ᠯᠢ ᠭᠠᠨ ᠵᠢᠶᠧ ᠴᠢᠬᠤᠯᠠᠴᠢᠯᠠᠬᠤ᠎ᠳᠤ᠎ᠪᠠᠨ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠨ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠪᠠ ᠪᠦᠬᠦ ᠤᠯᠤᠰ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠤ ᠪᠡᠯᠭᠡ ᠲᠡᠮᠳᠡᠭ᠎ᠤᠨ ᠴᠢᠨᠠᠷᠲᠠᠢ ᠳᠠᠢ᠌ᠯᠠᠯᠳᠤᠭ᠋ᠠᠨ᠎ᠢ ᠰᠠᠢ᠌ᠲᠤᠷ ᠬᠢᠬᠦ᠎ᠳᠤ ᠠᠩᠬᠠᠷᠤᠭᠤᠯᠤᠨ ᠲᠥᠪᠯᠡᠷᠡᠭᠦᠯᠵᠦ᠂ ᠠᠵᠤ ᠠᠬᠤᠢ ᠵᠢᠨ ᠴᠢᠨᠠᠷᠯᠢᠭ ᠬᠥᠭᠵᠢᠯᠲᠡ ᠪᠠ ᠠᠮᠢ ᠠᠬᠤᠢ ᠵᠢᠨ ᠣᠷᠴᠢᠨ ᠲᠣᠭᠣᠷᠢᠨ᠎ᠤ ᠥᠨᠳᠥᠷ ᠬᠢᠷᠢ ᠲᠦᠪᠰᠢᠨ ᠪᠦᠬᠦᠢ ᠬᠠᠮᠠᠭ᠋ᠠᠯᠠᠯᠲᠠ ᠵᠢ ᠵᠣᠬᠢᠴᠠᠭᠤᠯᠤᠨ ᠠᠬᠢᠭᠤᠯᠵᠤ᠂ ᠰᠢᠯᠢᠳᠡᠭ ᠬᠢᠷᠢ ᠪᠦᠲᠦᠮᠵᠢ᠎ᠪᠠᠷ ᠤᠯᠤᠰ ᠪᠠᠢ᠌ᠭᠤᠯᠤᠭᠳᠠᠭᠰᠠᠨ 70 ᠵᠢᠯ᠎ᠤᠨ ᠣᠢ ᠵᠢ ᠪᠠᠶᠠᠷᠯᠠᠨ ᠪᠡᠯᠭᠡᠯᠡᠬᠦ ᠬᠡᠷᠡᠭᠲᠡᠢ ᠭᠡᠵᠡᠢ᠃

1 ᠳ᠋ᠦ᠍ᠭᠡᠷ ᠰᠠᠷ᠎ᠠ ᠵᠢᠨ 18 — 19᠎ᠤ ᠡᠳᠦᠷ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠠᠴᠠ ᠪᠡᠭᠡᠵᠢᠩ᠎ᠳᠤ 2019 ᠣᠨ᠎ᠤ ᠪᠦᠬᠦ ᠤᠯᠤᠰ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠬᠤᠷᠠᠯ᠎ᠢ ᠬᠤᠷᠠᠯᠳᠤᠭᠤᠯᠤᠨ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠪᠠ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠂ ᠠᠷᠪᠠ ᠶᠢᠰᠦᠳᠦᠭᠡᠷ ᠬᠤᠭᠤᠴᠠᠭ᠋ᠠᠨ᠎ᠤ ᠬᠣᠶᠠᠳᠤᠭ᠋ᠠᠷ᠂ ᠭᠤᠷᠪᠠᠳᠤᠭ᠋ᠠᠷ ᠪᠦᠭᠦᠳᠡ ᠬᠤᠷᠠᠯ ᠵᠢᠴᠢ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠪᠠ ᠪᠦᠬᠦ ᠤᠯᠤᠰ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ 2018 ᠣᠨ᠎ᠤ ᠠᠵᠢᠯ᠎ᠤᠨ ᠠᠬᠢᠯᠲᠠ ᠵᠢ ᠳ᠋ᠦᠩᠨᠡᠨ᠂ ᠣᠳᠣᠬᠠᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ᠎ᠳᠤ ᠲᠤᠯᠭ᠋ᠠᠷᠠᠵᠤ ᠪᠠᠢ᠌ᠭ᠎ᠠ ᠴᠠᠭ᠎ᠤᠨ ᠪᠠᠢ᠌ᠳᠠᠯ᠎ᠳᠤ ᠵᠠᠳᠠᠯᠤᠯᠲᠠ ᠬᠢᠵᠦ᠂ 2019 ᠣᠨ᠎ᠤ ᠭᠣᠣᠯᠳᠠᠯᠭ᠎ᠠ᠎ᠲᠠᠢ ᠠᠵᠢᠯ᠎ᠢ ᠲᠣᠬᠢᠷᠠᠭᠤᠯᠤᠨ ᠪᠠᠢ᠌ᠷᠢᠯᠠᠭᠤᠯᠪᠠ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠳᠠᠷᠤᠭ᠎ᠠ ᠯᠢ ᠭᠠᠨ ᠵᠢᠶᠧ ᠬᠤᠷᠠᠯ᠎ᠳᠤ ᠣᠷᠣᠯᠴᠠᠭᠰᠠᠨ᠎ᠤ ᠬᠠᠮᠲᠤ ᠶᠠᠷᠢᠶ᠎ᠠ ᠲᠠᠯᠪᠢᠵᠠᠢ᠃ ᠲᠡᠷᠡ ᠴᠢᠬᠤᠯᠠᠴᠢᠯᠠᠬᠤ᠎ᠳᠤ᠎ᠪᠠᠨ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠨ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠪᠠ ᠪᠦᠬᠦ ᠤᠯᠤᠰ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠤ ᠪᠡᠯᠭᠡ ᠲᠡᠮᠳᠡᠭ᠎ᠤᠨ ᠴᠢᠨᠠᠷᠲᠠᠢ ᠳᠠᠢ᠌ᠯᠠᠯᠳᠤᠭ᠋ᠠᠨ᠎ᠢ ᠰᠠᠢ᠌ᠲᠤᠷ ᠬᠢᠬᠦ᠎ᠳᠤ ᠠᠩᠬᠠᠷᠤᠭᠤᠯᠤᠨ ᠲᠥᠪᠯᠡᠷᠡᠭᠦᠯᠵᠦ᠂ ᠠᠵᠤ ᠠᠬᠤᠢ ᠵᠢᠨ ᠴᠢᠨᠠᠷᠯᠢᠭ ᠬᠥᠭᠵᠢᠯᠲᠡ ᠪᠠ ᠠᠮᠢ ᠠᠬᠤᠢ ᠵᠢᠨ ᠣᠷᠴᠢᠨ ᠲᠣᠭᠣᠷᠢᠨ᠎ᠤ ᠥᠨᠳᠥᠷ ᠬᠢᠷᠢ ᠲᠦᠪᠰᠢᠨ ᠪᠦᠬᠦᠢ ᠬᠠᠮᠠᠭ᠋ᠠᠯᠠᠯᠲᠠ ᠵᠢ ᠵᠣᠬᠢᠴᠠᠭᠤᠯᠤᠨ ᠠᠬᠢᠭᠤᠯᠵᠤ᠂ ᠰᠢᠯᠢᠳᠡᠭ ᠬᠢᠷᠢ ᠪᠦᠲᠦᠮᠵᠢ᠎ᠪᠠᠷ ᠤᠯᠤᠰ ᠪᠠᠢ᠌ᠭᠤᠯᠤᠭᠳᠠᠭᠰᠠᠨ 70 ᠵᠢᠯ᠎ᠤᠨ ᠣᠢ ᠵᠢ ᠪᠠᠶᠠᠷᠯᠠᠨ ᠪᠡᠯᠭᠡᠯᠡᠬᠦ ᠬᠡᠷᠡᠭᠲᠡᠢ ᠭᠡᠵᠡᠢ᠃

ᠯᠢ ᠭᠠᠨ ᠵᠢᠶᠧ ᠵᠢᠭ᠋ᠠᠬᠤ᠎ᠳᠤ᠎ᠪᠠᠨ᠂ 2018 ᠣᠨ ᠪᠣᠯ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠡᠦᠬᠡᠨ ᠳᠡᠭᠡᠷᠡᠬᠢ ᠬᠥᠰᠢᠶ᠎ᠡ ᠳᠤᠷᠠᠰᠬᠠᠯ᠎ᠤᠨ ᠠᠴᠢ ᠬᠣᠯᠪᠣᠭᠳᠠᠯ᠎ᠲᠠᠢ ᠨᠢᠭᠡ ᠵᠢᠯ ᠪᠠᠢ᠌ᠵᠤ᠂ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ᠎ᠠᠴᠠ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠴᠢᠩᠭ᠋ᠠᠳᠬᠠᠨ᠂ ᠠᠮᠢ ᠠᠬᠤᠢ ᠵᠢᠨ ᠪᠣᠯᠪᠠᠰᠤᠨ᠎ᠢ ᠳᠡᠭᠡᠭᠰᠢᠯᠡᠭᠦᠯᠵᠦ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠦᠲᠦᠭᠡᠨ ᠪᠠᠢ᠌ᠭᠤᠯᠬᠤ᠎ᠳᠤ ᠠᠯᠢ ᠣᠯᠠᠨ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠲᠣᠭᠲᠠᠭ᠋ᠠᠪᠠ᠃ ᠦᠨᠳᠦᠰᠦᠨ ᠬᠠᠤᠯᠢ ᠵᠢᠨ ᠵᠠᠰᠠᠪᠤᠷᠢ ᠣᠷᠣᠭᠤᠯᠤᠭᠰᠠᠨ ᠲᠥᠰᠥᠯ᠎ᠳᠤ ᠰᠢᠨ᠎ᠡ ᠬᠥᠭᠵᠢᠯᠲᠡ ᠵᠢᠨ ᠣᠨᠣᠯᠵᠢᠬᠤᠨ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠪᠠ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠦᠲᠦᠭᠡᠨ ᠪᠠᠢ᠌ᠭᠤᠯᠬᠤ ᠱᠠᠭ᠋ᠠᠷᠳᠠᠯᠭ᠎ᠠ ᠵᠢ ᠦᠨᠳᠦᠰᠦᠨ ᠬᠠᠤᠯᠢ᠎ᠳᠤ ᠪᠢᠴᠢᠨ ᠣᠷᠣᠭᠤᠯᠪᠠ᠃ ᠪᠦᠬᠦ ᠤᠯᠤᠰ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠬᠡ ᠬᠤᠷᠠᠯ᠎ᠢ ᠠᠮᠵᠢᠯᠲᠠ᠎ᠲᠠᠢ ᠬᠤᠷᠠᠯᠳᠤᠭᠤᠯᠤᠨ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠲᠣᠭᠲᠠᠭ᠋ᠠᠭᠰᠠᠨ᠎ᠨᠢ᠂ ᠶᠡᠬᠡ ᠬᠤᠷᠠᠯ᠎ᠤᠨ ᠪᠡᠯᠭᠡ ᠲᠡᠮᠳᠡᠭ᠎ᠤᠨ ᠴᠢᠨᠠᠷᠲᠠᠢ᠂ ᠰᠢᠨ᠎ᠡ ᠵᠢ ᠡᠭᠦᠳᠬᠦ ᠴᠢᠨᠠᠷᠲᠠᠢ᠂ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠴᠢᠬᠤᠯᠠ ᠶᠡᠬᠡ ᠣᠨᠣᠯ᠎ᠤᠨ ᠦᠷ᠎ᠡ ᠪᠦᠲᠦᠭᠡᠯ ᠪᠣᠯᠣᠨ᠎ᠠ᠃ ᠨᠠᠮ ᠪᠠ ᠤᠯᠤᠰ᠎ᠤᠨ ᠪᠠᠢ᠌ᠭᠤᠯᠤᠮᠵᠢ ᠵᠢᠨ ᠥᠭᠡᠷᠡᠴᠢᠯᠡᠯᠲᠡ᠎ᠳᠤ᠂ ᠠᠮᠢ ᠠᠬᠤᠢ ᠣᠷᠴᠢᠨ ᠲᠣᠭᠣᠷᠢᠨ᠎ᠤ ᠶᠠᠮᠤᠨ ᠪᠠ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠷᠦᠩᠬᠡᠢ᠌ᠯᠡᠨ ᠬᠠᠤᠯᠢ ᠬᠡᠷᠡᠭᠵᠢᠭᠦᠯᠬᠦ ᠡᠩᠨᠡᠭᠡ ᠵᠢ ᠵᠣᠬᠢᠶᠠᠨ ᠪᠠᠢ᠌ᠭᠤᠯᠬᠤ᠎ᠪᠠᠷ ᠲᠣᠭᠲᠠᠭ᠋ᠠᠪᠠ᠃ ᠪᠦᠬᠦ ᠤᠯᠤᠰ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠰᠲ᠋ᠧᠮ᠎ᠤᠨ᠎ᠬᠢᠨ ᠤᠯᠤᠰ ᠲᠥᠷᠥ ᠵᠢᠨ ᠵᠣᠭᠰᠣᠴᠠ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠪᠠ ᠪᠦᠬᠦ ᠤᠯᠤᠰ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠬᠡᠷᠡᠭᠲᠡᠢ᠃ ᠨᠠᠮ᠎ᠤᠨ ᠤᠯᠤᠰ ᠲᠥᠷᠥ ᠵᠢᠨ ᠪᠠᠢ᠌ᠭᠤᠯᠤᠯᠲᠠ᠎ᠪᠠᠷ ᠨᠢᠭᠡᠳᠦᠯᠲᠡᠢ ᠤᠳᠤᠷᠢᠳᠤᠭᠤᠯᠬᠤ ᠵᠢ ᠪᠠᠷᠢᠮᠲᠠᠯᠠᠨ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠯᠤᠰ ᠲᠥᠷᠥ ᠵᠢᠨ ᠬᠠᠷᠢᠭᠤᠴᠠᠯᠭ᠎ᠠ ᠵᠢ ᠡᠷᠡᠰ ᠰᠢᠭᠤᠷᠬᠠᠢ᠎ᠪᠠᠷ ᠡᠭᠦᠷᠭᠡᠯᠡᠬᠦ ᠬᠡᠷᠡᠭᠲᠡᠢ; ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠪᠠᠷᠢᠮᠲᠠᠯᠠᠨ᠂ ᠠᠵᠤ ᠠᠬᠤᠢ ᠵᠢᠨ ᠴᠢᠨᠠᠷᠯᠢᠭ ᠬᠥᠭᠵᠢᠯᠲᠡ ᠪᠠ ᠠᠮᠢ ᠠᠬᠤᠢ ᠵᠢᠨ ᠣᠷᠴᠢᠨ ᠲᠣᠭᠣᠷᠢᠨ᠎ᠤ ᠥᠨᠳᠥᠷ ᠬᠢᠷᠢ ᠲᠦᠪᠰᠢᠨ ᠪᠦᠬᠦᠢ ᠬᠠᠮᠠᠭ᠋ᠠᠯᠠᠯᠲᠠ ᠵᠢ ᠵᠣᠬᠢᠴᠠᠭᠤᠯᠤᠨ ᠠᠬᠢᠭᠤᠯᠬᠤ ᠬᠡᠷᠡᠭᠲᠡᠢ; ᠠᠷᠠᠳ ᠲᠦᠮᠡᠨ ᠵᠶ᠋ᠡᠷ ᠲᠥᠪ ᠪᠣᠯᠭ᠋ᠠᠬᠤ ᠵᠢ ᠪᠠᠷᠢᠮᠲᠠᠯᠠᠨ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠰᠠᠢ᠌ᠲᠤᠷ ᠬᠢᠵᠦ ᠢᠯᠠᠯᠲᠠ ᠣᠯᠬᠤ ᠬᠡᠷᠡᠭᠲᠡᠢ; ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ ᠵᠢ ᠪᠠᠷᠢᠮᠲᠠᠯᠠᠨ᠂ ᠠᠮᠢ ᠠᠬᠤᠢ ᠵᠢᠨ ᠣᠷᠴᠢᠨ ᠲᠣᠭᠣᠷᠢᠨ᠎ᠤ ᠵᠠᠰᠠᠯᠲᠠ ᠵᠢᠨ ᠰᠢᠰᠲ᠋ᠧᠮᠵᠢ ᠪᠠ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠬᠤ ᠬᠡᠷᠡᠭᠲᠡᠢ; ᠠᠵᠢᠯ᠎ᠤᠨ ᠣᠪᠣᠷ ᠰᠤᠷᠲᠠᠯ ᠵᠶ᠋ᠠᠨ ᠲᠠᠰᠤᠷᠠᠯᠲᠠ ᠦᠭᠡᠢ ᠰᠠᠢ᠌ᠵᠢᠷᠠᠭᠤᠯᠬᠤ ᠵᠢ ᠪᠠᠷᠢᠮᠲᠠᠯᠠᠨ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠡᠮᠦᠷ ᠴᠡᠷᠢᠭ᠎ᠢ ᠪᠠᠢ᠌ᠭᠤᠯᠬᠤ ᠬᠡᠷᠡᠭᠲᠡᠢ᠃ ᠠᠮᠢ ᠠᠬᠤᠢ ᠵᠢᠨ ᠪᠣᠯᠪᠠᠰᠤᠨ᠎ᠢ ᠳᠡᠭᠡᠭᠰᠢᠯᠡᠭᠦᠯᠦᠨ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠦᠲᠦᠭᠡᠨ ᠪᠠᠢ᠌ᠭᠤᠯᠬᠤ ᠲᠤᠬᠠᠢ ᠨᠠᠮ᠎ᠤᠨ ᠲᠥᠪ ᠬᠣᠷᠢᠶ᠎ᠠ ᠵᠢᠨ ᠠᠤᠭ᠎ᠠ ᠶᠡᠬᠡ ᠵᠢᠷᠤᠭ ᠲᠥᠰᠥᠪ᠎ᠢ ᠰᠠᠢ᠌ᠨ ᠰᠠᠢ᠌ᠬᠠᠨ ᠪᠣᠳᠠᠲᠤ ᠠᠬᠤᠢ ᠪᠣᠯᠭ᠋ᠠᠨ ᠬᠤᠪᠢᠷᠠᠭᠤᠯᠵᠤ᠂ ᠠᠷᠠᠳ ᠲᠦᠮᠡᠨ᠎ᠢ ᠣᠭᠲᠠᠷᠭᠤᠢ᠎ᠨᠢ ᠨᠡᠩ ᠴᠡᠯᠮᠡᠭ᠂ ᠠᠭᠤᠯᠠ᠎ᠨᠢ ᠨᠡᠩ ᠬᠥᠬᠡᠮᠳᠦᠭ᠂ ᠤᠰᠤ᠎ᠨᠢ ᠨᠡᠩ ᠲᠤᠩᠭ᠋ᠠᠯᠠᠭ ᠰᠢᠯᠢᠳᠡᠭ ᠰᠠᠢ᠌ᠬᠠᠨ ᠣᠷᠴᠢᠨ ᠲᠣᠭᠣᠷᠢᠨ᠎ᠲᠤ ᠣᠷᠣᠰᠢᠨ ᠠᠮᠢᠳᠤᠷᠠᠭᠤᠯᠬᠤ ᠬᠡᠷᠡᠭᠲᠡᠢ ᠭᠡᠵᠡᠢ᠃
ᠥᠩᠭᠡᠷᠡᠭᠰᠡᠨ᠎ᠤ ᠨᠢᠭᠡ ᠵᠢᠯ᠎ᠤᠨ ᠠᠵᠢᠯ᠎ᠢ ᠳ᠋ᠦᠩᠨᠡᠬᠦ ᠦᠶ᠎ᠡ᠎ᠳᠤ᠂ ᠯᠢ ᠭᠠᠨ ᠵᠢᠶᠧ ᠬᠡᠯᠡᠬᠦ᠎ᠳᠤ᠎ᠪᠠᠨ᠂ 2018 ᠣᠨ᠎ᠳᠤ ᠪᠦᠬᠦ ᠤᠯᠤᠰ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠰᠲ᠋ᠧᠮ᠎ᠤᠨ᠎ᠬᠢᠨ ᠠᠮᠢ ᠠᠬᠤᠢ ᠵᠢᠨ ᠣᠷᠴᠢᠨ ᠲᠣᠭᠣᠷᠢᠨ᠎ᠤ ᠶᠠᠰᠤ ᠴᠢᠨᠠᠷ᠎ᠢ ᠰᠠᠢ᠌ᠵᠢᠷᠠᠭᠤᠯᠬᠤ᠎ᠪᠠᠷ ᠭᠣᠣᠯ ᠪᠣᠯᠭ᠋ᠠᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠵᠢ ᠴᠢᠩᠭ᠋ᠠᠷᠠᠭᠤᠯᠤᠨ᠂ ᠰᠢᠮᠳᠠᠭᠤᠯᠤᠨ ᠪᠠᠢ᠌ᠴᠠᠭ᠋ᠠᠵᠤ ᠨᠠᠢ᠌ᠳᠠᠪᠤᠷᠢᠵᠢᠭᠤᠯᠬᠤ ᠵᠢ ᠴᠢᠩᠭ᠎ᠠ ᠠᠳᠬᠤᠵᠤ᠂ ᠬᠢᠵᠠᠭ᠋ᠠᠷᠯᠠᠬᠤ ᠴᠢᠨᠠᠷᠲᠠᠢ ᠪᠦᠬᠦ ᠭᠦᠢ᠍ᠴᠡᠳᠬᠡᠯ ᠲᠣᠭ᠋ᠠᠨ᠎ᠤ ᠣᠨ᠎ᠤ ᠬᠠᠷᠠᠯᠲᠠ ᠵᠢᠨ ᠡᠭᠦᠷᠭᠡ ᠵᠢ ᠠᠮᠵᠢᠯᠲᠠ᠎ᠲᠠᠢ ᠪᠡᠶᠡᠯᠡᠭᠦᠯᠵᠦ᠂ 《13 · 5》 ᠵᠢᠨ ᠲᠥᠯᠥᠪᠵᠢᠭᠦᠯᠭᠡ ᠵᠢᠨ ᠴᠠᠭ ᠳᠠᠷᠠᠭ᠋ᠠᠯᠠᠭᠰᠠᠨ ᠠᠬᠢᠴᠠ ᠵᠢᠨ ᠱᠠᠭ᠋ᠠᠷᠳᠠᠯᠭ᠎ᠠ ᠵᠢ ᠪᠡᠶᠡᠯᠡᠭᠦᠯᠦᠨ᠂ ᠠᠮᠢ ᠠᠬᠤᠢ ᠵᠢᠨ ᠣᠷᠴᠢᠨ ᠲᠣᠭᠣᠷᠢᠨ᠎ᠤ ᠶᠠᠰᠤ ᠴᠢᠨᠠᠷ᠎ᠢ ᠦᠷᠭᠦᠯᠵᠢᠯᠡᠨ ᠰᠠᠢ᠌ᠵᠢᠷᠠᠭᠤᠯᠪᠠ᠃ ᠪᠣᠳᠠᠲᠠᠢ᠎ᠪᠠᠷ ᠠᠪᠴᠤ ᠬᠡᠯᠡᠪᠡᠯ᠂ ᠭᠣᠣᠯᠳᠠᠭᠤ ᠳᠣᠣᠷᠠᠬᠢ ᠭᠤᠷᠪᠠᠨ ᠲᠠᠯ᠎ᠠ ᠵᠢᠨ ᠠᠵᠢᠯ᠎ᠢ ᠬᠢᠵᠡᠢ᠃
ᠨᠢᠭᠡᠳᠦᠭᠡᠷ᠎ᠲᠤ᠂ ᠪᠠᠢ᠌ᠷᠢᠯᠠᠭᠤᠯᠤᠨ ᠨᠠᠢ᠌ᠳᠠᠪᠤᠷᠢᠵᠢᠭᠤᠯᠬᠤ ᠵᠢ ᠴᠢᠩᠭ᠋ᠠᠷᠠᠭᠤᠯᠵᠤ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠰᠠᠢ᠌ᠲᠤᠷ ᠡᠬᠢᠯᠡᠭᠦᠯᠪᠡ᠃ ᠨᠢᠭᠡ᠎ᠳᠤ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠤ ᠪᠠᠢ᠌ᠯᠳᠤᠭ᠋ᠠᠨ᠎ᠤ ᠲᠥᠯᠥᠪᠯᠡᠭᠡ ᠪᠠ ᠲᠥᠰᠥᠯ᠎ᠢ ᠨᠡᠢ᠌ᠲᠡᠯᠡᠪᠡ᠃ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ 《ᠬᠥᠬᠡ ᠣᠭᠲᠠᠷᠭᠤᠢ ᠵᠢ ᠬᠠᠮᠠᠭ᠋ᠠᠯᠠᠬᠤ ᠳᠠᠢ᠌ᠯᠠᠯᠳᠤᠭ᠋ᠠᠨ᠎ᠤ ᠢᠯᠠᠯᠲᠠ ᠵᠢ ᠣᠯᠬᠤ ᠭᠤᠷᠪᠠᠨ ᠵᠢᠯ᠎ᠤᠨ ᠲᠥᠯᠥᠪᠯᠡᠭᠡ ᠵᠢᠨ ᠠᠵᠢᠯᠯᠠᠭ᠎ᠠ》 ᠵᠢ ᠳᠠᠷᠤᠮᠠᠯᠯᠠᠨ ᠲᠠᠷᠬᠠᠭ᠋ᠠᠵᠤ ᠬᠡᠷᠡᠭᠵᠢᠭᠦᠯᠪᠡ᠃ ᠲᠥᠷᠥ ᠵᠢᠨ ᠶᠠᠪᠤᠳᠠᠯ᠎ᠤᠨ ᠬᠣᠷᠢᠶ᠎ᠠ᠎ᠪᠠᠷ ᠵᠥᠪᠰᠢᠶᠡᠷᠡᠭᠦᠯᠦᠨ᠂ ᠴᠠᠢ᠌ᠶᠢᠦ ᠲᠣᠰᠣᠨ᠎ᠤ ᠪᠠᠷᠠᠭ᠋ᠠᠨ᠎ᠤ ᠲᠡᠷᠭᠡ᠎ᠳᠤ ᠵᠠᠰᠠᠯᠲᠠ ᠬᠢᠬᠦ᠂ ᠬᠣᠲᠠ ᠵᠢᠨ ᠬᠠᠷ᠎ᠠ ᠦᠮᠡᠬᠡᠢ ᠤᠰᠤᠨ ᠴᠣᠭᠴᠠ᠎ᠳᠤ ᠵᠠᠰᠠᠯᠲᠠ ᠬᠢᠬᠦ᠂ ᠲᠠᠷᠢᠶᠠᠯᠠᠩ ᠬᠥᠳᠡᠭᠡ ᠲᠣᠰᠬᠤᠨ᠎ᠤ ᠪᠣᠬᠢᠷᠲᠤᠯ᠎ᠳᠤ ᠵᠠᠰᠠᠯᠲᠠ ᠬᠢᠬᠦ᠂ ᠪᠦᠧᠧᠬᠠᠢ ᠲᠠᠩᠭᠢᠰ᠎ᠲᠤ ᠶᠡᠷᠦᠩᠬᠡᠢ᠌ᠯᠡᠨ ᠵᠠᠰᠠᠯᠲᠠ ᠬᠢᠬᠦ᠂ ᠤᠰᠤᠨ ᠰᠤᠷᠪᠤᠯᠵᠢ ᠵᠢᠨ ᠣᠷᠣᠨ᠎ᠢ ᠬᠠᠮᠠᠭ᠋ᠠᠯᠠᠬᠤ ᠵᠡᠷᠭᠡ ᠰᠢᠪᠲᠤᠯᠤᠯᠲᠠ ᠵᠢᠨ ᠳᠠᠢ᠌ᠯᠠᠯᠳᠤᠭ᠋ᠠᠨ᠎ᠤ ᠬᠡᠷᠡᠭᠵᠢᠭᠦᠯᠬᠦ ᠲᠥᠰᠥᠯ ᠪᠤᠶᠤ ᠠᠵᠢᠯᠯᠠᠭ᠎ᠠ ᠵᠢᠨ ᠲᠥᠯᠥᠪᠯᠡᠭᠡ ᠵᠢ ᠳᠠᠷᠤᠮᠠᠯᠯᠠᠨ ᠲᠠᠷᠬᠠᠭ᠋ᠠᠪᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠠᠯᠪᠠᠨ ᠲᠢᠩᠬᠢᠮ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ᠎ᠠᠴᠠ 《ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠨ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠡᠷᠡᠰ ᠰᠢᠭᠤᠷᠬᠠᠢ᠎ᠪᠠᠷ ᠰᠠᠢ᠌ᠲᠤᠷ ᠬᠢᠬᠦ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠰᠠᠨᠠᠯ》᠎ᠤᠨ ᠡᠭᠦᠷᠭᠡ ᠵᠢᠨ ᠬᠤᠪᠢᠶᠠᠷᠢᠯᠠᠯᠲᠠ ᠵᠢᠨ ᠲᠥᠰᠥᠯ᠎ᠢ ᠳᠠᠷᠤᠮᠠᠯᠯᠠᠨ ᠲᠠᠷᠬᠠᠭ᠋ᠠᠵᠤ ᠲᠤᠭᠤᠰᠢᠯᠠᠭᠤᠯᠤᠨ ᠨᠠᠢ᠌ᠳᠠᠪᠤᠷᠢᠵᠢᠭᠤᠯᠪᠠ᠃ ᠬᠣᠶᠠᠷ᠎ᠲᠤ᠂ ᠬᠥᠬᠡ ᠣᠭᠲᠠᠷᠭᠤᠢ ᠵᠢ ᠬᠠᠮᠠᠭ᠋ᠠᠯᠠᠬᠤ ᠳᠠᠢ᠌ᠯᠠᠯᠳᠤᠭ᠋ᠠᠨ᠎ᠢ ᠪᠦᠬᠦ ᠲᠠᠯ᠎ᠠ᠎ᠪᠠᠷ ᠠᠬᠢᠭᠤᠯᠪᠠ᠃ ᠪᠡᠭᠡᠵᠢᠩ ᠲᠢᠶᠠᠨᠵᠢᠨ ᠾᠧᠪᠧᠢ ᠵᠢᠴᠢ ᠡᠷᠭᠢᠨ ᠲᠣᠭᠣᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠤᠳᠤᠷᠢᠳᠬᠤ ᠳᠤᠭᠤᠢ᠌ᠯᠠᠩ᠎ᠢ ᠪᠠᠢ᠌ᠭᠤᠯᠬᠤ ᠵᠢ ᠠᠬᠢᠭᠤᠯᠵᠤ᠂ ᠭᠣᠣᠯᠳᠠᠯᠭ᠎ᠠ᠎ᠲᠠᠢ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠬᠠᠮᠵᠢᠯᠴᠠᠨ ᠠᠵᠢᠯᠯᠠᠬᠤ ᠲᠣᠭᠲᠠᠴᠠ ᠵᠢ ᠲᠡᠭᠦᠯᠳᠡᠷᠵᠢᠭᠦᠯᠪᠡ᠃ ᠭᠣᠣᠯᠳᠠᠯᠭ᠎ᠠ᠎ᠲᠠᠢ ᠣᠷᠣᠨ ᠪᠦᠰᠡ ᠵᠢᠨ ᠨᠠᠮᠤᠷ ᠡᠪᠦᠯ᠎ᠤᠨ ᠤᠯᠠᠷᠢᠯ᠎ᠤᠨ ᠰᠢᠪᠲᠤᠯᠤᠯᠲᠠ ᠬᠢᠬᠦ ᠲᠥᠰᠥᠯ᠎ᠢ ᠳᠠᠷᠤᠮᠠᠯᠯᠠᠨ ᠲᠠᠷᠬᠠᠭ᠋ᠠᠵᠤ ᠬᠡᠷᠡᠭᠵᠢᠭᠦᠯᠦᠨ᠂ ᠭᠣᠣᠯᠳᠠᠯᠭ᠎ᠠ᠎ᠲᠠᠢ ᠣᠷᠣᠨ ᠪᠦᠰᠡ᠎ᠳᠤ ᠬᠢᠨᠠᠯᠲᠠ ᠲᠠᠯᠪᠢᠯᠲᠠ ᠵᠢ ᠴᠢᠩᠭ᠋ᠠᠷᠠᠭᠤᠯᠬᠤ ᠵᠢ ᠥᠷᠨᠢᠭᠦᠯᠵᠦ᠂ 2.3 ᠲᠦᠮᠡᠨ ᠠᠰᠠᠭᠤᠳᠠᠯ᠎ᠢ ᠲᠤᠰᠢᠶᠠᠨ ᠰᠢᠢ᠍ᠳᠪᠦᠷᠢᠯᠡᠭᠦᠯᠪᠡ᠃ ᠨᠡᠭᠦᠷᠡᠰᠦ ᠴᠠᠬᠢᠯᠭ᠋ᠠᠨ᠎ᠤ ᠮᠠᠰᠢᠨ ᠪᠦᠯᠦᠭ᠎ᠤᠨ ᠬᠡᠳᠦ ᠳᠣᠣᠷ᠎ᠠ ᠬᠡᠮᠵᠢᠶ᠎ᠡ᠎ᠪᠠᠷ ᠪᠣᠬᠢᠷᠲᠤᠯ ᠡᠳ᠋ ᠭᠠᠳᠠᠭᠰᠢᠯᠠᠭᠤᠯᠬᠤ ᠥᠭᠡᠷᠡᠴᠢᠯᠡᠯᠲᠡ ᠵᠢ ᠦᠷᠭᠦᠯᠵᠢᠯᠡᠨ ᠬᠡᠷᠡᠭᠵᠢᠭᠦᠯᠦᠨ᠂ ᠤᠮᠠᠷᠠᠲᠤ ᠣᠷᠣᠨ᠎ᠤ ᠡᠪᠦᠯ᠎ᠤᠨ ᠤᠯᠠᠷᠢᠯ᠎ᠤᠨ ᠠᠷᠢᠭᠤᠨ ᠴᠡᠪᠡᠷ ᠵᠶ᠋ᠡᠷ ᠳᠤᠯᠠᠭ᠋ᠠᠴᠠᠭᠤᠯᠬᠤ ᠵᠢ ᠦᠷᠭᠦᠯᠵᠢᠯᠡᠨ ᠠᠬᠢᠭᠤᠯᠵᠤ᠂ 《ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ ᠪᠣᠬᠢᠷᠲᠤᠯ᠎ᠲᠠᠢ》 ᠠᠵᠤ ᠠᠬᠤᠢ᠌ᠯᠠᠯ ᠵᠢᠴᠢ ᠪᠦᠯᠦᠭᠵᠢᠯ᠎ᠢ ᠶᠡᠷᠦᠩᠬᠡᠢ᠌ᠯᠡᠨ ᠴᠡᠭᠴᠡᠯᠡᠵᠦ ᠵᠠᠰᠠᠬᠤ ᠵᠢ ᠴᠢᠩᠭ᠋ᠠᠳᠬᠠᠪᠠ᠃ ᠨᠡᠭᠦᠷᠡᠰᠦ ᠵᠡᠷᠭᠡ ᠥᠷᠭᠡᠨ ᠬᠡᠷᠡᠭᠴᠡᠭᠡᠨ᠎ᠤ ᠡᠳ᠋ ᠪᠣᠳᠠᠰ᠎ᠤᠨ ᠲᠡᠭᠡᠭᠡᠪᠦᠷᠢ ᠵᠢ ᠲᠡᠮᠦᠷ ᠵᠠᠮ ᠲᠡᠢ᠌ᠰᠢ ᠰᠢᠯᠵᠢᠭᠦᠯᠦᠨ᠂ 《ᠤᠯᠤᠰ᠎ᠤᠨ ᠠᠭᠤᠷ ᠠᠮᠢᠰᠬᠤᠯ᠎ᠤᠨ ᠬᠤᠪᠢᠷᠠᠯᠲᠠ᠎ᠲᠠᠢ ᠵᠣᠬᠢᠴᠠᠯᠳᠤᠭᠤᠯᠬᠤ ᠪᠠᠢ᠌ᠯᠳᠤᠬᠤ ᠪᠣᠳᠣᠯᠭ᠎ᠠ》 ᠵᠢ ᠨᠠᠢ᠌ᠳᠠᠪᠤᠷᠢᠵᠢᠭᠤᠯᠵᠤ᠂ ᠳᠣᠣᠷ᠎ᠠ ᠨᠡᠭᠦᠷᠡᠰᠦᠲᠥ᠋ᠷᠥᠭᠴᠢ ᠵᠢᠨ ᠲᠤᠷᠰᠢᠯᠲᠠ ᠵᠢᠨ ᠴᠡᠭ ᠵᠶ᠋ᠡᠷ ᠵᠢᠱ᠌ᠢᠶ᠎ᠡ ᠦᠵᠡᠭᠦᠯᠬᠦ ᠵᠢ ᠥᠷᠨᠢᠭᠦᠯᠪᠡ᠃ ᠭᠤᠷᠪᠠ᠎ᠳᠤ᠂ ᠨᠣᠮᠢᠨ ᠤᠰᠤ ᠵᠢ ᠬᠠᠮᠠᠭ᠋ᠠᠯᠠᠬᠤ ᠳᠠᠢ᠌ᠯᠠᠯᠳᠤᠭ᠋ᠠᠨ᠎ᠢ ᠰᠠᠢ᠌ᠲᠤᠷ ᠬᠢᠬᠦ᠎ᠳᠤ ᠬᠦᠴᠦᠯᠡᠪᠡ᠃ ᠪᠦᠬᠦ ᠤᠯᠤᠰ᠎ᠤᠨ 1586 ᠲᠥᠪᠯᠡᠷᠡᠩᠭᠦᠢ ᠮᠠᠶᠢᠭ᠎ᠤᠨ ᠤᠤᠭᠤᠬᠤ ᠤᠰᠤᠨ᠎ᠤ ᠤᠰᠤᠨ ᠰᠤᠷᠪᠤᠯᠵᠢ ᠵᠢᠨ ᠣᠷᠣᠨ᠎ᠤ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠡᠭᠦᠷᠭᠡ ᠵᠢ ᠠᠮᠵᠢᠯᠲᠠ᠎ᠲᠠᠢ ᠪᠡᠶᠡᠯᠡᠭᠦᠯᠦᠨ᠂ ᠠᠰᠠᠭᠤᠳᠠᠯ᠎ᠢ ᠴᠡᠭᠴᠡᠯᠡᠨ ᠥᠭᠡᠷᠡᠴᠢᠯᠡᠭᠰᠡᠨ ᠨᠣᠷᠮ᠎ᠠ᠎ᠨᠢ 99.9%᠎ᠳᠤ ᠬᠦᠷᠪᠡ᠃ 36 ᠭᠣᠣᠯᠳᠠᠯᠭ᠎ᠠ᠎ᠲᠠᠢ ᠬᠣᠲᠠ ᠵᠢᠨ 1009 ᠬᠠᠷ᠎ᠠ ᠦᠮᠡᠬᠡᠢ ᠤᠰᠤᠨ ᠴᠣᠭᠴᠠ ᠵᠢ ᠦᠨᠳᠦᠰᠦᠨ᠎ᠳᠤ᠎ᠪᠠᠨ ᠠᠷᠢᠯᠭ᠋ᠠᠵᠤ᠂ ᠠᠷᠢᠯᠭ᠋ᠠᠭᠰᠠᠨ ᠬᠠᠷᠢᠴᠠᠯ᠎ᠨᠢ 95%᠎ᠳᠤ ᠬᠦᠷᠴᠡᠢ᠃ ᠬᠥᠬᠡ ᠮᠥᠷᠡᠨ᠎ᠤ ᠠᠵᠤ ᠠᠬᠤᠢ ᠵᠢᠨ ᠪᠦᠰᠡ ᠵᠢᠨ 11 ᠮᠤᠵᠢ (ᠬᠣᠲᠠ) ᠵᠢᠴᠢ ᠬᠥᠬᠡᠨᠠᠭᠤᠷ ᠮᠤᠵᠢ ᠵᠢᠨ 《ᠭᠤᠷᠪᠠᠨ ᠱᠤᠭᠤᠮ ᠨᠢᠭᠡ ᠬᠠᠭᠤᠳᠠᠰᠤ》 ᠵᠢ ᠨᠠᠢ᠌ᠷᠠᠭᠤᠯᠤᠨ ᠵᠣᠬᠢᠶᠠᠵᠤ᠂ 《ᠬᠥᠬᠡ ᠮᠥᠷᠡᠨ᠎ᠤ ᠰᠠᠪᠠ ᠭᠠᠵᠠᠷ᠎ᠤᠨ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠢ ᠬᠢᠨᠠᠨ ᠬᠡᠮᠵᠢᠵᠦ ᠰᠡᠷᠡᠮᠵᠢᠯᠡᠭᠦᠯᠬᠦ ᠠᠷᠭ᠎ᠠ》 ᠵᠢ ᠳᠠᠷᠤᠮᠠᠯᠯᠠᠨ ᠲᠠᠷᠬᠠᠭ᠋ᠠᠵᠤ᠂ ᠬᠥᠬᠡ ᠮᠥᠷᠡᠨ᠎ᠤ ᠠᠮᠢ ᠠᠬᠤᠢ ᠵᠢᠨ ᠣᠷᠴᠢᠨ ᠲᠣᠭᠣᠷᠢᠨ᠎ᠢ ᠬᠠᠮᠠᠭ᠋ᠠᠯᠠᠵᠤ ᠵᠠᠰᠠᠨ ᠰᠡᠷᠭᠦᠭᠡᠬᠦ ᠬᠣᠯᠪᠣᠭ᠋ᠠᠯᠠᠨ ᠰᠤᠳᠤᠯᠬᠤ ᠲᠥᠪ᠎ᠢ ᠵᠣᠬᠢᠶᠠᠨ ᠪᠠᠢ᠌ᠭᠤᠯᠪᠠ᠃ 2.5 ᠲᠦᠮᠡᠨ ᠪᠠᠢ᠌ᠭᠤᠯᠤᠮᠵᠢᠲᠤ ᠲᠣᠰᠬᠤᠨ᠎ᠤ ᠣᠷᠴᠢᠨ ᠲᠣᠭᠣᠷᠢᠨ᠎ᠢ ᠶᠡᠷᠦᠩᠬᠡᠢ᠌ᠯᠡᠨ ᠴᠡᠭᠴᠡᠯᠡᠵᠦ ᠵᠠᠰᠠᠬᠤ ᠵᠢ ᠪᠡᠶᠡᠯᠡᠭᠦᠯᠪᠡ᠃ ᠳᠥᠷᠪᠡ᠎ᠳᠤ᠂ ᠠᠷᠢᠭᠤᠨ ᠬᠥᠷᠥᠰᠥ ᠵᠢ ᠬᠠᠮᠠᠭ᠋ᠠᠯᠠᠬᠤ ᠳᠠᠢ᠌ᠯᠠᠯᠳᠤᠭ᠋ᠠᠨ᠎ᠢ ᠲᠣᠭᠲᠠᠭᠤᠨ ᠵᠶ᠋ᠠᠷ ᠠᠬᠢᠭᠤᠯᠪᠠ᠃ ᠲᠠᠷᠢᠶᠠᠯᠠᠩ᠎ᠳᠤ ᠬᠡᠷᠡᠭᠯᠡᠬᠦ ᠭᠠᠵᠠᠷ ᠪᠠ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠥᠷᠥᠰᠥ ᠰᠢᠷᠣᠢ ᠵᠢᠨ ᠪᠣᠬᠢᠷᠲᠤᠯ᠎ᠤᠨ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠪᠠᠷᠢᠮᠵᠢᠶ᠎ᠠ ᠵᠢ ᠨᠡᠢ᠌ᠲᠡᠯᠡᠪᠡ᠃ ᠪᠦᠬᠦ ᠤᠯᠤᠰ᠎ᠤᠨ ᠲᠠᠷᠢᠶᠠᠯᠠᠩ᠎ᠳᠤ ᠬᠡᠷᠡᠭᠯᠡᠬᠦ ᠭᠠᠵᠠᠷ᠎ᠤᠨ ᠬᠥᠷᠥᠰᠥ ᠰᠢᠷᠣᠢ ᠵᠢᠨ ᠪᠣᠬᠢᠷᠲᠤᠯ᠎ᠤᠨ ᠪᠠᠢ᠌ᠳᠠᠯ᠎ᠳᠤ ᠨᠠᠷᠢᠨ ᠪᠠᠢ᠌ᠴᠠᠭ᠋ᠠᠯᠲᠠ ᠬᠢᠬᠦ ᠵᠢ ᠦᠨᠳᠦᠰᠦᠨ᠎ᠳᠤ᠎ᠪᠠᠨ ᠪᠡᠶᠡᠯᠡᠭᠦᠯᠪᠡ᠃ 《〈ᠬᠠᠶᠠᠭᠳᠠᠮᠠᠯ ᠦᠭᠡᠢ ᠬᠣᠲᠠ〉 ᠵᠢᠨ ᠪᠦᠲᠦᠭᠡᠨ ᠪᠠᠢ᠌ᠭᠤᠯᠤᠯᠲᠠ ᠵᠢᠨ ᠲᠤᠷᠰᠢᠯᠲᠠ ᠵᠢᠨ ᠴᠡᠭ᠎ᠤᠨ ᠠᠵᠢᠯ᠎ᠤᠨ ᠲᠥᠰᠥᠯ》᠎ᠢ ᠲᠣᠭᠲᠠᠭ᠋ᠠᠪᠠ᠃ ᠬᠠᠷᠢ ᠵᠢᠨ ᠬᠣᠭ ᠨᠣᠪᠰᠢ ᠵᠢᠨ ᠬᠢᠯᠢ᠎ᠳᠤ ᠣᠷᠣᠵᠤ ᠢᠷᠡᠬᠦ ᠵᠢ ᠡᠷᠡᠰ ᠭᠤᠢ᠌ᠪᠢᠰᠢ ᠦᠭᠡᠢ᠎ᠪᠠᠷ ᠴᠠᠭ᠋ᠠᠵᠠᠯᠠᠵᠤ᠂ ᠪᠦᠬᠦ ᠤᠯᠤᠰ᠎ᠤᠨ ᠬᠠᠲᠠᠭᠤ ᠪᠡᠶᠡᠲᠦ ᠬᠠᠶᠠᠭᠳᠠᠮᠠᠯ ᠡᠳ᠋᠎ᠢ ᠣᠷᠣᠭᠤᠯᠤᠭᠰᠠᠨ ᠶᠡᠷᠦᠩᠬᠡᠢ ᠬᠡᠮᠵᠢᠶ᠎ᠡ ᠵᠢ ᠠᠳᠠᠯᠢ ᠬᠤᠭᠤᠴᠠᠭ᠋ᠠᠨ᠎ᠤ᠎ᠬᠢ᠎ᠠᠴᠠ 46.5%᠎ᠪᠠᠷ ᠪᠠᠭ᠋ᠠᠰᠬᠠᠪᠠ᠃ ᠬᠣᠭ ᠨᠣᠪᠰᠢ ᠵᠢ ᠭᠠᠯᠳᠠᠨ ᠰᠢᠲᠠᠭ᠋ᠠᠵᠤ ᠴᠠᠬᠢᠯᠭ᠋ᠠᠨ ᠭᠠᠷᠭ᠋ᠠᠬᠤ ᠠᠵᠢᠯ ᠲᠥᠷᠥᠯ᠎ᠤᠨ ᠪᠠᠷᠢᠮᠵᠢᠶ᠎ᠠ ᠶᠣᠰᠣᠭ᠋ᠠᠷ ᠪᠣᠬᠢᠷᠲᠤᠯ ᠡᠳ᠋ ᠭᠠᠳᠠᠭᠰᠢᠯᠠᠭᠤᠯᠬᠤ ᠵᠢ ᠠᠬᠢᠭᠤᠯᠵᠤ᠂ ᠠᠰᠠᠭᠤᠳᠠᠯ ᠣᠷᠣᠰᠢᠵᠤ ᠪᠠᠢ᠌ᠭ᠎ᠠ ᠬᠣᠭ ᠨᠣᠪᠰᠢ ᠵᠢ ᠭᠠᠯᠳᠠᠨ ᠰᠢᠲᠠᠭ᠋ᠠᠵᠤ ᠴᠠᠬᠢᠯᠭ᠋ᠠᠨ ᠭᠠᠷᠭ᠋ᠠᠬᠤ ᠦᠢ᠍ᠯᠡᠳᠪᠦᠷᠢ ᠵᠢ ᠪᠦᠬᠦᠨ᠎ᠢ ᠴᠡᠭᠴᠡᠯᠡᠨ ᠥᠭᠡᠷᠡᠴᠢᠯᠡᠬᠦ ᠵᠢ ᠪᠡᠶᠡᠯᠡᠭᠦᠯᠪᠡ᠃ ᠬᠠᠲᠠᠭᠤ ᠪᠡᠶᠡᠲᠦ ᠬᠠᠶᠠᠭᠳᠠᠮᠠᠯ ᠡᠳ᠋ ᠵᠢᠴᠢ ᠠᠶᠤᠯᠲᠠᠢ ᠬᠠᠶᠠᠭᠳᠠᠮᠠᠯ ᠡᠳ᠋᠎ᠢ ᠬᠠᠤᠯᠢ ᠪᠤᠰᠤ᠎ᠪᠠᠷ ᠰᠢᠯᠵᠢᠭᠦᠯᠬᠦ ᠪᠠ ᠬᠠᠶᠠᠵᠤ ᠠᠰᠬᠠᠬᠤ ᠦᠢ᠍ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠫᠠᠢ᠌ᠰᠠ ᠡᠯᠭᠦᠨ ᠰᠢᠮᠳᠠᠭᠤᠯᠤᠨ ᠭᠦᠢ᠍ᠴᠡᠳᠬᠡᠯᠭᠡᠭᠰᠡᠨ ᠲᠣᠪᠣᠢ᠌ᠮ᠎ᠠ ᠠᠰᠠᠭᠤᠳᠠᠯ᠎ᠤᠳ᠎ᠤᠨ 1304 ᠵᠢ᠎ᠨᠢ ᠴᠡᠭᠴᠡᠯᠡᠨ ᠥᠭᠡᠷᠡᠴᠢᠯᠡᠬᠦ ᠵᠢ ᠪᠡᠶᠡᠯᠡᠭᠦᠯᠵᠦ᠂ ᠠᠰᠠᠭᠤᠳᠠᠯ᠎ᠢ ᠴᠡᠭᠴᠡᠯᠡᠨ ᠥᠭᠡᠷᠡᠴᠢᠯᠡᠭᠰᠡᠨ ᠨᠣᠷᠮ᠎ᠠ᠎ᠨᠢ 99.7%᠎ᠳᠤ ᠬᠦᠷᠴᠡᠢ᠃ ᠲᠠᠪᠤ᠎ᠳᠤ᠂ ᠠᠮᠢ ᠠᠬᠤᠢ ᠵᠢᠨ ᠣᠷᠴᠢᠨ ᠲᠣᠭᠣᠷᠢᠨ᠎ᠢ ᠬᠠᠮᠠᠭ᠋ᠠᠯᠠᠬᠤ ᠪᠠ ᠵᠠᠰᠠᠨ ᠰᠡᠷᠭᠦᠭᠡᠬᠦ ᠵᠢ ᠶᠡᠬᠡ ᠬᠦᠴᠦᠨ ᠵᠶ᠋ᠡᠷ ᠥᠷᠨᠢᠭᠦᠯᠪᠡ᠃ 15 ᠮᠤᠵᠢ ᠵᠢᠨ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠢ ᠠᠩᠬ᠎ᠠ ᠠᠯᠬᠤᠮ ᠬᠤᠪᠢᠶᠠᠷᠢᠯᠠᠨ ᠲᠣᠭᠲᠠᠭ᠋ᠠᠵᠤ᠂ ᠪᠤᠰᠤᠳ 16 ᠮᠤᠵᠢ ᠴᠤ᠌ ᠬᠤᠪᠢᠶᠠᠷᠢᠯᠠᠨ ᠲᠣᠭᠲᠠᠭ᠋ᠠᠬᠤ ᠲᠥᠰᠥᠯ᠎ᠢ ᠦᠨᠳᠦᠰᠦᠨ᠎ᠳᠤ᠎ᠪᠠᠨ ᠪᠦᠷᠢᠯᠳᠦᠭᠦᠯᠪᠡ᠃ 《ᠨᠣᠭᠣᠭ᠋ᠠᠨ ᠪᠠᠮᠪᠠᠢ 2018》 ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠢᠨᠠᠯᠲᠠ ᠲᠠᠯᠪᠢᠵᠤ ᠪᠠᠢ᠌ᠴᠠᠭ᠋ᠠᠬᠤ ᠲᠤᠰᠬᠠᠢ ᠵᠦᠢ᠍ᠯ᠎ᠤᠨ ᠠᠵᠢᠯᠯᠠᠭᠢ ᠥᠷᠨᠢᠭᠦᠯᠪᠡ᠃ ᠲᠥᠷᠥ ᠵᠢᠨ ᠶᠠᠪᠤᠳᠠᠯ᠎ᠤᠨ ᠬᠣᠷᠢᠶ᠎ᠠ᠎ᠪᠠᠷ ᠵᠥᠪᠰᠢᠶᠡᠷᠡᠭᠦᠯᠦᠨ ᠤᠯᠤᠰ᠎ᠤᠨ ᠳᠡᠰ᠎ᠤᠨ 11 ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠢ ᠰᠢᠨ᠎ᠡ᠎ᠪᠠᠷ ᠪᠠᠢ᠌ᠭᠤᠯᠪᠠ᠃ 2010 — 2015 ᠣᠨ᠎ᠤ ᠪᠦᠬᠦ ᠤᠯᠤᠰ᠎ᠤᠨ ᠠᠮᠢ ᠠᠬᠤᠢ ᠵᠢᠨ ᠪᠠᠢ᠌ᠳᠠᠯ᠎ᠢ ᠠᠯᠤᠰ ᠰᠠᠷᠮᠠᠵᠠᠢᠪᠠᠷ ᠪᠠᠢ᠌ᠴᠠᠭ᠋ᠠᠵᠤ ᠦᠨᠡᠯᠡᠨ ᠵᠢᠱ᠌ᠢᠬᠦ ᠵᠢ ᠪᠡᠶᠡᠯᠡᠭᠦᠯᠪᠡ᠃ ᠬᠣᠶᠠᠳᠤᠭ᠋ᠠᠷ ᠪᠦᠯᠦᠭ 《ᠬᠥᠬᠡᠮᠳᠦᠭ ᠠᠭᠤᠯᠠ ᠨᠣᠮᠢᠨ ᠤᠰᠤ ᠪᠣᠯ ᠳᠠᠷᠤᠢ ᠠᠯᠲᠠᠨ ᠮᠥᠩᠭᠥᠨ ᠠᠭᠤᠯᠠ ᠮᠥᠨ》 ᠭᠡᠬᠦ ᠦᠢ᠍ᠯᠡᠳᠦᠯᠭᠡᠵᠢᠭᠦᠯᠦᠨ ᠰᠢᠨ᠎ᠡ ᠵᠢ ᠡᠭᠦᠳᠬᠦ ᠰᠠᠭᠤᠷᠢᠨ ᠭᠠᠵᠠᠷ ᠪᠠ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠬᠣᠲᠠ ᠰᠢᠶᠠᠨ᠎ᠢ ᠨᠡᠷᠡᠢ᠌ᠳᠦᠨ ᠬᠥᠬᠢᠭᠦᠯᠪᠡ᠃ ᠵᠢᠷᠭᠤᠭ᠎ᠠ᠎ᠳᠤ᠂ ᠴᠥᠮ᠎ᠡ ᠬᠢᠭᠡᠳ ᠰᠠᠴᠤᠷᠠᠭ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠷᠠᠭᠤᠯᠪᠠ᠃ ᠴᠥᠮ᠎ᠡ ᠵᠢᠨ ᠠᠮᠤᠷ ᠲᠦᠪᠰᠢᠨ᠎ᠤ ᠬᠠᠤᠯᠢ ᠵᠢ ᠬᠡᠷᠡᠭᠵᠢᠭᠦᠯᠬᠦ ᠣᠨ᠎ᠤ ᠠᠵᠢᠯᠯᠠᠭ᠎ᠠ ᠵᠢ ᠯᠠᠪᠳᠠᠭᠤᠨ ᠪᠠᠲᠤᠲᠠᠢ ᠥᠷᠨᠢᠭᠦᠯᠵᠦ᠂ ᠤᠯᠤᠰ᠎ᠤᠨ ᠴᠥᠮ᠎ᠡ ᠵᠢᠨ ᠠᠮᠤᠷ ᠲᠦᠪᠰᠢᠨ᠎ᠤ ᠠᠵᠢᠯ᠎ᠤᠨ ᠵᠣᠬᠢᠴᠠᠭᠤᠯᠬᠤ ᠲᠣᠭᠲᠠᠴᠠ ᠪᠠ ᠲᠦᠭᠰᠢᠭᠦᠷᠢ ᠵᠢ ᠰᠡᠷᠭᠡᠢ᠌ᠯᠡᠬᠦ ᠲᠣᠭᠲᠠᠴᠠ ᠵᠢ ᠪᠦᠲᠦᠮᠵᠢᠲᠡᠢ ᠠᠵᠢᠯᠯᠠᠭᠤᠯᠪᠠ᠃ ᠳᠣᠯᠣᠭ᠎ᠠ᠎ᠳᠤ᠂ ᠠᠮᠢ ᠠᠬᠤᠢ ᠵᠢᠨ ᠣᠷᠴᠢᠨ ᠲᠣᠭᠣᠷᠢᠨ᠎ᠤ ᠲᠦᠭᠰᠢᠭᠦᠷᠢ ᠵᠢᠨ ᠰᠡᠷᠭᠡᠢ᠌ᠯᠡᠯᠲᠡ ᠵᠢ ᠴᠢᠩᠭ᠋ᠠᠳᠬᠠᠪᠠ᠃ ᠪᠦᠬᠦ ᠤᠯᠤᠰ᠎ᠤᠨ ᠬᠢᠮᠢ ᠵᠢᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠬᠣᠣᠷ ᠬᠥᠨᠥᠭᠡᠯ᠎ᠲᠠᠢ ᠬᠡᠢ ᠪᠡᠶᠡᠲᠦ ᠵᠢᠨ ᠰᠡᠷᠡᠮᠵᠢᠯᠡᠭᠦᠯᠬᠦ ᠰᠢᠰᠲ᠋ᠧᠮᠵᠢ ᠵᠢᠨ ᠪᠠᠢ᠌ᠭᠤᠯᠤᠯᠲᠠ ᠵᠢ ᠠᠬᠢᠭᠤᠯᠪᠠ᠃ ᠨᠢᠭᠡᠳᠦᠭᠡᠷ ᠪᠦᠯᠦᠭ 《ᠤᠷᠢᠳ ᠵᠶ᠋ᠠᠷ ᠬᠢᠵᠠᠭ᠋ᠠᠷᠯᠠᠬᠤ ᠬᠢᠮᠢ ᠵᠢᠨ ᠦᠢ᠍ᠯᠡᠳᠬᠦᠨ᠎ᠤ ᠨᠡᠷ᠎ᠡ ᠵᠢᠨ ᠭᠠᠷᠴᠠᠭ》᠎ᠢ ᠨᠡᠢ᠌ᠲᠡᠯᠡᠵᠦ᠂ ᠪᠦᠬᠦ ᠰᠢᠰᠲ᠋ᠧᠮ ᠵᠶ᠋ᠡᠷ ᠵᠶ᠋ᠡᠨ ᠬᠦᠨᠳᠦ ᠲᠡᠮᠦᠷᠯᠢᠭ᠎ᠲᠤ ᠬᠣᠯᠪᠣᠭᠳᠠᠬᠤ ᠠᠵᠢᠯ ᠲᠥᠷᠥᠯ᠎ᠤᠨ ᠠᠵᠤ ᠠᠬᠤᠢ᠌ᠯᠠᠯ᠎ᠢ ᠢᠯᠭ᠋ᠠᠨ ᠪᠠᠢ᠌ᠴᠠᠭ᠋ᠠᠬᠤ ᠵᠢ ᠥᠷᠨᠢᠭᠦᠯᠪᠡ᠃ ᠨᠠᠢ᠍ᠮᠠ᠎ᠳᠤ᠂ ᠣᠯᠠᠨ ᠤᠯᠤᠰ᠎ᠤᠨ ᠬᠠᠮᠲᠤᠷᠠᠯᠴᠠᠭ᠎ᠠ ᠬᠢᠭᠡᠳ ᠰᠣᠯᠢᠯᠴᠠᠭ᠎ᠠ ᠵᠢ ᠲᠠᠰᠤᠷᠠᠯᠲᠠ ᠦᠭᠡᠢ ᠴᠢᠩᠭ᠋ᠠᠳᠬᠠᠪᠠ᠃ ᠣᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠠᠭᠤᠷ ᠠᠮᠢᠰᠬᠤᠯ᠎ᠤᠨ ᠬᠤᠪᠢᠷᠠᠯᠲᠠ ᠵᠢᠨ ᠺᠠᠲ᠋ᠦᠸᠢᠼᠧ ᠵᠢᠨ ᠶᠡᠬᠡ ᠬᠤᠷᠠᠯ᠎ᠤᠨ ᠠᠮᠵᠢᠯᠲᠠ᠎ᠲᠠᠢ ᠬᠤᠷᠠᠯᠳᠤᠬᠤ ᠵᠢ ᠠᠬᠢᠭᠤᠯᠤᠨ᠂ ᠪᠦᠬᠦ ᠲᠠᠯ᠎ᠠ ᠵᠢᠨ᠂ ᠲᠡᠩᠴᠡᠭᠦᠷᠢᠲᠡᠢ᠂ ᠬᠦᠴᠦᠨ ᠪᠦᠬᠦᠢ ᠠᠯᠢ ᠣᠯᠠᠨ ᠦᠷ᠎ᠡ ᠪᠦᠲᠦᠭᠡᠯ᠎ᠢ ᠣᠯᠪᠠ᠃ ᠣᠯᠠᠨ ᠤᠯᠤᠰ᠎ᠤᠨ ᠨᠡᠢ᠌ᠲᠡ ᠵᠢᠨ ᠭᠡᠷ᠎ᠡ ᠵᠢ ᠭᠦᠢ᠍ᠴᠡᠳᠬᠡᠬᠦ ᠵᠢ ᠲᠣᠭᠲᠠᠭᠤᠨ ᠵᠶ᠋ᠠᠷ ᠠᠬᠢᠭᠤᠯᠪᠠ᠃ ᠪᠣᠬᠢᠷᠲᠤᠯ ᠦᠭᠡᠢ 《ᠨᠢᠭᠡ ᠪᠦᠰᠡ ᠨᠢᠭᠡ ᠵᠠᠮ》᠎ᠤᠨ ᠪᠠᠢ᠌ᠭᠤᠯᠤᠯᠲᠠ ᠵᠢ ᠯᠠᠪᠳᠠᠭᠤᠨ ᠪᠠᠲᠤᠲᠠᠢ ᠠᠬᠢᠭᠤᠯᠪᠠ᠃ 《ᠳᠤᠮᠳᠠᠳᠤ ᠹᠷᠠᠨᠼᠢ ᠵᠢᠨ ᠣᠷᠴᠢᠨ ᠲᠣᠭᠣᠷᠢᠨ᠎ᠤ ᠣᠨ》᠎ᠢ ᠡᠬᠢᠯᠡᠭᠦᠯᠵᠦ᠂ ᠳᠤᠮᠳᠠᠳᠤ ᠠᠹᠷᠢᠺᠠ ᠵᠢᠨ ᠣᠷᠴᠢᠨ ᠲᠣᠭᠣᠷᠢᠨ᠎ᠤ ᠬᠠᠮᠲᠤᠷᠠᠯᠴᠠᠭ᠋ᠠᠨ᠎ᠤ ᠲᠥᠪ᠎ᠤᠨ ᠪᠠᠢ᠌ᠭᠤᠯᠤᠯᠲᠠ ᠵᠢ ᠠᠬᠢᠭᠤᠯᠪᠠ᠃ ᠣᠯᠠᠨ ᠤᠯᠤᠰ᠎ᠤᠨ ᠬᠠᠮᠲᠤᠷᠠᠯᠴᠠᠭ᠋ᠠᠨ᠎ᠤ ᠬᠤᠷᠠᠯ᠎ᠤᠨ 2018 ᠣᠨ᠎ᠤ ᠬᠤᠷᠠᠯ᠎ᠢ ᠠᠮᠵᠢᠯᠲᠠ᠎ᠲᠠᠢ ᠡᠷᠬᠢᠯᠡᠪᠡ᠃ ᠶᠢᠰᠦ᠎ᠳᠤ᠂ ᠤᠬᠠᠭᠤᠯᠬᠤ ᠪᠠ ᠶᠠᠷᠢᠶ᠎ᠠ ᠬᠡᠯᠡᠯᠴᠡᠭᠡ᠎ᠪᠠᠷ ᠬᠥᠲᠥᠯᠥᠨ ᠵᠢᠯᠣᠭᠣᠳᠬᠤ ᠵᠢ ᠶᠡᠬᠡ ᠬᠦᠴᠦᠨ ᠵᠶ᠋ᠡᠷ ᠥᠷᠨᠢᠭᠦᠯᠪᠡ᠃ ᠵᠤᠷᠰᠢᠯᠲᠤ ᠰᠣᠨᠢᠨ ᠮᠡᠳᠡᠭᠡ ᠨᠡᠢ᠌ᠲᠡᠯᠡᠬᠦ ᠳᠦᠷᠢᠮ᠎ᠢ ᠨᠠᠢ᠌ᠳᠠᠪᠤᠷᠢᠵᠢᠭᠤᠯᠤᠨ᠂ 《ᠡᠷᠬᠡᠲᠦ ᠠᠷᠠᠳ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠠᠵᠢᠯᠯᠠᠭ᠎ᠠ ᠵᠢᠨ ᠳᠦᠷᠢᠮᠵᠢᠯ (ᠲᠤᠷᠰᠢᠨ ᠬᠡᠷᠡᠭᠵᠢᠭᠦᠯᠬᠦ)》᠎ᠢ ᠨᠡᠢ᠌ᠲᠡᠯᠡᠵᠦ᠂ 《ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠦᠲᠦᠭᠡᠨ ᠪᠠᠢ᠌ᠭᠤᠯᠬᠤ᠎ᠳᠤ ᠪᠢ ᠪᠣᠯ ᠦᠢ᠍ᠯᠡᠳᠦᠯᠭᠡᠵᠢᠭᠦᠯᠦᠭᠴᠢ ᠮᠥᠨ》 ᠭᠡᠬᠦ ᠭᠣᠣᠯ ᠰᠡᠳᠦᠪᠲᠦ ᠦᠢ᠍ᠯᠡᠳᠦᠯᠭᠡ ᠵᠢᠨ ᠠᠵᠢᠯᠯᠠᠭ᠎ᠠ ᠵᠢ ᠡᠬᠢᠯᠡᠭᠦᠯᠵᠦ᠂ ᠪᠣᠬᠢᠷᠲᠤᠯ ᠦᠭᠡᠢ ᠳᠤᠮᠳᠠᠳᠤ ᠤᠯᠤᠰ᠎ᠤᠨ ᠣᠨ᠎ᠤ ᠲᠡᠷᠢᠭᠦᠨ᠎ᠤ ᠬᠥᠮᠥᠰ᠎ᠢ ᠰᠢᠯᠭ᠋ᠠᠷᠠᠭᠤᠯᠤᠨ ᠰᠣᠩᠭᠣᠪᠠ᠃ ᠪᠦᠬᠦ ᠤᠯᠤᠰ᠎ᠤᠨ ᠠᠩᠬᠠᠨ᠎ᠤ ᠪᠦᠯᠦᠭ 124 ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠡᠯᠡᠳᠬᠡᠮᠵᠢ ᠪᠠ ᠬᠣᠲᠠ ᠵᠢᠨ ᠪᠣᠬᠢᠷ ᠤᠰᠤ ᠵᠢ ᠰᠢᠢ᠍ᠳᠪᠦᠷᠢᠯᠡᠬᠦ ᠪᠡᠯᠡᠳᠬᠡᠮᠵᠢ ᠵᠢ ᠣᠯᠠᠨ ᠲᠦᠮᠡᠨ ᠲᠡᠢ᠌ᠰᠢ ᠨᠡᠭᠡᠭᠡᠯᠲᠡ ᠬᠢᠵᠡᠢ᠃
ᠬᠣᠶᠠᠳᠤᠭ᠋ᠠᠷ᠎ᠲᠤ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠴᠢᠩᠭ᠋ᠠᠷᠠᠭᠤᠯᠵᠤ᠂ ᠠᠮᠢ ᠠᠬᠤᠢ ᠵᠢᠨ ᠣᠷᠴᠢᠨ ᠲᠣᠭᠣᠷᠢᠨ᠎ᠤ ᠵᠠᠰᠠᠯᠲᠠ ᠵᠢᠨ ᠰᠢᠰᠲ᠋ᠧᠮᠵᠢ ᠪᠠ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠯᠠᠪᠳᠠᠭᠤᠨ ᠪᠠᠲᠤᠲᠠᠢ ᠠᠬᠢᠭᠤᠯᠪᠠ᠃ ᠨᠢᠭᠡ᠎ᠳᠤ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠡᠮᠬᠢ ᠵᠢᠷᠤᠮ᠎ᠲᠠᠢ ᠠᠬᠢᠭᠤᠯᠪᠠ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠢ ᠵᠣᠬᠢᠶᠠᠨ ᠪᠠᠢ᠌ᠭᠤᠯᠬᠤ ᠵᠢ ᠪᠡᠶᠡᠯᠡᠭᠦᠯᠦᠨ᠂ ᠳᠣᠲᠣᠭ᠋ᠠᠳᠤ᠎ᠳᠤ᠎ᠪᠠᠨ ᠲᠣᠬᠢᠷᠠᠭᠤᠯᠬᠤ ᠪᠠᠢ᠌ᠭᠤᠯᠤᠮᠵᠢ ᠵᠢᠨ ᠲᠣᠬᠢᠷᠠᠭᠤᠯᠤᠯᠲᠠ᠎ᠪᠠᠨ ᠴᠢᠩᠭ᠋ᠠᠳᠬᠠᠵᠤ᠂ ᠲᠤᠬᠠᠢ᠌ᠯᠠᠭᠰᠠᠨ ᠠᠵᠢᠯ᠎ᠤᠨ ᠲᠤᠯᠭ᠋ᠠᠭᠤᠷᠢᠯᠠᠬᠤ ᠴᠢᠳᠠᠪᠤᠷᠢ ᠵᠢᠨ ᠪᠠᠢ᠌ᠭᠤᠯᠤᠯᠲᠠ᠎ᠪᠠᠨ ᠴᠢᠩᠭ᠋ᠠᠳᠬᠠᠪᠠ᠃ 31 ᠮᠤᠵᠢ (ᠣᠷᠣᠨ᠂ ᠬᠣᠲᠠ) ᠵᠢᠨ ᠠᠮᠢ ᠠᠬᠤᠢ ᠣᠷᠴᠢᠨ ᠲᠣᠭᠣᠷᠢᠨ᠎ᠤ ᠲᠢᠩᠬᠢᠮ (ᠲᠣᠪᠴᠢᠶ᠎ᠠ)᠎ᠢ ᠪᠠᠢ᠌ᠭᠤᠯᠤᠨ ᠫᠠᠢ᠌ᠰᠠ ᠡᠯᠭᠦᠪᠡ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠠᠯᠪᠠᠨ ᠭᠡᠷ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠭᠡᠷ᠎ᠠᠴᠠ 《ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠲᠤᠬᠠᠢ ᠵᠢᠯᠣᠭᠣᠳᠬᠤ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ ᠠᠮᠢ ᠠᠬᠤᠢ ᠵᠢᠨ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠦᠢ᠍ᠯᠡᠰ᠎ᠤᠨ ᠵᠢᠯᠣᠭᠣᠳᠬᠤ ᠭᠠᠷᠴᠠᠭ᠎ᠢ ᠨᠠᠢ᠌ᠷᠠᠭᠤᠯᠤᠨ ᠵᠣᠬᠢᠶᠠᠪᠠ᠃ ᠪᠦᠬᠦ ᠤᠯᠤᠰ᠎ᠲᠤ ᠮᠤᠵᠢ᠎ᠠᠴᠠ ᠳᠣᠷᠣᠭᠰᠢᠬᠢ ᠠᠮᠢ ᠠᠬᠤᠢ ᠣᠷᠴᠢᠨ ᠲᠣᠭᠣᠷᠢᠨ᠎ᠤ ᠪᠠᠢ᠌ᠭᠤᠯᠤᠮᠵᠢ ᠵᠢᠨ ᠬᠢᠨᠠᠨ ᠬᠡᠮᠵᠢᠵᠦ ᠬᠢᠨᠠᠨ ᠪᠠᠢ᠌ᠴᠠᠭ᠋ᠠᠬᠤ ᠪᠠ ᠬᠠᠤᠯᠢ ᠬᠡᠷᠡᠭᠵᠢᠭᠦᠯᠬᠦ ᠵᠢ ᠡᠭᠴᠡ᠎ᠪᠠᠷ ᠬᠠᠮᠢᠶᠠᠷᠬᠤ ᠳᠦᠷᠢᠮ᠎ᠤᠨ ᠥᠭᠡᠷᠡᠴᠢᠯᠡᠯᠲᠡ ᠵᠢ ᠶᠠᠪᠤᠭᠤᠯᠪᠠ᠃ ᠬᠣᠶᠠᠷ᠎ᠲᠤ᠂ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠪᠡ᠃ 15 ᠵᠦᠢ᠍ᠯ᠎ᠤᠨ ᠭᠣᠣᠯᠳᠠᠯᠭ᠎ᠠ ᠠᠷᠭ᠎ᠠ ᠬᠡᠮᠵᠢᠶ᠎ᠡ ᠵᠢ ᠨᠡᠢ᠌ᠲᠡᠯᠡᠨ᠂ ᠣᠷᠴᠢᠨ ᠲᠣᠭᠣᠷᠢᠨ᠎ᠤ ᠨᠥᠯᠥᠭᠡᠯᠡᠯ᠎ᠳᠤ ᠦᠨᠡᠯᠡᠯᠲᠡ ᠬᠢᠬᠦ ᠪᠠᠢ᠌ᠭᠤᠯᠤᠮᠵᠢ ᠵᠢᠨ ᠬᠢᠷᠢ ᠭᠡᠮ᠎ᠢ ᠨᠤᠲᠠᠯᠠᠬᠤ ᠵᠠᠰᠠᠭ ᠵᠠᠬᠢᠷᠭ᠋ᠠᠨ᠎ᠤ ᠵᠥᠪᠰᠢᠶᠡᠷᠡᠯ᠎ᠢ ᠬᠦᠴᠦᠨ ᠦᠭᠡᠢ ᠪᠣᠯᠭ᠋ᠠᠵᠤ᠂ 35 ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠳᠤ ᠦᠨᠡᠯᠡᠯᠲᠡ ᠬᠢᠬᠦ ᠪᠢᠴᠢᠭ ᠮᠠᠲ᠋ᠧᠷᠢᠶᠠᠯ᠎ᠤᠨ ᠲᠥᠷᠥᠯ ᠢᠯᠭ᠋ᠠᠯ᠎ᠢ ᠴᠣᠮᠬᠠᠳᠬᠠᠵᠤ᠂ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠳᠤ ᠦᠨᠡᠯᠡᠯᠲᠡ ᠵᠢ ᠬᠢᠨᠠᠨ ᠵᠥᠪᠰᠢᠶᠡᠷᠡᠬᠦ ᠰᠠᠭ᠋ᠠᠳ ᠦᠭᠡᠢ ᠨᠡᠪᠲᠡᠷᠡᠬᠦ ᠵᠠᠮ᠎ᠢ ᠲᠡᠭᠦᠯᠳᠡᠷᠵᠢᠭᠦᠯᠪᠡ᠃ 《ᠪᠣᠬᠢᠷᠲᠤᠯ ᠡᠳ᠋ ᠭᠠᠳᠠᠭᠰᠢᠯᠠᠭᠤᠯᠬᠤ ᠵᠢ ᠵᠥᠪᠰᠢᠶᠡᠷᠡᠬᠦ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢ ᠨᠡᠢ᠌ᠲᠡᠯᠡᠵᠦ᠂ ᠨᠡᠢ᠌ᠲᠡ 18 ᠠᠵᠢᠯ ᠲᠥᠷᠥᠯ᠎ᠤᠨ 3.9 ᠲᠦᠮᠡᠨ ᠠᠵᠤ ᠠᠬᠤᠢ᠌ᠯᠠᠯ᠎ᠳᠤ ᠪᠣᠬᠢᠷᠲᠤᠯ ᠡᠳ᠋ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ ᠬᠠᠷᠭᠤᠭᠤᠯᠤᠨ ᠲᠠᠷᠬᠠᠭ᠋ᠠᠪᠠ᠃ ᠪᠠᠷᠠᠭ᠎ᠠ ᠲᠡᠭᠡᠭᠡᠪᠦᠷᠢᠯᠡᠬᠦ ᠲᠡᠷᠭᠡ ᠵᠢᠨ 《ᠭᠤᠷᠪᠠᠨ ᠪᠠᠢ᠌ᠴᠠᠭ᠋ᠠᠯᠲᠠ ᠵᠢ ᠨᠢᠭᠡ ᠪᠣᠯᠭ᠋ᠠᠬᠤ》 ᠥᠭᠡᠷᠡᠴᠢᠯᠡᠯᠲᠡ ᠵᠢ ᠲᠦᠷᠭᠡᠳᠬᠡᠨ ᠠᠬᠢᠭᠤᠯᠪᠠ᠃ 《ᠣᠷᠴᠢᠨ ᠲᠣᠭᠣᠷᠢᠨ᠎ᠤ ᠬᠠᠮᠠᠭ᠋ᠠᠯᠠᠯᠲᠠ᠎ᠳᠤ 〈ᠨᠢᠭᠡ ᠪᠠᠷᠢᠮᠵᠢᠶ᠎ᠠ ᠱᠤᠭᠤᠮ ᠵᠶ᠋ᠠᠷ ᠲᠠᠰᠤᠯᠬᠤ》 ᠵᠢ ᠬᠢᠵᠠᠭ᠋ᠠᠷᠯᠠᠬᠤ〉 ᠠᠵᠢᠯ᠎ᠤᠨ ᠰᠠᠨᠠᠯ》 《ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠵᠢ ᠤᠯᠠᠮ ᠨᠢᠭᠡ ᠠᠯᠬᠤᠮ ᠴᠢᠩᠭ᠋ᠠᠷᠠᠭᠤᠯᠬᠤ ᠲᠤᠬᠠᠢ ᠰᠠᠨᠠᠯ》᠎ᠢ ᠲᠣᠭᠲᠠᠭ᠋ᠠᠪᠠ᠃ 《ᠠᠮᠢ ᠠᠬᠤᠢ ᠵᠢᠨ ᠣᠷᠴᠢᠨ ᠲᠣᠭᠣᠷᠢᠨ᠎ᠢ ᠬᠠᠮᠠᠭ᠋ᠠᠯᠠᠵᠤ ᠲᠤᠢ᠌ᠯ᠎ᠤᠨ ᠣᠨᠣᠪᠴᠢᠲᠠᠢ᠎ᠪᠠᠷ ᠶᠠᠳᠠᠭᠤ ᠵᠢ ᠲᠡᠳᠬᠦᠬᠦ ᠰᠢᠪᠲᠤᠯᠤᠯᠲᠠ ᠵᠢᠨ ᠳᠠᠢ᠌ᠯᠠᠯᠳᠤᠭ᠋ᠠᠨ᠎ᠤ ᠢᠯᠠᠯᠲᠠ ᠵᠢ ᠣᠯᠬᠤ᠎ᠳᠤ ᠬᠦᠴᠦᠯᠡᠬᠦ ᠲᠤᠬᠠᠢ ᠵᠢᠯᠣᠭᠣᠳᠬᠤ ᠰᠠᠨᠠᠯ》᠎ᠢ ᠳᠠᠷᠤᠮᠠᠯᠯᠠᠨ ᠲᠠᠷᠬᠠᠭ᠋ᠠᠪᠠ᠃ ᠭᠤᠷᠪᠠ᠎ᠳᠤ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠢ᠌ᠴᠠᠭ᠋ᠠᠯᠲᠠ ᠵᠢ ᠴᠢᠩᠭ᠋ᠠᠷᠠᠭᠤᠯᠪᠠ᠃ ᠾᠧᠪᠧᠢ ᠵᠡᠷᠭᠡ 20 ᠮᠤᠵᠢ (ᠣᠷᠣᠨ)᠎ᠳᠤ ᠲᠥᠪ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠢ᠌ᠴᠠᠭ᠋ᠠᠯᠲᠠ ᠵᠢᠨ 《ᠡᠷᠭᠢᠵᠦ ᠪᠤᠴᠠᠵᠤ ᠦᠵᠡᠬᠦ》 ᠵᠢ ᠥᠷᠨᠢᠭᠦᠯᠵᠦ᠂ ᠬᠠᠰᠢ ᠶᠠᠰᠢ᠎ᠪᠠᠷ ᠴᠡᠭᠴᠡᠯᠡᠨ ᠥᠭᠡᠷᠡᠴᠢᠯᠡᠭᠰᠡᠨ᠂ ᠥᠩᠭᠡᠨ ᠳᠡᠭᠡᠷ᠎ᠡ᠎ᠪᠠᠨ ᠴᠡᠭᠴᠡᠯᠡᠨ ᠥᠭᠡᠷᠡᠴᠢᠯᠡᠭᠰᠡᠨ᠂ ᠬᠠᠭᠤᠷᠮᠠᠭ ᠵᠶ᠋ᠠᠷ ᠴᠡᠭᠴᠡᠯᠡᠨ ᠥᠭᠡᠷᠡᠴᠢᠯᠡᠭᠰᠡᠨ 103 ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠢᠯᠡ᠎ᠪᠠᠷ ᠵᠠᠷᠯᠠᠨ ᠨᠡᠢ᠌ᠲᠡᠯᠡᠵᠦ᠂ ᠣᠯᠠᠨ ᠲᠦᠮᠡᠨ᠎ᠤ ᠬᠠᠵᠠᠭᠤ᠎ᠳᠠᠬᠢ ᠠᠮᠢ ᠠᠬᠤᠢ ᠵᠢᠨ ᠣᠷᠴᠢᠨ ᠲᠣᠭᠣᠷᠢᠨ᠎ᠤ 7 ᠲᠦᠮᠡ ᠭᠠᠷᠤᠢ ᠠᠰᠠᠭᠤᠳᠠᠯ᠎ᠢ ᠰᠢᠢ᠍ᠳᠪᠦᠷᠢᠯᠡᠬᠦ ᠵᠢ ᠠᠬᠢᠭᠤᠯᠪᠠ᠃ ᠡᠯ᠎ᠡ ᠮᠤᠵᠢ (ᠣᠷᠣᠨ᠂ ᠬᠣᠲᠠ) ᠵᠢᠨ ᠲᠤᠰᠬᠠᠢ ᠣᠷᠣᠨ᠎ᠤ ᠬᠣᠲᠠ᠎ᠳᠤ ᠰᠢᠮᠳᠠᠭᠤᠯᠤᠨ ᠪᠠᠢ᠌ᠴᠠᠭ᠋ᠠᠯᠲᠠ ᠵᠢ ᠬᠠᠮᠤᠷᠤᠭᠤᠯᠬᠤ ᠵᠢ ᠦᠨᠳᠦᠰᠦᠨ᠎ᠳᠤ᠎ᠪᠠᠨ ᠪᠡᠶᠡᠯᠡᠭᠦᠯᠪᠡ᠃ ᠳᠥᠷᠪᠡ᠎ᠳᠤ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠬᠡᠷᠡᠭᠵᠢᠭᠦᠯᠦᠯᠲᠡ ᠵᠢ ᠴᠢᠩᠭ᠋ᠠᠷᠠᠭᠤᠯᠪᠠ᠃ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠬᠠᠤᠯᠢ᠂ ᠳᠠᠯᠠᠢ ᠲᠠᠩᠭᠢᠰ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠵᠢᠨ ᠬᠠᠤᠯᠢ ᠬᠡᠷᠡᠭᠵᠢᠭᠦᠯᠵᠦ ᠪᠠᠢ᠌ᠴᠠᠭ᠋ᠠᠬᠤ ᠠᠵᠢᠯ᠎ᠢ ᠬᠠᠮᠵᠢᠯᠴᠠᠨ ᠥᠷᠨᠢᠭᠦᠯᠪᠡ᠃ ᠪᠦᠬᠦ ᠤᠯᠤᠰ᠎ᠲᠤ 18.6 ᠲᠦᠮᠡ ᠬᠡᠷᠡᠭ᠎ᠲᠤ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠢ ᠬᠡᠷᠡᠭᠵᠢᠭᠦᠯᠵᠦ᠂ ᠲᠣᠷᠭ᠋ᠠᠭᠰᠠᠨ ᠵᠣᠭᠣᠰ᠎ᠤᠨ ᠲᠣᠭ᠎ᠠ᠎ᠨᠢ 152.8 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 32%᠎ᠪᠠᠷ ᠨᠡᠮᠡᠭᠳᠡᠨ᠂ 2014 ᠣᠨ᠎ᠤ᠎ᠬᠢ᠎ᠠᠴᠠ 4.8 ᠳᠠᠬᠢᠨ ᠨᠡᠮᠡᠭᠳᠡᠵᠡᠢ᠃ ᠲᠠᠪᠤ᠎ᠳᠤ᠂ ᠠᠮᠢ ᠠᠬᠤᠢ ᠵᠢᠨ ᠣᠷᠴᠢᠨ ᠲᠣᠭᠣᠷᠢᠨ᠎ᠤ ᠬᠢᠨᠠᠨ ᠬᠡᠮᠵᠢᠬᠦ ᠰᠢᠰᠲ᠋ᠧᠮᠵᠢ ᠵᠢ ᠲᠦᠷᠭᠡᠳᠬᠡᠨ ᠲᠡᠭᠦᠯᠳᠡᠷᠵᠢᠭᠦᠯᠪᠡ᠃ ᠤᠯᠤᠰ᠎ᠤᠨ ᠭᠠᠵᠠᠷ ᠳᠡᠭᠡᠷᠡᠬᠢ ᠤᠰᠤᠨ᠎ᠤ ᠴᠢᠨᠠᠷ᠎ᠤᠨ 1881 ᠠᠦ᠋ᠲ ᠥᠷᠲᠡᠭᠡ ᠵᠢ ᠰᠢᠨ᠎ᠡ᠎ᠪᠠᠷ ᠪᠠᠢ᠌ᠭᠤᠯᠤᠭᠰᠠᠨ ᠪᠠ ᠥᠭᠡᠷᠡᠴᠢᠯᠡᠨ ᠪᠠᠢ᠌ᠭᠤᠯᠵᠤ᠂ ᠴᠠᠭ ᠠᠭ᠋ᠠᠷ᠎ᠤᠨ ᠶᠠᠰᠤ ᠴᠢᠨᠠᠷ᠎ᠤᠨ ᠠᠦ᠋ᠲ ᠵᠶ᠋ᠠᠷ ᠬᠢᠨᠠᠨ ᠬᠡᠮᠵᠢᠭᠰᠡᠨ ᠲᠥᠯᠥᠪ ᠪᠠᠢ᠌ᠳᠠᠯ᠎ᠢ ᠤᠯᠠᠷᠢᠭᠤᠯᠤᠨ ᠬᠤᠪᠢᠷᠠᠭᠤᠯᠬᠤ ᠵᠢ ᠪᠡᠶᠡᠯᠡᠭᠦᠯᠪᠡ᠃ ᠵᠢᠷᠭᠤᠭ᠎ᠠ᠎ᠳᠤ᠂ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠪᠠᠷᠢᠮᠵᠢᠶ᠎ᠠ ᠵᠢᠨ ᠰᠢᠰᠲ᠋ᠧᠮᠵᠢ ᠵᠢ ᠲᠡᠭᠦᠯᠳᠡᠷᠵᠢᠭᠦᠯᠪᠡ᠃ ᠬᠥᠷᠥᠰᠥ ᠰᠢᠷᠣᠢ ᠵᠢᠨ ᠪᠣᠬᠢᠷᠲᠤᠯ᠎ᠢ ᠰᠡᠷᠭᠡᠢ᠌ᠯᠡᠨ ᠵᠠᠰᠠᠬᠤ ᠬᠠᠤᠯᠢ ᠵᠢ ᠨᠡᠢ᠌ᠲᠡᠯᠡᠵᠦ᠂ ᠣᠷᠴᠢᠨ ᠲᠣᠭᠣᠷᠢᠨ᠎ᠤ ᠨᠥᠯᠥᠭᠡᠯᠡᠯ᠎ᠳᠤ ᠦᠨᠡᠯᠡᠯᠲᠡ ᠬᠢᠬᠦ ᠲᠤᠬᠠᠢ ᠬᠠᠤᠯᠢ ᠴᠠᠭ᠋ᠠᠵᠠ᠎ᠳᠤ ᠵᠠᠰᠠᠪᠤᠷᠢ ᠣᠷᠣᠭᠤᠯᠵᠤ᠂ 5 ᠵᠦᠢ᠍ᠯ᠎ᠤᠨ ᠰᠠᠯᠠᠭ᠎ᠠ ᠮᠥᠴᠢᠷ᠎ᠤᠨ ᠳᠦᠷᠢᠮ᠎ᠢ ᠨᠡᠢ᠌ᠲᠡᠯᠡᠨ᠂ 1.1 ᠲᠦᠮᠡ ᠭᠠᠷᠤᠢ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠴᠠᠭ᠋ᠠᠵᠠ᠂ ᠳᠦᠷᠢᠮ ᠲᠣᠭᠲᠠᠭ᠋ᠠᠯ ᠪᠠ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠢ ᠢᠯᠭ᠋ᠠᠨ ᠴᠡᠪᠡᠷᠯᠡᠵᠦ᠂ ᠤᠯᠤᠰ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ 144 ᠵᠦᠢ᠍ᠯ᠎ᠤᠨ ᠪᠠᠷᠢᠮᠵᠢᠶ᠎ᠠ ᠵᠢ ᠲᠣᠭᠲᠠᠭ᠋ᠠᠪᠠ᠃ 29 ᠮᠤᠵᠢ ᠵᠢᠨ᠎ᠬᠢᠨ ᠠᠮᠢ ᠠᠬᠤᠢ ᠵᠢᠨ ᠣᠷᠴᠢᠨ ᠲᠣᠭᠣᠷᠢᠨ᠎ᠢ ᠡᠪᠳᠡᠨ ᠬᠣᠬᠢᠷᠠᠭᠤᠯᠪᠠᠯ ᠲᠥᠯᠥᠪᠦᠷᠢ ᠠᠪᠬᠤ ᠳᠦᠷᠢᠮ᠎ᠤᠨ ᠥᠭᠡᠷᠡᠴᠢᠯᠡᠯᠲᠡ ᠵᠢᠨ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠲᠠᠷᠬᠠᠭ᠋ᠠᠪᠠ᠃ ᠳᠣᠯᠣᠭ᠎ᠠ᠎ᠳᠤ᠂ ᠰᠠᠭᠤᠷᠢ ᠴᠢᠳᠠᠪᠤᠷᠢ ᠵᠢᠨ ᠪᠠᠢ᠌ᠭᠤᠯᠤᠯᠲᠠ ᠵᠢ ᠦᠷᠭᠦᠯᠵᠢᠯᠡᠨ ᠠᠬᠢᠭᠤᠯᠪᠠ᠃ ᠠᠮᠢ ᠠᠬᠤᠢ ᠵᠢᠨ ᠣᠷᠴᠢᠨ ᠲᠣᠭᠣᠷᠢᠨ᠎ᠤ ᠮᠡᠳᠡᠭᠡ ᠵᠠᠩᠭᠢᠵᠢᠯᠲᠠ ᠵᠢᠨ ᠪᠠᠢ᠌ᠭᠤᠯᠤᠯᠲᠠ ᠵᠢ ᠴᠢᠩᠭ᠋ᠠᠳᠬᠠᠨ᠂ ᠣᠷᠴᠢᠨ ᠲᠣᠭᠣᠷᠢᠨ᠎ᠤ ᠮᠡᠳᠡᠭᠡ ᠵᠠᠩᠭᠢ ᠵᠢᠨ ᠰᠢᠰᠲ᠋ᠧᠮ᠎ᠢ ᠬᠡᠷᠡᠭᠯᠡᠨ ᠡᠭᠦᠯᠡᠨ ᠲᠠᠪᠴᠠᠩ᠎ᠳᠤ ᠭᠠᠷᠭ᠋ᠠᠬᠤ᠂ ᠶᠠᠮᠤᠨ᠎ᠤ ᠰᠢᠰᠲ᠋ᠧᠮ᠎ᠤᠨ᠎ᠬᠢᠨ᠎ᠤ ᠰᠦᠯᠵᠢᠶᠡᠨ᠎ᠤ ᠴᠤᠭᠯᠠᠷᠠᠯ᠎ᠢ ᠪᠠᠢ᠌ᠭᠤᠯᠬᠤ᠂ ᠨᠢᠭᠤᠴᠠ ᠵᠢ ᠬᠠᠮᠠᠭ᠋ᠠᠯᠠᠬᠤ᠎ᠳᠤ ᠥᠯᠥ ᠬᠣᠯᠪᠣᠭᠳᠠᠬᠤ ᠠᠯᠪᠠᠨ᠎ᠤ ᠪᠢᠴᠢᠭ ᠮᠠᠲ᠋ᠧᠷᠢᠶᠠᠯ᠎ᠢ ᠰᠢᠢ᠍ᠳᠪᠦᠷᠢᠯᠡᠬᠦ᠎ᠳᠤ ᠠᠯᠤᠰ ᠵᠠᠢ᠎ᠠᠴᠠ ᠠᠯᠪᠠᠯᠠᠬᠤ ᠵᠢ ᠪᠡᠶᠡᠯᠡᠭᠦᠯᠬᠦ᠂ ᠪᠦᠬᠦ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠵᠦᠢ᠍ᠯᠡᠰ᠎ᠢ 《ᠨᠢᠭᠡ ᠰᠦᠯᠵᠢᠶ᠎ᠡ᠎ᠪᠠᠷ ᠨᠡᠢ᠌ᠳᠡᠮ ᠭᠦᠢ᠍ᠴᠡᠳᠬᠡᠬᠦ》 ᠵᠡᠷᠭᠡ ᠪᠡᠯᠭᠡ ᠲᠡᠮᠳᠡᠭ᠎ᠤᠨ ᠴᠢᠨᠠᠷᠲᠠᠢ ᠳᠥᠷᠪᠡᠨ ᠶᠡᠬᠡ ᠦᠷ᠎ᠡ ᠪᠦᠲᠦᠭᠡᠯ᠎ᠢ ᠠᠮᠵᠢᠯᠲᠠ᠎ᠲᠠᠢ ᠪᠡᠶᠡᠯᠡᠭᠦᠯᠪᠡ᠃
ᠭᠤᠷᠪᠠᠳᠤᠭ᠋ᠠᠷ᠎ᠲᠤ᠂ ᠨᠠᠮ᠎ᠢ ᠬᠠᠮᠢᠶᠠᠷᠤᠨ ᠨᠠᠮ᠎ᠢ ᠵᠠᠰᠠᠬᠤ ᠵᠢ ᠴᠢᠩᠭ᠋ᠠᠷᠠᠭᠤᠯᠵᠤ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠡᠮᠦᠷ ᠴᠡᠷᠢᠭ᠎ᠢ ᠲᠦᠷᠭᠡᠳᠬᠡᠨ ᠪᠠᠢ᠌ᠭᠤᠯᠪᠠ᠃ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠡᠬᠡ ᠳᠠᠢ᠌ᠴᠢᠯᠠᠯᠲᠠ᠂ ᠶᠡᠬᠡ ᠪᠣᠯᠪᠠᠰᠤᠷᠠᠭᠤᠯᠤᠯ᠂ ᠶᠡᠬᠡ ᠪᠠᠢ᠌ᠴᠠᠭ᠋ᠠᠨ ᠰᠤᠳᠤᠯᠤᠯᠲᠠ᠂ ᠶᠡᠬᠡ ᠶᠠᠷᠢᠯᠴᠠᠭ᠎ᠠ᠂ ᠶᠡᠬᠡ ᠤᠬᠠᠭᠤᠯᠭ᠎ᠠ 《ᠲᠠᠪᠤᠨ ᠶᠡᠬᠡ ᠠᠵᠢᠯᠯᠠᠭ᠎ᠠ》 ᠵᠢ ᠥᠷᠨᠢᠭᠦᠯᠪᠡ᠃ 《ᠬᠣᠶᠠᠷ᠎ᠢ ᠰᠤᠷᠤᠯᠴᠠᠵᠤ ᠬᠢᠷᠢ ᠲᠡᠩᠴᠡᠭᠰᠡᠨ ᠨᠠᠮ᠎ᠤᠨ ᠭᠡᠰᠢᠭᠦᠨ ᠪᠣᠯᠬᠤ᠎ᠪᠠᠷ ᠴᠢᠷᠮᠠᠢ᠌ᠶ᠎ᠠ》 ᠭᠡᠬᠦ ᠰᠤᠷᠤᠯᠴᠠᠯᠭ᠎ᠠ ᠬᠥᠮᠥᠵᠢᠯ᠎ᠢ ᠬᠡᠪᠰᠢᠭᠦᠯᠦᠨ ᠳᠦᠷᠢᠮᠵᠢᠭᠦᠯᠬᠦ ᠵᠢ ᠠᠬᠢᠭᠤᠯᠪᠠ᠃ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠬᠠᠷᠢᠭᠤᠴᠠᠯᠭ᠎ᠠ ᠵᠢᠨ ᠪᠢᠴᠢᠭ᠎ᠤᠨ ᠳᠦᠷᠢᠮ᠎ᠢ ᠲᠡᠭᠦᠯᠳᠡᠷᠵᠢᠭᠦᠯᠪᠡ᠃ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠳᠠᠷᠠᠭ᠋ᠠᠬᠢ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠴᠣᠭᠴᠠᠯᠠᠯᠲᠠ ᠵᠢ ᠴᠢᠩᠭ᠋ᠠᠷᠠᠭᠤᠯᠪᠠ᠃ 《ᠨᠢᠭᠡ ᠵᠢᠷᠤᠭ ᠨᠢᠭᠡ ᠥᠯᠢᠭᠡᠷ》᠎ᠤᠨ ᠤᠬᠠᠭᠤᠯᠭ᠎ᠠ ᠬᠥᠮᠥᠵᠢᠯ᠎ᠤᠨ ᠠᠵᠢᠯᠯᠠᠭ᠎ᠠ ᠵᠢᠨ ᠨᠡᠷᠡᠲᠦ ᠲᠡᠮᠳᠡᠭ᠎ᠢ ᠡᠭᠦᠳᠦᠨ ᠪᠠᠢ᠌ᠭᠤᠯᠪᠠ᠃ ᠤᠳᠤᠷᠢᠳᠬᠤ ᠪᠠᠭ ᠪᠠ ᠺᠠᠳ᠋ᠷ᠎ᠤᠨ ᠡᠩᠨᠡᠭᠡ ᠵᠢᠨ ᠪᠠᠢ᠌ᠭᠤᠯᠤᠯᠲᠠ ᠵᠢ ᠲᠣᠭᠲᠠᠭᠤᠨ ᠵᠶ᠋ᠠᠷ ᠠᠬᠢᠭᠤᠯᠤᠨ᠂ ᠰᠢᠨ᠎ᠡ ᠴᠠᠭ ᠬᠤᠭᠤᠴᠠᠭ᠋ᠠᠨ᠎ᠤ ᠰᠠᠢ᠌ᠨ ᠺᠠᠳ᠋ᠷ᠎ᠤᠨ ᠪᠠᠷᠢᠮᠵᠢᠶ᠎ᠠ ᠵᠢ ᠲᠤᠭᠤᠰᠢᠯᠠᠭᠤᠯᠵᠤ᠂ ᠵᠣᠬᠢᠶᠠᠨ ᠪᠠᠢ᠌ᠭᠤᠯᠬᠤ ᠪᠠ ᠰᠠᠬᠢᠯᠭ᠎ᠠ ᠪᠠᠲᠤ ᠪᠠᠢ᠌ᠴᠠᠭ᠋ᠠᠬᠤ ᠰᠠᠯᠠᠭ᠎ᠠ ᠮᠥᠴᠢᠷ᠎ᠤᠨ᠎ᠬᠢᠨ᠎ᠤ ᠰᠠᠨᠠᠭ᠋ᠠᠴᠢᠯᠠᠭ᠎ᠠ᠎ᠠᠴᠠ᠎ᠪᠠᠨ ᠺᠠᠳ᠋ᠷ᠎ᠤᠨ ᠮᠡᠳᠡᠭᠡ ᠵᠠᠩᠭᠢ ᠵᠢ ᠨᠡᠪᠲᠡᠷᠡᠯᠴᠡᠭᠦᠯᠬᠦ ᠲᠣᠭᠲᠠᠴᠠ ᠵᠢ ᠲᠡᠭᠦᠯᠳᠡᠷᠵᠢᠭᠦᠯᠪᠡ᠃ ᠪᠦᠬᠦ ᠤᠯᠤᠰ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠰᠲ᠋ᠧᠮ᠎ᠤᠨ᠎ᠬᠢᠨ᠎ᠤ 118 ᠲᠡᠷᠢᠭᠦᠨ᠎ᠤ ᠬᠠᠮᠲᠤ᠂ 45 ᠲᠡᠷᠢᠭᠦᠨ᠎ᠤ ᠬᠤᠪᠢ ᠬᠥᠮᠥᠨ᠎ᠢ ᠬᠣᠯᠪᠣᠭ᠋ᠠᠯᠠᠨ ᠬᠥᠬᠢᠭᠦᠯᠵᠦ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠢ ᠤᠷᠲᠤ ᠬᠤᠭᠤᠴᠠᠭ᠎ᠠ᠎ᠪᠠᠷ ᠬᠢᠭᠰᠡᠨ ᠳᠤᠷᠠᠰᠬᠠᠯ᠎ᠤᠨ ᠲᠡᠮᠳᠡᠭ᠎ᠢ ᠭᠤᠷᠪᠠᠳᠤᠭ᠋ᠠᠷ ᠤᠳᠠᠭ᠎ᠠ ᠣᠯᠭᠣᠪᠠ᠃ ᠲᠥᠪ᠎ᠤᠨ ᠨᠠᠢ᠍ᠮᠠᠨ ᠵᠦᠢ᠍ᠯ᠎ᠤᠨ ᠲᠣᠭᠲᠠᠭ᠋ᠠᠯ᠎ᠢ ᠬᠡᠷᠡᠭᠵᠢᠭᠦᠯᠬᠦ ᠨᠠᠷᠢᠨ ᠳᠦᠷᠢᠮ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠬᠡᠷᠡᠭᠵᠢᠭᠦᠯᠬᠦ ᠠᠷᠭ᠎ᠠ ᠵᠢ ᠳᠠᠷᠤᠮᠠᠯᠯᠠᠨ ᠲᠠᠷᠬᠠᠭ᠋ᠠᠵᠤ᠂ ᠴᠡᠭᠴᠡᠯᠡᠨ ᠥᠭᠡᠷᠡᠴᠢᠯᠡᠭᠰᠡᠨ ᠪᠠᠢ᠌ᠳᠠᠯ᠎ᠢ 《ᠡᠷᠭᠢᠵᠦ ᠪᠤᠴᠠᠵᠤ ᠦᠵᠡᠬᠦ》 ᠵᠢ ᠰᠠᠷ᠎ᠠ᠎ᠪᠠᠷ ᠲᠣᠬᠢᠷᠠᠭᠤᠯᠪᠠ᠃ 4 ᠲᠠᠯ᠎ᠠ ᠵᠢᠨ 12 ᠲᠥᠷᠥᠯ᠎ᠤᠨ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠤᠨ ᠠᠰᠠᠭᠤᠳᠠᠯ᠎ᠢ ᠲᠥᠪᠯᠡᠷᠡᠭᠦᠯᠵᠦ ᠴᠡᠭᠴᠡᠯᠡᠨ ᠵᠠᠰᠠᠬᠤ ᠵᠢ ᠵᠣᠬᠢᠶᠠᠨ ᠪᠠᠢ᠌ᠭᠤᠯᠵᠠᠢ᠃ ᠪᠦᠬᠦ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ᠎ᠳᠤ 《ᠬᠡᠷᠡᠭ ᠵᠶ᠋ᠡᠷ ᠯᠠᠪᠯᠠᠯᠲᠠ ᠪᠣᠯᠭ᠋ᠠᠵᠤ᠂ ᠤᠯᠤᠰ ᠲᠥᠷᠥ ᠵᠢᠨ ᠰᠠᠢ᠌ᠨ ᠰᠠᠢ᠌ᠬᠠᠨ ᠠᠮᠢ ᠠᠬᠤᠢ ᠵᠢ ᠪᠣᠢ ᠪᠣᠯᠭ᠋ᠠᠶ᠎ᠠ》 ᠭᠡᠬᠦ ᠲᠤᠰᠬᠠᠢ ᠵᠦᠢ᠍ᠯ᠎ᠤᠨ ᠵᠠᠰᠠᠯᠲᠠ ᠵᠢ ᠥᠷᠨᠢᠭᠦᠯᠦᠨ᠂ 《ᠨᠠᠢ᠍ᠮᠠ ᠵᠢ ᠴᠢᠩᠭ᠋ᠠᠷᠠᠭᠤᠯᠵᠤ᠂ ᠨᠢᠭᠡ ᠵᠢ ᠰᠢᠯᠢᠳᠡᠭᠵᠢᠭᠦᠯᠬᠦ》 ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ ᠵᠢ ᠲᠣᠭᠲᠠᠭ᠋ᠠᠨ ᠬᠡᠷᠡᠭᠵᠢᠭᠦᠯᠪᠡ᠃ ᠬᠣᠶᠠᠷ ᠡᠭᠡᠯᠵᠢ ᠬᠤᠪᠢᠶᠠᠨ ᠶᠠᠮᠤᠨ᠎ᠤ ᠬᠠᠷᠢᠶ᠎ᠠ 12 ᠨᠢᠭᠡᠴᠢ᠎ᠳᠤ ᠲᠣᠭᠣᠷᠢᠨ ᠪᠠᠢ᠌ᠴᠠᠭ᠋ᠠᠯᠲᠠ ᠬᠢᠬᠦ ᠵᠢ ᠥᠷᠨᠢᠭᠦᠯᠪᠡ᠃ ᠬᠢᠨᠠᠯᠲᠠ ᠲᠠᠯᠪᠢᠵᠤ ᠰᠠᠬᠢᠯᠭ᠎ᠠ ᠪᠠᠲᠤ ᠵᠢ ᠬᠡᠷᠡᠭᠵᠢᠭᠦᠯᠬᠦ 《ᠳᠥᠷᠪᠡᠨ ᠵᠦᠢ᠍ᠯ᠎ᠤᠨ ᠪᠠᠢ᠌ᠳᠠᠯ》᠎ᠢ ᠭᠦᠨᠵᠡᠭᠡᠢ ᠦᠢ᠍ᠯᠡᠳᠦᠯᠭᠡᠵᠢᠭᠦᠯᠵᠡᠢ᠃
ᠯᠢ ᠭᠠᠨ ᠵᠢᠶᠧ ᠴᠢᠬᠤᠯᠠᠴᠢᠯᠠᠬᠤ᠎ᠳᠤ᠎ᠪᠠᠨ᠂ 2018 ᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠢᠯᠡᠳᠲᠡ ᠦᠷ᠎ᠡ ᠪᠦᠲᠦᠮᠵᠢ ᠣᠯᠣᠭᠰᠠᠨ᠎ᠨᠢ᠂ ᠭᠣᠣᠯᠳᠠᠭᠤ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ᠎ᠠᠴᠠ ᠰᠠᠯᠵᠤ ᠴᠢᠳᠠᠬᠤ ᠦᠭᠡᠢ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠋ᠠᠨ᠎ᠤ ᠰᠢᠨᠵᠢᠯᠡᠬᠦ ᠤᠬᠠᠭ᠋ᠠᠴᠢ ᠵᠢᠯᠣᠭᠣᠳᠤᠮᠵᠢ᠎ᠠᠴᠠ ᠰᠠᠯᠵᠤ ᠴᠢᠳᠠᠬᠤ ᠦᠭᠡᠢ᠂ ᠡᠯ᠎ᠡ ᠭᠠᠵᠠᠷ ᠣᠷᠣᠨ᠎ᠤ ᠡᠯ᠎ᠡ ᠰᠠᠯᠠᠭ᠎ᠠ ᠮᠥᠴᠢᠷ᠎ᠤᠨ᠎ᠬᠢᠨ᠎ᠤ ᠪᠦᠯᠬᠦᠮᠳᠡᠵᠦ ᠬᠠᠮᠵᠢᠯᠴᠠᠨ ᠠᠵᠢᠯᠯᠠᠭᠰᠠᠨ ᠪᠠ ᠣᠷᠣᠯᠴᠠᠵᠤ ᠬᠤᠪᠢ ᠨᠡᠮᠡᠷᠢ ᠬᠠᠨᠳᠢᠪᠯᠠᠭᠰᠠᠨ᠎ᠠᠴᠠ ᠰᠠᠯᠵᠤ ᠴᠢᠳᠠᠬᠤ ᠦᠭᠡᠢ᠂ ᠮᠥᠨ ᠴᠤ᠌ ᠪᠦᠬᠦ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ᠎ᠤ ᠴᠢᠷᠮᠠᠢ᠌ᠨ ᠲᠡᠮᠡᠴᠡᠭᠰᠡᠨ᠎ᠤ ᠦᠷ᠎ᠡ ᠳ᠋ᠦᠩ ᠪᠣᠯᠣᠨ᠎ᠠ ᠭᠡᠵᠡᠢ᠃
ᠯᠢ ᠭᠠᠨ ᠵᠢᠶᠧ ᠵᠢᠭ᠋ᠠᠬᠤ᠎ᠳᠤ᠎ᠪᠠᠨ᠂ ᠮᠠᠨ᠎ᠤ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ᠎ᠨᠢ ᠶᠠᠭ ᠰᠠᠢ᠌ᠬᠠᠨ ᠵᠠᠩᠭᠢᠯᠠᠭ᠎ᠠ ᠵᠢᠨ ᠬᠤᠭᠤᠴᠠᠭ᠎ᠠ᠂ ᠰᠢᠪᠲᠤᠯᠤᠯᠲᠠ ᠵᠢᠨ ᠬᠤᠭᠤᠴᠠᠭ᠎ᠠ᠂ ᠴᠣᠩᠬᠣᠪᠴᠢ ᠵᠢᠨ ᠬᠤᠭᠤᠴᠠᠭ᠎ᠠ᠎ᠳᠤ ᠣᠷᠣᠰᠢᠵᠤ ᠪᠠᠢ᠌ᠨ᠎ᠠ᠃ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠰᠠᠢ᠌ᠲᠤᠷ ᠬᠢᠬᠦ ᠠᠵᠢᠯ᠎ᠨᠢ ᠦᠵᠡᠯ ᠰᠠᠨᠠᠭ᠎ᠠ ᠲᠠᠨᠢᠯᠲᠠ ᠵᠢᠨ ᠲᠠᠯ᠎ᠠ ᠵᠢᠨ ᠭᠤᠢ᠌ᠪᠢᠯᠵᠠᠬᠤ ᠴᠢᠨᠠᠷ᠂ ᠪᠣᠬᠢᠷᠲᠤᠯ᠎ᠢ ᠵᠠᠰᠠᠬᠤ ᠡᠭᠦᠷᠭᠡ ᠵᠢᠨ ᠬᠠᠲᠠᠭᠤ ᠪᠡᠷᠬᠡᠰᠢᠶᠡᠯᠲᠦ ᠴᠢᠨᠠᠷ᠂ ᠠᠵᠢᠯ᠎ᠤᠨ ᠠᠬᠢᠯᠲᠠ ᠵᠢᠨ ᠲᠡᠩᠴᠡᠭᠦᠷᠢ ᠦᠭᠡᠢ ᠴᠢᠨᠠᠷ᠂ ᠠᠵᠢᠯ᠎ᠤᠨ ᠰᠠᠭᠤᠷᠢ ᠵᠢᠨ ᠥᠯᠥ ᠵᠣᠬᠢᠴᠠᠯᠳᠤᠬᠤ ᠴᠢᠨᠠᠷ᠂ ᠪᠠᠢ᠌ᠭ᠋ᠠᠯᠢ ᠵᠢᠨ ᠬᠦᠴᠦᠨ ᠵᠦᠢ᠍ᠯ᠎ᠤᠨ ᠲᠣᠭᠲᠠᠪᠤᠷᠢ ᠦᠭᠡᠢ ᠴᠢᠨᠠᠷ᠂ ᠣᠯᠠᠨ ᠤᠯᠤᠰ᠎ᠤᠨ ᠪᠠᠢ᠌ᠳᠠᠯ᠎ᠤᠨ ᠪᠤᠳᠤᠯᠢᠶᠠᠨᠲᠠᠢ ᠴᠢᠨᠠᠷ ᠵᠡᠷᠭᠡ ᠲᠣᠭᠲᠠᠭᠤᠨ ᠪᠤᠰᠤ ᠬᠦᠴᠦᠨ ᠵᠦᠢ᠍ᠯ᠎ᠳᠤ ᠲᠤᠯᠭ᠋ᠠᠷᠠᠵᠤ ᠪᠠᠢ᠌ᠬᠤ ᠵᠢᠨ ᠬᠠᠮᠲᠤ᠂ ᠣᠯᠳᠠᠰᠢ ᠦᠭᠡᠢ ᠠᠰᠢᠭᠲᠠᠢ ᠠᠵᠠ ᠲᠣᠬᠢᠶᠠᠯᠳᠤ ᠲᠤᠯᠭ᠋ᠠᠷᠠᠵᠤ ᠪᠠᠢ᠌ᠨ᠎ᠠ᠃ ᠨᠢᠭᠡ᠎ᠳᠤ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ ᠪᠠᠢ᠌ᠨ᠎ᠠ᠃ ᠨᠠᠮ᠎ᠤᠨ ᠲᠥᠪ ᠬᠣᠷᠢᠶ᠎ᠠ᠎ᠠᠴᠠ ᠪᠡᠬᠢᠯᠡᠯᠲᠡ᠎ᠪᠠᠨ ᠪᠠᠲᠤ ᠰᠠᠬᠢᠨ᠂ ᠦᠷ᠎ᠡ ᠪᠦᠲᠦᠭᠡᠯ ᠵᠶ᠋ᠡᠨ ᠪᠠᠲᠤᠳᠬᠠᠵᠤ᠂ ᠠᠭᠤᠵᠢᠭᠤ ᠲᠠᠯᠪᠢᠨ ᠰᠤᠯᠠᠷᠠᠭᠤᠯᠵᠤ ᠪᠣᠯᠬᠤ ᠦᠭᠡᠢ᠂ ᠨᠡᠩ ᠴᠤ᠌ ᠪᠤᠴᠠᠨ ᠶᠠᠪᠤᠵᠤ ᠪᠣᠯᠬᠤ ᠦᠭᠡᠢ᠂ ᠬᠥᠬᠡ ᠣᠭᠲᠠᠷᠭᠤᠢ ᠵᠢ ᠬᠠᠮᠠᠭ᠋ᠠᠯᠠᠬᠤ ᠳᠠᠢ᠌ᠯᠠᠯᠳᠤᠭ᠋ᠠᠨ ᠵᠡᠷᠭᠡ ᠪᠡᠯᠭᠡ ᠲᠡᠮᠳᠡᠭ᠎ᠤᠨ ᠴᠢᠨᠠᠷᠲᠠᠢ ᠳᠣᠯᠣᠭ᠋ᠠᠨ ᠶᠡᠬᠡ ᠳᠠᠢ᠌ᠯᠠᠯᠳᠤᠭ᠋ᠠᠨ᠎ᠤ ᠢᠯᠠᠯᠲᠠ ᠵᠢ ᠣᠯᠬᠤ᠎ᠳᠤ ᠠᠩᠬᠠᠷᠤᠭᠤᠯᠤᠨ ᠲᠥᠪᠯᠡᠷᠡᠭᠦᠯᠵᠦ᠂ ᠠᠵᠢᠯ ᠪᠠ ᠣᠷᠣᠭᠤᠯᠤᠯᠲᠠ ᠵᠢᠨ ᠡᠷᠴᠢᠮ ᠵᠶ᠋ᠡᠨ ᠴᠢᠩᠭ᠋ᠠᠷᠠᠭᠤᠯᠬᠤ ᠬᠡᠷᠡᠭᠲᠡᠢ ᠭᠡᠵᠦ ᠱᠠᠭ᠋ᠠᠷᠳᠠᠪᠠ᠃ ᠡᠨᠡ᠎ᠨᠢ ᠪᠢᠳᠡᠨ᠎ᠤ ᠠᠵᠢᠯ ᠵᠶ᠋ᠠᠨ ᠠᠬᠢᠭᠤᠯᠬᠤ᠎ᠳᠤ ᠴᠢᠬᠤᠯᠠ ᠴᠢᠭᠯᠡᠯ᠎ᠤᠨ ᠵᠢᠯᠣᠭᠣᠳᠤᠮᠵᠢ ᠪᠠ ᠦᠨᠳᠦᠰᠦᠨ ᠤᠯᠤᠰ ᠲᠥᠷᠥ ᠵᠢᠨ ᠪᠠᠲᠤᠯᠠᠭ᠎ᠠ ᠬᠠᠩᠭ᠋ᠠᠪᠠ᠃ ᠬᠣᠶᠠᠷ᠎ᠲᠤ᠂ ᠠᠵᠤ ᠠᠬᠤᠢ ᠵᠢᠨ ᠴᠢᠨᠠᠷᠯᠢᠭ ᠬᠥᠭᠵᠢᠯᠲᠡ ᠵᠢ ᠠᠬᠢᠭᠤᠯᠬᠤ᠎ᠨᠢ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ᠎ᠳᠤ ᠠᠰᠢᠭᠲᠠᠢ ᠪᠠᠢ᠌ᠳᠠᠭ᠃ ᠨᠠᠮ᠎ᠤᠨ ᠲᠥᠪ ᠬᠣᠷᠢᠶ᠎ᠠ᠎ᠠᠴᠠ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠪᠠᠷᠢᠮᠲᠠᠯᠠᠨ᠂ ᠠᠵᠤ ᠠᠬᠤᠢ ᠵᠢᠨ ᠴᠢᠨᠠᠷᠯᠢᠭ ᠬᠥᠭᠵᠢᠯᠲᠡ ᠵᠢ ᠠᠬᠢᠭᠤᠯᠵᠤ ᠵᠢ ᠪᠠᠷᠢᠮᠲᠠᠯᠠᠵᠤ᠂ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠠ ᠵᠢᠨ ᠴᠢᠨᠠᠷᠲᠠᠢ ᠥᠭᠡᠷᠡᠴᠢᠯᠡᠯᠲᠡ᠎ᠪᠠᠷ ᠭᠣᠣᠯ ᠱᠤᠭᠤᠮ ᠪᠣᠯᠭ᠋ᠠᠬᠤ ᠵᠢ ᠪᠠᠷᠢᠮᠲᠠᠯᠠᠨ᠂ ᠬᠣᠴᠣᠷᠤᠩᠭᠤᠢ ᠦᠢ᠍ᠯᠡᠳᠪᠦᠷᠢᠯᠡᠬᠦ ᠴᠢᠳᠠᠪᠤᠷᠢ ᠵᠢ ᠲᠠᠶᠠᠭᠳᠠᠭᠤᠯᠬᠤ ᠪᠠ ᠦᠯᠡᠭᠦᠳᠡᠭᠰᠡᠨ ᠦᠢ᠍ᠯᠡᠳᠪᠦᠷᠢᠯᠡᠬᠦ ᠴᠢᠳᠠᠪᠤᠷᠢ ᠵᠢ ᠨᠠᠮᠳᠠᠭ᠋ᠠᠬᠤ ᠵᠢ ᠲᠦᠷᠭᠡᠳᠬᠡᠵᠦ᠂ ᠦᠢ᠍ᠯᠡᠳᠬᠡᠯ᠎ᠤᠨ ᠦᠢ᠍ᠯᠡᠰ᠎ᠤᠨ ᠴᠢᠨᠠᠷᠯᠢᠭ ᠬᠥᠭᠵᠢᠯᠲᠡ ᠵᠢ ᠠᠬᠢᠭᠤᠯᠬᠤ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ᠂ ᠣᠷᠣᠨ ᠪᠦᠰᠡ ᠵᠢ ᠵᠣᠬᠢᠴᠠᠩᠭᠤᠢ᠎ᠪᠠᠷ ᠬᠥᠭᠵᠢᠭᠦᠯᠬᠦ ᠵᠡᠷᠭᠡ ᠭᠣᠣᠯᠳᠠᠯᠭ᠎ᠠ᠎ᠲᠠᠢ ᠡᠭᠦᠷᠭᠡ ᠵᠢ ᠰᠠᠢ᠌ᠲᠤᠷ ᠠᠳᠬᠤᠵᠤ᠂ ᠠᠮᠢ ᠠᠬᠤᠢ ᠵᠢᠨ ᠣᠷᠴᠢᠨ ᠲᠣᠭᠣᠷᠢᠨ᠎ᠤ ᠶᠠᠰᠤ ᠴᠢᠨᠠᠷ᠎ᠢ ᠰᠠᠢ᠌ᠵᠢᠷᠠᠭᠤᠯᠬᠤ᠎ᠳᠤ ᠴᠢᠬᠤᠯᠠ ᠠᠬᠢᠭᠤᠯᠬᠤ ᠦᠢ᠍ᠯᠡᠳᠦᠯ ᠦᠵᠡᠭᠦᠯᠬᠦ ᠬᠡᠷᠡᠭᠲᠡᠢ ᠭᠡᠵᠦ ᠱᠠᠭ᠋ᠠᠷᠳᠠᠪᠠ᠃ ᠭᠤᠷᠪᠠ᠎ᠳᠤ᠂ ᠬᠣᠷᠸ᠎ᠠ ᠲᠠᠯ᠎ᠠ ᠵᠢᠨ ᠠᠵᠤ ᠠᠬᠤᠢ ᠪᠠ ᠡᠳ᠋᠎ᠤᠨ ᠵᠠᠰᠠᠭ᠎ᠤᠨ ᠲᠥᠷᠥ ᠵᠢᠨ ᠪᠣᠳᠣᠯᠭ᠎ᠠ᠎ᠪᠠᠷ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠳᠡᠮᠵᠢᠵᠦ ᠪᠠᠢ᠌ᠨ᠎ᠠ᠃ ᠨᠠᠮ᠎ᠤᠨ ᠲᠥᠪ ᠬᠣᠷᠢᠶ᠎ᠠ᠎ᠠᠴᠠ ᠢᠳᠡᠪᠬᠢᠲᠡᠢ ᠡᠳ᠋᠎ᠤᠨ ᠵᠠᠰᠠᠭ᠎ᠤᠨ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ᠂ ᠡᠳ᠋᠎ᠤᠨ ᠵᠠᠰᠠᠭ᠎ᠤᠨ ᠵᠠᠷᠤᠯᠭ᠎ᠠ ᠵᠢᠨ ᠪᠦᠲᠦᠴᠡ ᠵᠢ ᠰᠢᠯᠢᠳᠡᠭᠵᠢᠭᠦᠯᠵᠦ᠂ ᠭᠤᠷᠪᠠᠨ ᠶᠡᠬᠡ ᠰᠢᠪᠲᠤᠯᠤᠯᠲᠠ ᠵᠢᠨ ᠳᠠᠢ᠌ᠯᠠᠯᠳᠤᠭ᠋ᠠᠨ᠂ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ ᠵᠡᠷᠭᠡ ᠬᠦᠷᠢᠶ᠎ᠡ ᠴᠠᠷᠠᠭ᠎ᠠ ᠵᠢ ᠭᠣᠣᠯᠳᠠᠯᠭ᠎ᠠ᠎ᠲᠠᠢ ᠳᠡᠮᠵᠢᠨ᠎ᠡ; ᠲᠣᠭᠲᠠᠭᠤᠨ ᠪᠥᠭᠡᠳ ᠡᠷᠡᠭᠦᠯ ᠵᠣᠭᠣᠰ᠎ᠤᠨ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ᠂ ᠪᠦᠲᠦᠮᠵᠢᠲᠡᠢ ᠪᠡᠯᠡ ᠣᠷᠣᠭᠤᠯᠤᠯᠲᠠ ᠵᠢ ᠦᠨᠡᠨ ᠬᠦ᠌ ᠲᠣᠭᠲᠠᠪᠤᠷᠢᠵᠢᠭᠤᠯᠵᠤ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠡᠷᠭᠡ ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ ᠪᠠ ᠪᠠᠭᠤᠷᠠᠢ ᠭᠣᠭᠴᠣᠭ᠎ᠠ ᠵᠢᠨ ᠪᠠᠢ᠌ᠭᠤᠯᠤᠯᠲᠠ ᠵᠢ ᠴᠢᠩᠭ᠋ᠠᠳᠬᠠᠬᠤ᠎ᠪᠠᠷ ᠳᠤᠷᠠᠳᠤᠨ ᠭᠠᠷᠭ᠋ᠠᠵᠤ᠂ ᠠᠮᠢ ᠠᠬᠤᠢ ᠵᠢᠨ ᠣᠷᠴᠢᠨ ᠲᠣᠭᠣᠷᠢᠨ᠎ᠤ ᠵᠠᠰᠠᠯᠲᠠ ᠵᠢ ᠴᠢᠩᠭ᠋ᠠᠷᠠᠭᠤᠯᠬᠤ᠎ᠳᠤ ᠨᠡᠯᠢᠶᠡᠳ ᠰᠠᠢ᠌ᠨ ᠬᠣᠷᠸ᠎ᠠ ᠲᠠᠯ᠎ᠠ ᠵᠢᠨ ᠲᠥᠷᠥ ᠵᠢᠨ ᠪᠣᠳᠣᠯᠭ᠎ᠠ ᠵᠢᠨ ᠣᠷᠴᠢᠨ ᠨᠥᠬᠥᠴᠡᠯ ᠪᠠ ᠨᠡᠢ᠌ᠭᠡᠮ᠎ᠤᠨ ᠵᠢᠱ᠌ᠢᠯᠲᠡ ᠵᠢ ᠬᠠᠩᠭ᠋ᠠᠵᠠᠢ᠃ ᠳᠥᠷᠪᠡ᠎ᠳᠤ᠂ ᠪᠠᠢ᠌ᠭᠤᠯᠤᠯ ᠲᠣᠭᠲᠠᠴᠠ ᠵᠢᠨ ᠥᠭᠡᠷᠡᠴᠢᠯᠡᠯᠲᠡ ᠵᠢᠨ ᠠᠰᠢᠭ ᠣᠯᠵᠠᠪᠤᠷᠢ᠎ᠨᠢ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ᠎ᠳᠤ ᠠᠰᠢᠭ ᠬᠦᠷᠲᠡᠭᠡᠵᠦ ᠪᠠᠢ᠌ᠨ᠎ᠠ᠃ ᠠᠮᠢ ᠠᠬᠤᠢ ᠣᠷᠴᠢᠨ ᠲᠣᠭᠣᠷᠢᠨ᠎ᠤ ᠪᠠᠢ᠌ᠭᠤᠯᠤᠮᠵᠢ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠂ ᠮᠤᠵᠢ᠎ᠠᠴᠠ ᠳᠣᠷᠣᠭᠰᠢᠬᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠠᠢ᠌ᠭᠤᠯᠤᠮᠵᠢ ᠵᠢᠨ ᠡᠭᠴᠡ ᠥᠭᠡᠷᠡᠴᠢᠯᠡᠯᠲᠡ ᠵᠡᠷᠭᠡ ᠥᠭᠡᠷᠡᠴᠢᠯᠡᠯᠲᠡ ᠵᠢ ᠵᠠᠯᠭ᠋ᠠᠭ᠎ᠠ᠎ᠪᠠᠷ ᠪᠡᠶᠡᠯᠡᠭᠦᠯᠦᠭᠰᠡᠨ ᠪᠠ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠣᠯᠠᠨ ᠵᠦᠢ᠍ᠯ᠎ᠤᠨ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠪᠣᠳᠠᠲᠠᠢ᠌ᠵᠢᠭᠤᠯᠵᠤ ᠦᠷ᠎ᠡ ᠪᠦᠲᠦᠮᠵᠢ ᠣᠯᠬᠤ ᠵᠢ ᠳᠠᠭ᠋ᠠᠯᠳᠤᠨ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠰᠠᠢ᠌ᠲᠤᠷ ᠬᠢᠬᠦ᠎ᠳᠤ ᠪᠠᠲᠤ ᠴᠢᠩᠭ᠎ᠠ ᠪᠠᠢ᠌ᠭᠤᠯᠤᠯ ᠲᠣᠭᠲᠠᠴᠠ ᠵᠢᠨ ᠪᠠᠲᠤᠯᠠᠭ᠎ᠠ ᠬᠠᠩᠭ᠋ᠠᠪᠠ᠃
ᠯᠢ ᠭᠠᠨ ᠵᠢᠶᠧ ᠴᠢᠬᠤᠯᠠᠴᠢᠯᠠᠬᠤ᠎ᠳᠤ᠎ᠪᠠᠨ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠴᠢᠩᠭ᠋ᠠᠳᠬᠠᠨ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠰᠠᠢ᠌ᠲᠤᠷ ᠬᠢᠬᠦ᠎ᠳᠤ ᠲᠣᠬᠢᠶᠠᠯ ᠬᠢᠭᠡᠳ ᠥᠷᠢᠰᠦᠯᠳᠦᠭᠡᠨ ᠵᠡᠷᠭᠡ᠎ᠪᠠᠷ ᠣᠷᠣᠰᠢᠵᠤ ᠪᠠᠢ᠌ᠬᠤ ᠪᠣᠯᠬᠣᠷ᠂ ᠠᠵᠠ ᠲᠣᠬᠢᠶᠠᠯ᠎ᠢ ᠴᠢᠳᠠᠮᠠᠭ᠋ᠠᠢ᠎ᠪᠠᠷ ᠠᠳᠬᠤᠨ᠂ ᠥᠷᠢᠰᠦᠯᠳᠦᠭᠡᠨ᠎ᠢ ᠬᠦᠯᠢᠴᠡᠩᠭᠦᠢ᠎ᠪᠠᠷ ᠠᠷᠭ᠋ᠠᠴᠠᠭ᠋ᠠᠵᠤ᠂ ᠯᠠᠪᠳᠠᠭᠤᠨ ᠪᠠᠲᠤᠲᠠᠢ ᠪᠥᠭᠡᠳ ᠡᠷᠡᠰ ᠰᠢᠭᠤᠷᠬᠠᠢ ᠡᠷᠴᠢ ᠵᠣᠷᠢᠭ ᠵᠶ᠋ᠠᠷ᠂ ᠴᠥᠬᠥᠷᠡᠰᠢ ᠦᠭᠡᠢ ᠡᠷᠡᠯᠬᠡᠭᠯᠡᠨ ᠤᠷᠤᠭᠰᠢᠯᠠᠵᠤ᠂ ᠥᠨᠢᠳᠡ ᠭᠤᠢ᠌ᠪᠢᠰᠢ ᠦᠭᠡᠢ ᠵᠣᠷᠢᠭ ᠰᠠᠨᠠᠭ᠎ᠠ᠎ᠪᠠᠷ᠂ ᠬᠦᠴᠢᠷ᠎ᠢ ᠳᠠᠪᠠᠨ ᠵᠣᠷᠢᠭᠲᠠᠢ᠎ᠪᠠᠷ ᠠᠵᠢᠯᠯᠠᠵᠤ᠂ ᠴᠤᠴᠠᠯᠲᠠ ᠦᠭᠡᠢ ᠤᠷᠤᠭᠰᠢᠯᠠᠨ ᠲᠡᠮᠡᠴᠡᠬᠦ ᠳᠦᠷᠢ ᠪᠠᠢ᠌ᠳᠠᠯ ᠵᠶ᠋ᠠᠷ᠂ ᠠᠮᠢ ᠠᠬᠤᠢ ᠵᠢᠨ ᠣᠷᠴᠢᠨ ᠲᠣᠭᠣᠷᠢᠨ᠎ᠢ ᠬᠠᠮᠠᠭ᠋ᠠᠯᠠᠬᠤ ᠬᠠᠲᠠᠨ ᠪᠠᠲᠤ ᠬᠠᠮᠠᠭ᠋ᠠᠯᠠᠭᠴᠢ ᠪᠣᠯᠵᠤ᠂ ᠡᠬᠡ ᠤᠯᠤᠰ᠎ᠤᠨ ᠬᠥᠬᠡ ᠣᠭᠲᠠᠷᠭᠤᠢ ᠴᠠᠭ᠋ᠠᠨ ᠡᠭᠦᠯᠡ ᠪᠠ ᠨᠣᠮᠢᠨ ᠤᠰᠤ ᠬᠥᠬᠡᠮᠳᠦᠭ ᠠᠭᠤᠯᠠ ᠵᠢ ᠰᠠᠬᠢᠨ ᠬᠠᠮᠠᠭ᠋ᠠᠯᠠᠬᠤ᠎ᠳᠤ ᠮᠠᠨ᠎ᠤ ᠡᠨᠡ ᠨᠢᠭᠡ ᠦᠶ᠎ᠡ ᠵᠢᠨ᠎ᠬᠢᠨ᠎ᠤ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠢ ᠭᠡᠵᠡᠢ᠃
ᠨᠢᠭᠡ᠎ᠳᠤ᠂ ᠲᠡᠮᠡᠴᠡᠯ᠎ᠤᠨ ᠵᠣᠷᠢᠭ ᠰᠠᠨᠠᠭ᠎ᠠ᠎ᠪᠠᠨ ᠴᠢᠩᠭ᠋ᠠᠷᠠᠭᠤᠯᠵᠤ᠂ 《ᠳᠥᠷᠪᠡᠨ ᠵᠦᠢ᠍ᠯ᠎ᠤᠨ ᠰᠡᠳᠬᠢᠯᠭᠡ ᠪᠠ ᠣᠪᠣᠷ》᠎ᠢ ᠲᠡᠪᠴᠢᠬᠦ ᠬᠡᠷᠡᠭᠲᠡᠢ᠃ ᠰᠡᠳᠬᠢᠯ ᠬᠠᠨᠤᠵᠤ ᠬᠣᠢ᠌ᠷᠭᠤᠰᠢᠬᠤ ᠰᠡᠳᠬᠢᠯᠭᠡ ᠪᠠ ᠣᠪᠣᠷ᠎ᠢ ᠲᠡᠪᠴᠢᠵᠦ᠂ ᠬᠣᠢ᠌ᠷᠭᠤᠰᠢᠬᠤ ᠦᠭᠡᠢ᠂ ᠰᠤᠯᠠᠷᠠᠭᠤᠯᠬᠤ ᠦᠭᠡᠢ᠂ ᠠᠮᠠᠷᠠᠭ᠋ᠠᠬᠤ ᠦᠭᠡᠢ᠂ ᠥᠷᠯᠥᠭᠡ ᠦᠳᠡᠰᠢ ᠵᠢ ᠲᠡᠮᠡᠴᠡᠨ ᠠᠵᠢᠯᠯᠠᠬᠤ ᠬᠡᠷᠡᠭᠲᠡᠢ᠃ ᠬᠦᠴᠢᠷ᠎ᠠᠴᠠ ᠠᠶᠤᠵᠤ ᠬᠣᠢ᠌ᠰᠢ ᠤᠬᠤᠷᠢᠬᠤ ᠰᠡᠳᠬᠢᠯᠭᠡ ᠪᠠ ᠣᠪᠣᠷ᠎ᠢ ᠲᠡᠪᠴᠢᠨ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠰᠠᠢ᠌ᠲᠤᠷ ᠬᠢᠬᠦ ᠢᠲᠡᠭᠡᠯ ᠵᠣᠷᠢᠭ᠎ᠢ ᠭᠤᠢ᠌ᠪᠢᠰᠢ ᠦᠭᠡᠢ ᠪᠠᠲᠤᠯᠠᠵᠤ᠂ ᠬᠦᠴᠢᠷ᠎ᠢ ᠳᠠᠪᠠᠨ ᠤᠷᠤᠭᠰᠢᠯᠠᠬᠤ ᠬᠡᠷᠡᠭᠲᠡᠢ᠃ ᠳᠥᠭᠥᠮ ᠪᠦᠳᠦᠭᠦᠯᠢᠭ ᠪᠥᠭᠡᠳ ᠠᠳᠭ᠋ᠠᠤ ᠰᠡᠳᠬᠢᠯᠭᠡ ᠪᠠ ᠣᠪᠣᠷ᠎ᠢ ᠲᠡᠪᠴᠢᠨ᠂ ᠠᠯᠢᠪᠠ᠎ᠳᠤ ᠪᠣᠳᠠᠲᠠᠢ᠎ᠠᠴᠠ ᠡᠭᠦᠰᠴᠦ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ᠂ ᠬᠠᠷᠠᠯᠲᠠ᠎ᠪᠠᠷ ᠤᠳᠤᠷᠢᠳᠤᠮᠵᠢ ᠪᠣᠯᠭ᠋ᠠᠬᠤ ᠪᠠ ᠴᠢᠳᠠᠪᠤᠷᠢ᠎ᠪᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠤ ᠡᠯ᠎ᠡ ᠵᠦᠢ᠍ᠯ᠎ᠤᠨ ᠡᠭᠦᠷᠭᠡ ᠵᠢ ᠬᠠᠤᠯᠢ ᠶᠣᠰᠣᠭ᠋ᠠᠷ ᠡᠮᠬᠢ ᠵᠢᠷᠤᠮ᠎ᠲᠠᠢ ᠠᠬᠢᠭᠤᠯᠬᠤ ᠬᠡᠷᠡᠭᠲᠡᠢ᠃ ᠥᠪᠡᠷᠯᠦᠭᠡ ᠬᠠᠮᠢᠶ᠎ᠠ ᠦᠭᠡᠢ ᠭᠡᠬᠦ ᠰᠡᠳᠬᠢᠯᠭᠡ ᠪᠠ ᠣᠪᠣᠷ᠎ᠢ ᠲᠡᠪᠴᠢᠨ᠂ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠰᠠᠢ᠌ᠲᠤᠷ ᠬᠢᠬᠦ ᠶᠠᠪᠤᠴᠠ᠎ᠳᠤ ᠪᠠᠢ᠌ᠷᠢ ᠲᠣᠭᠲᠠᠭ᠋ᠠᠯᠲᠠ᠎ᠪᠠᠨ ᠰᠠᠢ᠌ᠲᠤᠷ ᠡᠷᠢᠨ᠂ ᠰᠠᠨᠠᠭ᠋ᠠᠴᠢᠯᠠᠭ᠎ᠠ᠎ᠠᠴᠠ᠎ᠪᠠᠨ ᠴᠢᠷᠮᠠᠢ᠌ᠨ ᠠᠵᠢᠯᠯᠠᠵᠤ᠂ ᠠᠵᠤ ᠠᠬᠤᠢ ᠵᠢᠨ ᠴᠢᠨᠠᠷᠯᠢᠭ ᠬᠥᠭᠵᠢᠯᠲᠡ ᠪᠠ ᠠᠮᠢ ᠠᠬᠤᠢ ᠵᠢᠨ ᠣᠷᠴᠢᠨ ᠲᠣᠭᠣᠷᠢᠨ᠎ᠤ ᠥᠨᠳᠥᠷ ᠬᠢᠷᠢ ᠲᠦᠪᠰᠢᠨ ᠪᠦᠬᠦᠢ ᠬᠠᠮᠠᠭ᠋ᠠᠯᠠᠯᠲᠠ ᠵᠢ ᠵᠣᠬᠢᠴᠠᠭᠤᠯᠤᠨ ᠠᠬᠢᠭᠤᠯᠬᠤ ᠬᠡᠷᠡᠭᠲᠡᠢ᠃
ᠬᠣᠶᠠᠷ᠎ᠲᠤ᠂ ᠪᠠᠢ᠌ᠯᠳᠤᠬᠤ ᠪᠣᠳᠣᠯᠭ᠎ᠠ ᠵᠢᠨ ᠪᠠᠲᠤ ᠬᠦᠴᠦᠨ᠎ᠢ ᠪᠠᠲᠤᠯᠠᠵᠤ᠂ 《ᠲᠠᠪᠤᠨ ᠲᠠᠯ᠎ᠠ᠎ᠪᠠᠷ ᠡᠷᠡᠰ ᠭᠤᠢ᠌ᠪᠢᠰᠢ ᠦᠭᠡᠢ ᠪᠠᠢ᠌ᠬᠤ》 ᠵᠢ ᠭᠦᠢ᠍ᠴᠡᠳᠬᠡᠬᠦ ᠬᠡᠷᠡᠭᠲᠡᠢ᠃ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠡᠷᠡᠰ ᠭᠤᠢ᠌ᠪᠢᠰᠢ ᠦᠭᠡᠢ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠬᠡᠷᠡᠭᠲᠡᠢ; ᠪᠦᠬᠦ ᠤᠯᠤᠰ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠡᠷᠡᠰ ᠭᠤᠢ᠌ᠪᠢᠰᠢ ᠦᠭᠡᠢ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠬᠡᠷᠡᠭᠲᠡᠢ; ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠡᠷᠡᠰ ᠭᠤᠢ᠌ᠪᠢᠰᠢ ᠦᠭᠡᠢ᠎ᠪᠠᠷ ᠰᠠᠢ᠌ᠲᠤᠷ ᠬᠢᠬᠦ ᠬᠡᠷᠡᠭᠲᠡᠢ; ᠠᠮᠢ ᠠᠬᠤᠢ ᠵᠢᠨ ᠣᠷᠴᠢᠨ ᠲᠣᠭᠣᠷᠢᠨ᠎ᠤ ᠵᠠᠰᠠᠯᠲᠠ ᠵᠢᠨ ᠰᠢᠰᠲ᠋ᠧᠮᠵᠢ ᠪᠠ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠡᠷᠡᠰ ᠭᠤᠢ᠌ᠪᠢᠰᠢ ᠦᠭᠡᠢ᠎ᠪᠠᠷ ᠠᠬᠢᠭᠤᠯᠬᠤ ᠬᠡᠷᠡᠭᠲᠡᠢ; ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠡᠮᠦᠷ ᠴᠡᠷᠢᠭ᠎ᠢ ᠡᠷᠡᠰ ᠭᠤᠢ᠌ᠪᠢᠰᠢ ᠦᠭᠡᠢ᠎ᠪᠠᠷ ᠪᠠᠢ᠌ᠭᠤᠯᠬᠤ ᠬᠡᠷᠡᠭᠲᠡᠢ᠃ ᠠᠮᠢ ᠠᠬᠤᠢ ᠵᠢᠨ ᠣᠷᠴᠢᠨ ᠲᠣᠭᠣᠷᠢᠨ᠎ᠤ ᠶᠠᠰᠤ ᠴᠢᠨᠠᠷ᠎ᠢ ᠰᠠᠢ᠌ᠵᠢᠷᠠᠭᠤᠯᠬᠤ ᠡᠨᠡ ᠬᠦ᠌ ᠭᠣᠣᠯᠳᠠᠯᠭ᠎ᠠ ᠵᠢ ᠴᠢᠩᠭ᠎ᠠ ᠠᠳᠬᠤᠵᠤ᠂ ᠭᠦᠢ᠍ᠴᠡᠳᠬᠡᠪᠡᠰᠦ ᠵᠣᠬᠢᠬᠤ ᠠᠵᠢᠯ ᠶᠠᠪᠤᠳᠠᠯ᠎ᠢ ᠰᠠᠢ᠌ᠲᠤᠷ ᠭᠦᠢ᠍ᠴᠡᠳᠬᠡᠨ᠂ ᠨᠠᠢ᠌ᠳᠠᠪᠤᠷᠢᠵᠢᠭᠤᠯᠪᠠᠰᠤ ᠵᠣᠬᠢᠬᠤ ᠡᠭᠦᠷᠭᠡ ᠵᠢ ᠰᠠᠢ᠌ᠲᠤᠷ ᠨᠠᠢ᠌ᠳᠠᠪᠤᠷᠢᠵᠢᠭᠤᠯᠵᠤ᠂ ᠠᠷᠠᠳ ᠲᠦᠮᠡᠨ᠎ᠳᠤ ᠰᠠᠢ᠌ᠨ ᠰᠠᠢ᠌ᠬᠠᠨ ᠦᠢ᠍ᠯᠡᠳᠪᠦᠷᠢᠯᠡᠯ ᠠᠮᠢᠳᠤᠷᠠᠯ᠎ᠤᠨ ᠣᠷᠴᠢᠨ ᠲᠣᠭᠣᠷᠢᠨ᠎ᠢ ᠡᠭᠦᠳᠴᠦ ᠥᠭᠬᠦ ᠬᠡᠷᠡᠭᠲᠡᠢ᠃
ᠭᠤᠷᠪᠠ᠎ᠳᠤ᠂ ᠵᠥᠪ ᠠᠷᠭ᠋ᠠᠴᠠᠭ᠋ᠠᠬᠤ ᠪᠣᠳᠣᠯᠭ᠎ᠠ ᠪᠠ ᠠᠷᠭ᠎ᠠ ᠵᠢ ᠪᠠᠷᠢᠮᠲᠠᠯᠠᠵᠤ᠂ 《ᠵᠢᠷᠭᠤᠭ᠎ᠠ ᠵᠢ ᠭᠦᠢ᠍ᠴᠡᠳᠬᠡᠬᠦ》 ᠵᠢ ᠨᠠᠢ᠌ᠳᠠᠪᠤᠷᠢᠵᠢᠭᠤᠯᠬᠤ ᠬᠡᠷᠡᠭᠲᠡᠢ᠃ ᠲᠣᠭᠲᠠᠭᠤᠨ᠎ᠢ ᠪᠠᠲᠤᠯᠠᠬᠤ ᠳᠤᠮᠳᠠ ᠤᠷᠤᠭᠰᠢᠯᠠᠯᠲᠠ ᠵᠢ ᠠᠬᠢᠭᠤᠯᠬᠤ ᠵᠢ ᠭᠦᠢ᠍ᠴᠡᠳᠬᠡᠬᠦ᠎ᠳᠤ᠂ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠬᠢᠬᠦ᠎ᠪᠠᠷ ᠪᠠᠷᠠᠬᠤ ᠦᠭᠡᠢ᠂ ᠤᠳᠠᠭ᠋ᠠᠨ ᠳᠠᠭ᠋ᠠᠭ᠋ᠠᠮᠠᠭ᠋ᠠᠢ ᠳᠠᠢ᠌ᠨ᠎ᠢ ᠴᠤ᠌ ᠬᠢᠬᠦ ᠬᠡᠷᠡᠭᠲᠡᠢ; ᠴᠢᠳᠠᠯ᠎ᠤᠨ ᠴᠢᠨᠡᠭᠡ᠎ᠪᠠᠷ ᠵᠶ᠋ᠡᠨ ᠬᠢᠬᠦ᠎ᠪᠠᠷ ᠪᠠᠷᠠᠬᠤ ᠦᠭᠡᠢ᠂ ᠴᠢᠳᠠᠯ᠎ᠤᠨ ᠬᠢᠷᠢ᠎ᠪᠠᠷ ᠵᠶ᠋ᠡᠨ ᠬᠢᠬᠦ ᠬᠡᠷᠡᠭᠲᠡᠢ; ᠪᠠᠲᠤ ᠴᠢᠩᠭ᠎ᠠ ᠡᠷᠴᠢ ᠵᠣᠷᠢᠭ ᠪᠠ ᠢᠲᠡᠭᠡᠯ ᠵᠣᠷᠢᠭ ᠪᠠᠢ᠌ᠬᠤ᠎ᠪᠠᠷ ᠪᠠᠷᠠᠬᠤ ᠦᠭᠡᠢ᠂ ᠲᠡᠦᠬᠡ ᠵᠢᠨ ᠲᠡᠪᠴᠢᠶᠡᠷᠢ ᠪᠠ ᠪᠠᠲᠤ ᠵᠣᠷᠢᠭ ᠪᠠᠢ᠌ᠬᠤ ᠬᠡᠷᠡᠭᠲᠡᠢ᠃ ᠨᠢᠭᠡᠳᠦᠯᠲᠡᠢ ᠲᠥᠯᠥᠪᠯᠡᠨ ᠨᠡᠢ᠌ᠲᠡ᠎ᠳᠤᠨᠢ ᠬᠠᠷᠠᠭ᠋ᠠᠯᠵᠠᠬᠤ ᠵᠢ ᠭᠦᠢ᠍ᠴᠡᠳᠬᠡᠨ᠂ 《ᠭᠤᠷᠪᠠ᠎ᠳᠤ ᠠᠰᠢᠭᠲᠠᠢ ᠪᠠᠢ᠌ᠬᠤ》 ᠵᠢ ᠵᠡᠷᠭᠡ᠎ᠳᠤ᠎ᠨᠢ ᠪᠡᠶᠡᠯᠡᠭᠦᠯᠬᠦ᠎ᠪᠠᠷ ᠴᠢᠷᠮᠠᠢ᠌ᠬᠤ ᠬᠡᠷᠡᠭᠲᠡᠢ᠂ ᠲᠤᠬᠠᠢ᠌ᠯᠠᠪᠠᠯ ᠪᠣᠬᠢᠷᠲᠤᠯ ᠡᠳ᠋ ᠭᠠᠳᠠᠭᠰᠢᠯᠠᠭᠤᠯᠬᠤ ᠵᠢ ᠪᠠᠭ᠋ᠠᠰᠬᠠᠵᠤ᠂ ᠠᠮᠢ ᠠᠬᠤᠢ ᠵᠢᠨ ᠣᠷᠴᠢᠨ ᠲᠣᠭᠣᠷᠢᠨ᠎ᠤ ᠶᠠᠰᠤ ᠴᠢᠨᠠᠷ᠎ᠢ ᠰᠠᠢ᠌ᠵᠢᠷᠠᠭᠤᠯᠬᠤ᠎ᠳᠤ ᠠᠰᠢᠭᠲᠠᠢ; ᠪᠦᠲᠦᠴᠡ ᠵᠢᠨ ᠲᠣᠬᠢᠷᠠᠭᠤᠯᠤᠯᠲᠠ ᠰᠢᠯᠢᠳᠡᠭᠵᠢᠭᠦᠯᠦᠯᠲᠡ ᠵᠢ ᠠᠬᠢᠭᠤᠯᠵᠤ᠂ ᠠᠵᠤ ᠠᠬᠤᠢ ᠵᠢᠨ ᠴᠢᠨᠠᠷᠯᠢᠭ ᠬᠥᠭᠵᠢᠯᠲᠡ ᠵᠢ ᠠᠬᠢᠭᠤᠯᠬᠤ᠎ᠳᠤ ᠠᠰᠢᠭᠲᠠᠢ; ᠠᠷᠠᠳ ᠢᠷᠭᠡᠳ᠎ᠤᠨ ᠬᠠᠵᠠᠭᠤ᠎ᠳᠠᠬᠢ ᠣᠷᠴᠢᠨ ᠲᠣᠭᠣᠷᠢᠨ᠎ᠤ ᠲᠣᠪᠣᠢ᠌ᠮ᠎ᠠ ᠠᠰᠠᠭᠤᠳᠠᠯ᠎ᠢ ᠰᠢᠢ᠍ᠳᠪᠦᠷᠢᠯᠡᠵᠦ᠂ ᠨᠡᠢ᠌ᠭᠡᠮ᠎ᠤᠨ ᠡᠶ᠎ᠡ ᠵᠣᠬᠢᠴᠠᠩᠭᠤᠢ ᠪᠥᠭᠡᠳ ᠠᠮᠤᠷ ᠲᠣᠭᠲᠠᠭᠤᠨ᠎ᠢ ᠠᠬᠢᠭᠤᠯᠬᠤ᠎ᠳᠤ ᠠᠰᠢᠭᠲᠠᠢ᠃ ᠶᠡᠷᠦᠩᠬᠡᠢ᠌ᠯᠡᠨ ᠠᠷᠭ᠎ᠠ ᠪᠣᠳᠣᠯᠭ᠎ᠠ ᠬᠡᠷᠡᠭᠵᠢᠭᠦᠯᠬᠦ᠎ᠳᠤ᠂ ᠵᠠᠰᠠᠭ ᠵᠠᠬᠢᠷᠭ᠋ᠠᠨ ᠪᠠ ᠬᠠᠤᠯᠢ᠎ᠪᠠᠷ ᠵᠠᠰᠠᠬᠤ ᠠᠷᠭ᠎ᠠ ᠠᠪᠴᠢᠯ᠎ᠤᠨ ᠬᠢᠵᠠᠭ᠋ᠠᠷᠯᠠᠬᠤ ᠦᠢ᠍ᠯᠡᠳᠦᠯ᠎ᠢ ᠪᠠᠳᠠᠷᠠᠭᠤᠯᠬᠤ᠎ᠪᠠᠷ ᠪᠠᠷᠠᠬᠤ ᠦᠭᠡᠢ᠂ ᠠᠵᠤ ᠠᠬᠤᠢ ᠪᠠ ᠮᠡᠷᠭᠡᠵᠢᠯ᠎ᠤᠨ ᠠᠷᠭ᠎ᠠ ᠠᠪᠴᠢᠯ᠎ᠤᠨ ᠲᠤᠯᠭ᠋ᠠᠭᠤᠷᠢᠯᠠᠨ ᠪᠠᠲᠤᠯᠠᠬᠤ ᠦᠢ᠍ᠯᠡᠳᠦᠯ᠎ᠢ ᠪᠠᠳᠠᠷᠠᠭᠤᠯᠬᠤ ᠬᠡᠷᠡᠭᠲᠡᠢ; ᠠᠵᠤ ᠠᠬᠤᠢ᠌ᠯᠠᠯ᠎ᠳᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠷᠠᠭᠤᠯᠬᠤ᠎ᠪᠠᠷ ᠪᠠᠷᠠᠬᠤ ᠦᠭᠡᠢ᠂ ᠬᠠᠯᠠᠭᠤᠮᠰᠤᠭ ᠵᠶ᠋ᠠᠷ ᠦᠢ᠍ᠯᠡᠴᠢᠯᠡᠬᠦ ᠬᠡᠷᠡᠭᠲᠡᠢ᠃ ᠬᠣᠶᠠᠷ ᠭᠠᠷ ᠵᠶ᠋ᠠᠷ ᠵᠶ᠋ᠠᠨ ᠬᠦᠴᠦᠯᠡᠬᠦ ᠵᠢ ᠭᠦᠢ᠍ᠴᠡᠳᠬᠡᠬᠦ᠎ᠳᠤ᠂ ᠬᠣᠷᠸ᠎ᠠ ᠲᠠᠯ᠎ᠠ ᠵᠢᠨ ᠥᠵᠥ ᠵᠢᠷᠤᠭ ᠲᠥᠯᠥᠪᠯᠡᠭᠡ ᠵᠢ ᠠᠳᠬᠤᠬᠤ᠎ᠪᠠᠷ ᠪᠠᠷᠠᠬᠤ ᠦᠭᠡᠢ᠂ ᠬᠤᠮᠠᠬᠢ ᠲᠠᠯ᠎ᠠ᠎ᠠᠴᠠ ᠠᠬᠢᠭᠤᠯᠤᠨ ᠨᠠᠢ᠌ᠳᠠᠪᠤᠷᠢᠵᠢᠭᠤᠯᠬᠤ ᠵᠢ ᠠᠳᠬᠤᠬᠤ ᠬᠡᠷᠡᠭᠲᠡᠢ; ᠲᠥᠪ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠢ᠌ᠴᠠᠭ᠋ᠠᠯᠲᠠ ᠵᠢ ᠠᠳᠬᠤᠵᠤ᠂ 《ᠨᠠᠮ ᠵᠠᠰᠠᠭ ᠬᠠᠮᠲᠤ᠎ᠪᠠᠷ ᠬᠠᠷᠢᠭᠤᠴᠠᠬᠤ》 《ᠨᠢᠭᠡ ᠠᠵᠢᠯ᠎ᠤᠨ ᠪᠠᠢ᠌ᠷᠢ ᠳᠡᠭᠡᠷ᠎ᠡ ᠬᠣᠣᠰ ᠬᠠᠷᠢᠭᠤᠴᠠᠯᠭ᠎ᠠ ᠡᠭᠦᠷᠭᠡᠯᠡᠬᠦ》 ᠵᠢ ᠰᠢᠮᠳᠠᠭᠤᠯᠤᠨ ᠨᠠᠢ᠌ᠳᠠᠪᠤᠷᠢᠵᠢᠭᠤᠯᠬᠤ᠎ᠪᠠᠷ ᠪᠠᠷᠠᠬᠤ ᠦᠭᠡᠢ᠂ ᠬᠢᠨᠠᠯᠲᠠ ᠲᠠᠯᠪᠢᠬᠤ ᠵᠢ ᠴᠢᠩᠭ᠋ᠠᠷᠠᠭᠤᠯᠤᠨ᠂ ᠬᠠᠪᠰᠤᠷᠤᠨ ᠲᠡᠳᠬᠦᠬᠦ ᠠᠵᠢᠯ᠎ᠤᠨ ᠳᠤᠭᠤᠢ᠌ᠯᠠᠩ᠎ᠢ ᠲᠣᠮᠢᠯᠠᠵᠤ᠂ ᠣᠷᠣᠨ ᠨᠤᠲᠤᠭ ᠪᠠ ᠠᠵᠤ ᠠᠬᠤᠢ᠌ᠯᠠᠯ᠎ᠢ ᠬᠠᠪᠰᠤᠷᠤᠨ ᠠᠰᠠᠭᠤᠳᠠᠯ᠎ᠢ᠎ᠨᠢ ᠰᠢᠢ᠍ᠳᠪᠦᠷᠢᠯᠡᠬᠦ ᠵᠢ ᠠᠳᠬᠤᠬᠤ ᠬᠡᠷᠡᠭᠲᠡᠢ᠃ ᠴᠡᠭ ᠲᠠᠯ᠎ᠠ ᠵᠢ ᠤᠶᠠᠯᠳᠤᠭᠤᠯᠬᠤ ᠵᠢ ᠭᠦᠢ᠍ᠴᠡᠳᠬᠡᠨ᠂ ᠭᠣᠣᠯᠳᠠᠯᠭ᠎ᠠ᠎ᠲᠠᠢ ᠣᠷᠣᠨ ᠪᠦᠰᠡ᠂ ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ᠂ ᠭᠣᠣᠯᠳᠠᠯᠭ᠎ᠠ᠎ᠲᠠᠢ ᠠᠰᠠᠭᠤᠳᠠᠯ᠎ᠢ ᠴᠢᠩᠭ᠎ᠠ ᠣᠨᠢᠯᠠᠵᠤ᠂ ᠬᠢᠵᠠᠭ᠋ᠠᠷ᠎ᠲᠠᠢ ᠬᠥᠮᠥᠨ᠎ᠤ ᠬᠦᠴᠦᠨ᠂ ᠪᠣᠳᠠᠰ᠎ᠤᠨ ᠬᠦᠴᠦᠨ ᠪᠠ ᠡᠳ᠋᠎ᠤᠨ ᠬᠦᠴᠦᠨ᠎ᠢ ᠲᠥᠪᠯᠡᠷᠡᠭᠦᠯᠦᠨ᠂ ᠭᠣᠣᠯᠳᠠᠯᠭ᠎ᠠ᠎ᠲᠠᠢ᠎ᠪᠠᠷ ᠰᠢᠪᠲᠤᠯᠤᠯᠲᠠ ᠬᠢᠬᠦ ᠵᠢ ᠴᠢᠷᠮᠠᠢ᠌ᠨ ᠪᠡᠶᠡᠯᠡᠭᠦᠯᠵᠦ᠂ ᠪᠦᠬᠦᠯᠢ ᠴᠣᠭᠴᠠ᠎ᠪᠠᠷ ᠠᠬᠢᠭᠤᠯᠬᠤ ᠵᠢ ᠳᠠᠢ᠌ᠴᠢᠯᠠᠬᠤ ᠬᠡᠷᠡᠭᠲᠡᠢ᠃ ᠦᠨᠡᠨ ᠪᠣᠳᠠᠲᠠᠢ ᠵᠢ ᠡᠷᠬᠢᠮᠯᠡᠵᠦ᠂ 《ᠲᠣᠭ᠋ᠠᠴᠢᠯᠠᠭᠰᠠᠨ ᠣᠷᠴᠢᠨ ᠲᠣᠭᠣᠷᠢᠨ᠎ᠤ ᠬᠠᠮᠠᠭ᠋ᠠᠯᠠᠯᠲᠠ》᠂ 《ᠤᠷᠢᠶᠠᠯᠠᠭ᠎ᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ》 《ᠳᠦᠷᠢ ᠲᠥᠷᠬᠦ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ》 ᠵᠢ ᠡᠷᠡᠰ ᠬᠣᠷᠢᠭᠯᠠᠨ᠂ ᠠᠮᠢ ᠠᠬᠤᠢ ᠵᠢᠨ ᠣᠷᠴᠢᠨ ᠲᠣᠭᠣᠷᠢᠨ᠎ᠤ ᠶᠠᠰᠤ ᠴᠢᠨᠠᠷ᠎ᠤᠨ 《ᠬᠣᠯᠢᠴᠠ ᠦᠭᠡᠢ》 ᠰᠠᠢ᠌ᠵᠢᠷᠠᠭᠤᠯᠤᠯᠲᠠ ᠵᠢ ᠪᠡᠶᠡᠯᠡᠭᠦᠯᠬᠦ ᠵᠢ ᠪᠠᠲᠤᠯᠠᠵᠤ᠂ ᠰᠢᠪᠲᠤᠯᠤᠯᠲᠠ ᠵᠢᠨ ᠳᠠᠢ᠌ᠯᠠᠯᠳᠤᠭ᠋ᠠᠨ᠎ᠤ ᠪᠣᠳᠠᠲᠤ ᠦᠷ᠎ᠡ ᠪᠦᠲᠦᠮᠵᠢ ᠵᠢᠨ ᠲᠡᠦᠬᠡ ᠪᠠ ᠴᠠᠭ ᠬᠤᠭᠤᠴᠠᠭ᠋ᠠᠨ᠎ᠤ ᠰᠢᠯᠭ᠋ᠠᠯᠲᠠ ᠵᠢ ᠳᠠᠭ᠋ᠠᠭ᠋ᠠᠵᠤ ᠴᠢᠳᠠᠬᠤ ᠵᠢ ᠪᠠᠲᠤᠯᠠᠬᠤ ᠬᠡᠷᠡᠭᠲᠡᠢ᠃
ᠯᠢ ᠭᠠᠨ ᠵᠢᠶᠧ ᠵᠢᠭ᠋ᠠᠬᠤ᠎ᠳᠤ᠎ᠪᠠᠨ᠂ 2019 ᠣᠨ ᠪᠣᠯ ᠰᠢᠨ᠎ᠡ ᠳᠤᠮᠳᠠᠳᠤ ᠤᠯᠤᠰ ᠪᠠᠢ᠌ᠭᠤᠯᠤᠭᠳᠠᠭᠰᠠᠨ 70 ᠵᠢᠯ᠎ᠤᠨ ᠣᠢ ᠪᠠ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠰᠠᠢ᠌ᠲᠤᠷ ᠬᠢᠵᠦ᠂ ᠴᠢᠨᠡᠭᠡᠯᠢᠭ ᠨᠡᠢ᠌ᠭᠡᠮ᠎ᠢ ᠪᠦᠬᠦ ᠲᠠᠯ᠎ᠠ᠎ᠪᠠᠷ ᠪᠠᠢ᠌ᠭᠤᠯᠤᠨ ᠪᠦᠲᠦᠭᠡᠬᠦ ᠰᠢᠢ᠍ᠳᠪᠦᠷᠢᠲᠦ ᠢᠯᠠᠯᠲᠠ ᠵᠢ ᠣᠯᠬᠤ ᠵᠠᠩᠭᠢᠯᠠᠭ᠎ᠠ ᠵᠢᠨ ᠨᠢᠭᠡ ᠵᠢᠯ ᠪᠠᠢ᠌ᠵᠤ᠂ ᠳᠣᠣᠷᠠᠬᠢ ᠠᠷᠪᠠᠨ ᠬᠣᠶᠠᠷ ᠲᠠᠯ᠎ᠠ ᠵᠢᠨ ᠭᠣᠣᠯᠳᠠᠯᠭ᠎ᠠ᠎ᠲᠠᠢ ᠠᠵᠢᠯ᠎ᠢ ᠬᠦᠴᠦᠯᠡᠨ ᠰᠠᠢ᠌ᠲᠤᠷ ᠬᠢᠬᠦ ᠵᠢ ᠱᠠᠭ᠋ᠠᠷᠳᠠᠵᠤ ᠪᠠᠢ᠌ᠨ᠎ᠠ ᠭᠡᠵᠡᠢ᠃
ᠨᠢᠭᠡ᠎ᠳᠤ᠂ ᠠᠵᠤ ᠠᠬᠤᠢ ᠵᠢᠨ ᠴᠢᠨᠠᠷᠯᠢᠭ ᠬᠥᠭᠵᠢᠯᠲᠡ ᠵᠢ ᠢᠳᠡᠪᠬᠢᠲᠡᠢ ᠠᠬᠢᠭᠤᠯᠬᠤ ᠬᠡᠷᠡᠭᠲᠡᠢ᠃ 《ᠴᠢᠨᠠᠷᠯᠢᠭ ᠬᠥᠭᠵᠢᠯᠲᠡ ᠵᠢ ᠠᠬᠢᠭᠤᠯᠬᠤ ᠲᠤᠬᠠᠢ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠰᠠᠨᠠᠯ》᠎ᠢ ᠨᠠᠢ᠌ᠳᠠᠪᠤᠷᠢᠵᠢᠭᠤᠯᠤᠨ᠂ ᠪᠡᠭᠡᠵᠢᠩ ᠲᠢᠶᠠᠨᠵᠢᠨ ᠾᠧᠪᠧᠢ ᠵᠢᠨ ᠵᠣᠬᠢᠴᠠᠩᠭᠤᠢ ᠬᠥᠭᠵᠢᠯᠲᠡ᠂ ᠬᠥᠬᠡ ᠮᠥᠷᠡᠨ᠎ᠤ ᠠᠵᠤ ᠠᠬᠤᠢ ᠵᠢᠨ ᠪᠦᠰᠡ᠂ ᠭᠤᠸᠠᠩᠳᠦ᠋ᠩ ᠰᠢᠶᠠᠩᠭ᠋ᠠᠩ ᠣᠣᠮᠧᠨ ᠤ ᠶᠡᠬᠡ ᠪᠣᠯᠣᠩ᠎ᠤᠨ ᠣᠷᠣᠨ᠂ 《ᠨᠢᠭᠡ ᠪᠦᠰᠡ ᠨᠢᠭᠡ ᠵᠠᠮ》 ᠵᠡᠷᠭᠡ ᠤᠯᠤᠰ᠎ᠤᠨ ᠴᠢᠬᠤᠯᠠ ᠶᠡᠬᠡ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠬᠦ ᠵᠢ ᠳᠡᠮᠵᠢᠬᠦ ᠪᠠ ᠲᠡᠭᠦᠨ᠎ᠳᠤ ᠦᠢ᠍ᠯᠡᠴᠢᠯᠡᠨ᠎ᠡ᠃ ᠪᠦᠬᠦ ᠤᠯᠤᠰ᠎ᠤᠨ 《ᠭᠤᠷᠪᠠᠨ ᠱᠤᠭᠤᠮ ᠨᠢᠭᠡ ᠬᠠᠭᠤᠳᠠᠰᠤ》 ᠵᠢ ᠨᠠᠢ᠌ᠷᠠᠭᠤᠯᠤᠨ ᠵᠣᠬᠢᠶᠠᠬᠤ ᠵᠢ ᠦᠷᠭᠦᠯᠵᠢᠯᠡᠨ ᠠᠬᠢᠭᠤᠯᠵᠤ᠂ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠵᠢ ᠲᠥᠯᠥᠪᠵᠢᠭᠦᠯᠬᠦ ᠵᠢ ᠭᠦᠨᠵᠡᠭᠡᠢ᠌ᠷᠡᠭᠦᠯᠦᠨ᠂ ᠴᠢᠬᠤᠯᠠ ᠶᠠᠬᠡ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠳᠤ ᠦᠨᠡᠯᠡᠯᠲᠡ ᠬᠢᠬᠦ ᠵᠢ ᠠᠬᠢᠭᠤᠯᠤᠨ᠎ᠠ᠃ ᠬᠦᠨᠳᠦ ᠪᠣᠬᠢᠷᠲᠤᠯ᠎ᠲᠠᠢ ᠠᠵᠢᠯ ᠲᠥᠷᠥᠯ᠎ᠤᠨ ᠪᠠᠷᠢᠮᠵᠢᠶ᠎ᠠ ᠶᠣᠰᠣᠭ᠋ᠠᠷ ᠪᠣᠬᠢᠷᠲᠤᠯ ᠡᠳ᠋ ᠭᠠᠳᠠᠭᠰᠢᠯᠠᠭᠤᠯᠬᠤ ᠥᠭᠡᠷᠡᠴᠢᠯᠡᠯᠲᠡ ᠵᠢ ᠬᠡᠷᠡᠭᠵᠢᠭᠦᠯᠦᠨ᠎ᠡ᠃ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠤ ᠦᠢ᠍ᠯᠡᠰ᠎ᠢ ᠶᠡᠬᠡ ᠬᠦᠴᠦᠨ ᠵᠶ᠋ᠡᠷ ᠬᠥᠭᠵᠢᠭᠦᠯᠦᠨ᠎ᠡ᠃ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠤᠨ ᠪᠣᠬᠢᠷᠲᠤᠯ ᠦᠭᠡᠢ ᠬᠥᠭᠵᠢᠯᠲᠡ ᠵᠢ ᠳᠡᠮᠵᠢᠬᠦ ᠣᠷᠴᠢᠨ ᠲᠣᠭᠣᠷᠢᠨ᠎ᠤ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠣᠭᠲᠠᠭ᠋ᠠᠨ ᠬᠡᠷᠡᠭᠵᠢᠭᠦᠯᠦᠨ᠎ᠡ᠃ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ᠎ᠪᠠᠷ ᠶᠠᠳᠠᠭᠤ ᠵᠢ ᠲᠡᠳᠬᠦᠬᠦ ᠤᠷᠲᠤ ᠬᠤᠭᠤᠴᠠᠭ᠋ᠠᠨ᠎ᠤ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠦᠨ᠎ᠡ᠃
ᠬᠣᠶᠠᠷ᠎ᠲᠤ᠂ ᠴᠢᠬᠤᠯᠠ ᠶᠡᠬᠡ ᠪᠠᠢ᠌ᠯᠳᠤᠬᠤ ᠪᠣᠳᠣᠯᠭ᠎ᠠ ᠵᠢᠨ ᠲᠥᠯᠥᠪᠵᠢᠭᠦᠯᠭᠡ ᠵᠢᠨ ᠲᠥᠷᠥ ᠵᠢᠨ ᠪᠣᠳᠣᠯᠭ᠎ᠠ ᠵᠢ ᠰᠤᠳᠤᠯᠤᠨ ᠲᠣᠭᠲᠠᠭ᠋ᠠᠬᠤ ᠵᠢ ᠴᠢᠩᠭ᠋ᠠᠳᠬᠠᠬᠤ ᠬᠡᠷᠡᠭᠲᠡᠢ᠃ 《14 · 5》 ᠵᠢᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠥᠯᠥᠪᠵᠢᠭᠦᠯᠭᠡ ᠪᠠ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠠᠢ᠌ᠯᠳᠤᠬᠤ ᠪᠣᠳᠣᠯᠭ᠎ᠠ ᠲᠡᠢ᠌ᠰᠢ ᠤᠷᠤᠭᠰᠢᠯᠠᠬᠤ ᠵᠡᠷᠭᠡ ᠤᠷᠢᠲᠤᠴᠢ ᠴᠢᠨᠠᠷᠲᠠᠢ ᠰᠤᠳᠤᠯᠤᠯᠲᠠ ᠵᠢ ᠠᠬᠢᠭᠤᠯᠤᠨ᠎ᠠ᠃ ᠠᠮᠢ ᠠᠬᠤᠢ ᠵᠢᠨ ᠣᠷᠴᠢᠨ ᠲᠣᠭᠣᠷᠢᠨ᠎ᠤ ᠪᠠᠢ᠌ᠳᠠᠯ᠎ᠤᠨ ᠵᠠᠳᠠᠯᠤᠯᠲᠠ ᠪᠠ ᠲᠥᠯᠥᠪᠯᠡᠭᠡ ᠵᠢᠨ ᠲᠣᠬᠢᠷᠠᠭᠤᠯᠤᠯᠲᠠ ᠵᠢ ᠭᠦᠨᠵᠡᠭᠡᠢ᠌ᠷᠡᠭᠦᠯᠦᠨ᠎ᠡ᠃ ᠪᠣᠬᠢᠷᠲᠤᠯ ᠦᠭᠡᠢ ᠭᠠᠢ᠌ᠯᠢ ᠲᠠᠲᠠᠪᠤᠷᠢ᠂ ᠪᠣᠬᠢᠷᠲᠤᠯ ᠦᠭᠡᠢ ᠢᠲᠡᠭᠡᠮᠵᠢᠲᠦ ᠵᠢᠭᠡᠯᠡᠯᠭᠡ᠂ ᠪᠣᠬᠢᠷᠲᠤᠯ ᠦᠭᠡᠢ ᠮᠥᠩᠭᠥᠨ ᠭᠦᠢ᠍ᠯᠭᠡᠭᠡ ᠵᠡᠷᠭᠡ ᠲᠥᠷᠥ ᠵᠢᠨ ᠪᠣᠳᠣᠯᠭ᠎ᠠ ᠵᠢᠨ ᠰᠤᠳᠤᠯᠤᠯᠲᠠ ᠵᠢ ᠴᠢᠩᠭ᠋ᠠᠳᠬᠠᠨ᠎ᠠ᠃ ᠠᠮᠢ ᠠᠬᠤᠢ ᠵᠢᠨ ᠨᠥᠬᠥᠪᠦᠷᠢ᠂ ᠵᠠᠰᠠᠭ ᠵᠠᠬᠢᠷᠭ᠋ᠠᠨ᠎ᠤ ᠲᠣᠰᠬᠤᠨ᠎ᠤ ᠣᠷᠴᠢᠨ ᠲᠣᠭᠣᠷᠢᠨ᠎ᠤ ᠴᠡᠭᠴᠡᠯᠡᠨ ᠵᠠᠰᠠᠯᠲᠠ ᠵᠡᠷᠭᠡ ᠴᠢᠬᠤᠯᠠ ᠶᠡᠬᠡ ᠲᠥᠷᠥ ᠵᠢᠨ ᠪᠣᠳᠣᠯᠭ᠎ᠠ ᠪᠠ ᠳᠤᠲᠠᠭᠤᠳᠠᠯ᠎ᠢ ᠨᠥᠬᠥᠪᠦᠷᠢᠯᠡᠬᠦ ᠵᠠᠩᠭᠢᠯᠠᠭ᠎ᠠ ᠵᠢᠨ ᠠᠰᠠᠭᠤᠳᠠᠯ᠎ᠢ ᠠᠷᠭ᠋ᠠᠴᠠᠭ᠋ᠠᠬᠤ ᠪᠣᠳᠣᠯᠭ᠎ᠠ ᠵᠢᠨ ᠰᠤᠳᠤᠯᠤᠯᠲᠠ ᠵᠢ ᠴᠢᠩᠭ᠋ᠠᠳᠬᠠᠨ᠎ᠠ᠃
ᠭᠤᠷᠪᠠ᠎ᠳᠤ᠂ ᠬᠥᠬᠡ ᠣᠭᠲᠠᠷᠭᠤᠢ ᠵᠢ ᠬᠠᠮᠠᠭ᠋ᠠᠯᠠᠬᠤ ᠳᠠᠢ᠌ᠯᠠᠯᠳᠤᠭ᠋ᠠᠨ᠎ᠳᠤ ᠡᠷᠡᠰ ᠰᠢᠭᠤᠷᠬᠠᠢ᠎ᠪᠠᠷ ᠢᠯᠠᠯᠲᠠ ᠣᠯᠬᠤ ᠬᠡᠷᠡᠭᠲᠡᠢ᠃ 《ᠬᠥᠬᠡ ᠣᠭᠲᠠᠷᠭᠤᠢ ᠵᠢ ᠬᠠᠮᠠᠭ᠋ᠠᠯᠠᠬᠤ ᠳᠠᠢ᠌ᠯᠠᠯᠳᠤᠭ᠋ᠠᠨ᠎ᠳᠤ ᠢᠯᠠᠯᠲᠠ ᠣᠯᠬᠤ ᠭᠤᠷᠪᠠᠨ ᠵᠢᠯ᠎ᠤᠨ ᠠᠵᠢᠯᠯᠠᠭ᠎ᠠ ᠵᠢᠨ ᠲᠥᠯᠥᠪᠯᠡᠭᠡ》 ᠵᠢ ᠬᠢᠨᠠᠮᠠᠭ᠋ᠠᠢ ᠨᠠᠢ᠌ᠳᠠᠪᠤᠷᠢᠵᠢᠭᠤᠯᠤᠨ᠎ᠠ᠃ ᠣᠷᠣᠨ ᠪᠦᠰᠡ ᠵᠢᠨ ᠬᠣᠯᠪᠣᠭ᠋ᠠᠯᠠᠨ ᠰᠡᠷᠭᠡᠢ᠌ᠯᠡᠵᠦ ᠬᠣᠯᠪᠣᠭ᠋ᠠᠯᠠᠨ ᠡᠵᠡᠮᠳᠡᠬᠦ ᠵᠢ ᠴᠢᠩᠭ᠋ᠠᠷᠠᠭᠤᠯᠤᠨ᠂ ᠭᠣᠣᠯᠳᠠᠯᠭ᠎ᠠ᠎ᠲᠠᠢ ᠣᠷᠣᠨ ᠪᠦᠰᠡ ᠵᠢᠨ ᠨᠠᠮᠤᠷ ᠡᠪᠦᠯ᠎ᠤᠨ ᠤᠯᠠᠷᠢᠯ᠎ᠤᠨ ᠰᠢᠪᠲᠤᠯᠤᠯᠲᠠ ᠵᠢᠨ ᠠᠵᠢᠯᠯᠠᠭ᠎ᠠ ᠵᠢ ᠦᠷᠭᠦᠯᠵᠢᠯᠡᠨ ᠬᠡᠷᠡᠭᠵᠢᠭᠦᠯᠦᠨ᠎ᠡ᠃ ᠲᠠᠷᠠᠬᠠᠢ ᠪᠤᠲᠠᠷᠬᠠᠢ ᠨᠡᠭᠦᠷᠡᠰᠦ᠎ᠳᠤ ᠵᠠᠰᠠᠯᠲᠠ ᠬᠢᠬᠦ ᠵᠢ ᠢᠳᠡᠪᠬᠢᠲᠡᠢ ᠪᠥᠭᠡᠳ ᠲᠣᠭᠲᠠᠭᠤᠨ ᠵᠶ᠋ᠠᠷ ᠠᠬᠢᠭᠤᠯᠤᠨ᠂ ᠪᠣᠯᠣᠳ ᠲᠡᠮᠦᠷ ᠵᠡᠷᠭᠡ ᠠᠵᠢᠯ ᠲᠥᠷᠥᠯ᠎ᠤᠨ ᠬᠡᠳᠦ ᠳᠣᠣᠷ᠎ᠠ ᠬᠡᠮᠵᠢᠶ᠎ᠡ᠎ᠪᠠᠷ ᠪᠣᠬᠢᠷᠲᠤᠯ ᠡᠳ᠋ ᠭᠠᠳᠠᠭᠰᠢᠯᠠᠭᠤᠯᠬᠤ ᠥᠭᠡᠷᠡᠴᠢᠯᠡᠯᠲᠡ᠂ 《ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ ᠪᠣᠬᠢᠷᠲᠤᠯ᠎ᠲᠠᠢ》 ᠠᠵᠤ ᠠᠬᠤᠢ᠌ᠯᠠᠯ ᠵᠢᠴᠢ ᠪᠦᠯᠦᠭᠵᠢᠯ᠎ᠤᠨ ᠶᠡᠷᠦᠩᠬᠡᠢ᠌ᠯᠡᠭᠰᠡᠨ ᠴᠡᠭᠴᠡᠯᠡᠨ ᠵᠠᠰᠠᠯᠲᠠ᠂ ᠠᠵᠤ ᠦᠢ᠍ᠯᠡᠳᠪᠦᠷᠢ ᠵᠢᠨ ᠵᠤᠤᠬ᠎ᠠ ᠵᠢᠨ ᠶᠡᠷᠦᠩᠬᠡᠢ᠌ᠯᠡᠭᠰᠡᠨ ᠴᠡᠭᠴᠡᠯᠡᠨ ᠵᠠᠰᠠᠯᠲᠠ᠂ ᠭᠣᠣᠯᠳᠠᠯᠭ᠎ᠠ᠎ᠲᠠᠢ ᠠᠵᠢᠯ ᠲᠥᠷᠥᠯ᠎ᠤᠨ ᠠᠭᠤᠷᠰᠢᠯ᠎ᠤᠨ ᠴᠢᠨᠠᠷᠲᠠᠢ ᠣᠷᠭ᠋ᠠᠨᠢᠭ ᠪᠣᠳᠠᠰ᠎ᠤᠨ ᠪᠣᠬᠢᠷᠲᠤᠯ᠎ᠤᠨ ᠵᠠᠰᠠᠯᠲᠠ ᠵᠢ ᠭᠦᠨᠵᠡᠭᠡᠢ ᠠᠬᠢᠭᠤᠯᠤᠨ᠎ᠠ᠃ 《ᠴᠠᠢ᠌ᠶᠢᠦ ᠲᠣᠰᠣᠨ᠎ᠤ ᠪᠠᠷᠠᠭ᠋ᠠᠨ᠎ᠤ ᠲᠡᠷᠭᠡ ᠵᠢᠨ ᠪᠣᠬᠢᠷᠲᠤᠯ᠎ᠳᠤ ᠵᠠᠰᠠᠯᠲᠠ ᠬᠢᠬᠦ ᠰᠢᠪᠲᠤᠯᠤᠯᠲᠠ ᠵᠢᠨ ᠳᠠᠢ᠌ᠯᠠᠯᠳᠤᠭ᠋ᠠᠨ᠎ᠤ ᠠᠵᠢᠯᠯᠠᠭ᠎ᠠ ᠵᠢᠨ ᠲᠥᠯᠥᠪᠯᠡᠭᠡ》 ᠵᠢ ᠬᠡᠷᠡᠭᠵᠢᠭᠦᠯᠦᠨ᠎ᠡ᠃ ᠬᠦᠨᠳᠦ ᠪᠣᠬᠢᠷᠲᠤᠯ᠎ᠲᠠᠢ ᠴᠠᠭ ᠠᠭ᠋ᠠᠷ᠎ᠢ ᠪᠦᠲᠦᠮᠵᠢᠲᠡᠢ ᠠᠷᠭ᠋ᠠᠴᠠᠭ᠋ᠠᠨ᠎ᠠ᠃ ᠠᠽᠣᠲ᠎ᠤᠨ ᠳᠠᠪᠬᠤᠷᠭ᠎ᠠ ᠵᠢ ᠬᠣᠷᠣᠭᠳᠠᠭᠤᠯᠬᠤ ᠡᠳ᠋ ᠪᠣᠳᠠᠰ᠎ᠢ ᠲᠠᠶᠠᠭᠳᠠᠭᠤᠯᠤᠨ ᠬᠠᠮᠢᠶᠠᠷᠬᠤ ᠵᠢ ᠰᠠᠢ᠌ᠲᠤᠷ ᠬᠢᠨ᠎ᠡ᠃
ᠳᠥᠷᠪᠡ᠎ᠳᠤ᠂ ᠨᠣᠮᠢᠨ ᠤᠰᠤ ᠵᠢ ᠬᠠᠮᠠᠭ᠋ᠠᠯᠠᠬᠤ ᠳᠠᠢ᠌ᠯᠠᠯᠳᠤᠭ᠋ᠠᠨ᠎ᠢ ᠪᠦᠬᠦ ᠬᠦᠴᠦᠨ ᠵᠶ᠋ᠡᠷ ᠰᠠᠢ᠌ᠲᠤᠷ ᠬᠢᠬᠦ ᠬᠡᠷᠡᠭᠲᠡᠢ᠃ ᠬᠥᠬᠡ ᠮᠥᠷᠡᠨ᠎ᠢ ᠬᠠᠮᠠᠭ᠋ᠠᠯᠠᠬᠤ ᠪᠠ ᠵᠠᠰᠠᠨ ᠰᠡᠷᠭᠦᠭᠡᠬᠦ᠂ ᠬᠣᠲᠠ ᠵᠢᠨ ᠬᠠᠷ᠎ᠠ ᠦᠮᠡᠬᠡᠢ ᠤᠰᠤᠨ ᠴᠣᠭᠴᠠ᠎ᠳᠤ ᠵᠠᠰᠠᠯᠲᠠ ᠬᠢᠬᠦ᠂ ᠪᠦᠧᠧᠬᠠᠢ ᠲᠠᠩᠭᠢᠰ᠎ᠲᠤ ᠶᠡᠷᠦᠩᠬᠡᠢ᠌ᠯᠡᠨ ᠵᠠᠰᠠᠯᠲᠠ ᠬᠢᠬᠦ᠂ ᠲᠠᠷᠢᠶᠠᠯᠠᠩ ᠬᠥᠳᠡᠭᠡ ᠲᠣᠰᠬᠤᠨ᠎ᠤ ᠪᠣᠬᠢᠷᠲᠤᠯ᠎ᠳᠤ ᠵᠠᠰᠠᠯᠲᠠ ᠬᠢᠬᠦ ᠵᠡᠷᠭᠡ ᠰᠢᠪᠲᠤᠯᠤᠯᠲᠠ ᠵᠢᠨ ᠳᠠᠢ᠌ᠯᠠᠯᠳᠤᠭ᠋ᠠᠨ᠎ᠤ ᠠᠵᠢᠯᠯᠠᠭ᠎ᠠ ᠵᠢᠨ ᠲᠥᠯᠥᠪᠯᠡᠭᠡ ᠪᠤᠶᠤ ᠬᠡᠷᠡᠭᠵᠢᠭᠦᠯᠬᠦ ᠲᠥᠰᠥᠯ᠎ᠢ ᠪᠦᠬᠦ ᠲᠠᠯ᠎ᠠ᠎ᠪᠠᠷ ᠬᠡᠷᠡᠭᠵᠢᠭᠦᠯᠦᠨ᠎ᠡ᠃ 《ᠮᠢᠩᠭ᠋ᠠᠨ ᠲᠣᠨ ᠲᠦᠮᠡᠨ ᠬᠥᠮᠥᠨ》 (ᠡᠳᠦᠷ᠎ᠲᠤ ᠮᠢᠩᠭ᠋ᠠᠨ ᠲᠣᠨ ᠤᠰᠤ ᠬᠠᠩᠭ᠋ᠠᠬᠤ ᠪᠤᠶᠤ ᠲᠦᠮᠡᠨ ᠬᠥᠮᠥᠨ᠎ᠳᠤ ᠦᠢ᠍ᠯᠡᠴᠢᠯᠡᠨ᠎ᠡ)᠎ᠠᠴᠠ ᠳᠡᠭᠡᠭᠰᠢᠬᠢ ᠬᠥᠳᠡᠭᠡ ᠲᠣᠰᠬᠤᠨ᠎ᠤ ᠤᠤᠭᠤᠬᠤ ᠤᠰᠤᠨ᠎ᠤ ᠤᠰᠤᠨ ᠰᠤᠷᠪᠤᠯᠵᠢ᠎ᠳᠤ ᠪᠠᠢ᠌ᠴᠠᠭ᠋ᠠᠯᠲᠠ ᠦᠨᠡᠯᠡᠯᠲᠡ ᠬᠢᠬᠦ ᠪᠠ ᠬᠠᠮᠠᠭ᠋ᠠᠯᠠᠬᠤ ᠵᠢ ᠥᠷᠨᠢᠭᠦᠯᠦᠨ᠎ᠡ᠃ ᠵᠠᠰᠠᠯᠲᠠ ᠬᠢᠬᠦ ᠬᠠᠷᠠᠯᠲᠠ ᠵᠢ ᠪᠡᠶᠡᠯᠡᠭᠦᠯᠦᠭᠡ ᠦᠭᠡᠢ ᠭᠣᠣᠯᠳᠠᠯᠭ᠎ᠠ᠎ᠲᠠᠢ ᠬᠣᠲᠠ ᠵᠢᠴᠢ ᠬᠥᠬᠡ ᠮᠥᠷᠡᠨ᠎ᠤ ᠠᠵᠤ ᠠᠬᠤᠢ ᠵᠢᠨ ᠪᠦᠰᠡ ᠵᠢᠨ ᠲᠤᠰᠬᠠᠢ ᠣᠷᠣᠨ᠎ᠤ ᠳᠡᠰ᠎ᠠᠴᠠ ᠳᠡᠭᠡᠭᠰᠢᠬᠢ ᠬᠣᠲᠠ ᠵᠢᠨ ᠬᠠᠷ᠎ᠠ ᠦᠮᠡᠬᠡᠢ ᠤᠰᠤᠨ ᠴᠣᠭᠴᠠ ᠵᠢ ᠴᠡᠭᠴᠡᠯᠡᠨ ᠵᠠᠰᠠᠬᠤ ᠵᠢ ᠭᠣᠣᠯᠳᠠᠯᠭ᠎ᠠ᠎ᠲᠠᠢ ᠠᠬᠢᠭᠤᠯᠤᠨ᠎ᠠ᠃ 2.5 ᠲᠦᠮᠡᠨ ᠪᠠᠢ᠌ᠭᠤᠯᠤᠮᠵᠢᠲᠤ ᠲᠣᠰᠬᠤᠨ᠎ᠤ ᠣᠷᠴᠢᠨ ᠲᠣᠭᠣᠷᠢᠨ᠎ᠢ ᠶᠡᠷᠦᠩᠬᠡᠢ᠌ᠯᠡᠵᠦ ᠴᠡᠭᠴᠡᠯᠡᠨ ᠵᠠᠰᠠᠬᠤ ᠡᠭᠦᠷᠭᠡ ᠵᠢ ᠪᠡᠶᠡᠯᠡᠭᠦᠯᠦᠨ᠎ᠡ᠃
ᠲᠠᠪᠤ᠎ᠳᠤ᠂ ᠠᠷᠢᠭᠤᠨ ᠬᠥᠷᠥᠰᠥ ᠵᠢ ᠬᠠᠮᠠᠭ᠋ᠠᠯᠠᠬᠤ ᠳᠠᠢ᠌ᠯᠠᠯᠳᠤᠭ᠋ᠠᠨ᠎ᠢ ᠯᠠᠪᠳᠠᠭᠤᠨ ᠪᠠᠲᠤᠲᠠᠢ᠎ᠪᠠᠷ ᠠᠬᠢᠭᠤᠯᠬᠤ ᠬᠡᠷᠡᠭᠲᠡᠢ᠃ ᠬᠥᠷᠥᠰᠥ ᠰᠢᠷᠣᠢ ᠵᠢᠨ ᠪᠣᠬᠢᠷᠲᠤᠯ᠎ᠢ ᠰᠡᠷᠭᠡᠢ᠌ᠯᠡᠨ ᠵᠠᠰᠠᠬᠤ ᠬᠠᠤᠯᠢ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠤᠨ᠎ᠠ᠃ ᠲᠠᠷᠢᠶᠠᠯᠠᠩ᠎ᠳᠤ ᠬᠡᠷᠡᠭᠯᠡᠬᠦ ᠭᠠᠵᠠᠷ᠎ᠲᠤ ᠨᠠᠷᠢᠨ ᠪᠠᠢ᠌ᠴᠠᠭ᠋ᠠᠯᠲᠠ ᠬᠢᠭᠰᠡᠨ ᠦᠷ᠎ᠡ ᠪᠦᠲᠦᠭᠡᠯ᠎ᠢ ᠨᠡᠢ᠌ᠯᠡᠭᠦᠯᠬᠦ ᠵᠢ ᠬᠢᠨᠠᠮᠠᠭ᠋ᠠᠢ᠎ᠪᠠᠷ ᠰᠠᠢ᠌ᠲᠤᠷ ᠬᠢᠵᠦ᠂ ᠠᠵᠤ ᠠᠬᠤᠢ᠌ᠯᠠᠯ᠎ᠤᠨ ᠬᠡᠷᠡᠭᠯᠡᠬᠦ ᠭᠠᠵᠠᠷ᠎ᠤᠨ ᠪᠠᠢ᠌ᠴᠠᠭ᠋ᠠᠯᠲᠠ ᠵᠢ ᠢᠳᠡᠪᠬᠢᠲᠡᠢ ᠪᠥᠭᠡᠳ ᠲᠣᠭᠲᠠᠭᠤᠨ ᠵᠶ᠋ᠠᠷ ᠠᠬᠢᠭᠤᠯᠤᠨ᠎ᠠ᠃ ᠬᠦᠨᠳᠦ ᠲᠡᠮᠦᠷᠯᠢᠭ᠎ᠤᠨ ᠠᠵᠢᠯ ᠲᠥᠷᠥᠯ᠎ᠤᠨ ᠠᠵᠤ ᠠᠬᠤᠢ᠌ᠯᠠᠯ᠎ᠢ ᠢᠯᠭ᠋ᠠᠨ ᠪᠠᠢ᠌ᠴᠠᠭ᠋ᠠᠵᠤ ᠴᠡᠭᠴᠡᠯᠡᠨ ᠵᠠᠰᠠᠬᠤ ᠵᠢ ᠭᠦᠨᠵᠡᠭᠡᠢ ᠠᠬᠢᠭᠤᠯᠵᠤ᠂ ᠬᠥᠷᠥᠰᠥ ᠰᠢᠷᠣᠢ ᠵᠢᠨ ᠪᠣᠬᠢᠷᠲᠤᠯ᠎ᠤᠨ ᠶᠡᠷᠦᠩᠬᠡᠢ᠌ᠯᠡᠭᠰᠡᠨ ᠰᠡᠷᠭᠡᠢ᠌ᠯᠡᠯᠲᠡ ᠵᠠᠰᠠᠯᠲᠠ ᠵᠢ ᠤᠷᠢᠳ ᠵᠶ᠋ᠠᠷ ᠬᠡᠷᠡᠭᠵᠢᠭᠦᠯᠬᠦ ᠣᠷᠣᠨ᠎ᠤ ᠪᠠᠢ᠌ᠭᠤᠯᠤᠯᠲᠠ ᠪᠠ ᠲᠤᠷᠰᠢᠯᠲᠠ ᠵᠢᠨ ᠴᠡᠭ᠎ᠢ ᠠᠬᠢᠭᠤᠯᠤᠨ᠎ᠠ᠃ ᠭᠠᠵᠠᠷ ᠳᠣᠣᠷᠠᠬᠢ ᠤᠰᠤᠨ᠎ᠤ ᠪᠣᠬᠢᠷᠲᠤᠯ᠎ᠤᠨ ᠰᠡᠷᠭᠡᠢ᠌ᠯᠡᠯᠲᠡ ᠵᠠᠰᠠᠯᠲᠠ ᠵᠢᠨ ᠬᠡᠷᠡᠭᠵᠢᠭᠦᠯᠬᠦ ᠲᠥᠰᠥᠯ᠎ᠢ ᠲᠣᠭᠲᠠᠭ᠋ᠠᠨ᠎ᠠ᠃ ᠬᠠᠲᠠᠭᠤ ᠪᠡᠶᠡᠲᠦ ᠬᠠᠶᠠᠭᠳᠠᠮᠠᠯ ᠡᠳ᠋᠎ᠢ ᠣᠷᠣᠭᠤᠯᠬᠤ ᠬᠠᠮᠢᠶᠠᠷᠤᠯᠲᠠ ᠵᠢᠨ ᠳᠦᠷᠢᠮ᠎ᠤᠨ ᠥᠭᠡᠷᠡᠴᠢᠯᠡᠯᠲᠡᠢ ᠭᠦᠨᠵᠡᠭᠡᠢ᠌ᠷᠡᠭᠦᠯᠵᠦ᠂ ᠭᠠᠳᠠᠭ᠋ᠠᠳᠤ᠎ᠠᠴᠠ ᠣᠷᠣᠭᠤᠯᠬᠤ ᠬᠠᠲᠠᠭᠤ ᠪᠡᠶᠡᠲᠦ ᠬᠠᠶᠠᠭᠳᠠᠮᠠᠯ ᠡᠳ᠋᠎ᠤᠨ ᠲᠥᠷᠥᠯ ᠵᠦᠢ᠍ᠯ ᠪᠠ ᠲᠣᠭ᠎ᠠ ᠬᠡᠮᠵᠢᠶ᠎ᠡ ᠵᠢ ᠤᠯᠠᠮ ᠨᠢᠭᠡ ᠠᠯᠬᠤᠮ ᠬᠠᠰᠤᠨ ᠪᠠᠭ᠋ᠠᠰᠬᠠᠨ᠎ᠠ᠃ 《ᠬᠠᠶᠠᠭᠳᠠᠮᠠᠯ ᠦᠭᠡᠢ ᠬᠣᠲᠠ》 ᠵᠢ ᠪᠠᠢ᠌ᠭᠤᠯᠬᠤ ᠲᠤᠷᠰᠢᠯᠲᠠ ᠵᠢᠨ ᠴᠡᠭ ᠪᠠ ᠬᠠᠶᠠᠭᠳᠠᠮᠠᠯ ᠲᠤᠭᠤᠯᠭ᠋ᠠᠨ ᠳ᠋ᠢᠶᠠᠨ ᡂᠢ ᠵᠢᠨ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯᠯᠠᠭ᠎ᠠ ᠵᠢ ᠥᠷᠨᠢᠭᠦᠯᠦᠨ᠎ᠡ᠃ ᠣᠷᠣᠨ ᠨᠤᠲᠤᠭ᠎ᠤᠨ ᠠᠶᠤᠯᠲᠠᠢ ᠬᠠᠶᠠᠭᠳᠠᠮᠠᠯ ᠡᠳ᠋᠎ᠢ ᠲᠥᠪᠯᠡᠷᠡᠭᠦᠯᠦᠨ ᠰᠢᠢ᠍ᠳᠪᠦᠷᠢᠯᠡᠬᠦ ᠪᠡᠯᠡᠳᠬᠡᠮᠵᠢ ᠵᠢᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠤᠨ᠎ᠠ᠃
ᠵᠢᠷᠭᠤᠭ᠎ᠠ᠎ᠳᠤ᠂ ᠠᠮᠢ ᠠᠬᠤᠢ ᠵᠢ ᠬᠠᠮᠠᠭ᠋ᠠᠯᠠᠵᠤ ᠵᠠᠰᠠᠨ ᠰᠡᠷᠭᠦᠭᠡᠬᠦ ᠬᠢᠭᠡᠳ ᠬᠢᠨᠠᠨ ᠬᠠᠮᠢᠶᠠᠷᠬᠤ ᠵᠢ ᠴᠢᠩᠭ᠋ᠠᠳᠬᠠᠬᠤ ᠬᠡᠷᠡᠭᠲᠡᠢ᠃ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠵᠠᠭ᠋ᠠᠭ᠎ᠢ ᠬᠠᠢ᠌ᠵᠤ ᠪᠠᠷᠢᠮᠵᠢᠶ᠎ᠠ ᠵᠢ ᠲᠣᠭᠲᠠᠭ᠋ᠠᠬᠤ ᠵᠢ ᠪᠦᠬᠦ ᠲᠠᠯ᠎ᠠ᠎ᠪᠠᠷ ᠥᠷᠨᠢᠭᠦᠯᠵᠦ᠂ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠬᠢᠨᠠᠯᠲᠠ ᠬᠠᠮᠢᠶᠠᠷᠤᠯᠲᠠ ᠵᠢᠨ ᠲᠠᠪᠴᠠᠩ᠎ᠢ ᠪᠠᠢ᠌ᠭᠤᠯᠤᠨ᠎ᠠ᠃ ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠬᠥᠮᠥᠨ ᠲᠥᠷᠥᠯᠬᠢᠲᠡᠨ᠎ᠤ ᠠᠵᠢᠯᠯᠠᠭ᠎ᠠ ᠵᠢ ᠠᠯᠤᠰ ᠰᠡᠷᠡᠮᠵᠢ᠎ᠪᠠᠷ ᠬᠢᠨᠠᠨ ᠬᠡᠮᠵᠢᠬᠦ ᠪᠠ ᠲᠤᠬᠠᠢ ᠵᠢᠨ ᠭᠠᠵᠠᠷ᠎ᠲᠤ ᠰᠢᠯᠭ᠋ᠠᠨ ᠪᠠᠢ᠌ᠴᠠᠭ᠋ᠠᠬᠤ ᠵᠢ ᠥᠷᠨᠢᠭᠦᠯᠦᠨ᠎ᠡ᠃ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠴᠢᠬᠤᠯᠠ ᠶᠡᠬᠡ ᠢᠨᠵᠧᠨᠧᠷᠢᠩ᠎ᠢ ᠬᠡᠷᠡᠭᠵᠢᠭᠦᠯᠦᠨ᠂ 《ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠤᠨ ᠨᠡᠢ᠌ᠲᠡ ᠵᠢᠨ ᠭᠡᠷ᠎ᠡ》 ᠵᠢᠨ 15 ᠳ᠋ᠤᠭ᠋ᠠᠷ ᠤᠳᠠᠭ᠋ᠠᠨ᠎ᠤ ᠭᠡᠷ ᠪᠠᠢ᠌ᠭᠤᠯᠬᠤ ᠲᠠᠯ᠎ᠠ ᠵᠢᠨ᠎ᠬᠢᠨ᠎ᠤ ᠶᠡᠬᠡ ᠬᠤᠷᠠᠯ᠎ᠳᠤ ᠰᠠᠢ᠌ᠲᠤᠷ ᠪᠡᠯᠡᠳᠬᠡᠨ᠎ᠡ᠃ ᠭᠤᠷᠪᠠᠳᠤᠭ᠋ᠠᠷ ᠪᠦᠯᠦᠭ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠬᠣᠲᠠ ᠰᠢᠶᠠᠨ᠎ᠢ ᠡᠭᠦᠳᠦᠨ ᠪᠠᠢ᠌ᠭᠤᠯᠵᠤ᠂ 《ᠨᠣᠮᠢᠨ ᠤᠰᠤ ᠬᠥᠬᠡᠮᠳᠦᠭ ᠠᠭᠤᠯᠠ ᠪᠣᠯ ᠳᠠᠷᠤᠢ ᠠᠯᠲᠠ ᠮᠥᠩᠭᠥᠨ ᠠᠭᠤᠯᠠ ᠮᠥᠨ》 ᠭᠡᠬᠦ ᠦᠢ᠍ᠯᠡᠳᠦᠯᠭᠡᠵᠢᠭᠦᠯᠦᠨ ᠰᠢᠨ᠎ᠡ ᠵᠢ ᠡᠭᠦᠳᠬᠦ ᠰᠠᠭᠤᠷᠢᠨ ᠭᠠᠵᠠᠷ᠎ᠢ ᠰᠢᠯᠭ᠋ᠠᠷᠠᠭᠤᠯᠤᠨ ᠰᠣᠩᠭᠣᠬᠤ ᠠᠵᠢᠯᠯᠠᠭ᠎ᠠ ᠵᠢ ᠡᠬᠢᠯᠡᠭᠦᠯᠦᠨ᠎ᠡ᠃
ᠳᠣᠯᠣᠭ᠎ᠠ᠎ᠳᠤ᠂ ᠠᠭᠤᠷ ᠠᠮᠢᠰᠬᠤᠯ᠎ᠤᠨ ᠬᠤᠪᠢᠷᠠᠯᠲᠠ ᠵᠢ ᠢᠳᠡᠪᠬᠢᠲᠡᠢ᠎ᠪᠠᠷ ᠠᠷᠭ᠋ᠠᠴᠠᠭ᠋ᠠᠬᠤ ᠬᠡᠷᠡᠭᠲᠡᠢ᠃ 《 〈13 · 5〉 ᠵᠢᠨ ᠳᠤᠯᠠᠭ᠋ᠠᠮᠵᠢ ᠵᠢᠨ ᠬᠡᠢ ᠪᠡᠶᠡᠲᠦ ᠭᠠᠳᠠᠭᠰᠢᠯᠠᠭᠤᠯᠬᠤ ᠵᠢ ᠬᠢᠵᠠᠭ᠋ᠠᠷᠯᠠᠬᠤ ᠠᠵᠢᠯ᠎ᠤᠨ ᠲᠥᠰᠥᠯ》᠎ᠢ ᠰᠠᠢ᠌ᠲᠤᠷ ᠨᠠᠢ᠌ᠳᠠᠪᠤᠷᠢᠵᠢᠭᠤᠯᠤᠨ᠂ ᠪᠦᠬᠦ ᠤᠯᠤᠰ᠎ᠤᠨ ᠨᠡᠭᠦᠷᠡᠰᠦᠨ᠎ᠤ ᠵᠠᠬ᠎ᠠ ᠳᠡᠯᠭᠡᠭᠦᠷ᠎ᠤᠨ ᠪᠠᠢ᠌ᠭᠤᠯᠤᠯᠲᠠ ᠵᠢ ᠲᠦᠷᠭᠡᠳᠬᠡᠵᠦ᠂ ᠳᠣᠣᠷ᠎ᠠ ᠨᠡᠭᠦᠷᠡᠰᠦᠲᠥ᠋ᠷᠥᠭᠴᠢ ᠵᠢᠨ ᠲᠤᠷᠰᠢᠯᠲᠠ ᠵᠢᠨ ᠴᠡᠭ᠎ᠢ ᠭᠦᠨᠵᠡᠭᠡᠢ᠌ᠷᠡᠭᠦᠯᠬᠦ ᠪᠠ ᠥᠷᠭᠡᠳᠬᠡᠨ᠎ᠡ᠃ ᠣᠷᠣᠨ ᠨᠤᠲᠤᠭ᠎ᠤᠨ᠎ᠬᠢᠨ᠎ᠤ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠪᠠᠢ᠌ᠭᠤᠯᠤᠮᠵᠢ ᠵᠢᠨ ᠪᠠᠢ᠌ᠭᠤᠯᠤᠯᠲᠠ᠂ ᠡᠩᠨᠡᠭᠡ ᠵᠢᠨ ᠪᠠᠢ᠌ᠭᠤᠯᠤᠯᠲᠠ ᠪᠠ ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠳᠬᠠᠨ᠎ᠠ᠃ ᠠᠭᠤᠷ ᠠᠮᠢᠰᠬᠤᠯ᠎ᠤᠨ ᠬᠤᠪᠢᠷᠠᠯᠲᠠ ᠵᠢᠨ ᠡᠮᠦᠨᠡᠲᠦ ᠬᠠᠭ᠋ᠠᠰ ᠪᠥᠮᠪᠥᠷᠴᠡᠭ᠎ᠤᠨ ᠬᠠᠮᠲᠤᠷᠠᠯᠴᠠᠭ᠎ᠠ ᠵᠢ ᠤᠯᠠᠮ ᠨᠢᠭᠡ ᠠᠯᠬᠤᠮ ᠠᠬᠢᠭᠤᠯᠤᠨ᠎ᠠ᠃ ᠠᠭᠤᠷ ᠠᠮᠢᠰᠬᠤᠯ᠎ᠤᠨ ᠬᠤᠪᠢᠷᠠᠯᠲᠠ ᠵᠢᠨ ᠣᠯᠠᠨ ᠤᠯᠤᠰ᠎ᠤᠨ ᠬᠡᠯᠡᠯᠴᠡᠭᠡ᠎ᠳᠤ ᠦᠷᠭᠦᠯᠵᠢᠯᠡᠨ ᠪᠠᠢ᠌ᠭᠤᠯᠤᠯᠲᠠ ᠵᠢᠨ ᠴᠢᠨᠠᠷᠲᠠᠢ᠎ᠪᠠᠷ ᠣᠷᠣᠯᠴᠠᠵᠤ᠂ ᠪᠦᠬᠦ ᠪᠥᠮᠪᠥᠷᠴᠡᠭ᠎ᠤᠨ ᠠᠭᠤᠷ ᠠᠮᠢᠰᠬᠤᠯ᠎ᠤᠨ ᠵᠠᠰᠠᠯᠲᠠ ᠵᠢᠨ ᠠᠬᠢᠴᠠ ᠵᠢ ᠠᠬᠢᠭᠤᠯᠬᠤ ᠪᠠ ᠬᠥᠲᠥᠯᠥᠨ ᠳᠠᠭ᠋ᠠᠭᠤᠯᠤᠨ᠎ᠠ᠃
ᠨᠠᠢ᠍ᠮᠠ᠎ᠳᠤ᠂ ᠴᠥᠮ᠎ᠡ ᠬᠢᠭᠡᠳ ᠰᠠᠴᠤᠷᠠᠭ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠬᠢᠷᠢ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠴᠥᠮ᠎ᠡ ᠵᠢᠨ ᠠᠮᠤᠷ ᠲᠦᠪᠰᠢᠨ᠎ᠤ ᠬᠠᠤᠯᠢ ᠵᠢ ᠭᠦᠨᠵᠡᠭᠡᠢ ᠲᠤᠭᠤᠰᠢᠯᠠᠭᠤᠯᠤᠨ᠂ ᠴᠥᠮ᠎ᠡ ᠵᠢᠨ ᠠᠮᠤᠷ ᠲᠦᠪᠰᠢᠨ᠎ᠤ ᠬᠠᠤᠯᠢ ᠲᠣᠭᠲᠠᠭ᠋ᠠᠯ᠎ᠤᠨ ᠪᠠᠷᠢᠮᠵᠢᠶ᠎ᠠ ᠵᠢᠨ ᠰᠢᠰᠲ᠋ᠧᠮᠵᠢ ᠵᠢ ᠲᠦᠷᠭᠡᠳᠬᠡᠨ ᠲᠡᠭᠦᠯᠳᠡᠷᠵᠢᠭᠦᠯᠵᠦ᠂ ᠤᠯᠤᠰ᠎ᠤᠨ ᠴᠥᠮ᠎ᠡ ᠵᠢᠨ ᠠᠮᠤᠷ ᠲᠦᠪᠰᠢᠨ᠎ᠤ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ ᠵᠢ ᠵᠣᠬᠢᠴᠠᠭᠤᠯᠤᠨ ᠠᠬᠢᠭᠤᠯᠵᠤ᠂ ᠤᠯᠤᠰ᠎ᠤᠨ ᠰᠠᠴᠤᠷᠠᠭ᠎ᠤᠨ ᠣᠷᠴᠢᠨ ᠲᠣᠭᠣᠷᠢᠨ᠎ᠤ ᠬᠢᠨᠠᠨ ᠬᠡᠮᠵᠢᠬᠦ ᠲᠣᠣᠷ ᠰᠦᠯᠵᠢᠶ᠎ᠡ ᠵᠢᠨ ᠪᠠᠢ᠌ᠭᠤᠯᠤᠯᠲᠠ ᠵᠢ ᠠᠬᠢᠭᠤᠯᠤᠨ᠎ᠠ᠃ ᠴᠥᠮ᠎ᠡ ᠵᠢᠨ ᠪᠡᠯᠡᠳᠬᠡᠮᠵᠢ ᠵᠢᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠭᠦᠨᠵᠡᠭᠡᠢ ᠪᠥᠭᠡᠳ ᠨᠠᠷᠢᠯᠢᠭ᠎ᠪᠠᠷ ᠰᠠᠢ᠌ᠲᠤᠷ ᠬᠢᠨ᠎ᠡ᠃ ᠰᠠᠴᠤᠷᠠᠮᠠᠬᠠᠢ ᠴᠢᠨᠠᠷᠲᠠᠢ ᠪᠣᠳᠠᠰ᠎ᠢ ᠲᠡᠭᠡᠭᠡᠪᠦᠷᠢᠯᠡᠬᠦ ᠬᠠᠮᠢᠶᠠᠷᠤᠯᠲᠠ ᠵᠢ ᠴᠢᠩᠭ᠋ᠠᠳᠬᠠᠨ᠎ᠠ᠃
ᠶᠢᠰᠦ᠎ᠳᠤ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠢ᠌ᠴᠠᠭ᠋ᠠᠵᠤ ᠬᠠᠤᠯᠢ ᠬᠡᠷᠡᠭᠵᠢᠭᠦᠯᠬᠦ ᠵᠢ ᠶᠡᠬᠡ ᠬᠦᠴᠦᠨ ᠵᠶ᠋ᠡᠷ ᠠᠬᠢᠭᠤᠯᠬᠤ ᠬᠡᠷᠡᠭᠲᠡᠢ᠃ ᠬᠣᠶᠠᠳᠤᠭ᠋ᠠᠷ ᠡᠭᠡᠯᠵᠢ ᠵᠢᠨ ᠲᠥᠪ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠢ᠌ᠴᠠᠭ᠋ᠠᠯᠲᠠ ᠵᠢ ᠡᠬᠢᠯᠡᠭᠦᠯᠦᠨ᠎ᠡ᠃ ᠭᠣᠣᠯᠳᠠᠯᠭ᠎ᠠ᠎ᠲᠠᠢ ᠣᠷᠣᠨ ᠪᠦᠰᠡ ᠵᠢᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ᠂ ᠲᠥᠪᠯᠡᠷᠡᠩᠭᠦᠢ ᠮᠠᠶᠢᠭ᠎ᠤᠨ ᠤᠤᠭᠤᠬᠤ ᠤᠰᠤᠨ᠎ᠤ ᠤᠰᠤᠨ ᠰᠤᠷᠪᠤᠯᠵᠢ ᠵᠢᠨ ᠣᠷᠣᠨ᠎ᠤ ᠣᠷᠴᠢᠨ ᠲᠣᠭᠣᠷᠢᠨ᠎ᠢ ᠬᠠᠮᠠᠭ᠋ᠠᠯᠠᠬᠤ᠂ ᠪᠦᠧᠧᠬᠠᠢ ᠲᠠᠩᠭᠢᠰ᠎ᠤᠨ ᠳᠠᠯᠠᠢ᠎ᠳᠤ ᠣᠷᠣᠬᠤ ᠪᠣᠬᠢᠷᠲᠤᠯ ᠡᠳ᠋ ᠭᠠᠳᠠᠭᠰᠢᠯᠠᠭᠤᠯᠬᠤ ᠠᠮᠠᠰᠠᠷ᠎ᠢ ᠢᠯᠭ᠋ᠠᠨ ᠪᠠᠢ᠌ᠴᠠᠭ᠋ᠠᠵᠤ ᠴᠡᠭᠴᠡᠯᠡᠨ ᠵᠠᠰᠠᠬᠤ᠂ ᠬᠥᠬᠡ ᠮᠥᠷᠡᠨ᠎ᠤ ᠭᠣᠣᠯ᠎ᠳᠤ ᠣᠷᠣᠬᠤ ᠪᠣᠬᠢᠷᠲᠤᠯ ᠡᠳ᠋ ᠭᠠᠳᠠᠭᠰᠢᠯᠠᠭᠤᠯᠬᠤ ᠠᠮᠠᠰᠠᠷ᠎ᠢ ᠢᠯᠭ᠋ᠠᠨ ᠪᠠᠢ᠌ᠴᠠᠭ᠋ᠠᠵᠤ ᠴᠡᠭᠴᠡᠯᠡᠨ ᠵᠠᠰᠠᠬᠤ᠂ ᠬᠠᠲᠠᠭᠤ ᠪᠡᠶᠡᠲᠦ ᠬᠠᠶᠠᠭᠳᠠᠮᠠᠯ ᠡᠳ᠋ ᠵᠢᠴᠢ ᠠᠶᠤᠯᠲᠠᠢ ᠬᠠᠶᠠᠭᠳᠠᠮᠠᠯ ᠡᠳ᠋᠎ᠤᠨ ᠬᠦᠨᠳᠦ ᠨᠣᠴᠢᠲᠠᠢ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠴᠣᠬᠢᠯᠲᠠ ᠥᠭᠬᠦ᠂ 《ᠨᠣᠭᠣᠭ᠋ᠠᠨ ᠪᠠᠮᠪᠠᠢ》 ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠳᠤ ᠬᠢᠨᠠᠯᠲᠠ ᠲᠠᠯᠪᠢᠵᠤ ᠪᠠᠢ᠌ᠴᠠᠭ᠋ᠠᠬᠤ ᠵᠡᠷᠭᠡ ᠬᠢᠨᠠᠯᠲᠠ ᠲᠠᠯᠪᠢᠬᠤ ᠵᠢ ᠴᠢᠩᠭ᠋ᠠᠷᠠᠭᠤᠯᠬᠤ ᠵᠢ ᠨᠢᠭᠡᠳᠦᠯᠲᠡᠢ ᠲᠥᠯᠥᠪᠵᠢᠭᠦᠯᠦᠨ ᠥᠷᠨᠢᠭᠦᠯᠦᠨ᠎ᠡ᠃ ᠠᠮᠢ ᠠᠬᠤᠢ ᠵᠢᠨ ᠣᠷᠴᠢᠨ ᠲᠣᠭᠣᠷᠢᠨ᠎ᠤ ᠲᠦᠭᠰᠢᠭᠦᠷᠢ ᠵᠢ ᠰᠡᠷᠭᠡᠢ᠌ᠯᠡᠬᠦ ᠰᠢᠰᠲ᠋ᠧᠮᠵᠢ ᠵᠢ ᠰᠢᠰᠲ᠋ᠧᠮ᠎ᠲᠠᠢ ᠪᠠᠢ᠌ᠭᠤᠯᠵᠤ᠂ ᠣᠷᠴᠢᠨ ᠲᠣᠭᠣᠷᠢᠨ᠎ᠤ ᠭᠡᠨᠡᠳᠲᠡ ᠵᠢᠨ ᠬᠡᠷᠡᠭ᠎ᠢ ᠵᠦᠢ ᠵᠣᠬᠢᠰᠲᠠᠢ᠎ᠪᠠᠷ ᠠᠷᠭ᠋ᠠᠴᠠᠭ᠋ᠠᠨ᠎ᠠ᠃
ᠠᠷᠪᠠ᠎ᠳᠤ᠂ ᠠᠮᠢ ᠠᠬᠤᠢ ᠵᠢᠨ ᠣᠷᠴᠢᠨ ᠲᠣᠭᠣᠷᠢᠨ᠎ᠤ ᠬᠦᠷᠢᠶ᠎ᠡ ᠴᠠᠷᠠᠭ᠋ᠠᠨ᠎ᠤ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠬᠡᠷᠡᠭᠲᠡᠢ᠃ ᠣᠷᠴᠢᠨ ᠲᠣᠭᠣᠷᠢᠨ᠎ᠤ ᠨᠥᠯᠥᠭᠡᠯᠡᠯ᠎ᠳᠤ ᠦᠨᠡᠯᠡᠯᠲᠡ ᠬᠢᠬᠦ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠢ ᠬᠢᠨᠠᠨ ᠵᠥᠪᠰᠢᠶᠡᠷᠡᠬᠦ ᠭᠠᠷᠴᠠᠭ᠎ᠲᠤ ᠵᠠᠰᠠᠪᠤᠷᠢ ᠣᠷᠣᠭᠤᠯᠤᠨ᠎ᠠ᠃ ᠭᠣᠣᠯᠳᠠᠯᠭ᠎ᠠ᠎ᠲᠠᠢ ᠠᠵᠢᠯ ᠲᠥᠷᠥᠯ᠎ᠳᠤ ᠪᠣᠬᠢᠷᠲᠤᠯ ᠡᠳ᠋ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠢ ᠬᠠᠷᠭᠤᠭᠤᠯᠤᠨ ᠲᠠᠷᠬᠠᠭ᠋ᠠᠬᠤ ᠵᠢ ᠲᠦᠷᠭᠡᠳᠬᠡᠨ ᠠᠬᠢᠭᠤᠯᠤᠨ᠎ᠠ᠃ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ᠂ ᠮᠤᠵᠢ᠎ᠠᠴᠠ ᠳᠣᠷᠣᠭᠰᠢᠬᠢ ᠠᠮᠢ ᠠᠬᠤᠢ ᠣᠷᠴᠢᠨ ᠲᠣᠭᠣᠷᠢᠨ᠎ᠤ ᠪᠠᠢ᠌ᠭᠤᠯᠤᠮᠵᠢ ᠵᠢᠨ ᠬᠢᠨᠠᠨ ᠬᠡᠮᠵᠢᠵᠦ ᠬᠢᠨᠠᠨ ᠪᠠᠢ᠌ᠴᠠᠭ᠋ᠠᠬᠤ ᠪᠠ ᠬᠠᠤᠯᠢ ᠬᠡᠷᠡᠭᠵᠢᠭᠦᠯᠬᠦ ᠡᠭᠴᠡ ᠬᠠᠮᠢᠶᠠᠷᠤᠯᠲᠠ ᠵᠢᠨ ᠳᠦᠷᠢᠮ᠎ᠤᠨ ᠥᠭᠡᠷᠡᠴᠢᠯᠡᠯᠲᠡ ᠵᠢ ᠠᠬᠢᠭᠤᠯᠤᠨ᠎ᠠ᠃ ᠪᠦᠬᠦ ᠤᠯᠤᠰ᠎ᠲᠤ ᠠᠮᠢ ᠠᠬᠤᠢ ᠵᠢᠨ ᠣᠷᠴᠢᠨ ᠲᠣᠭᠣᠷᠢᠨ᠎ᠢ ᠡᠪᠳᠡᠨ ᠬᠣᠬᠢᠷᠠᠭᠤᠯᠪᠠᠯ ᠲᠥᠯᠥᠪᠦᠷᠢ ᠠᠪᠬᠤ ᠳᠦᠷᠢᠮ᠎ᠢ ᠲᠤᠷᠰᠢᠨ ᠬᠡᠷᠡᠭᠵᠢᠭᠦᠯᠬᠦ ᠵᠢ ᠦᠷᠭᠦᠯᠵᠢᠯᠡᠨ ᠠᠬᠢᠭᠤᠯᠤᠨ᠎ᠠ᠃ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠢᠲᠡᠭᠡᠮᠵᠢ ᠵᠢᠨ ᠦᠨᠡᠯᠡᠯᠲᠡ ᠪᠠ ᠮᠡᠳᠡᠭᠡ ᠵᠠᠩᠭᠢ ᠵᠢ ᠠᠯᠪᠠᠳᠠᠯᠭ᠎ᠠ ᠵᠢᠨ ᠴᠢᠨᠠᠷᠲᠠᠢ᠎ᠪᠠᠷ ᠢᠯᠡ ᠨᠡᠢ᠌ᠲᠡᠯᠡᠬᠦ ᠳᠦᠷᠢᠮ᠎ᠢ ᠪᠦᠷᠢᠨᠰᠢᠭᠦᠯᠦᠨ᠎ᠡ᠃ ᠭᠣᠣᠯ ᠮᠥᠷᠡᠨ᠎ᠤ ᠳᠠᠷᠤᠭ᠎ᠠ ᠵᠢᠨ ᠳᠦᠷᠢᠮ ᠪᠠ ᠨᠠᠭᠤᠷ ᠴᠥᠭᠥᠷᠥᠮ᠎ᠤᠨ ᠳᠠᠷᠤᠭ᠎ᠠ ᠵᠢᠨ ᠳᠦᠷᠢᠮ᠎ᠢ ᠬᠡᠷᠡᠭᠵᠢᠭᠦᠯᠬᠦ ᠵᠢ ᠠᠬᠢᠭᠤᠯᠵᠤ᠂ ᠪᠣᠯᠣᠩ ᠲᠣᠬᠣᠢ ᠵᠢᠨ ᠳᠠᠷᠤᠭ᠎ᠠ ᠵᠢᠨ ᠳᠦᠷᠢᠮ᠎ᠢ ᠬᠡᠷᠡᠭᠵᠢᠭᠦᠯᠬᠦ ᠵᠢᠨ ᠵᠢᠯᠣᠭᠣᠳᠬᠤ ᠰᠠᠨᠠᠯ᠎ᠢ ᠲᠣᠭᠲᠠᠭ᠋ᠠᠨ᠎ᠠ᠃
ᠠᠷᠪᠠᠨ ᠨᠢᠭᠡ᠎ᠳᠤ᠂ ᠲᠤᠯᠭ᠋ᠠᠭᠤᠷᠢᠯᠠᠨ ᠪᠠᠲᠤᠯᠠᠬᠤ ᠴᠢᠳᠠᠪᠤᠷᠢ ᠵᠢ ᠳᠡᠭᠡᠭᠰᠢᠯᠡᠭᠦᠯᠬᠦ ᠬᠡᠷᠡᠭᠲᠡᠢ᠃ ᠬᠠᠲᠠᠭᠤ ᠪᠡᠶᠡᠲᠦ ᠬᠠᠶᠠᠭᠳᠠᠮᠠᠯ ᠡᠳ᠋᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ᠂ ᠣᠷᠴᠢᠨ ᠲᠣᠭᠣᠷᠢᠨ᠎ᠤ ᠳᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠵᠡᠷᠭᠡ ᠬᠦᠷᠢᠶ᠎ᠡ ᠴᠠᠷᠠᠭ᠋ᠠᠨ᠎ᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠵᠠᠰᠠᠪᠤᠷᠢ ᠣᠷᠣᠭᠤᠯᠬᠤ ᠵᠢ ᠠᠬᠢᠭᠤᠯᠤᠨ᠎ᠠ᠃ ᠠᠭ᠋ᠠᠷ ᠮᠠᠨᠳᠠᠯ᠎ᠤᠨ ᠪᠣᠬᠢᠷᠲᠤᠯ᠎ᠤᠨ ᠰᠢᠯᠲᠠᠭ᠋ᠠᠨ ᠬᠢᠭᠡᠳ ᠵᠠᠰᠠᠯᠲᠠ ᠵᠡᠷᠭᠡ ᠭᠣᠣᠯᠳᠠᠯᠭ᠎ᠠ᠎ᠲᠠᠢ ᠬᠦᠷᠢᠶ᠎ᠡ ᠴᠠᠷᠠᠭ᠋ᠠᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠣᠭᠣᠮᠲᠠ ᠰᠢᠪᠲᠤᠯᠬᠤ ᠵᠢ ᠭᠦᠨᠵᠡᠭᠡᠢ ᠥᠷᠨᠢᠭᠦᠯᠦᠨ᠎ᠡ᠃ ᠠᠮᠢ ᠠᠬᠤᠢ ᠵᠢᠨ ᠣᠷᠴᠢᠨ ᠲᠣᠭᠣᠷᠢᠨ᠎ᠤ ᠬᠢᠨᠠᠨ ᠬᠡᠮᠵᠢᠬᠦ ᠲᠣᠣᠷ ᠰᠦᠯᠵᠢᠶ᠎ᠡ ᠪᠠ ᠬᠢᠨᠠᠨ ᠬᠡᠮᠵᠢᠬᠦ ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠷᠠᠭᠤᠯᠵᠤ᠂ ᠬᠢᠨᠠᠨ ᠬᠡᠮᠵᠢᠭᠰᠡᠨ ᠲᠣᠭ᠎ᠠ ᠪᠠᠷᠢᠮᠲᠠ ᠵᠢ ᠬᠠᠭᠤᠷᠮᠠᠭᠯᠠᠨ ᠵᠣᠬᠢᠶᠠᠭᠰᠠᠨ ᠦᠢ᠍ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠭᠦᠨ᠎ᠡ᠃ ᠬᠣᠶᠠᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠪᠣᠬᠢᠷᠲᠤᠯ᠎ᠤᠨ ᠰᠤᠷᠪᠤᠯᠵᠢ ᠵᠢ ᠨᠡᠢ᠌ᠳᠡᠮ᠎ᠳᠤ᠎ᠨᠢ ᠪᠠᠢ᠌ᠴᠠᠭ᠋ᠠᠬᠤ ᠠᠵᠢᠯ᠎ᠢ ᠦᠨᠳᠦᠰᠦᠨ᠎ᠳᠤ᠎ᠪᠠᠨ ᠪᠡᠶᠡᠯᠡᠭᠦᠯᠦᠨ᠎ᠡ᠃ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠮᠣ ᠳ᠋ᠠᠢ᠌ᠲ᠋ᠠ ᠵᠢᠨ ᠰᠢᠰᠲ᠋ᠧᠮ᠎ᠤᠨ ᠪᠠᠢ᠌ᠭᠤᠯᠤᠯᠲᠠ ᠵᠢ ᠲᠦᠷᠭᠡᠳᠬᠡᠨ᠎ᠡ᠃ 2019 ᠣᠨ᠎ᠤ ᠣᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠳᠡᠯᠡᠬᠡᠢ ᠵᠢᠨ ᠣᠷᠴᠢᠨ ᠲᠣᠭᠣᠷᠢᠨ᠎ᠤ ᠡᠳᠦᠷ᠎ᠤᠨ ᠭᠣᠣᠯᠯᠠᠨ ᠡᠷᠬᠢᠯᠡᠬᠦ ᠤᠯᠤᠰ ᠵᠢᠴᠢ ᠬᠠᠮᠢᠶ᠎ᠠ ᠪᠦᠬᠦᠢ ᠠᠵᠢᠯᠯᠠᠭ᠎ᠠ ᠵᠢ ᠰᠠᠢ᠌ᠲᠤᠷ ᠬᠢᠵᠦ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠡᠯᠡᠳᠬᠡᠮᠵᠢ ᠵᠢ ᠣᠯᠠᠨ ᠲᠦᠮᠡᠨ᠎ᠳᠤ ᠨᠡᠭᠡᠭᠡᠯᠲᠡ ᠬᠢᠬᠦ ᠵᠢ ᠭᠦᠨᠵᠡᠭᠡᠢ ᠠᠬᠢᠭᠤᠯᠤᠨ᠎ᠠ᠃ 《ᠨᠢᠭᠡ ᠪᠦᠰᠡ ᠨᠢᠭᠡ ᠵᠠᠮ》᠎ᠤᠨ ᠪᠣᠬᠢᠷᠲᠤᠯ ᠦᠭᠡᠢ ᠬᠥᠭᠵᠢᠯᠲᠡ ᠵᠢᠨ ᠣᠯᠠᠨ ᠤᠯᠤᠰ᠎ᠤᠨ ᠬᠣᠯᠪᠣᠭ᠎ᠠ ᠵᠢ ᠠᠵᠢᠯᠯᠠᠭᠤᠯᠤᠨ᠎ᠠ᠃
ᠠᠷᠪᠠᠨ ᠬᠣᠶᠠᠷ᠎ᠲᠤ᠂ ᠨᠠᠮ᠎ᠤᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠬᠤ ᠬᠡᠷᠡᠭᠲᠡᠢ᠃ 《ᠠᠩᠬᠠᠨ᠎ᠤ ᠵᠣᠷᠢᠯᠲᠠ᠎ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠶ᠎ᠡ》 ᠭᠡᠬᠦ ᠭᠣᠣᠯ ᠰᠡᠳᠦᠪᠲᠦ ᠬᠥᠮᠥᠵᠢᠯ᠎ᠢ ᠥᠷᠨᠢᠭᠦᠯᠦᠨ᠂ ᠤᠯᠤᠰ ᠲᠥᠷᠥ ᠵᠢᠨ ᠪᠠᠢ᠌ᠭᠤᠯᠤᠯᠲᠠ ᠵᠢ ᠲᠡᠷᠢᠭᠦᠨ ᠪᠠᠢ᠌ᠷᠢᠨ᠎ᠳᠤ ᠲᠠᠯᠪᠢᠵᠤ᠂ ᠤᠯᠤᠰ ᠲᠥᠷᠥ ᠵᠢᠨ ᠰᠠᠬᠢᠯᠭ᠎ᠠ ᠪᠠᠲᠤ ᠪᠠ ᠤᠯᠤᠰ ᠲᠥᠷᠥ ᠵᠢᠨ ᠶᠣᠰᠣ ᠳᠦᠷᠢᠮ᠎ᠢ ᠴᠢᠩᠭ᠎ᠠ ᠲᠣᠳᠣᠷᠬᠠᠢ ᠪᠣᠯᠭ᠋ᠠᠵᠤ᠂ 《ᠳᠥᠷᠪᠡᠨ ᠵᠦᠢ᠍ᠯ᠎ᠤᠨ ᠦᠵᠡᠯ ᠤᠬᠠᠮᠰᠠᠷ》᠎ᠢ ᠯᠠᠪᠳᠠᠭᠤᠨ ᠪᠠᠲᠤᠲᠠᠢ ᠪᠣᠢ ᠪᠣᠯᠭ᠋ᠠᠨ᠂ 《ᠳᠥᠷᠪᠡᠨ ᠵᠦᠢ᠍ᠯ᠎ᠤᠨ ᠢᠲᠡᠭᠡᠯ》 ᠵᠶ᠋ᠡᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠭᠦᠢ᠍ᠴᠡᠳᠬᠡᠨ᠎ᠡ᠃ ᠲᠥᠪ᠎ᠤᠨ ᠨᠠᠢ᠍ᠮᠠᠨ ᠵᠦᠢ᠍ᠯ᠎ᠤᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠡᠷᠡᠰ ᠨᠠᠢ᠌ᠳᠠᠪᠤᠷᠢᠵᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠪᠦᠲᠦᠮᠵᠢᠲᠡᠢ ᠴᠡᠪᠡᠷᠯᠡᠨ᠎ᠡ᠃ ᠪᠠᠢ᠌ᠩᠭᠤ ᠵᠢᠨ ᠴᠢᠨᠠᠷᠲᠠᠢ ᠰᠠᠬᠢᠯᠭ᠎ᠠ ᠪᠠᠲᠤ ᠵᠢᠨ ᠬᠥᠮᠥᠵᠢᠯ᠎ᠢ ᠥᠷᠨᠢᠭᠦᠯᠦᠨ᠂ ᠰᠠᠬᠢᠯᠭ᠎ᠠ ᠪᠠᠲᠤ ᠵᠢ ᠵᠥᠷᠢᠴᠡᠭᠰᠡᠨ ᠪᠠ ᠢᠯᠵᠢᠷᠡᠯ᠎ᠤᠨ ᠠᠰᠠᠭᠤᠳᠠᠯ᠎ᠢ ᠡᠷᠡᠰ ᠪᠠᠢ᠌ᠴᠠᠭ᠋ᠠᠨ ᠰᠢᠢ᠍ᠳᠪᠦᠷᠢᠯᠡᠨ᠎ᠡ᠃ ᠨᠠᠮ᠎ᠤᠨ ᠰᠠᠢ᠌ᠨ ᠺᠠᠳ᠋ᠷ᠎ᠤᠨ ᠪᠠᠷᠢᠮᠵᠢᠶ᠎ᠠ ᠵᠢ ᠪᠠᠷᠢᠮᠲᠠᠯᠠᠨ᠂ 《ᠥᠷᠭᠡᠨ ᠣᠯᠠᠨ ᠺᠠᠳ᠋ᠷ᠎ᠤᠨ ᠰᠢᠨ᠎ᠡ ᠴᠠᠭ ᠦᠶ᠎ᠡ᠎ᠳᠤ ᠰᠢᠨ᠎ᠡ ᠬᠠᠷᠢᠭᠤᠴᠠᠯᠭ᠎ᠠ ᠵᠢ ᠡᠭᠦᠷᠭᠡᠯᠡᠨ ᠰᠢᠨ᠎ᠡ ᠦᠢ᠍ᠯᠡᠰ ᠪᠦᠲᠦᠭᠡᠬᠦ ᠵᠢ ᠤᠷᠮᠠᠰᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠠᠯᠪᠠᠨ ᠲᠢᠩᠬᠢᠮ᠎ᠤᠨ ᠰᠠᠨᠠᠯ》᠎ᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠨᠠᠮ᠎ᠤᠨ ᠭᠡᠰᠢᠭᠦᠨ ᠺᠠᠳ᠋ᠷᠴᠤᠳ᠎ᠤᠨ ᠤᠯᠤᠰ ᠵᠶ᠋ᠠᠨ ᠭᠡᠬᠦ ᠬᠠᠢ᠌ᠷ᠎ᠠ ᠰᠡᠳᠬᠢᠯᠭᠡ᠂ ᠦᠨᠳᠦᠰᠦᠲᠡᠨ ᠵᠶ᠋ᠡᠨ ᠭᠡᠬᠦ ᠬᠠᠢ᠌ᠷ᠎ᠠ ᠰᠡᠳᠬᠢᠯᠭᠡ᠂ ᠠᠷᠠᠳ᠎ᠤᠨ ᠲᠥᠯᠥᠭᠡ ᠭᠡᠬᠦ ᠬᠠᠢ᠌ᠷ᠎ᠠ ᠰᠡᠳᠬᠢᠯᠭᠡ᠂ ᠦᠢ᠍ᠯᠡᠰ ᠵᠶ᠋ᠡᠨ ᠭᠡᠬᠦ ᠬᠠᠢ᠌ᠷ᠎ᠠ ᠰᠡᠳᠬᠢᠯᠭᠡ ᠵᠢ ᠴᠢᠩᠭ᠋ᠠᠷᠠᠭᠤᠯᠵᠤ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠡᠮᠦᠷ ᠴᠡᠷᠢᠭ᠎ᠢ ᠬᠦᠴᠦᠯᠡᠨ ᠪᠠᠢ᠌ᠭᠤᠯᠤᠨ᠎ᠠ᠃
ᠬᠤᠷᠠᠯ᠎ᠢ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠳᠡᠳ᠋ ᠳᠠᠷᠤᠭ᠎ᠠ ᠬᠤᠸᠠᠩ ᠿᠦᠨ ᠴᠢᠦ ᠡᠷᠬᠢᠯᠡᠵᠦ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠳᠡᠳ᠋ ᠳᠠᠷᠤᠭ᠎ᠠ ᠼᠦᠢ ᠴᠢᠩ᠂ ᠵᠤᠤ ᠶᠢᠩ ᠮᠢᠨ᠂ ᠯᠢᠦ ᠬᠤᠸᠠ᠂ ᠲᠥᠪ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠤᠯᠤᠰ᠎ᠤᠨ ᠬᠢᠨᠠᠨ ᠪᠠᠢ᠌ᠴᠠᠭ᠋ᠠᠬᠤ ᠵᠥᠪᠯᠡᠯ᠎ᠤᠨ ᠶᠠᠮᠤᠨ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠵᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠳᠠᠷᠤᠭ᠎ᠠ ᠦ᠋ ᠬᠠᠢ ᠶᠢᠩ᠂ ᠳᠡᠳ᠋ ᠳᠠᠷᠤᠭ᠎ᠠ ᠵᠤᠸᠠᠩ ᠭᠦᠸᠧ᠎ᠲᠠᠢ᠂ ᠵᠢᠴᠢ ᠬᠡᠰᠡᠭ ᠠᠬᠠᠮᠠᠳ ᠤᠳᠤᠷᠢᠳᠤᠯᠭ᠎ᠠ ᠬᠤᠷᠠᠯ᠎ᠳᠤ ᠣᠷᠣᠯᠴᠠᠵᠠᠢ᠃
ᠨᠠᠮ᠎ᠤᠨ ᠲᠥᠪ ᠬᠣᠷᠢᠶ᠎ᠠ ᠪᠠ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠳ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠪᠠ ᠳᠡᠳ᠋ ᠮᠤᠵᠢ ᠵᠢᠨ ᠱᠠᠲᠤᠨ᠎ᠤ ᠬᠣᠲᠠ᠂ ᠰᠢᠨᠵᠢᠶᠠᠩ᠎ᠤᠨ ᠦᠢ᠍ᠯᠡᠳᠪᠦᠷᠢᠯᠡᠯ᠎ᠤᠨ ᠪᠦᠲᠦᠭᠡᠨ ᠪᠠᠢ᠌ᠭᠤᠯᠤᠯᠲᠠ ᠵᠢᠨ ᠪᠢᠩᠲ᠋ᠤᠸᠠᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ (ᠲᠣᠪᠴᠢᠶ᠎ᠠ)᠎ᠤᠨ ᠬᠠᠷᠢᠭᠤᠴᠠᠯᠭ᠋ᠠᠲᠠᠳ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠠᠷᠤ ᠲᠠᠯ᠎ᠠ ᠵᠢᠨ ᠠᠵᠢᠯ᠎ᠤᠨ ᠪᠠᠲᠤᠯᠠᠭ᠎ᠠ ᠵᠢᠨ ᠬᠡᠯᠲᠡᠰ᠎ᠤᠨ ᠴᠡᠷᠢᠭ᠎ᠤᠨ ᠶᠠᠪᠤᠳᠠᠯ᠎ᠤᠨ ᠪᠡᠯᠡᠳᠬᠡᠮᠵᠢ ᠵᠢᠨ ᠪᠠᠢ᠌ᠭᠤᠯᠤᠯᠲᠠ ᠵᠢᠨ ᠲᠣᠪᠴᠢᠶ᠎ᠠ ᠵᠢᠨ ᠭᠣᠣᠯ ᠬᠠᠷᠢᠭᠤᠴᠠᠯᠭ᠋ᠠᠲᠠᠨ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠪᠠᠢ᠌ᠭᠤᠯᠭ᠎ᠠ ᠵᠢᠨ ᠡᠯ᠎ᠡ ᠰᠠᠯᠠᠭ᠎ᠠ ᠮᠥᠴᠢᠷ᠂ ᠶᠠᠮᠤᠨ᠎ᠤ ᠬᠠᠷᠢᠶ᠎ᠠ ᠡᠯ᠎ᠡ ᠨᠢᠭᠡᠴᠢ ᠵᠢᠨ ᠨᠠᠮ ᠵᠠᠰᠠᠭ᠎ᠤᠨ ᠭᠣᠣᠯ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠵᠠᠢ᠃