3 ᠳ᠋ᠤᠭ᠋ᠠᠷ ᠰᠠᠷ᠎ᠠ ᠵᠢᠨ 7᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠲᠢᠩᠬᠢᠮ᠎ᠤᠨ ᠰᠢᠰᠲ᠋ᠧᠮ᠎ᠤᠨ᠎ᠬᠢᠨ᠎ᠤ ᠺᠠᠳ᠋ᠷᠴᠤᠳ᠎ᠤᠨ ᠶᠡᠬᠡ ᠬᠤᠷᠠᠯ᠎ᠢ ᠬᠤᠷᠠᠯᠳᠤᠭᠤᠯᠤᠨ᠂ ᠶᠡᠷᠦᠩᠬᠡᠢ ᠱᠦᠵᠢ ᠰᠢ ᠵᠢᠨ ᠫᠢᠩ᠎ᠤᠨ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠶᠠᠳᠤᠭ᠋ᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠲᠣᠬᠢᠷᠠᠭᠤᠯᠤᠨ ᠪᠠᠢ᠌ᠷᠢᠯᠠᠭᠤᠯᠵᠠᠢ᠃
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠰᠢᠶᠠᠩ ᠳ᠋ᠦᠩ ᠶᠠᠷᠢᠶ᠎ᠠ ᠲᠠᠯᠪᠢᠵᠠᠢ᠃
ᠶᠡᠷᠦᠩᠬᠡᠢ ᠱᠦᠵᠢ ᠰᠢ ᠵᠢᠨ ᠫᠢᠩ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠶᠠᠳᠤᠭ᠋ᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ ᠦᠶ᠎ᠡ᠎ᠳᠤ ᠶᠠᠷᠢᠬᠤ᠎ᠳᠤ᠎ᠪᠠᠨ᠂ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠮᠠᠨ᠎ᠤ ᠨᠠᠮ᠎ᠠᠴᠠ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠲᠤᠬᠠᠢ ᠦᠵᠡᠯ ᠰᠠᠨᠠᠭ᠎ᠠ ᠵᠢ ᠲᠠᠰᠤᠷᠠᠯᠲᠠ ᠦᠭᠡᠢ ᠪᠠᠶᠠᠯᠢᠭᠵᠢᠭᠤᠯᠤᠨ ᠲᠡᠭᠦᠯᠳᠡᠷᠵᠢᠭᠦᠯᠪᠡ᠃ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠪᠣᠯ 《ᠲᠠᠪᠤ ᠵᠢ ᠨᠢᠭᠡ ᠴᠣᠭᠴᠠᠵᠢᠭᠤᠯᠬᠤ》 ᠶᠡᠷᠦᠩᠬᠡᠢ ᠪᠠᠢ᠌ᠷᠢᠰᠢᠭᠤᠯᠤᠯᠲᠠ ᠳᠣᠲᠣᠷᠠᠬᠢ ᠨᠢᠭᠡ᠎ᠨᠢ ᠪᠣᠯᠣᠨ᠎ᠠ᠂ ᠬᠥᠮᠥᠨ ᠬᠢᠭᠡᠳ ᠪᠠᠢ᠌ᠭ᠋ᠠᠯᠢ ᠡᠶ᠎ᠡ ᠵᠣᠬᠢᠴᠠᠩᠭᠤᠢ᠎ᠪᠠᠷ ᠬᠠᠮᠲᠤ᠎ᠪᠠᠷ ᠣᠷᠣᠰᠢᠬᠤ ᠵᠢ ᠪᠠᠷᠢᠮᠲᠠᠯᠠᠬᠤ ᠪᠣᠯ ᠰᠢᠨ᠎ᠡ ᠴᠠᠭ ᠦᠶ᠎ᠡ᠎ᠳᠤ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠢ ᠪᠠᠷᠢᠮᠲᠠᠯᠠᠨ ᠬᠥᠭᠵᠢᠭᠦᠯᠬᠦ ᠦᠨᠳᠦᠰᠦᠨ ᠠᠷᠭ᠎ᠠ ᠪᠣᠳᠣᠯᠭ᠎ᠠ ᠵᠢᠨ ᠳᠣᠲᠣᠷᠠᠬᠢ ᠨᠢᠭᠡᠨ ᠵᠤᠷᠪᠤᠰ ᠦᠨᠳᠦᠰᠦᠨ ᠠᠷᠭ᠎ᠠ ᠪᠣᠳᠣᠯᠭ᠎ᠠ ᠪᠣᠯᠣᠨ᠎ᠠ᠂ ᠪᠣᠬᠢᠷᠲᠤᠯ ᠦᠭᠡᠢ᠎ᠪᠠᠷ ᠬᠥᠭᠵᠢᠭᠦᠯᠬᠦ ᠪᠣᠯ ᠰᠢᠨ᠎ᠡ ᠬᠥᠭᠵᠢᠯᠲᠡ ᠵᠢᠨ ᠣᠨᠣᠯᠵᠢᠬᠤᠨ᠎ᠤ ᠳᠣᠲᠣᠷᠠᠬᠢ ᠨᠢᠭᠡᠨ ᠴᠢᠬᠤᠯᠠ ᠣᠨᠣᠯᠵᠢᠬᠤᠨ ᠪᠣᠯᠣᠨ᠎ᠠ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠪᠣᠯ ᠭᠤᠷᠪᠠᠨ ᠶᠡᠬᠡ ᠰᠢᠪᠲᠤᠯᠤᠯᠲᠠ ᠵᠢᠨ ᠳᠠᠢ᠌ᠯᠠᠯᠳᠤᠭ᠋ᠠᠨ᠎ᠤ ᠳᠣᠲᠣᠷᠠᠬᠢ ᠨᠢᠭᠡᠨ ᠶᠡᠬᠡ ᠰᠢᠪᠲᠤᠯᠤᠯᠲᠠ ᠵᠢᠨ ᠳᠠᠢ᠌ᠯᠠᠯᠳᠤᠭ᠋ᠠᠨ ᠪᠣᠯᠣᠨ᠎ᠠ᠃ ᠡᠨᠡ ᠬᠦ᠌ 《ᠳᠥᠷᠪᠡᠨ ᠨᠢᠭᠡ》᠎ᠨᠢ ᠮᠠᠨ᠎ᠤ ᠨᠠᠮ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠮ᠎ᠡ ᠶᠣᠰᠣᠨ᠎ᠤ ᠲᠤᠬᠠᠢ ᠡᠵᠡᠮᠳᠡᠯ᠎ᠢ ᠢᠯᠡᠷᠡᠭᠦᠯᠦᠨ᠂ ᠰᠢᠨ᠎ᠡ ᠴᠠᠭ ᠦᠶ᠎ᠡ ᠵᠢᠨ ᠨᠠᠮ ᠪᠠ ᠤᠯᠤᠰ᠎ᠤᠨ ᠦᠢ᠍ᠯᠡᠰ᠎ᠤᠨ ᠬᠥᠭᠵᠢᠯᠲᠡ᠎ᠳᠠᠬᠢ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠪᠠᠢ᠌ᠷᠢ ᠰᠠᠭᠤᠷᠢ ᠵᠢ ᠢᠯᠡᠷᠡᠭᠦᠯᠵᠦ᠂ ᠨᠠᠮ᠎ᠤᠨ ᠠᠮᠢ ᠠᠬᠤᠢ ᠵᠢᠨ ᠪᠣᠯᠪᠠᠰᠤᠨ᠎ᠢ ᠪᠠᠢ᠌ᠭᠤᠯᠬᠤ ᠲᠤᠬᠠᠢ ᠪᠠᠢ᠌ᠷᠢᠯᠠᠭᠤᠯᠤᠯᠲᠠ ᠪᠠ ᠱᠠᠭ᠋ᠠᠷᠳᠠᠯᠭ᠎ᠠ ᠵᠢ ᠢᠯᠡᠷᠡᠭᠦᠯᠪᠠ᠃ ᠡᠯ᠎ᠡ ᠭᠠᠵᠠᠷ ᠣᠷᠣᠨ᠎ᠤ ᠡᠯ᠎ᠡ ᠰᠠᠯᠠᠭ᠎ᠠ ᠮᠥᠴᠢᠷ᠎ᠤᠨ᠎ᠬᠢᠨ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠮᠠᠨ᠎ᠤ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠰᠢᠨ᠎ᠡ ᠳᠡᠭᠲᠡᠷ᠎ᠲᠤ ᠭᠠᠷᠬᠤ ᠵᠢ ᠴᠢᠷᠮᠠᠢ᠌ᠨ ᠠᠬᠢᠭᠤᠯᠬᠤ ᠬᠡᠷᠡᠭᠲᠡᠢ ᠭᠡᠵᠡᠢ᠃
ᠥᠪᠥᠷ ᠮᠣᠩᠭᠣᠯ᠎ᠤᠨ ᠠᠮᠢ ᠠᠬᠤᠢ ᠵᠢᠨ ᠪᠠᠢ᠌ᠳᠠᠯ ᠶᠠᠮᠠᠷ ᠪᠠᠢ᠌ᠬᠤ᠎ᠨᠢ ᠪᠦᠬᠦ ᠤᠷᠤᠨ᠎ᠤ ᠦᠨᠳᠦᠰᠦᠳᠡᠨ᠎ᠨᠦᠭᠦᠳ᠎ᠤᠨ ᠤᠯᠠᠨ ᠲᠦᠮᠡᠨ᠎ᠤ ᠤᠷᠤᠰᠢᠯ ᠲᠤᠭᠳᠠᠨᠢᠯ ᠪᠠ ᠬᠦᠭᠵᠢᠯᠳᠡ᠎ᠲᠠᠢ ᠬᠤᠯᠪᠤᠭᠳᠠᠬᠤ᠎ᠪᠠᠷ ᠪᠠᠷᠠᠬᠤ ᠦᠭᠡᠢ᠂ ᠤᠮᠠᠷᠠᠳᠤ ᠤᠷᠤᠨ᠂ ᠵᠡᠭᠦᠨ ᠬᠤᠢ᠍ᠢ᠍ᠳᠤ ᠤᠷᠤᠨ᠂ ᠪᠠᠷᠠᠭᠤᠨ ᠬᠤᠢ᠍ᠢ᠍ᠳᠤ ᠤᠷᠤᠨ᠂ ᠴᠢᠨᠠᠭᠰᠢᠯᠠᠭ᠋ᠠᠳ ᠪᠦᠬᠦ ᠤᠯᠤᠰ᠎ᠤᠨ ᠠᠮᠢ ᠠᠬᠤᠢ ᠵᠢᠨ ᠠᠮᠤᠷ ᠲᠦᠪᠰᠢᠨ᠎ᠲᠠᠢ ᠬᠤᠯᠪᠤᠭᠳᠠᠨ᠎ᠠ᠃ ᠦᠪᠦᠷ ᠮᠤᠩᠭᠤᠯ᠎ᠢ ᠮᠠᠨ᠎ᠤ ᠤᠯᠤᠰ᠎ᠤᠨ ᠤᠮᠠᠷᠠᠳᠤ ᠵᠢᠨ ᠴᠢᠬᠤᠯᠠ ᠠᠮᠢ ᠠᠬᠤᠢ ᠵᠢᠨ ᠬᠠᠯᠬᠠᠪᠴᠢ ᠪᠤᠯᠭ᠋ᠠᠨ ᠪᠦᠲᠦᠭᠡᠨ ᠪᠠᠢ᠍ᠢ᠍ᠭᠤᠯᠬᠤ ᠪᠤᠯ ᠪᠦᠬᠦ ᠤᠯᠤᠰ᠎ᠤᠨ ᠬᠦᠭᠵᠢᠯᠳᠡ ᠵᠢᠨ ᠶᠡᠬᠡ ᠲᠠᠯ᠎ᠠ᠎ᠳᠤ ᠰᠠᠭᠤᠷᠢᠯᠠᠵᠤ ᠲᠤᠭᠳᠠᠭ᠋ᠠᠭᠰᠠᠨ ᠪᠠᠢ᠍ᠢ᠍ᠯᠳᠤᠬᠤ ᠪᠤᠳᠤᠯᠭ᠎ᠠ ᠵᠢᠨ ᠪᠠᠢ᠍ᠢ᠍ᠷᠢ ᠲᠤᠭᠳᠠᠭ᠋ᠠᠯᠳᠠ ᠪᠤᠯᠤᠨ᠎ᠠ᠂ ᠮᠦᠨ ᠴᠦ᠍ ᠦᠪᠦᠷ ᠮᠤᠩᠭᠤᠯ᠎ᠤᠨ ᠡᠷᠬᠡᠪᠰᠢ ᠤᠬᠠᠮᠰᠠᠷ᠎ᠠᠴᠠ᠎ᠪᠠᠨ ᠡᠭᠦᠷᠭᠡᠯᠡᠬᠦ ᠴᠢᠬᠤᠯᠠᠳᠠᠢ ᠴᠢᠬᠤᠯᠠ ᠶᠡᠬᠡ ᠬᠠᠷᠢᠭᠤᠴᠠᠯᠭ᠎ᠠ ᠪᠤᠯᠤᠨ᠎ᠠ᠃
ᠰᠢᠶᠠᠩ ᠳ᠋ᠦᠩ ᠵᠢᠭ᠋ᠠᠬᠤ᠎ᠳᠤ᠎ᠪᠠᠨ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ᠎ᠨᠢ᠂ ᠥᠪᠥᠷ ᠮᠣᠩᠭᠣᠯ᠎ᠤᠨ ᠬᠥᠭᠵᠢᠯᠲᠡ ᠵᠢᠨ ᠪᠠᠢ᠌ᠷᠢ ᠲᠣᠭᠲᠠᠭ᠋ᠠᠯᠲᠠ ᠪᠠ ᠬᠥᠭᠵᠢᠯᠲᠡ ᠵᠢᠨ ᠵᠠᠮ᠎ᠢ ᠤᠯᠠᠮ ᠨᠢᠭᠡ ᠠᠯᠬᠤᠮ ᠲᠣᠳᠣᠷᠬᠠᠢ᠌ᠯᠠᠨ᠂ 《ᠳᠥᠷᠪᠡᠨ ᠨᠢᠭᠡ》 ᠵᠢᠨ ᠴᠢᠬᠤᠯᠠ ᠥᠭᠦᠯᠡᠯᠲᠡ ᠵᠢ ᠳᠤᠷᠠᠳᠤᠨ ᠭᠠᠷᠭ᠋ᠠᠵᠤ᠂ ᠥᠪᠥᠷ ᠮᠣᠩᠭᠣᠯ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠪᠠᠢ᠌ᠯᠳᠤᠬᠤ ᠪᠣᠳᠣᠯᠭ᠎ᠠ ᠵᠢᠨ ᠪᠠᠢ᠌ᠷᠢ ᠲᠣᠭᠲᠠᠭ᠋ᠠᠯᠲᠠ᠂ ᠭᠣᠣᠯᠳᠠᠯᠭ᠎ᠠ᠎ᠲᠠᠢ ᠡᠭᠦᠷᠭᠡ᠎ᠳᠤ ᠲᠣᠳᠣᠷᠬᠠᠢ ᠱᠠᠭ᠋ᠠᠷᠳᠠᠯᠭ᠎ᠠ ᠳᠤᠷᠠᠳᠴᠤ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠨ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠰᠠᠢ᠌ᠲᠤᠷ ᠬᠢᠬᠦ᠎ᠳᠤ ᠤᠷᠤᠭᠰᠢᠯᠠᠯᠲᠠ ᠵᠢᠨ ᠴᠢᠭᠯᠡᠯ᠎ᠢ ᠵᠢᠭ᠋ᠠᠨ ᠲᠣᠳᠣᠷᠬᠠᠢ᠌ᠯᠠᠵᠤ᠂ ᠴᠢᠬᠤᠯᠠ ᠵᠢᠷᠤᠮᠯᠠᠯ ᠬᠠᠩᠭ᠋ᠠᠪᠠ᠃ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ᠎ᠨᠢ᠂ ᠠᠯᠤᠰ᠎ᠢ ᠬᠠᠷᠠᠨ ᠬᠣᠯᠠ ᠵᠢ ᠪᠠᠷᠠᠯᠠᠵᠤ᠂ ᠦᠵᠡᠯ ᠰᠠᠨᠠᠭ᠎ᠠ᠎ᠨᠢ ᠭᠦᠨᠵᠡᠭᠡᠢ᠂ ᠦᠭᠡ ᠥᠭᠦᠯᠡᠪᠦᠷᠢ᠎ᠳᠤᠨᠢ ᠦᠨᠡᠨᠴᠢ ᠰᠡᠳᠬᠢᠯᠭᠡ ᠪᠢᠯᠬᠠᠮ᠎ᠠ ᠪᠠᠢ᠌ᠵᠤ᠂ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ ᠵᠢᠨ ᠥᠪᠥᠷ ᠮᠣᠩᠭᠣᠯ᠎ᠳᠠᠬᠢ ᠬᠠᠷᠠᠭ᠋ᠠᠯᠵᠠᠯ ᠬᠠᠯᠠᠮᠵᠢᠯᠠᠯ ᠪᠠ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ ᠪᠠᠢ᠌ᠬᠤ ᠵᠢ ᠭᠦᠢ᠍ᠴᠡᠳ ᠢᠯᠡᠷᠡᠭᠦᠯᠪᠡ᠃ ᠬᠦᠴᠦᠨ ᠵᠶ᠋ᠡᠨ ᠲᠥᠪᠯᠡᠷᠡᠭᠦᠯᠦᠨ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠰᠠᠢ᠌ᠲᠤᠷ ᠬᠢᠵᠦ᠂ ᠠᠭ᠋ᠠᠷ ᠮᠠᠨᠳᠠᠯ᠂ ᠤᠰᠤ᠂ ᠬᠥᠷᠥᠰᠥ ᠰᠢᠷᠣᠢ ᠵᠢᠨ ᠪᠣᠬᠢᠷᠲᠤᠯ᠎ᠢ ᠰᠡᠷᠭᠡᠢ᠌ᠯᠡᠨ ᠵᠠᠰᠠᠬᠤ ᠭᠤᠷᠪᠠᠨ ᠵᠢᠯ᠎ᠤᠨ ᠠᠵᠢᠯᠯᠠᠭ᠎ᠠ ᠵᠢᠨ ᠲᠥᠯᠥᠪᠯᠡᠭᠡ ᠵᠢ ᠭᠦᠨᠵᠡᠭᠡᠢ ᠬᠡᠷᠡᠭᠵᠢᠭᠦᠯᠦᠨ᠂ ᠬᠥᠬᠡᠬᠣᠲᠠ᠂ ᠪᠤᠭᠤᠲᠤ᠂ ᠦᠬᠠᠢ ᠵᠢᠴᠢ ᠡᠷᠭᠢᠨ ᠲᠣᠭᠣᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠢ ᠶᠡᠷᠦᠩᠬᠡᠢ᠌ᠯᠡᠨ ᠴᠡᠭᠴᠡᠯᠡᠨ ᠵᠠᠰᠠᠬᠤ᠂ ᠭᠤᠷᠪᠠᠨ ᠨᠠᠭᠤᠷ᠎ᠤᠨ ᠠᠮᠢ ᠠᠬᠤᠢ ᠵᠢ ᠶᠡᠷᠦᠩᠬᠡᠢ᠌ᠯᠡᠨ ᠵᠠᠰᠠᠬᠤ᠂ 《ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ ᠪᠣᠬᠢᠷᠲᠤᠯ᠎ᠲᠠᠢ》 ᠠᠵᠤ ᠠᠬᠤᠢ᠌ᠯᠠᠯ᠎ᠢ ᠵᠠᠰᠠᠬᠤ ᠵᠡᠷᠭᠡ ᠭᠣᠣᠯᠳᠠᠯᠭ᠎ᠠ᠎ᠲᠠᠢ ᠡᠭᠦᠷᠭᠡ ᠵᠢ ᠶᠡᠬᠡ ᠬᠦᠴᠦ ᠵᠠᠷᠤᠴᠠᠭᠤᠯᠤᠨ ᠰᠠᠢ᠌ᠲᠤᠷ ᠠᠳᠬᠤᠵᠤ᠂ ᠲᠥᠪ᠎ᠤᠨ ᠣᠷᠴᠢᠨ ᠲᠣᠭᠣᠷᠢᠨ᠎ᠢ ᠬᠠᠮᠠᠭ᠋ᠠᠯᠠᠬᠤ ᠰᠢᠮᠳᠠᠭᠤᠯᠤᠨ ᠪᠠᠢ᠌ᠴᠠᠭ᠋ᠠᠯᠲᠠ ᠵᠢᠴᠢ 《ᠪᠤᠴᠠᠵᠤ ᠪᠠᠢ᠌ᠴᠠᠭ᠋ᠠᠨ ᠦᠵᠡᠬᠦ》᠎ᠳᠤ ᠬᠠᠷᠢᠭᠤ ᠲᠤᠰᠬᠠᠭᠰᠠᠨ ᠰᠠᠨᠠᠯ᠎ᠢ ᠴᠡᠭᠴᠡᠯᠡᠨ ᠥᠭᠡᠷᠡᠴᠢᠯᠡᠬᠦ ᠠᠵᠢᠯ᠎ᠢ ᠴᠢᠩᠭ᠎ᠠ ᠪᠥᠭᠡᠳ ᠪᠣᠳᠠᠲᠠᠢ ᠵᠶ᠋ᠠᠷ ᠠᠬᠢᠭᠤᠯᠵᠤ᠂ ᠠᠮᠢ ᠠᠬᠤᠢ ᠵᠢᠨ ᠣᠷᠴᠢᠨ ᠲᠣᠭᠣᠷᠢᠨ᠎ᠤ ᠲᠣᠪᠣᠢ᠌ᠮ᠎ᠠ ᠠᠰᠠᠭᠤᠳᠠᠯ᠎ᠢ ᠦᠨᠡᠨ ᠬᠦ᠌ ᠰᠢᠢ᠍ᠳᠪᠦᠷᠢᠯᠡᠨ᠂ ᠪᠦᠬᠦ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠰᠢᠨ᠎ᠡ ᠪᠠᠢ᠌ᠳᠠᠯ᠎ᠢ ᠲᠠᠰᠤᠷᠠᠯᠲᠠ ᠦᠭᠡᠢ ᠨᠡᠭᠡᠭᠡᠨ ᠡᠭᠦᠳᠬᠦ ᠬᠡᠷᠡᠭᠲᠡᠢ ᠭᠡᠵᠡᠢ᠃
ᠰᠢᠶᠠᠩ ᠳ᠋ᠦᠩ ᠴᠢᠬᠤᠯᠠᠴᠢᠯᠠᠬᠤ᠎ᠳᠤ᠎ᠪᠠᠨ᠂ ᠶᠡᠷᠦᠩᠬᠡᠢ ᠱᠦᠵᠢ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠲᠤᠬᠠᠢ 《ᠳᠥᠷᠪᠡᠨ ᠨᠢᠭᠡ》 ᠵᠢᠨ ᠴᠢᠬᠤᠯᠠ ᠥᠭᠦᠯᠡᠯᠲᠡ ᠵᠢ ᠭᠦᠨᠵᠡᠭᠡᠢ ᠣᠢ᠌ᠯᠠᠭ᠋ᠠᠨ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠮ᠎ᠡ ᠶᠣᠰᠣᠨ᠎ᠤ ᠲᠤᠬᠠᠢ ᠡᠵᠡᠮᠳᠡᠯ ᠵᠶ᠋ᠠᠨ ᠭᠦᠨᠵᠡᠭᠡᠢ᠌ᠷᠡᠭᠦᠯᠵᠦ᠂ ᠰᠢᠨ᠎ᠡ ᠴᠠᠭ ᠦᠶ᠎ᠡ ᠵᠢᠨ ᠨᠠᠮ ᠪᠠ ᠦᠢ᠍ᠯᠡᠰ᠎ᠤᠨ ᠬᠥᠭᠵᠢᠯᠲᠡ᠎ᠳᠠᠬᠢ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠪᠠᠢ᠌ᠷᠢ ᠰᠠᠭᠤᠷᠢ ᠵᠢ ᠭᠦᠢ᠍ᠴᠡᠳ ᠲᠠᠨᠢᠵᠤ᠂ ᠦᠵᠡᠯ ᠰᠠᠨᠠᠭ᠎ᠠ ᠲᠠᠨᠢᠯᠲᠠ᠎ᠪᠠᠨ ᠤᠯᠠᠮ ᠨᠢᠭᠡ ᠠᠯᠬᠤᠮ ᠨᠢᠭᠡᠳᠬᠡᠨ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠡᠷᠡᠰ ᠭᠤᠢ᠌ᠪᠢᠰᠢ ᠦᠭᠡᠢ᠎ᠪᠠᠷ ᠲᠤᠭᠤᠰᠢᠯᠠᠭᠤᠯᠵᠤ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠲᠡᠷᠡ ᠶᠣᠰᠣᠭ᠋ᠠᠷ᠎ᠨᠢ ᠨᠠᠢ᠌ᠳᠠᠪᠤᠷᠢᠵᠢᠭᠤᠯᠬᠤ ᠬᠡᠷᠡᠭᠲᠡᠢ; ᠶᠡᠷᠦᠩᠬᠡᠢ ᠱᠦᠵᠢ ᠰᠢ ᠵᠢᠨ ᠫᠢᠩ᠎ᠤᠨ ᠪᠦᠬᠦ ᠤᠯᠤᠰ᠎ᠤᠨ ᠬᠥᠭᠵᠢᠯᠲᠡ ᠵᠢᠨ ᠶᠡᠬᠡ ᠪᠠᠢ᠌ᠳᠠᠯ᠎ᠳᠠᠬᠢ ᠥᠪᠥᠷ ᠮᠣᠩᠭᠣᠯ᠎ᠤᠨ ᠲᠤᠬᠠᠢ ᠪᠠᠢ᠌ᠯᠳᠤᠬᠤ ᠪᠣᠳᠣᠯᠭ᠎ᠠ ᠵᠢᠨ ᠪᠠᠢ᠌ᠷᠢ ᠲᠣᠭᠲᠠᠭ᠋ᠠᠯᠲᠠ ᠵᠢ ᠭᠦᠨᠵᠡᠭᠡᠢ ᠣᠢ᠌ᠯᠠᠭ᠋ᠠᠨ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠢ ᠮᠠᠨ᠎ᠤ ᠤᠯᠤᠰ᠎ᠤᠨ ᠤᠮᠠᠷᠠᠲᠤ ᠵᠢᠨ ᠠᠮᠢ ᠠᠬᠤᠢ ᠵᠢᠨ ᠴᠢᠬᠤᠯᠠ ᠠᠮᠤᠷ ᠲᠦᠪᠰᠢᠨ᠎ᠤ ᠬᠠᠯᠬᠠᠪᠴᠢ ᠪᠣᠯᠭ᠋ᠠᠨ ᠪᠦᠲᠦᠭᠡᠨ ᠪᠠᠢ᠌ᠭᠤᠯᠵᠤ᠂ ᠡᠬᠡ ᠤᠯᠤᠰ᠎ᠤᠨ ᠤᠮᠠᠷᠠᠲᠤ ᠬᠢᠵᠠᠭ᠋ᠠᠷᠲᠤ ᠲᠦᠮᠡᠨ ᠭᠠᠵᠠᠷ᠎ᠤᠨ ᠨᠣᠭᠣᠭ᠋ᠠᠨ ᠥᠩᠭᠡᠲᠦ ᠤᠷᠲᠤ ᠴᠠᠭ᠋ᠠᠨ ᠬᠡᠷᠡᠮ᠎ᠢ ᠴᠣᠭᠴᠠᠯᠠᠨ ᠪᠠᠢ᠌ᠭᠤᠯᠬᠤ ᠳᠣᠲᠣᠨᠣ ᠬᠦᠰᠡᠯ ᠨᠠᠢ᠌ᠳᠠᠯᠭ᠎ᠠ ᠵᠢ ᠤᠬᠠᠮᠰᠠᠷ᠎ᠠᠴᠠ᠎ᠪᠠᠨ ᠦᠢ᠍ᠯᠡᠳᠦᠯᠭᠡᠵᠢᠭᠦᠯᠵᠦ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠪᠠ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠯᠤᠰ ᠲᠥᠷᠥ ᠵᠢᠨ ᠬᠠᠷᠢᠭᠤᠴᠠᠯᠭ᠎ᠠ ᠵᠢ ᠦᠨᠡᠨ ᠬᠦ᠌ ᠡᠭᠦᠷᠭᠡᠯᠡᠬᠦ ᠬᠡᠷᠡᠭᠲᠡᠢ; ᠶᠡᠷᠦᠩᠬᠡᠢ ᠱᠦᠵᠢ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠪᠠᠢ᠌ᠯᠳᠤᠬᠤ ᠪᠣᠳᠣᠯᠭ᠎ᠠ ᠵᠢᠨ ᠲᠣᠭᠲᠠᠯ ᠬᠦᠴᠦᠨ᠎ᠢ ᠪᠠᠲᠤᠯᠠᠨ ᠴᠢᠩᠭ᠋ᠠᠳᠬᠠᠬᠤ ᠲᠤᠬᠠᠢ ᠴᠢᠬᠤᠯᠠ ᠱᠠᠭ᠋ᠠᠷᠳᠠᠯᠭ᠎ᠠ ᠵᠢ ᠭᠦᠨᠵᠡᠭᠡᠢ ᠣᠢ᠌ᠯᠠᠭ᠋ᠠᠨ᠂ ᠠᠮᠢ ᠠᠬᠤᠢ ᠵᠢᠨ ᠣᠷᠴᠢᠨ ᠲᠣᠭᠣᠷᠢᠨ᠎ᠢ ᠬᠠᠮᠠᠭ᠋ᠠᠯᠠᠬᠤ ᠪᠠ ᠠᠵᠤ ᠠᠬᠤᠢ ᠵᠢ ᠬᠥᠭᠵᠢᠭᠦᠯᠬᠦ ᠵᠢᠨ ᠬᠠᠷᠢᠴᠠᠭ᠎ᠠ ᠵᠢ ᠣᠨᠣᠪᠴᠢᠲᠠᠢ ᠡᠵᠡᠮᠳᠡᠬᠦ ᠪᠠ ᠰᠢᠢ᠍ᠳᠪᠦᠷᠢᠯᠡᠵᠦ᠂ ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠨ᠂ ᠪᠣᠬᠢᠷᠲᠤᠯ ᠦᠭᠡᠢ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷᠯᠢᠭ ᠬᠥᠭᠵᠢᠯᠲᠡ ᠵᠢᠨ ᠰᠢᠨ᠎ᠡ ᠵᠠᠮ᠎ᠢ ᠪᠠᠷᠢᠮᠲᠠᠯᠠᠵᠤ᠂ ᠠᠮᠢ ᠠᠬᠤᠢ ᠵᠢᠨ ᠰᠢᠰᠲ᠋ᠧᠮ᠎ᠢ ᠬᠠᠮᠠᠭ᠋ᠠᠯᠠᠬᠤ ᠡᠷᠴᠢᠮ ᠵᠶ᠋ᠡᠨ ᠴᠢᠩᠭ᠋ᠠᠷᠠᠭᠤᠯᠤᠨ᠂ ᠠᠵᠤ ᠠᠬᠤᠢ ᠵᠢᠨ ᠴᠢᠨᠠᠷᠯᠢᠭ ᠬᠥᠭᠵᠢᠯᠲᠡ ᠪᠠ ᠠᠮᠢ ᠠᠬᠤᠢ ᠵᠢᠨ ᠣᠷᠴᠢᠨ ᠲᠣᠭᠣᠷᠢᠨ᠎ᠤ ᠳᠡᠭᠡᠳᠦ ᠬᠢᠷᠢ ᠲᠦᠪᠰᠢᠨ᠎ᠤ ᠬᠠᠮᠠᠭ᠋ᠠᠯᠠᠯᠲᠠ ᠵᠢ ᠵᠣᠬᠢᠴᠠᠭᠤᠯᠤᠨ ᠠᠬᠢᠭᠤᠯᠬᠤ ᠬᠡᠷᠡᠭᠲᠡᠢ; ᠶᠡᠷᠦᠩᠬᠡᠢ ᠱᠦᠵᠢ ᠰᠢ ᠵᠢᠨ ᠫᠢᠩ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠰᠠᠢ᠌ᠲᠤᠷ ᠬᠢᠬᠦ ᠲᠤᠬᠠᠢ ᠳᠣᠲᠣᠨᠣ ᠬᠦᠰᠡᠯ ᠡᠷᠡᠮᠡᠯᠵᠡᠯ᠎ᠢ ᠭᠦᠨᠵᠡᠭᠡᠢ ᠣᠢ᠌ᠯᠠᠭ᠋ᠠᠨ᠂ 《ᠰᠢᠪᠲᠤᠯᠤᠯᠲᠠ ᠬᠢᠬᠦ᠎ᠳᠤ ᠰᠠᠭᠤᠷᠢᠯᠠᠬᠤ᠂ ᠤᠳᠠᠭ᠋ᠠᠨ ᠳᠠᠭ᠋ᠠᠭ᠋ᠠᠮᠠᠭ᠋ᠠᠢ ᠬᠢᠬᠦ᠎ᠠᠴᠠ ᠡᠭᠦᠰᠬᠦ᠂ ᠭᠠᠵᠠᠷ ᠣᠷᠣᠨ᠎ᠤ ᠪᠠᠢ᠌ᠳᠠᠯ᠎ᠳᠤ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠵᠣᠬᠢᠴᠠᠭᠤᠯᠤᠨ ᠵᠠᠰᠠᠯᠲᠠ ᠬᠢᠬᠦ᠂ ᠭᠣᠣᠯᠳᠠᠯᠭ᠎ᠠ ᠵᠢ ᠲᠣᠪᠣᠢ᠌ᠯᠭ᠋ᠠᠬᠤ᠂ ᠨᠢᠭᠡᠳᠦᠯᠲᠡᠢ ᠲᠥᠯᠥᠪᠯᠡᠨ ᠠᠬᠢᠭᠤᠯᠬᠤ᠂ ᠲᠤᠢ᠌ᠯ᠎ᠤᠨ ᠣᠨᠣᠪᠴᠢᠲᠠᠢ᠎ᠪᠠᠷ ᠰᠡᠷᠭᠡᠢ᠌ᠯᠡᠨ ᠵᠠᠰᠠᠬᠤ᠂ ᠪᠣᠳᠠᠲᠤ ᠦᠷ᠎ᠡ ᠪᠦᠲᠦᠮᠵᠢ ᠵᠢ ᠴᠢᠷᠮᠠᠢ᠌ᠨ ᠣᠯᠬᠤ》 ᠠᠵᠢᠯ᠎ᠤᠨ ᠴᠢᠭᠯᠡᠯᠲᠡ ᠵᠢ ᠪᠠᠷᠢᠮᠲᠠᠯᠠᠵᠤ᠂ ᠰᠢᠢ᠍ᠳᠪᠦᠷᠢᠲᠦ ᠳᠠᠢ᠌ᠨ ᠬᠢᠵᠦ ᠰᠢᠢ᠍ᠳᠪᠦᠷᠢᠲᠦ ᠢᠯᠠᠯᠲᠠ ᠣᠯᠬᠤ ᠢᠲᠡᠭᠡᠯ ᠵᠣᠷᠢᠭ ᠵᠶ᠋ᠠᠷ᠂ ᠬᠥᠬᠡ ᠣᠭᠲᠠᠷᠭᠤᠢ᠂ ᠨᠣᠮᠢᠨ ᠤᠰᠤ᠂ ᠠᠷᠢᠭᠤᠨ ᠬᠥᠷᠥᠰᠥ ᠵᠢ ᠬᠠᠮᠠᠭ᠋ᠠᠯᠠᠬᠤ ᠳᠠᠢ᠌ᠯᠠᠯᠳᠤᠭ᠋ᠠᠨ᠎ᠢ ᠡᠷᠡᠰ ᠰᠢᠭᠤᠷᠬᠠᠢ᠎ᠪᠠᠷ ᠰᠠᠢ᠌ᠲᠤᠷ ᠬᠢᠵᠦ᠂ ᠣᠯᠠᠨ ᠲᠦᠮᠡᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠥᠷᠲᠡᠭᠡᠮᠵᠢᠲᠦ ᠲᠥᠷᠥᠭᠳᠡᠯ᠂ ᠵᠣᠯ ᠵᠢᠷᠭ᠋ᠠᠯᠲᠤ ᠲᠥᠷᠥᠭᠳᠡᠯ ᠪᠠ ᠠᠮᠤᠷ ᠲᠦᠪᠰᠢᠨ᠎ᠤ ᠲᠥᠷᠥᠭᠳᠡᠯ᠎ᠢ ᠦᠨᠡᠨ ᠬᠦ᠌ ᠴᠢᠩᠭ᠋ᠠᠷᠠᠭᠤᠯᠬᠤ ᠬᠡᠷᠡᠭᠲᠡᠢ ᠭᠡᠵᠡᠢ᠃
ᠰᠢᠶᠠᠩ ᠳ᠋ᠦᠩ ᠱᠠᠭ᠋ᠠᠷᠳᠠᠬᠤ᠎ᠳᠤ᠎ᠪᠠᠨ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠥᠷᠨᠢᠯᠲᠡ ᠵᠢ ᠲᠦᠷᠭᠡᠨ ᠭᠠᠷᠭ᠋ᠠᠬᠤ ᠬᠡᠷᠡᠭᠲᠡᠢ᠃ ᠲᠢᠩᠬᠢᠮ᠎ᠤᠨ ᠰᠢᠰᠲ᠋ᠧᠮ᠎ᠤᠨ᠎ᠬᠢᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠪᠠ ᠨᠠᠮ᠎ᠤᠨ ᠭᠡᠰᠢᠭᠦᠨ ᠺᠠᠳ᠋ᠷᠴᠤᠳ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ᠎ᠪᠠᠷ ᠣᠳᠣᠬᠠᠨ᠎ᠤ ᠪᠠ ᠡᠭᠦᠨ᠎ᠠᠴᠠ ᠬᠣᠢ᠌ᠰᠢᠳᠠ ᠵᠢᠨ ᠨᠢᠭᠡ ᠬᠡᠰᠡᠭ ᠬᠤᠭᠤᠴᠠᠭ᠋ᠠᠨ᠎ᠤ ᠴᠢᠬᠤᠯᠠ ᠶᠡᠬᠡ ᠤᠯᠤᠰ ᠲᠥᠷᠥ ᠵᠢᠨ ᠡᠭᠦᠷᠭᠡ ᠪᠣᠯᠭ᠋ᠠᠨ᠂ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠨᠠᠷᠢᠨ ᠨᠢᠮᠪᠠᠢ ᠲᠣᠬᠢᠷᠠᠭᠤᠯᠤᠨ ᠪᠠᠢ᠌ᠷᠢᠯᠠᠭᠤᠯᠵᠤ᠂ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠥᠷᠨᠢᠯᠲᠡ ᠵᠢ ᠲᠦᠷᠭᠡᠨ ᠭᠠᠷᠭ᠋ᠠᠵᠤ᠂ ᠶᠠᠷᠢᠶᠠᠨ᠎ᠤ ᠵᠣᠷᠢᠭ ᠰᠠᠨᠠᠭ᠎ᠠ ᠵᠢ ᠠᠵᠢᠯ ᠬᠢᠵᠦ ᠠᠳᠠᠯ ᠦᠢ᠍ᠯᠡᠰ ᠪᠣᠰᠬᠠᠬᠤ ᠠᠮᠢᠳᠤᠯᠢᠭ ᠦᠢ᠍ᠯᠡᠳᠦᠯᠭᠡ ᠪᠠ ᠠᠮᠢ ᠠᠬᠤᠢ ᠵᠢᠨ ᠣᠷᠴᠢᠨ ᠲᠣᠭᠣᠷᠢᠨ᠎ᠢ ᠬᠠᠮᠠᠭ᠋ᠠᠯᠠᠬᠤ ᠦᠨᠡᠨ ᠪᠣᠳᠠᠲᠠᠢ ᠦᠷ᠎ᠡ ᠪᠦᠲᠦᠮᠵᠢ ᠪᠣᠯᠭ᠋ᠠᠨ ᠤᠯᠠᠷᠢᠭᠤᠯᠬᠤ᠎ᠪᠠᠷ ᠬᠦᠴᠦᠯᠡᠬᠦ ᠬᠡᠷᠡᠭᠲᠡᠢ᠃ ᠰᠤᠷᠤᠯᠴᠠᠨ ᠤᠬᠠᠭᠤᠯᠬᠤ ᠵᠢ ᠨᠠᠷᠢᠨ ᠨᠢᠮᠪᠠᠢ ᠵᠣᠬᠢᠶᠠᠨ ᠪᠠᠢ᠌ᠭᠤᠯᠵᠤ᠂ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠪᠠᠷ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠣᠣᠯ ᠳᠤᠭᠤᠢ᠌ᠯᠠᠩ ᠪᠠ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠣᠨᠣᠯ᠎ᠤᠨ ᠰᠤᠷᠤᠯᠴᠠᠯᠭ᠎ᠠ ᠵᠢᠨ ᠴᠢᠬᠤᠯᠠ ᠠᠭᠤᠯᠭ᠎ᠠ ᠪᠣᠯᠭ᠋ᠠᠨ᠂ ᠶᠠᠷᠢᠶᠠᠨ᠎ᠤ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ᠂ ᠰᠢᠰᠲ᠋ᠧᠮ᠎ᠲᠠᠢ᠂ ᠣᠨᠣᠪᠴᠢᠲᠠᠢ ᠣᠢ᠌ᠯᠠᠭ᠋ᠠᠬᠤ ᠬᠡᠷᠡᠭᠲᠡᠢ᠃ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠬᠤ ᠵᠢ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ᠂ ᠪᠦᠬᠦ ᠤᠯᠤᠰ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤᠯᠤᠭᠠ ᠨᠢᠭᠲᠠ ᠤᠶᠠᠯᠳᠤᠭᠤᠯᠤᠨ᠂ ᠭᠦᠨᠵᠡᠭᠡᠢ ᠰᠤᠷᠤᠯᠴᠠᠨ ᠨᠡᠪᠲᠡᠷᠡᠯ᠎ᠡ ᠣᠢ᠌ᠯᠠᠭ᠋ᠠᠵᠤ᠂ ᠠᠭᠤᠰᠤᠯᠴᠠᠭᠤᠯᠤᠨ ᠰᠢᠩᠭᠡᠭᠡᠵᠦ ᠨᠡᠢ᠌ᠳᠡᠮ᠎ᠳᠤ᠎ᠨᠢ ᠣᠢ᠌ᠯᠠᠭ᠋ᠠᠨ᠂ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠬᠡᠬᠦ ᠬᠡᠷᠡᠭᠲᠡᠢ᠃ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠪᠦᠬᠦ ᠬᠦᠴᠦᠨ ᠵᠶ᠋ᠡᠷ ᠰᠠᠢ᠌ᠲᠤᠷ ᠠᠳᠬᠤᠵᠤ᠂ ᠶᠡᠷᠦᠩᠬᠡᠢ ᠱᠦᠵᠢ ᠰᠢ ᠵᠢᠨ ᠫᠢᠩ᠎ᠤᠨ ᠶᠠᠷᠢᠶᠠᠨ᠎ᠳᠤ᠎ᠪᠠᠨ ᠳᠤᠷᠠᠳᠤᠭᠰᠠᠨ ᠴᠢᠬᠤᠯᠠ ᠦᠵᠡᠯ ᠰᠠᠨᠠᠭ᠎ᠠ ᠦᠵᠡᠯᠲᠡ᠂ ᠭᠣᠣᠯᠳᠠᠯᠭ᠎ᠠ᠎ᠲᠠᠢ ᠬᠠᠷᠠᠯᠲᠠ ᠡᠭᠦᠷᠭᠡ ᠪᠠ ᠴᠢᠬᠤᠯᠠ ᠶᠡᠬᠡ ᠦᠢ᠍ᠯᠡᠳᠦᠯᠭᠡ ᠵᠢᠨ ᠱᠠᠭ᠋ᠠᠷᠳᠠᠯᠭ᠎ᠠ ᠵᠢᠨ ᠲᠣᠭᠣᠷᠢᠨ᠎ᠳᠤ᠂ ᠪᠣᠳᠠᠲᠤ ᠪᠠᠢ᠌ᠳᠠᠯ᠎ᠲᠠᠢ ᠨᠢᠭᠲᠠ ᠤᠶᠠᠯᠳᠤᠭᠤᠯᠤᠨ᠂ ᠰᠢᠨ᠎ᠡ ᠴᠠᠭ᠎ᠤᠨ ᠪᠠᠢ᠌ᠳᠠᠯ᠎ᠢ ᠭᠦᠨᠵᠡᠭᠡᠢ ᠰᠤᠳᠤᠯᠤᠨ ᠮᠠᠭ᠋ᠠᠳᠯᠠᠵᠤ᠂ ᠡᠨᠡ ᠵᠢᠯ᠎ᠤᠨ ᠠᠵᠢᠯ᠎ᠤᠨ ᠰᠡᠳᠬᠢᠬᠦᠢ ᠪᠠ ᠡᠭᠦᠷᠭᠡ ᠠᠷᠭ᠎ᠠ ᠬᠡᠮᠵᠢᠶ᠎ᠡ᠎ᠳᠤ᠎ᠪᠠᠨ ᠳᠠᠬᠢᠨ ᠬᠠᠷᠭᠤᠭᠤᠯᠤᠯᠲᠠ ᠬᠠᠷᠢᠴᠠᠭᠤᠯᠤᠯ ᠬᠢᠵᠦ᠂ ᠳᠠᠬᠢᠨ ᠲᠡᠭᠦᠯᠳᠡᠷᠵᠢᠭᠦᠯᠦᠨ ᠳᠡᠭᠡᠭᠰᠢᠯᠡᠭᠦᠯᠵᠦ᠂ ᠶᠠᠷᠢᠶᠠᠨ᠎ᠤ ᠵᠣᠷᠢᠭ ᠰᠠᠨᠠᠭ᠎ᠠ ᠵᠢ ᠬᠡᠷᠡᠭᠯᠡᠨ ᠠᠰᠠᠭᠤᠳᠠᠯ᠎ᠢ ᠢᠯᠡᠷᠡᠭᠦᠯᠬᠦ ᠪᠠ ᠰᠢᠢ᠍ᠳᠪᠦᠷᠢᠯᠡᠨ᠂ ᠠᠵᠢᠯ ᠵᠶ᠋ᠠᠨ ᠤᠬᠠᠭ᠋ᠠᠯᠠᠨ ᠲᠥᠯᠥᠪᠯᠡᠬᠦ ᠪᠠ ᠠᠬᠢᠭᠤᠯᠬᠤ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠶᠠᠷᠢᠶᠠᠨ᠎ᠤ ᠵᠣᠷᠢᠭ ᠰᠠᠨᠠᠭ᠎ᠠ ᠵᠢ ᠰᠢᠰᠲ᠋ᠧᠮ᠎ᠲᠠᠢ᠎ᠪᠠᠷ ᠰᠤᠳᠤᠯᠤᠨ ᠡᠮᠬᠢᠯᠡᠵᠦ᠂ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠣᠭᠰᠣᠯᠲᠠ᠂ ᠭᠠᠷᠳᠠᠴᠠ ᠪᠠ ᠰᠢᠪᠲᠤᠯᠤᠯᠲᠠ ᠵᠢ ᠣᠨᠣᠪᠴᠢᠲᠠᠢ ᠡᠷᠢᠵᠦ᠂ ᠵᠤᠷᠪᠤᠰ ᠳᠠᠷᠠᠭ᠋ᠠᠯᠠᠨ ᠪᠣᠳᠠᠲᠠᠢ ᠰᠡᠳᠬᠢᠬᠦᠢ᠂ ᠬᠠᠷᠠᠯᠲᠠ᠂ ᠡᠭᠦᠷᠭᠡ ᠪᠠ ᠠᠷᠭ᠎ᠠ ᠬᠡᠮᠵᠢᠶ᠎ᠡ ᠪᠣᠯᠭ᠋ᠠᠨ ᠨᠠᠷᠢᠯᠢᠭᠵᠢᠭᠤᠯᠵᠤ᠂ ᠰᠢᠮᠳᠠᠭᠤᠯᠤᠨ ᠪᠠᠢ᠌ᠴᠠᠭ᠋ᠠᠵᠤ ᠵᠢᠯᠣᠭᠣᠳᠬᠤ ᠪᠠ ᠮᠥᠷᠳᠡᠨ ᠬᠠᠷᠢᠭᠤᠴᠠᠯᠭ᠎ᠠ ᠨᠡᠬᠡᠮᠵᠢᠯᠡᠬᠦ ᠵᠢ ᠴᠢᠩᠭ᠋ᠠᠷᠠᠭᠤᠯᠤᠨ᠂ ᠶᠠᠷᠢᠶᠠᠨ᠎ᠤ ᠵᠣᠷᠢᠭ ᠰᠠᠨᠠᠭ᠎ᠠ ᠵᠢ ᠪᠣᠳᠠᠲᠠᠢ᠌ᠵᠢᠭᠤᠯᠤᠨ ᠨᠠᠢ᠌ᠳᠠᠪᠤᠷᠢᠵᠢᠭᠤᠯᠬᠤ ᠵᠢ ᠪᠠᠲᠤᠯᠠᠬᠤ ᠬᠡᠷᠡᠭᠲᠡᠢ᠃ ᠠᠵᠢᠯ᠎ᠤᠨ ᠣᠪᠣᠷ ᠰᠤᠷᠲᠠᠯ ᠵᠶ᠋ᠠᠨ ᠦᠨᠡᠨ ᠬᠦ᠌ ᠬᠤᠪᠢᠷᠠᠭᠤᠯᠤᠨ᠂ 《ᠳᠥᠷᠪᠡᠨ ᠵᠦᠢ᠍ᠯ᠎ᠤᠨ ᠦᠵᠡᠯ ᠤᠬᠠᠮᠰᠠᠷ》᠎ᠢ ᠯᠠᠪᠳᠠᠭᠤᠨ ᠪᠠᠲᠤᠲᠠᠢ ᠪᠣᠢ ᠪᠣᠯᠭ᠋ᠠᠵᠤ᠂ 《ᠳᠥᠷᠪᠡᠨ ᠲᠠᠯ᠎ᠠ ᠵᠢᠨ ᠢᠲᠡᠭᠡᠯ》 ᠵᠶ᠋ᠡᠨ ᠪᠠᠲᠤᠳᠬᠠᠵᠤ᠂ ᠴᠢᠭᠯᠡᠯ᠂ ᠡᠷᠴᠢ ᠵᠣᠷᠢᠭ ᠪᠠ ᠲᠣᠭᠲᠠᠯ ᠬᠦᠴᠦᠨ ᠵᠶ᠋ᠡᠨ ᠭᠤᠢ᠌ᠪᠢᠰᠢ ᠦᠭᠡᠢ ᠪᠠᠲᠤᠯᠠᠨ᠂ ᠵᠣᠷᠢᠭ ᠰᠠᠨᠠᠭ᠎ᠠ᠎ᠪᠠᠨ ᠤᠯᠠᠮ ᠨᠢᠭᠡ ᠠᠯᠬᠤᠮ ᠬᠥᠪᠴᠢᠯᠡᠨ᠂ ᠣᠪᠣᠷ ᠰᠤᠷᠲᠠᠯ ᠵᠶ᠋ᠠᠨ ᠬᠤᠪᠢᠷᠠᠭᠤᠯᠵᠤ᠂ ᠤᠯᠠᠮ ᠬᠦᠴᠢᠷ ᠪᠡᠷᠬᠡᠲᠡᠢ ᠪᠣᠯ ᠤᠯᠠᠮ ᠬᠦᠴᠢᠷ᠎ᠢ ᠳᠠᠪᠠᠨ ᠤᠷᠤᠭᠰᠢᠯᠠᠵᠤ᠂ ᠤᠯᠠᠮ ᠬᠦᠴᠢᠷᠳᠡᠯ᠎ᠲᠠᠢ ᠦᠶ᠎ᠡ᠎ᠳᠤ ᠬᠠᠷᠢᠭᠤᠴᠠᠯᠭ᠎ᠠ ᠵᠢ ᠤᠯᠠᠮ ᠵᠣᠷᠢᠭᠲᠠᠢ ᠡᠭᠦᠷᠭᠡᠯᠡᠵᠦ᠂ ᠴᠠᠭ ᠪᠢᠳᠡᠨ᠎ᠢ ᠬᠦᠯᠢᠶᠡᠬᠦ ᠦᠭᠡᠢ ᠭᠡᠬᠦ ᠲᠤᠯᠭ᠋ᠠᠮᠳᠠᠭᠤ ᠰᠡᠳᠬᠢᠯᠭᠡ ᠪᠠ ᠥᠪᠡᠷ᠎ᠢ᠎ᠪᠠᠨ ᠵᠣᠷᠢᠭᠲᠠᠢ ᠦᠷᠡᠭᠳᠡᠭᠦᠯᠬᠦ ᠬᠠᠷᠢᠭᠤᠴᠠᠯᠭ᠋ᠠᠲᠤ ᠣᠪᠣᠷ ᠵᠶ᠋ᠠᠷ᠂ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠪᠠᠲᠤ ᠴᠢᠩᠭ᠎ᠠ ᠪᠥᠭᠡᠳ ᠡᠷᠡᠰ ᠰᠢᠭᠤᠷᠬᠠᠢ᠎ᠪᠠᠷ᠂ ᠲᠡᠷᠡ ᠶᠣᠰᠣᠭ᠋ᠠᠷ᠎ᠨᠢ ᠨᠠᠢ᠌ᠳᠠᠪᠤᠷᠢᠵᠢᠭᠤᠯᠤᠨ ᠭᠦᠢ᠍ᠴᠡᠳᠬᠡᠵᠦ᠂ ᠪᠣᠳᠠᠲᠤ ᠠᠵᠢᠯᠯᠠᠭ᠎ᠠ ᠪᠠ ᠰᠢᠯᠢᠳᠡᠭ ᠬᠢᠷᠢ ᠪᠦᠲᠦᠮᠵᠢ᠎ᠪᠠᠷ ᠶᠡᠷᠦᠩᠬᠡᠢ ᠱᠦᠵᠢ ᠰᠢ ᠵᠢᠨ ᠫᠢᠩ᠎ᠤᠨ ᠭᠣᠣᠯᠯᠠᠭᠴᠢ ᠪᠠᠢ᠌ᠷᠢ ᠰᠠᠭᠤᠷᠢ ᠵᠢ ᠡᠷᠡᠰ ᠬᠠᠮᠠᠭ᠋ᠠᠯᠠᠨ᠂ ᠨᠠᠮ᠎ᠤᠨ ᠲᠥᠪ ᠬᠣᠷᠢᠶᠠᠨ᠎ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠡᠷᠡᠰ ᠬᠠᠮᠠᠭ᠋ᠠᠯᠠᠬᠤ ᠬᠡᠷᠡᠭᠲᠡᠢ ᠭᠡᠵᠡᠢ᠃
ᠰᠢᠶᠠᠩ ᠳ᠋ᠦᠩ ᠴᠢᠬᠤᠯᠠᠴᠢᠯᠠᠬᠤ᠎ᠳᠤ᠎ᠪᠠᠨ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠡᠷᠡᠰ ᠭᠤᠢ᠌ᠪᠢᠰᠢ ᠦᠭᠡᠢ᠎ᠪᠠᠷ ᠰᠠᠢ᠌ᠲᠤᠷ ᠰᠤᠷᠤᠯᠴᠠᠵᠤ᠂ ᠰᠠᠢ᠌ᠲᠤᠷ ᠤᠬᠠᠭᠤᠯᠤᠨ᠂ ᠰᠠᠢ᠌ᠲᠤᠷ ᠲᠤᠭᠤᠰᠢᠯᠠᠭᠤᠯᠵᠤ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠪᠠ ᠪᠦᠬᠦ ᠤᠯᠤᠰ᠂ ᠪᠦᠬᠦ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠲᠡᠷᠡ ᠶᠣᠰᠣᠭ᠋ᠠᠷ᠎ᠨᠢ ᠨᠠᠢ᠌ᠳᠠᠪᠤᠷᠢᠵᠢᠭᠤᠯᠵᠤ᠂ ᠪᠡᠬᠢᠯᠡᠯᠲᠡ᠎ᠪᠠᠨ ᠪᠠᠲᠤ ᠰᠠᠬᠢᠨ᠂ ᠦᠷ᠎ᠡ ᠪᠦᠲᠦᠭᠡᠯ ᠵᠶ᠋ᠡᠨ ᠪᠡᠬᠢᠵᠢᠭᠦᠯᠵᠦ᠂ ᠲᠣᠭᠲᠠᠯ ᠬᠦᠴᠦᠨ ᠵᠶ᠋ᠡᠨ ᠪᠠᠲᠤᠯᠠᠨ᠂ ᠲᠣᠭᠲᠠᠭᠤᠨ᠎ᠢ ᠪᠠᠲᠤᠯᠠᠬᠤ ᠳᠤᠮᠳᠠ ᠤᠷᠤᠭᠰᠢᠯᠠᠨ ᠳᠠᠪᠰᠢᠵᠤ᠂ ᠨᠡᠩ ᠶᠡᠬᠡ ᠡᠷᠡᠰ ᠵᠣᠷᠢᠭ᠂ ᠨᠡᠩ ᠥᠨᠳᠥᠷ ᠪᠠᠷᠢᠮᠵᠢᠶ᠎ᠠ᠂ ᠨᠡᠩ ᠪᠣᠳᠠᠲᠠᠢ ᠠᠷᠭ᠎ᠠ ᠬᠡᠮᠵᠢᠶ᠎ᠡ᠂ ᠨᠡᠩ ᠰᠢᠯᠢᠳᠡᠭ ᠣᠪᠣᠷ ᠰᠤᠷᠲᠠᠯ ᠵᠶ᠋ᠠᠷ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ ᠪᠠ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠤᠳᠠᠭ᠋ᠠᠨ ᠳᠠᠭ᠋ᠠᠭ᠋ᠠᠮᠠᠭ᠋ᠠᠢ ᠳᠠᠢ᠌ᠯᠠᠯᠳᠤᠭ᠋ᠠᠨ᠎ᠢ ᠪᠦᠬᠦ ᠬᠦᠴᠦᠨ ᠵᠶ᠋ᠡᠷ ᠰᠠᠢ᠌ᠲᠤᠷ ᠬᠢᠵᠦ᠂ ᠡᠬᠡ ᠤᠯᠤᠰ᠎ᠤᠨ ᠤᠮᠠᠷᠠᠲᠤ ᠬᠢᠵᠠᠭ᠋ᠠᠷ᠎ᠤᠨ ᠡᠨᠡ ᠬᠦ᠌ ᠦᠵᠡᠰᠬᠦᠯᠡᠩᠲᠦ ᠰᠠᠢ᠌ᠬᠠᠨ ᠦᠵᠡᠮᠵᠢ ᠵᠢᠨ ᠣᠷᠣᠨ᠎ᠢ ᠰᠠᠢ᠌ᠲᠤᠷ ᠰᠠᠬᠢᠨ ᠬᠠᠮᠠᠭ᠋ᠠᠯᠠᠵᠤ᠂ ᠥᠪᠥᠷ ᠮᠣᠩᠭᠣᠯ᠎ᠤᠨ ᠡᠨᠡ ᠬᠦ᠌ ᠬᠡᠰᠡᠭ ᠬᠠᠯᠠᠭᠤᠨ ᠰᠢᠷᠣᠢ᠎ᠪᠠᠨ ᠰᠠᠢ᠌ᠲᠤᠷ ᠰᠠᠬᠢᠨ ᠬᠠᠮᠠᠭ᠋ᠠᠯᠠᠵᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠤ ᠢᠷᠠᠭᠤ ᠠᠯᠳᠠᠷ ᠵᠶ᠋ᠠᠨ ᠰᠠᠢ᠌ᠲᠤᠷ ᠪᠠᠲᠤᠯᠠᠨ ᠬᠠᠮᠠᠭ᠋ᠠᠯᠠᠵᠤ᠂ ᠰᠢᠯᠢᠳᠡᠭ ᠬᠢᠷᠢ ᠪᠦᠲᠦᠮᠵᠢ᠎ᠪᠠᠷ ᠵᠶ᠋ᠠᠨ ᠰᠢᠨ᠎ᠡ ᠳᠤᠮᠳᠠᠳᠤ ᠤᠯᠤᠰ ᠪᠠᠢ᠌ᠭᠤᠯᠤᠭᠳᠠᠭᠰᠠᠨ 70 ᠵᠢᠯ᠎ᠤᠨ ᠣᠢ᠎ᠳᠤ ᠬᠠᠨᠳᠢᠪ ᠨᠡᠮᠡᠷᠢ᠎ᠪᠠᠨ ᠬᠠᠨᠳᠢᠪᠯᠠᠬᠤ ᠬᠡᠷᠡᠭᠲᠡᠢ ᠭᠡᠵᠡᠢ᠃
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠤᠳᠤᠷᠢᠳᠬᠤ ᠪᠠᠭ᠎ᠤᠨ ᠭᠡᠰᠢᠭᠦᠳ᠂ ᠲᠢᠩᠬᠢᠮ᠎ᠤᠨ ᠪᠠᠢ᠌ᠭᠤᠯᠭ᠎ᠠ ᠵᠢᠨ ᠪᠦᠬᠦ ᠺᠠᠳ᠋ᠷ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠵᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠪᠦᠬᠦ ᠺᠠᠳ᠋ᠷ᠂ ᠬᠠᠷᠢᠶᠠᠯᠠᠭᠳᠠᠬᠤ ᠠᠵᠢᠯ ᠦᠢ᠍ᠯᠡᠰ᠎ᠤᠨ ᠨᠢᠭᠡᠴᠢ ᠵᠢᠨ ᠳᠡᠳ᠋ ᠰᠠᠯᠠᠭ᠋ᠠᠨ ᠳᠡᠰ᠎ᠠᠴᠠ ᠳᠡᠭᠡᠭᠰᠢᠬᠢ ᠺᠠᠳ᠋ᠷᠴᠤᠳ ᠬᠤᠷᠠᠯ᠎ᠳᠤ ᠣᠷᠣᠯᠴᠠᠵᠠᠢ᠃
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠶᠡᠷᠦᠩᠬᠡᠢ ᠱᠦᠵᠢ ᠰᠢ ᠵᠢᠨ ᠫᠢᠩ᠎ᠤᠨ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠶᠠᠳᠤᠭ᠋ᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ ᠪᠠᠢ᠌ᠨ᠎ᠠ

ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠰᠢᠶᠠᠩ ᠳ᠋ᠦᠩ᠎ᠠᠴᠠ ᠶᠡᠷᠦᠩᠬᠡᠢ ᠱᠦᠵᠢ ᠰᠢ ᠵᠢᠨ ᠫᠢᠩ᠎ᠤᠨ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠶᠠᠳᠤᠭ᠋ᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠤᠯᠠᠮᠵᠢᠯᠠᠵᠤ᠂ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠲᠣᠬᠢᠷᠠᠭᠤᠯᠤᠨ ᠪᠠᠢ᠌ᠷᠢᠯᠠᠭᠤᠯᠵᠤ ᠪᠠᠢ᠌ᠨ᠎ᠠ

ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠤᠳᠤᠷᠢᠳᠬᠤ ᠪᠠᠭ᠎ᠤᠨ ᠭᠡᠰᠢᠭᠦᠳ᠂ ᠲᠢᠩᠬᠢᠮ᠎ᠤᠨ ᠪᠠᠢ᠌ᠭᠤᠯᠭ᠎ᠠ ᠵᠢᠨ ᠪᠦᠬᠦ ᠺᠠᠳ᠋ᠷ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠵᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠪᠦᠬᠦ ᠺᠠᠳ᠋ᠷ᠂ ᠬᠠᠷᠢᠶᠠᠯᠠᠭᠳᠠᠬᠤ ᠠᠵᠢᠯ ᠦᠢ᠍ᠯᠡᠰ᠎ᠤᠨ ᠨᠢᠭᠡᠴᠢ ᠵᠢᠨ ᠳᠡᠳ᠋ ᠰᠠᠯᠠᠭ᠋ᠠᠨ ᠳᠡᠰ᠎ᠠᠴᠠ ᠳᠡᠭᠡᠭᠰᠢᠬᠢ ᠺᠠᠳ᠋ᠷᠴᠤᠳ ᠬᠤᠷᠠᠯ᠎ᠳᠤ ᠣᠷᠣᠯᠴᠠᠵᠤ ᠪᠠᠢ᠌ᠨ᠎ᠠ