ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ᠂ 《ᠣᠶᠣᠨᠴᠢ ᠴᠢᠨᠠᠷ》 《ᠡᠶ᠎ᠡ ᠵᠣᠬᠢᠴᠠᠯ》᠎ᠢ ᠵᠡᠷᠭᠡ᠎ᠪᠠᠷ ᠠᠬᠢᠭᠤᠯᠤᠭᠰᠠᠨ ᠴᠥᠮ᠎ᠡ ᠵᠢᠨ ᠠᠮᠤᠷ ᠲᠦᠪᠰᠢᠨ᠎ᠤ ᠦᠵᠡᠯᠲᠡ ᠵᠢ ᠪᠠᠲᠤ ᠴᠢᠩᠭ᠎ᠠ ᠨᠠᠢ᠌ᠳᠠᠪᠤᠷᠢᠵᠢᠭᠤᠯᠬᠤ ᠵᠢᠨ ᠲᠤᠰᠠᠳᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠠᠴᠤᠷᠠᠭ᠎ᠤᠨ ᠣᠷᠴᠢᠨ ᠲᠣᠭᠣᠷᠢᠨ᠎ᠤ ᠬᠢᠨᠠᠯᠲᠠ ᠲᠠᠯᠪᠢᠬᠤ ᠥᠷᠲᠡᠭᠡ᠎ᠠᠴᠠ 2019 ᠣᠨ᠎ᠤ 1 ᠳ᠋ᠦ᠍ᠭᠡᠷ ᠰᠠᠷ᠎ᠠ ᠵᠢᠨ 2᠎ᠤᠨ ᠡᠳᠦᠷ᠎ᠠᠴᠠ 3 ᠳ᠋ᠤᠭ᠋ᠠᠷ ᠰᠠᠷ᠎ᠠ ᠵᠢᠨ 5᠎ᠤ ᠡᠳᠦᠷ ᠪᠣᠯᠲᠠᠯ᠎ᠠ ᠪᠤᠭᠤᠲᠤ ᠬᠣᠲᠠ᠎ᠳᠤ 《ᠲᠡᠮᠦᠷ ᠴᠡᠷᠢᠭ᠎ᠤᠨ ᠠᠵᠢᠯᠯᠠᠭ᠎ᠠ》 ᠵᠢᠨ ᠲᠤᠰᠬᠠᠢ ᠵᠦᠢ᠍ᠯ᠎ᠤᠨ ᠬᠢᠨᠠᠯᠲᠠ ᠲᠠᠯᠪᠢᠵᠤ ᠪᠠᠢ᠌ᠴᠠᠭ᠋ᠠᠬᠤ ᠠᠵᠢᠯ᠎ᠢ ᠥᠷᠨᠢᠭᠦᠯᠪᠡ᠃
ᠲᠤᠰ ᠤᠳᠠᠭ᠋ᠠᠨ᠎ᠤ 《ᠲᠡᠮᠦᠷ ᠴᠡᠷᠢᠭ᠎ᠤᠨ ᠠᠵᠢᠯᠯᠠᠭ᠎ᠠ》᠎ᠳᠤ ᠭᠤᠷᠪᠠᠨ ᠪᠠᠢ᠌ᠴᠠᠭ᠋ᠠᠬᠤ ᠳᠤᠭᠤᠢ᠌ᠯᠠᠩ ᠬᠤᠪᠢᠶᠠᠵᠤ᠂ ᠴᠥᠮ᠎ᠡ ᠵᠢᠨ ᠮᠡᠷᠭᠡᠵᠢᠯ᠎ᠢ ᠠᠰᠢᠭᠯᠠᠵᠤ ᠪᠠᠢ᠌ᠭ᠎ᠠ 13 ᠨᠢᠭᠡᠴᠢ᠂ ᠳᠠᠭ᠋ᠠᠯᠲᠠ ᠠᠭᠤᠷᠬᠠᠢ ᠨᠡᠭᠡᠭᠡᠨ ᠬᠥᠭᠵᠢᠭᠦᠯᠵᠦ ᠠᠰᠢᠭᠯᠠᠭᠰᠠᠨ 4 ᠨᠢᠭᠡᠴᠢ᠂ ᠬᠠᠶᠠᠭᠳᠠᠮᠠᠯ ᠬᠠᠭᠤᠴᠢᠨ ᠲᠡᠮᠦᠷᠯᠢᠭ᠎ᠢ ᠬᠠᠢ᠌ᠯᠤᠭᠤᠯᠬᠤ 4 ᠨᠢᠭᠡᠴᠢ ᠵᠢᠨ ᠰᠠᠴᠤᠷᠠᠭ᠎ᠤᠨ ᠠᠮᠤᠷ ᠲᠦᠪᠰᠢᠨ᠎ᠤ ᠭᠣᠣᠯ ᠴᠣᠭᠴᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠤᠭᠰᠠᠨ ᠪᠠᠢ᠌ᠳᠠᠯ᠂ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠬᠡᠷᠡᠭᠵᠢᠭᠦᠯᠦᠭᠰᠡᠨ ᠪᠠᠢ᠌ᠳᠠᠯ᠂ ᠰᠠᠴᠤᠷᠠᠭ᠎ᠤᠨ ᠠᠮᠤᠷ ᠲᠦᠪᠰᠢᠨ ᠪᠠ ᠰᠡᠷᠭᠡᠢ᠌ᠯᠡᠨ ᠬᠠᠮᠠᠭ᠋ᠠᠯᠠᠬᠤ ᠪᠡᠯᠡᠳᠬᠡᠮᠵᠢ ᠵᠢ ᠠᠵᠢᠯᠯᠠᠭᠤᠯᠤᠨ ᠬᠠᠮᠢᠶᠠᠷᠤᠭᠰᠠᠨ ᠪᠠᠢ᠌ᠳᠠᠯ᠂ ᠳᠦᠷᠢᠮ ᠲᠣᠭᠲᠠᠭ᠋ᠠᠯ᠎ᠢ ᠲᠣᠭᠲᠠᠭ᠋ᠠᠭᠰᠠᠨ ᠵᠢᠴᠢ ᠨᠠᠢ᠌ᠳᠠᠪᠤᠷᠢᠵᠢᠭᠤᠯᠤᠭᠰᠠᠨ ᠪᠠᠢ᠌ᠳᠠᠯ᠂ ᠳᠠᠩᠰᠠ ᠪᠣᠳᠠᠰ᠎ᠨᠢ ᠬᠠᠷᠢᠯᠴᠠᠨ ᠨᠡᠢ᠌ᠴᠡᠬᠦ ᠡᠰᠡᠬᠦ᠂ ᠰᠠᠴᠤᠷᠠᠭ᠎ᠤᠨ ᠡᠨᠳᠡᠯ᠎ᠢ ᠪᠠᠴᠢᠮ ᠠᠷᠭ᠋ᠠᠴᠠᠭ᠋ᠠᠬᠤ ᠲᠥᠰᠥᠯ ᠪᠠ ᠪᠠᠴᠢᠮ ᠠᠷᠭ᠋ᠠᠴᠠᠭ᠋ᠠᠬᠤ ᠡᠳ᠋ ᠪᠣᠳᠠᠰ᠎ᠢ ᠨᠥᠭᠡᠴᠡᠯᠡᠭᠰᠡᠨ᠂ ᠰᠠᠴᠤᠷᠠᠮᠠᠬᠠᠢ ᠴᠢᠨᠠᠷᠲᠠᠢ ᠬᠠᠶᠠᠭᠳᠠᠮᠠᠯ ᠰᠢᠭ᠋ᠠᠷᠤ ᠵᠢ ᠠᠮᠤᠷ ᠲᠦᠪᠰᠢᠨ ᠵᠶ᠋ᠡᠷ ᠬᠤᠷᠢᠶᠠᠨ ᠬᠠᠳᠠᠭ᠋ᠠᠯᠠᠭᠰᠠᠨ᠂ ᠬᠠᠶᠠᠭᠳᠠᠮᠠᠯ ᠬᠠᠭᠤᠴᠢᠨ ᠲᠡᠮᠦᠷᠯᠢᠭ᠎ᠢ ᠬᠠᠢ᠌ᠯᠤᠭᠤᠯᠬᠤ ᠨᠢᠭᠡᠴᠢ ᠵᠢᠨ ᠬᠢᠨᠠᠨ ᠬᠡᠮᠵᠢᠬᠦ ᠪᠠᠭ᠋ᠠᠵᠢ ᠬᠡᠮᠵᠢᠭᠦᠷᠯᠢᠭ᠎ᠢ ᠲᠣᠬᠢᠷᠠᠭᠤᠯᠤᠭᠰᠠᠨ᠂ ᠠᠦ᠋ᠲ ᠵᠶ᠋ᠠᠷ ᠬᠢᠨᠠᠨ ᠬᠡᠮᠵᠢᠭᠰᠡᠨ ᠪᠠᠢ᠌ᠳᠠᠯ ᠵᠡᠷᠭᠡ᠎ᠳᠤ ᠬᠢᠨᠠᠯᠲᠠ ᠲᠠᠯᠪᠢᠵᠤ ᠪᠠᠢ᠌ᠴᠠᠭ᠋ᠠᠯᠲᠠ ᠬᠢᠵᠡᠢ᠃
1 ᠳ᠋ᠦ᠍ᠭᠡᠷ ᠰᠠᠷ᠎ᠠ ᠵᠢᠨ 28᠎ᠤ ᠡᠳᠦᠷ ᠪᠣᠯᠲᠠᠯ᠎ᠠ᠂ ᠨᠡᠢ᠌ᠲᠡ ᠭᠣᠣᠯᠳᠠᠯᠭ᠎ᠠ᠎ᠲᠠᠢ ᠴᠥᠮ᠎ᠡ ᠵᠢᠨ ᠮᠡᠷᠭᠡᠵᠢᠯ᠎ᠢ ᠠᠰᠢᠭᠯᠠᠵᠤ ᠪᠠᠢ᠌ᠭ᠎ᠠ 11 ᠨᠢᠭᠡᠴᠢ᠂ ᠳᠠᠭ᠋ᠠᠯᠲᠠ ᠠᠭᠤᠷᠬᠠᠢ ᠵᠢ ᠨᠡᠭᠡᠭᠡᠨ ᠬᠥᠭᠵᠢᠭᠦᠯᠵᠦ ᠠᠰᠢᠭᠯᠠᠭᠰᠠᠨ 4 ᠨᠢᠭᠡᠴᠢ᠎ᠳᠤ ᠪᠠᠢ᠌ᠴᠠᠭ᠋ᠠᠯᠲᠠ ᠬᠢᠵᠦ᠂ ᠪᠠᠢ᠌ᠴᠠᠭ᠋ᠠᠯᠲᠠ ᠬᠢᠬᠦ ᠠᠵᠢᠯᠲᠠᠨ ᠵᠶ᠋ᠠᠨ 30 ᠬᠥᠮᠥᠨ ᠤᠳᠠᠭ᠎ᠠ ᠲᠣᠮᠢᠯᠠᠪᠠ᠃ ᠪᠠᠢ᠌ᠴᠠᠭ᠋ᠠᠯᠲᠠ ᠵᠢ ᠬᠦᠯᠢᠶᠡᠭᠰᠡᠨ ᠨᠢᠭᠡᠴᠢ ᠵᠢᠨ ᠣᠷᠣᠰᠢᠵᠤ ᠪᠠᠢ᠌ᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ᠎ᠳᠤ ᠨᠠᠷᠢᠨ ᠲᠠᠢ᠌ᠯᠤᠮᠵᠢ ᠲᠣᠳᠣᠷᠬᠠᠢ᠌ᠯᠠᠯᠲᠠ ᠬᠢᠭᠰᠡᠨ᠎ᠤ ᠬᠠᠮᠲᠤ ᠲᠣᠳᠣᠷᠬᠠᠢ ᠴᠡᠭᠴᠡᠯᠡᠨ ᠥᠭᠡᠷᠡᠴᠢᠯᠡᠬᠦ ᠱᠠᠭ᠋ᠠᠷᠳᠠᠯᠭ᠎ᠠ ᠳᠤᠷᠠᠳᠪᠠ᠃ ᠡᠨᠡ᠎ᠨᠢ ᠴᠠᠭ᠋ᠠᠨ ᠰᠠᠷ᠎ᠠ ᠪᠠ 《ᠬᠣᠶᠠᠷ ᠬᠤᠷᠠᠯ》᠎ᠤᠨ ᠬᠤᠭᠤᠴᠠᠭ᠋ᠠᠨ᠎ᠳᠠᠬᠢ ᠰᠠᠴᠤᠷᠠᠭ᠎ᠤᠨ ᠣᠷᠴᠢᠨ ᠲᠣᠭᠣᠷᠢᠨ᠎ᠤ ᠠᠮᠤᠷ ᠲᠦᠪᠰᠢᠨ᠎ᠢ ᠪᠠᠲᠤᠯᠠᠵᠠᠢ᠃
《ᠠᠵᠢᠯᠯᠠᠭ᠎ᠠ》 ᠵᠢᠨ ᠬᠤᠭᠤᠴᠠᠭ᠋ᠠᠨ᠎ᠳᠤ᠂ ᠪᠠᠢ᠌ᠴᠠᠭ᠋ᠠᠯᠲᠠ ᠬᠢᠬᠦ ᠠᠵᠢᠯᠲᠠᠳ ᠠᠵᠢᠯ᠎ᠤᠨ ᠰᠠᠬᠢᠯᠭ᠎ᠠ ᠪᠠᠲᠤ ᠵᠢ ᠴᠢᠩᠭ᠎ᠠ ᠰᠠᠬᠢᠨ᠂ ᠰᠢᠯᠢᠳᠡᠭ ᠣᠪᠣᠷ ᠰᠤᠷᠲᠠᠯ ᠵᠶ᠋ᠡᠨ ᠪᠠᠳᠠᠷᠠᠭᠤᠯᠵᠤ᠂ ᠲᠥᠪ᠎ᠤᠨ 《ᠨᠠᠢ᠍ᠮᠠᠨ ᠵᠦᠢ᠍ᠯ᠎ᠤᠨ ᠲᠣᠭᠲᠠᠭ᠋ᠠᠯ》᠂ 《ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠷᠪᠠᠨ ᠵᠦᠢ᠍ᠯ᠎ᠤᠨ ᠴᠠᠭ᠋ᠠᠵᠠ ᠵᠠᠷᠯᠢᠭ》 ᠵᠡᠷᠭᠡ ᠨᠠᠮ᠎ᠤᠨ ᠰᠤᠷᠲᠠᠯ ᠴᠢᠬᠡᠴᠢ ᠵᠠᠰᠠᠭ᠎ᠤᠨ ᠡᠯ᠎ᠡ ᠵᠦᠢ᠍ᠯ᠎ᠤᠨ ᠲᠣᠭᠲᠠᠭ᠋ᠠᠯ᠎ᠢ ᠴᠢᠩᠭ᠎ᠠ ᠬᠡᠷᠡᠭᠵᠢᠭᠦᠯᠵᠦ᠂ 《ᠴᠢᠩᠭ᠎ᠠ᠂ ᠬᠢᠨᠠᠭᠤᠷ᠂ ᠨᠠᠷᠢᠯᠢᠭ᠂ ᠪᠣᠳᠠᠲᠠᠢ》 ᠠᠵᠢᠯ᠎ᠤᠨ ᠣᠪᠣᠷ ᠰᠤᠷᠲᠠᠯ ᠵᠶ᠋ᠠᠷ ᠪᠠᠢ᠌ᠴᠠᠭ᠋ᠠᠯᠲᠠ ᠵᠢᠨ ᠠᠵᠢᠯ ᠵᠶ᠋ᠠᠨ ᠥᠷᠨᠢᠭᠦᠯᠪᠡ᠃ ᠡᠭᠦᠨ᠎ᠤ ᠬᠠᠮᠲᠤ ᠠᠵᠤ ᠠᠬᠤᠢ᠌ᠯᠠᠯ᠎ᠳᠤ ᠬᠠᠷᠢᠭᠤ ᠰᠤᠷᠪᠤᠯᠵᠢᠯᠠᠭ᠎ᠠ ᠬᠢᠬᠦ ᠪᠠᠢ᠌ᠴᠠᠭ᠋ᠠᠯᠲᠠ ᠵᠢ ᠥᠷᠨᠢᠭᠦᠯᠦᠭᠰᠡᠨ᠎ᠳᠤ᠂ ᠰᠠᠬᠢᠯᠭ᠎ᠠ ᠪᠠᠲᠤ᠎ᠠᠴᠠ ᠵᠥᠷᠢᠴᠡᠭᠰᠡᠨ ᠶᠠᠮᠠᠷᠪᠠ ᠠᠰᠠᠭᠤᠳᠠᠯ ᠡᠭᠦᠰᠦᠭᠰᠡᠨ ᠦᠭᠡᠢ᠃

