠳ᠋ᠷ᠂ ᠬᠠᠷᠢᠶᠠᠯᠠᠭᠳᠠᠬᠤ ᠠᠵᠢᠯ ᠦᠢ᠍ᠯᠡᠰ᠎ᠤᠨ ᠨᠢᠭᠡᠴᠢ ᠵᠢᠨ ᠳᠡᠳ᠋ ᠰᠠᠯᠠᠭ᠋ᠠᠨ ᠳᠡᠰ᠎ᠠᠴᠠ ᠳᠡᠭᠡᠭᠰᠢᠬᠢ ᠺᠠᠳ᠋ᠷᠴᠤᠳ ᠥᠪᠡᠷᠲᠡᠭᠡᠨ ᠵᠠᠰᠠᠬᠤ ᠣᠷᠣᠨ᠎ᠤ ᠭᠣᠣᠯ ᠬᠤᠷᠠᠯ᠎ᠤᠨ ᠲᠠᠯᠠᠪᠤᠷ᠎ᠲᠤ ᠬᠤᠷᠠᠯ᠎ᠳᠤ ᠣᠷᠣᠯᠴᠠᠪᠠ; ᠡᠯ᠎ᠡ ᠠᠢ᠌ᠮᠠᠭ ᠬᠣᠲᠠ ᠪᠠ ᠮᠠᠨᠵᠤᠤᠷ ᠬᠣᠲᠠ᠂ ᠡᠷᠢᠶᠡᠨ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠤᠳᠤᠷᠢᠳᠬᠤ ᠪᠠᠭ᠎ᠤᠨ ᠭᠡᠰᠢᠭᠦᠳ᠂ ᠪᠠᠢ᠌ᠭᠤᠯᠭ᠎ᠠ ᠵᠢᠨ ᠪᠦᠬᠦ ᠺᠠᠳ᠋ᠷ᠂ ᠬᠣᠶᠠᠳᠤᠭ᠋ᠠᠷ ᠱᠠᠲᠤᠨ᠎ᠤ ᠨᠢᠭᠡᠴᠢ ᠵᠢᠨ ᠳᠤᠮᠳᠠ ᠳᠡᠰ᠎ᠠᠴᠠ ᠳᠡᠭᠡᠭᠰᠢ ᠺᠠᠳ᠋ᠷ᠂ ᠲᠣᠮᠢᠯᠠᠨ ᠰᠠᠭᠤᠯᠭ᠋ᠠᠭᠰᠠᠨ ᠰᠠᠬᠢᠯᠭ᠎ᠠ ᠪᠠᠲᠤ ᠪᠠᠢ᠌ᠴᠠᠭ᠋ᠠᠵᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠪᠦᠬᠦ ᠺᠠᠳ᠋ᠷ ᠠᠢ᠌ᠮᠠᠭ ᠬᠠᠲᠠ ᠵᠢᠨ ᠰᠠᠯᠪᠤᠷᠢ ᠬᠤᠷᠠᠯ᠎ᠤᠨ ᠲᠠᠯᠠᠪᠤᠷ᠎ᠲᠤ ᠬᠤᠷᠠᠯ ᠰᠣᠨᠣᠰᠴᠠᠢ᠃

ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 2019 ᠣᠨ᠎ᠤ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ᠎ᠤ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠠᠵᠢᠯ᠎ᠤᠨ ᠲᠧᠯᠸᠢᠰ ᠬᠤᠷᠠᠯ᠎ᠢ ᠬᠤᠷᠠᠯᠳᠤᠭᠤᠯᠵᠤ ᠪᠠᠢ᠌ᠨ᠎ᠠ

ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠰᠢᠶᠠᠩ ᠳ᠋ᠦᠩ 2018 ᠣᠨ᠎ᠤ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ᠎ᠤ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠠᠵᠢᠯ᠎ᠢ ᠳ᠋ᠦᠩᠨᠡᠵᠦ᠂ 2019 ᠣᠨ᠎ᠤ ᠭᠣᠣᠯᠳᠠᠯᠭ᠎ᠠ᠎ᠲᠠᠢ ᠡᠭᠦᠷᠭᠡ ᠵᠢ ᠪᠠᠢ᠌ᠷᠢᠯᠠᠭᠤᠯᠵᠤ ᠪᠠᠢ᠌ᠨ᠎ᠠ

ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠵᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠳᠠᠷᠤᠭ᠎ᠠ ᠶᠠᠩ ᠸᠧᠨ ᠮᠢᠩ ᠶᠠᠷᠢᠶ᠎ᠠ ᠲᠠᠯᠪᠢᠵᠤ ᠪᠠᠢ᠌ᠨ᠎ᠠ

ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠵᠠᠩ ᠬᠤᠢ ᠢᠦᠢ ᠬᠤᠷᠠᠯ᠎ᠢ ᠡᠷᠬᠢᠯᠡᠭᠰᠡᠨ᠎ᠤ ᠬᠠᠮᠲᠤ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠲᠤᠬᠠᠢ ᠪᠣᠳᠠᠲᠠᠢ ᠱᠠᠭ᠋ᠠᠷᠳᠠᠯᠭ᠎ᠠ ᠳᠤᠷᠠᠳᠴᠤ ᠪᠠᠢ᠌ᠨ᠎ᠠ

ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠤᠳᠤᠷᠢᠳᠬᠤ ᠪᠠᠭ᠎ᠤᠨ ᠭᠡᠰᠢᠭᠦᠳ᠂ ᠲᠢᠩᠬᠢᠮ᠎ᠤᠨ ᠪᠠᠢ᠌ᠭᠤᠯᠭ᠎ᠠ ᠵᠢᠨ ᠪᠦᠬᠦ ᠺᠠᠳ᠋ᠷ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠵᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠪᠦᠬᠦ ᠺᠠᠳ᠋ᠷ᠂ ᠬᠠᠷᠢᠶᠠᠯᠠᠭᠳᠠᠬᠤ ᠠᠵᠢᠯ ᠦᠢ᠍ᠯᠡᠰ᠎ᠤᠨ ᠨᠢᠭᠡᠴᠢ ᠵᠢᠨ ᠳᠡᠳ᠋ ᠰᠠᠯᠠᠭ᠋ᠠᠨ ᠳᠡᠰ᠎ᠠᠴᠠ ᠳᠡᠭᠡᠭᠰᠢᠬᠢ ᠺᠠᠳ᠋ᠷᠴᠤᠳ ᠬᠤᠷᠠᠯ᠎ᠳᠤ ᠣᠷᠣᠯᠴᠠᠵᠤ ᠪᠠᠢ᠌ᠨ᠎ᠠ