ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠵᠢᠷᠤᠬᠲᠦ᠍ ᠮᠡᠳᠡᠭᠡ
ᠥᠪᠡᠷᠲᠡᠭᠡᠨ ᠵᠠᠰᠠᠬᠤ ᠣᠷᠣᠨ᠎ᠠᠴᠠ ᠣᠷᠴᠢᠨ ᠲᠣᠭᠣᠷᠢᠨ᠎ᠢ ᠬᠠᠮᠠᠭ᠋ᠠᠯᠠᠬᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠳᠠᠢ᠌ᠴᠢᠯᠠᠨ ᠪᠠᠢ᠌ᠷᠢᠯᠠᠭᠤᠯᠬᠤ ᠶᠠᠷᠢᠯᠴᠠᠭ᠋ᠠᠨ᠎ᠤ ᠬᠤᠷᠠᠯ᠎ᠢ ᠬᠤᠷᠠᠯᠳᠤᠭᠤᠯᠤᠨ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠳᠤ ᠠᠩᠬᠠᠷᠤᠭᠤᠯᠤᠨ ᠲᠥᠪᠯᠡᠷᠡᠭᠦᠯᠵᠦ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠭᠤᠯᠭ᠎ᠠ᠎ᠳᠤ ᠬᠦᠴᠦᠨ ᠵᠶ᠋ᠡᠨ ᠲᠥᠪᠯᠡᠷᠡᠭᠦᠯᠪᠡ
ᠨᠡᠶ᠋ᠢᠲᠡᠯᠡᠭᠰᠡᠨ ᠴᠠᠭ᠄ 2019-03-15

     3 ᠳ᠋ᠤᠭ᠋ᠠᠷ ᠰᠠᠷ᠎ᠠ ᠵᠢᠨ 11᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠭᠤᠯᠭ᠎ᠠ ᠬᠥᠮᠥᠵᠢᠯ᠎ᠤᠨ ᠲᠥᠪ᠎ᠠᠴᠠ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠢ ᠬᠠᠮᠠᠭ᠋ᠠᠯᠠᠬᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ 《ᠶᠡᠷᠦᠩᠬᠡᠢ ᠱᠦᠵᠢ ᠰᠢ ᠵᠢᠨ ᠫᠢᠩ᠎ᠤᠨ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠶᠠᠳᠤᠭ᠋ᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ》 ᠵᠢ ᠰᠤᠷᠤᠯᠴᠠᠨ ᠲᠤᠭᠤᠰᠢᠯᠠᠭᠤᠯᠬᠤ᠎ᠪᠠᠷ ᠳᠠᠢ᠌ᠴᠢᠯᠠᠨ ᠪᠠᠢ᠌ᠷᠢᠯᠠᠭᠤᠯᠬᠤ ᠶᠠᠷᠢᠯᠴᠠᠭ᠋ᠠᠨ᠎ᠤ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠶᠠᠳᠤᠭ᠋ᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠤᠯᠠᠮ ᠨᠢᠭᠡ ᠠᠯᠬᠤᠮ ᠰᠤᠷᠤᠯᠴᠠᠵᠠᠢ᠃
      ᠶᠠᠷᠢᠯᠴᠠᠭ᠋ᠠᠨ᠎ᠤ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠭᠤᠯᠭ᠎ᠠ ᠬᠥᠮᠥᠵᠢᠯ᠎ᠤᠨ ᠲᠥᠪ᠎ᠤᠨ ᠡᠷᠬᠢᠯᠡᠭᠴᠢ ᠪᠠᠢ ᡁᠢ ᠹᠧᠩ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠭᠰᠠᠨ᠎ᠤ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠰᠢᠶᠠᠩ ᠳ᠋ᠦᠩ᠎ᠤᠨ 3 ᠳ᠋ᠤᠭ᠋ᠠᠷ ᠰᠠᠷ᠎ᠠ ᠵᠢᠨ 7᠎ᠤ ᠡᠳᠦᠷ ᠬᠤᠷᠠᠯᠳᠤᠭᠤᠯᠤᠭᠰᠠᠨ ᠲᠢᠩᠬᠢᠮ᠎ᠤᠨ ᠰᠢᠰᠲ᠋ᠧᠮ᠎ᠤᠨ᠎ᠬᠢᠨ᠎ᠤ ᠺᠠᠳ᠋ᠷᠴᠤᠳ᠎ᠤᠨ ᠶᠡᠬᠡ ᠬᠤᠷᠠᠯ ᠳᠡᠭᠡᠷᠡᠬᠢ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠲᠤᠬᠠᠢ ᠠᠵᠢᠯ᠎ᠤᠨ ᠪᠠᠢ᠌ᠷᠢᠯᠠᠭᠤᠯᠤᠯᠲᠠ ᠵᠢ ᠰᠤᠷᠤᠯᠴᠠᠪᠠ᠃ ᠬᠤᠷᠠᠯ᠎ᠳᠤ ᠣᠷᠣᠯᠴᠠᠭᠰᠠᠨ ᠣᠷᠴᠢᠨ ᠲᠣᠭᠣᠷᠢᠨ᠎ᠢ ᠬᠠᠮᠠᠭ᠋ᠠᠯᠠᠬᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ ᠲᠤᠰ ᠪᠡᠶ᠎ᠡ ᠵᠢᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠬᠡᠷᠬᠢᠨ ᠰᠤᠷᠤᠯᠴᠠᠨ ᠤᠬᠠᠭᠤᠯᠵᠤ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠳᠠᠷᠠᠭ᠋ᠠᠴᠢ ᠵᠢᠨ ᠠᠯᠬᠤᠮ᠎ᠳᠤ ᠠᠮᠢ ᠠᠬᠤᠢ ᠵᠢᠨ ᠣᠷᠴᠢᠨ ᠲᠣᠭᠣᠷᠢᠨ᠎ᠤ ᠤᠬᠠᠭᠤᠯᠭ᠎ᠠ ᠵᠢ ᠬᠡᠷᠬᠢᠨ ᠨᠡᠩ ᠰᠠᠢ᠌ᠲᠤᠷ ᠥᠷᠨᠢᠭᠦᠯᠦᠨ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠨᠡᠢ᠌ᠭᠡᠮ᠎ᠤᠨ ᠠᠰᠠᠷᠠᠮᠵᠢ ᠵᠢᠨ ᠠᠵᠢᠯᠯᠠᠭ᠎ᠠ ᠵᠢ ᠬᠡᠷᠡᠭᠵᠢᠭᠦᠯᠬᠦ ᠲᠤᠬᠠᠢ ᠢᠳᠡᠪᠬᠢᠲᠡᠢ᠎ᠪᠠᠷ ᠶᠠᠷᠢᠯᠴᠠᠭ᠎ᠠ ᠥᠷᠨᠢᠭᠦᠯᠪᠡ᠃ ᠣᠯᠠᠨ ᠵᠶ᠋ᠠᠷ ᠵᠶ᠋ᠠᠨ᠂ ᠶᠡᠷᠦᠩᠬᠡᠢ ᠱᠦᠵᠢ ᠰᠢ ᠵᠢᠨ ᠫᠢᠩ ᠶᠠᠷᠢᠶᠠᠨ᠎ᠳᠤ᠎ᠪᠠᠨ᠂ ᠮᠠᠨ᠎ᠤ ᠤᠯᠤᠰ᠎ᠤᠨ ᠤᠮᠠᠷᠠᠲᠤ ᠵᠢᠨ ᠠᠮᠢ ᠠᠬᠤᠢ ᠵᠢᠨ ᠴᠢᠬᠤᠯᠠ ᠠᠮᠤᠷ ᠲᠦᠪᠰᠢᠨ᠎ᠤ ᠬᠠᠯᠬᠠᠪᠴᠢ ᠵᠢ ᠪᠠᠢ᠌ᠭᠤᠯᠤᠨ᠂ ᠡᠬᠡ ᠤᠯᠤᠰ᠎ᠤᠨ ᠤᠮᠠᠷᠠᠲᠤ ᠬᠢᠵᠠᠭ᠋ᠠᠷ᠎ᠤᠨ ᠡᠨᠡ ᠬᠦ᠌ ᠦᠵᠡᠮᠵᠢ ᠵᠢᠨ ᠣᠷᠣᠨ᠎ᠢ ᠨᠡᠩ ᠦᠵᠡᠰᠬᠦᠯᠡᠩᠲᠦ ᠰᠠᠢ᠌ᠬᠠᠨ ᠪᠣᠯᠭ᠋ᠠᠨ ᠪᠦᠲᠦᠭᠡᠨ ᠪᠠᠢ᠌ᠭᠤᠯᠬᠤ᠎ᠳᠤ᠂ ᠡᠷᠬᠡᠪᠰᠢ ᠨᠡᠩ ᠶᠡᠬᠡ ᠡᠷᠡᠰ ᠵᠣᠷᠢᠭ ᠵᠶ᠋ᠠᠷ᠂ ᠨᠡᠩ ᠰᠢᠷᠭ᠋ᠠᠭᠤ ᠬᠠᠲᠠᠭᠤᠵᠢᠯᠲᠠᠢ ᠴᠢᠷᠮᠠᠢ᠌ᠯᠭ᠎ᠠ ᠭᠠᠷᠭ᠋ᠠᠬᠤ ᠬᠡᠷᠡᠭᠲᠡᠢ ᠭᠡᠵᠡᠢ᠃ ᠡᠨᠡ᠎ᠨᠢ ᠶᠡᠷᠦᠩᠬᠡᠢ ᠱᠦᠵᠢ ᠰᠢ ᠵᠢᠨ ᠫᠢᠩ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ᠎ᠠᠴᠠ ᠥᠪᠥᠷ ᠮᠣᠩᠭᠣᠯ᠎ᠢ ᠬᠠᠷᠠᠭ᠋ᠠᠯᠵᠠᠨ ᠬᠠᠯᠠᠮᠵᠢᠯᠠᠵᠤ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ ᠪᠠᠢ᠌ᠬᠤ ᠵᠢ ᠭᠦᠢ᠍ᠴᠡᠳ ᠢᠯᠡᠷᠡᠭᠦᠯᠪᠡ᠃ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠦᠵᠡᠯ ᠰᠠᠨᠠᠭ᠎ᠠ᠎ᠨᠢ ᠭᠦᠨᠵᠡᠭᠡᠢ᠂ ᠠᠴᠢ ᠬᠣᠯᠪᠣᠭᠳᠠᠯ᠎ᠨᠢ ᠴᠢᠬᠤᠯᠠ ᠶᠡᠬᠡ᠂ ᠰᠠᠨᠠᠭ᠎ᠠ ᠵᠣᠷᠢᠯᠲᠠ᠎ᠨᠢ ᠴᠢᠩ ᠦᠨᠡᠨᠴᠢ ᠪᠠᠢ᠌ᠵᠤ᠂ ᠪᠢᠳᠡ ᠡᠷᠬᠡᠪᠰᠢ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠪᠠ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠯᠤᠰ ᠲᠥᠷᠥ ᠵᠢᠨ ᠬᠠᠷᠢᠭᠤᠴᠠᠯᠭ᠎ᠠ ᠵᠢ ᠦᠨᠡᠨ ᠬᠦ᠌ ᠡᠭᠦᠷᠭᠡᠯᠡᠵᠦ᠂ ᠡᠬᠡ ᠤᠯᠤᠰ᠎ᠤᠨ ᠤᠮᠠᠷᠠᠲᠤ ᠵᠢᠨ ᠡᠨᠡ ᠬᠦ᠌ ᠦᠵᠡᠮᠵᠢ ᠵᠢᠨ ᠣᠷᠣᠨ᠎ᠢ ᠰᠠᠢ᠌ᠲᠤᠷ ᠰᠠᠬᠢᠨ ᠬᠠᠮᠠᠭ᠋ᠠᠯᠠᠬᠤ ᠬᠡᠷᠡᠭᠲᠡᠢ ᠭᠡᠵᠦ ᠨᠡᠢ᠌ᠳᠡᠮ᠎ᠳᠤ᠎ᠪᠠᠨ ᠦᠵᠡᠵᠡᠭᠡᠪᠡ᠃
    ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠨᠡᠢ᠌ᠲᠡ ᠵᠢᠨ ᠠᠰᠠᠷᠠᠮᠵᠢ ᠵᠢᠨ ᠠᠵᠢᠯᠯᠠᠭ᠎ᠠ ᠵᠢ ᠣᠯᠠᠨ ᠵᠢᠯ ᠬᠢᠭᠰᠡᠨ ᠪᠤᠭᠤᠲᠤ ᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠣᠯᠪᠣᠭ᠋ᠠᠲᠤ ᠬᠤᠷᠠᠯ᠎ᠤᠨ ᠳᠠᠷᠤᠭ᠎ᠠ ᠳ᠋ᠢᠩ ᠶᠣᠣ ᠰᠢᠶᠠᠨ ᠢᠯᠡᠷᠬᠡᠢ᠌ᠯᠡᠬᠦ᠎ᠳᠤ᠎ᠪᠠᠨ᠂ 《ᠶᠡᠷᠦᠩᠬᠡᠢ ᠱᠦᠵᠢ ᠰᠢ ᠵᠢᠨ ᠫᠢᠩ᠎ᠤᠨ ᠶᠠᠷᠢᠶ᠎ᠠ᠎ᠨᠢ ᠪᠢᠳᠡᠨ᠎ᠳᠤ ᠮᠠᠰᠢ ᠤᠯᠠ ᠰᠠᠭᠤᠷᠢ᠎ᠲᠠᠢ ᠲᠥᠷᠥᠭᠳᠡᠯ ᠥᠭᠴᠦ᠂ ᠰᠡᠳᠬᠢᠯ ᠰᠠᠨᠠᠭ᠎ᠠ ᠵᠢ ᠲᠤᠢ᠌ᠯ ᠵᠶ᠋ᠠᠷ ᠠᠮᠤᠷᠵᠢᠭᠤᠯᠤᠨ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠢᠲᠡᠭᠡᠯ ᠵᠣᠷᠢᠭ᠎ᠢ ᠨᠡᠩ ᠪᠠᠲᠤᠳᠬᠠᠵᠤ᠂ ᠡᠷᠴᠢ ᠬᠦᠴᠦᠨ ᠣᠯᠭᠣᠪᠠ》 ᠭᠡᠵᠡᠢ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠤ ᠦᠢ᠍ᠯᠡᠰ᠎ᠤᠨ ᠨᠡᠢ᠌ᠭᠡᠮᠯᠢᠭ᠎ᠤᠨ ᠵᠠᠨ ᠵᠢᠶᠠᠨ ᠮᠢᠨ ᠢᠯᠡᠷᠬᠡᠢ᠌ᠯᠡᠬᠦ᠎ᠳᠤ᠎ᠪᠠᠨ᠂ 《ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠤ ᠦᠢ᠍ᠯᠡᠰ᠎ᠤᠨ ᠨᠡᠢ᠌ᠭᠡᠮᠯᠢᠭ ᠪᠣᠯᠣᠭᠰᠠᠨ᠎ᠤ ᠬᠤᠪᠢ᠎ᠳᠤ᠂ ᠪᠢᠳᠡ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠷᠢᠲᠤᠴᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠢ ᠴᠠᠭ ᠲᠤᠬᠠᠢ᠎ᠳᠤ᠎ᠨᠢ ᠡᠵᠡᠮᠰᠢᠵᠦ ᠴᠢᠳᠠᠬᠤ᠎ᠨᠢ ᠮᠠᠨ᠎ᠤ ᠳᠠᠪᠠᠭᠤᠯᠢᠭ ᠪᠣᠯᠣᠨ᠎ᠠ᠃ ᠪᠢᠳᠡ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠲᠠᠢ ᠤᠶᠠᠯᠳᠤᠭᠤᠯᠤᠨ᠂ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠨᠡᠢ᠌ᠲᠡᠯᠢᠭ ᠵᠢᠱ᠌ᠢᠶᠡᠴᠢ ᠵᠢ ᠳ᠋ᠦᠩᠨᠡᠵᠦ ᠤᠬᠠᠭᠤᠯᠤᠨ ᠳᠡᠯᠭᠡᠷᠡᠭᠦᠯᠬᠦ ᠵᠢ ᠰᠠᠢ᠌ᠲᠤᠷ ᠬᠢᠵᠦ᠂ ᠪᠣᠳᠠᠲᠤ ᠠᠵᠢᠯᠯᠠᠭ᠎ᠠ᠎ᠪᠠᠷ ᠵᠶ᠋ᠠᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠤ ᠦᠢ᠍ᠯᠡᠰ᠎ᠤᠨ ᠨᠡᠢ᠌ᠭᠡᠮᠯᠢᠭ᠎ᠤᠨ ᠠᠵᠢᠯ᠎ᠢ ᠯᠠᠪᠳᠠᠭᠤᠨ ᠪᠠᠲᠤᠲᠠᠢ᠎ᠪᠠᠷ ᠰᠠᠢ᠌ᠲᠤᠷ ᠬᠢᠬᠦ ᠬᠡᠷᠡᠭᠲᠡᠢ》 ᠭᠡᠵᠡᠢ᠃
      《ᠠᠮᠢ ᠠᠬᠤᠢ ᠵᠢᠨ ᠣᠷᠴᠢᠨ ᠲᠣᠭᠣᠷᠢᠨ᠎ᠤ ᠶᠠᠰᠤ ᠴᠢᠨᠠᠷ᠎ᠤᠨ ᠰᠠᠢ᠌ᠵᠢᠷᠠᠯᠲᠠ ᠵᠢ ᠴᠢᠩᠭ᠋ᠠᠳᠬᠠᠬᠤ᠎ᠨᠢ ᠶᠡᠷᠦᠩᠬᠡᠢ ᠬᠠᠨᠳᠤᠰᠢ ᠪᠣᠯᠬᠤ᠎ᠪᠠᠷ ᠪᠠᠷᠠᠬᠤ ᠦᠭᠡᠢ᠂ ᠠᠷᠠᠳ᠎ᠤᠨ ᠬᠦᠰᠡᠯ ᠡᠷᠡᠮᠡᠯᠵᠡᠯ ᠪᠣᠯᠣᠨ᠎ᠠ᠂ ᠡᠨᠡ ᠵᠢᠯ᠂ ᠪᠢᠳᠡ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠨᠡᠢ᠌ᠲᠡ ᠵᠢᠨ ᠠᠰᠠᠷᠠᠮᠵᠢ ᠵᠢᠨ ᠤᠬᠠᠭᠤᠯᠭ᠎ᠠ ᠬᠥᠮᠥᠵᠢᠯ᠎ᠢ ᠪᠦᠬᠦ ᠣᠷᠣᠨ᠎ᠤ 12 ᠮᠤᠵᠢ ᠬᠣᠲᠠ᠂ 103 ᠬᠣᠰᠢᠭᠤ ᠰᠢᠶᠠᠨ᠂ 1000 ᠭᠠᠷᠤᠢ ᠨᠡᠢ᠌ᠭᠡᠮ ᠲᠣᠭᠣᠷᠢᠭ᠂ ᠵᠡᠭᠡᠯᠢ ᠭᠤᠳᠤᠮᠵᠢ ᠪᠠ ᠰᠢᠶᠠᠩ ᠲᠣᠰᠬᠤᠨ᠎ᠳᠤ ᠬᠦᠷᠲᠡᠯ᠎ᠡ ᠲᠦᠭᠡᠮᠡᠯᠵᠢᠭᠦᠯᠦᠨ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠨᠡᠢ᠌ᠲᠡ ᠵᠢᠨ ᠠᠰᠠᠷᠠᠮᠵᠢ ᠵᠢᠨ ᠤᠬᠠᠭᠤᠯᠭ᠎ᠠ ᠬᠥᠮᠥᠵᠢᠯ᠎ᠤᠨ 10000 ᠰᠠᠢ᠌ᠨ ᠳᠤᠷᠠᠴᠢᠨ᠎ᠢ ᠡᠯᠰᠡᠵᠦ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠵᠡᠯ ᠰᠠᠨᠠᠭ᠎ᠠ᠂ ᠣᠨᠣᠯᠵᠢᠬᠤᠨ᠂ ᠰᠣᠶᠣᠯ᠂ ᠮᠡᠷᠭᠡᠵᠢᠯ ᠴᠢᠳᠠᠪᠤᠷᠢ ᠵᠢ ᠪᠦᠬᠦ ᠣᠷᠣᠨ᠎ᠤ ᠪᠦᠬᠦ ᠭᠡᠷ ᠪᠦᠯᠢ ᠪᠠ ᠬᠥᠮᠥᠨ ᠨᠢᠭᠡᠪᠦᠷᠢ᠎ᠳᠤ ᠬᠦᠷᠲᠡᠯ᠎ᠡ ᠲᠦᠭᠡᠮᠡᠯᠵᠢᠭᠦᠯᠦᠨ᠎ᠡ》 ᠭᠡᠵᠦ ᠥᠪᠥᠷ ᠮᠣᠩᠭᠣᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯ ᠲᠥᠷᠥᠯ᠎ᠤᠨ ᠨᠡᠢ᠌ᠭᠡᠮᠯᠢᠭ᠎ᠤᠨ ᠳᠠᠷᠤᠭ᠎ᠠ ᠬᠠᠨ ᠢᠦᠢ ᠴᠤᠤ ᠰᠡᠳᠬᠢᠯ ᠳᠣᠭᠳᠣᠯᠤᠨ ᠬᠡᠯᠡᠵᠦ ᠪᠠᠢ᠌ᠯ᠎ᠠ᠃ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠭᠤᠯᠭ᠎ᠠ ᠵᠢ ᠦᠷᠭᠦᠯᠵᠢᠯᠡᠨ ᠴᠢᠩᠭ᠋ᠠᠳᠬᠠᠬᠤ ᠲᠤᠬᠠᠢ᠂ ᠬᠥᠬᠡᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠤ ᠦᠢ᠍ᠯᠡᠰ᠎ᠤᠨ ᠨᠡᠢ᠌ᠭᠡᠮᠯᠢᠭ᠎ᠤᠨ ᠨᠠᠷᠢᠨ ᠪᠢᠴᠢᠭ᠎ᠤᠨ ᠳᠠᠷᠤᠭ᠎ᠠ ᠯᠢ ᠰᠢᠶᠣᠤ ᠳ᠋ᠠᠨ ᠮᠠᠰᠢ ᠵᠥᠪᠰᠢᠶᠡᠷᠡᠨ ᠳᠡᠮᠵᠢᠵᠦ᠂ 《ᠴᠢᠨᠠᠷᠯᠢᠭ ᠬᠥᠭᠵᠢᠯᠲᠡ ᠵᠢ ᠠᠬᠢᠭᠤᠯᠬᠤ᠎ᠳᠤ ᠭᠡᠰᠡᠨ ᠦᠭᠡᠢ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠰᠠᠢ᠌ᠲᠤᠷ ᠬᠢᠬᠦ᠎ᠳᠤ ᠴᠤ᠌ ᠭᠡᠰᠡᠨ ᠦᠭᠡᠢ᠂ ᠨᠡᠢ᠌ᠭᠡᠮ᠎ᠤᠨ ᠡᠯ᠎ᠡ ᠡᠲᠡᠭᠡᠳ᠎ᠤᠨ᠎ᠬᠢᠨ᠎ᠤ ᠥᠷᠭᠡᠨ ᠳᠡᠯᠭᠡᠷ ᠬᠠᠯᠠᠮᠵᠢᠯᠠᠯ ᠪᠠ ᠬᠠᠮᠲᠤ ᠵᠢᠨ ᠣᠷᠣᠯᠴᠠᠯᠭ᠎ᠠ ᠵᠢ ᠱᠠᠭ᠋ᠠᠷᠳᠠᠵᠤ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠭᠤᠯᠭ᠎ᠠ ᠵᠢᠨ ᠠᠵᠢᠯ᠎ᠢ ᠦᠷᠭᠦᠯᠵᠢᠯᠡᠨ ᠴᠢᠩᠭ᠋ᠠᠳᠬᠠᠬᠤ ᠵᠢ ᠵᠠᠢ᠌ᠯᠠᠰᠢ ᠦᠭᠡᠢ ᠱᠠᠭ᠋ᠠᠷᠳᠠᠵᠤ ᠪᠠᠢ᠌ᠨ᠎ᠠ᠃ ᠵᠠᠯᠭ᠋ᠠᠭ᠋ᠠᠳ ᠪᠢᠳᠡ ᠰᠤᠷᠤᠯᠴᠠᠯᠭ᠎ᠠ ᠤᠬᠠᠭᠤᠯᠭ᠎ᠠ᠎ᠪᠠᠨ ᠤᠯᠠᠮ ᠨᠢᠭᠡ ᠠᠯᠬᠤᠮ ᠴᠢᠩᠭ᠋ᠠᠳᠬᠠᠨ᠂ ᠳᠠᠭ᠋ᠠᠭᠤᠯᠤᠭᠴᠢ ᠵᠢᠨ ᠦᠢ᠍ᠯᠡᠳᠦᠯ ᠵᠶ᠋ᠡᠨ ᠰᠠᠢ᠌ᠲᠤᠷ ᠪᠠᠳᠠᠷᠠᠭᠤᠯᠵᠤ᠂ ᠬᠠᠵᠠᠭᠤᠳᠠᠬᠢ ᠨᠡᠩ ᠣᠯᠠᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠠᠢ᠌ᠨ ᠳᠤᠷᠠᠴᠤᠳ᠎ᠢ ᠳᠠᠢ᠌ᠴᠢᠯᠠᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠴᠢᠩᠭ᠋ᠠᠳᠬᠠᠬᠤ ᠠᠵᠢᠯᠯᠠᠭ᠎ᠠ᠎ᠳᠤ ᠣᠷᠣᠯᠴᠠᠭᠤᠯᠬᠤ ᠬᠡᠷᠡᠭᠲᠡᠢ》 ᠭᠡᠵᠦ ᠢᠯᠡᠷᠬᠡᠢ᠌ᠯᠡᠵᠡᠢ᠃
      ᠪᠠᠢ ᡁᠢ ᠹᠧᠩ ᠢᠯᠡᠷᠬᠡᠢ᠌ᠯᠡᠬᠦ᠎ᠳᠤ᠎ᠪᠠᠨ᠂ ᠪᠢᠳᠡ ᠡᠷᠬᠡᠪᠰᠢ ᠶᠡᠷᠦᠩᠬᠡᠢ ᠱᠦᠵᠢ ᠰᠢ ᠵᠢᠨ ᠫᠢᠩ᠎ᠤᠨ ᠪᠦᠬᠦ ᠤᠯᠤᠰ᠎ᠤᠨ ᠬᠥᠭᠵᠢᠯᠲᠡ ᠵᠢᠨ ᠶᠡᠬᠡ ᠪᠠᠢ᠌ᠳᠠᠯ᠎ᠳᠠᠬᠢ ᠥᠪᠥᠷ ᠮᠣᠩᠭᠣᠯ᠎ᠤᠨ ᠲᠤᠬᠠᠢ ᠪᠠᠢ᠌ᠯᠳᠤᠬᠤ ᠪᠣᠳᠣᠯᠭ᠎ᠠ ᠵᠢᠨ ᠪᠠᠢ᠌ᠷᠢ ᠲᠣᠭᠲᠠᠭ᠋ᠠᠯᠲᠠ ᠵᠢ ᠭᠦᠨᠵᠡᠭᠡᠢ ᠣᠢ᠌ᠯᠠᠭ᠋ᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠢ ᠮᠠᠨ᠎ᠤ ᠤᠯᠤᠰ᠎ᠤᠨ ᠤᠮᠠᠷᠠᠲᠤ ᠵᠢᠨ ᠠᠮᠢ ᠠᠬᠤᠢ ᠵᠢᠨ ᠴᠢᠬᠤᠯᠠ ᠠᠮᠤᠷ ᠲᠦᠪᠰᠢᠨ᠎ᠤ ᠬᠠᠯᠬᠠᠪᠴᠢ ᠪᠣᠯᠭ᠋ᠠᠨ ᠪᠦᠲᠦᠭᠡᠨ ᠪᠠᠢ᠌ᠭᠤᠯᠵᠤ᠂ ᠡᠬᠡ ᠤᠯᠤᠰ᠎ᠤᠨ ᠤᠮᠠᠷᠠᠲᠤ ᠬᠢᠵᠠᠭ᠋ᠠᠷ᠎ᠲᠤ ᠲᠦᠮᠡᠨ ᠭᠠᠵᠠᠷ᠎ᠤᠨ ᠨᠣᠭᠣᠭ᠋ᠠᠨ ᠥᠩᠭᠡᠲᠦ ᠤᠷᠲᠤ ᠴᠠᠭ᠋ᠠᠨ ᠬᠡᠷᠡᠮ᠎ᠢ ᠴᠣᠭᠴᠠᠯᠠᠨ ᠪᠠᠢ᠌ᠭᠤᠯᠬᠤ ᠳᠣᠲᠣᠨᠣ ᠬᠦᠰᠡᠯ ᠨᠠᠢ᠌ᠳᠠᠯᠭ᠎ᠠ ᠵᠢ ᠤᠬᠠᠮᠰᠠᠷ᠎ᠠᠴᠠ᠎ᠪᠠᠨ ᠦᠢ᠍ᠯᠡᠳᠦᠯᠭᠡᠵᠢᠭᠦᠯᠵᠦ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠪᠠ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠯᠤᠰ ᠲᠥᠷᠥ ᠵᠢᠨ ᠬᠠᠷᠢᠭᠤᠴᠠᠯᠭ᠎ᠠ ᠵᠢ ᠦᠨᠡᠨ ᠬᠦ᠌ ᠡᠭᠦᠷᠭᠡᠯᠡᠬᠦ ᠬᠡᠷᠡᠭᠲᠡᠢ᠃ ᠣᠷᠴᠢᠨ ᠲᠣᠭᠣᠷᠢᠨ᠎ᠢ ᠬᠠᠮᠠᠭ᠋ᠠᠯᠠᠬᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ ᠣᠢ᠌ᠷ᠎ᠠ ᠵᠢᠨ ᠵᠢᠯ᠎ᠤᠳ᠎ᠠᠴᠠ ᠨᠠᠭ᠋ᠠᠰᠢ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠭᠤᠯᠭ᠎ᠠ ᠬᠥᠮᠥᠵᠢᠯ᠎ᠢ ᠴᠢᠩᠭ᠋ᠠᠳᠬᠠᠬᠤ᠂ ᠪᠣᠬᠢᠷᠲᠤᠯ ᠦᠭᠡᠢ ᠬᠡᠷᠡᠭᠯᠡᠭᠡ ᠵᠢᠨ ᠣᠨᠣᠯᠵᠢᠬᠤᠨ᠎ᠢ ᠰᠠᠨᠠᠭ᠋ᠠᠴᠢᠯᠠᠬᠤ᠂ ᠣᠷᠴᠢᠨ ᠲᠣᠭᠣᠷᠢᠨ᠎ᠤ ᠬᠠᠮᠠᠭ᠋ᠠᠯᠠᠯᠲᠠ᠎ᠳᠤ ᠬᠢᠨᠠᠯᠲᠠ ᠲᠠᠯᠪᠢᠬᠤ ᠬᠢᠭᠡᠳ ᠬᠢᠵᠠᠭ᠋ᠠᠷᠯᠠᠨ ᠲᠡᠩᠴᠡᠭᠦᠯᠬᠦ ᠵᠡᠷᠭᠡ ᠲᠠᠯ᠎ᠠ᠎ᠪᠠᠷ ᠢᠳᠡᠪᠬᠢᠲᠡᠢ ᠦᠢ᠍ᠯᠡᠳᠦᠯ ᠦᠵᠡᠭᠦᠯᠵᠦ᠂ ᠨᠢᠭᠡᠨᠲᠡ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠪᠠ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠴᠢᠬᠤᠯᠠ ᠬᠦᠴᠦᠨ ᠪᠣᠯᠪᠠ᠃ ᠥᠨᠥᠳᠥᠷ᠂ ᠨᠡᠢ᠌ᠭᠡᠮ᠎ᠤᠨ ᠪᠦᠯᠬᠦᠮ ᠨᠡᠢ᠌ᠲᠡ ᠵᠢ ᠵᠣᠬᠢᠶᠠᠨ ᠪᠠᠢ᠌ᠭᠤᠯᠵᠤ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠬᠠᠮᠲᠤ᠎ᠪᠠᠷ ᠰᠤᠷᠤᠯᠴᠠᠪᠠ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠡᠯ᠎ᠡ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ ᠣᠶᠣᠨ ᠬᠦᠴᠦᠨ ᠵᠶ᠋ᠡᠨ ᠲᠥᠪᠯᠡᠷᠡᠭᠦᠯᠦᠨ᠂ ᠳᠠᠪᠠᠭᠤᠯᠢᠭ ᠵᠶ᠋ᠡᠨ ᠪᠠᠳᠠᠷᠠᠭᠤᠯᠤᠨ ᠳᠤᠲᠠᠭᠤᠳᠠᠯ ᠵᠶ᠋ᠠᠨ ᠨᠥᠬᠥᠪᠦᠷᠢᠯᠡᠵᠦ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠠᠬᠢᠭᠤᠯᠬᠤ ᠠᠮᠢᠳᠤᠯᠢᠭ ᠦᠢ᠍ᠯᠡᠳᠦᠯᠭᠡ ᠪᠠ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠭᠤᠯᠭ᠎ᠠ ᠵᠢᠨ ᠪᠣᠳᠠᠲᠤ ᠦᠷ᠎ᠡ ᠪᠦᠲᠦᠮᠵᠢ ᠪᠣᠯᠭ᠋ᠠᠨ ᠴᠢᠷᠮᠠᠢ᠌ᠨ ᠤᠯᠠᠷᠢᠭᠤᠯᠵᠤ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ ᠭᠡᠬᠦ ᠡᠨᠡ ᠬᠦ᠌ ᠤᠷᠲᠤ ᠬᠤᠭᠤᠴᠠᠭ᠋ᠠᠨ᠎ᠤ ᠦᠢ᠍ᠯᠡᠰ᠎ᠢ ᠯᠠᠪᠳᠠᠭᠤᠨ ᠪᠠᠲᠤᠲᠠᠢ᠎ᠪᠠᠷ ᠰᠠᠢ᠌ᠲᠤᠷ ᠬᠢᠵᠦ᠂ ᠡᠬᠡ ᠤᠯᠤᠰ᠎ᠤᠨ ᠤᠮᠠᠷᠠᠲᠤ ᠬᠢᠵᠠᠭ᠋ᠠᠷ᠎ᠤᠨ ᠡᠨᠡ ᠬᠦ᠌ ᠦᠵᠡᠮᠵᠢ ᠵᠢᠨ ᠣᠷᠣᠨ᠎ᠢ ᠰᠠᠢ᠌ᠲᠤᠷ ᠰᠠᠬᠢᠨ ᠬᠠᠮᠠᠭ᠋ᠠᠯᠠᠬᠤ ᠬᠡᠷᠡᠭᠲᠡᠢ ᠭᠡᠵᠡᠢ᠃
      ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠭᠤᠯᠭ᠎ᠠ ᠬᠥᠮᠥᠵᠢᠯ᠎ᠤᠨ ᠲᠥᠪ᠎ᠤᠨ ᠤᠳᠤᠷᠢᠳᠬᠤ ᠪᠠᠭ᠎ᠤᠨ ᠭᠡᠰᠢᠭᠦᠳ᠂ ᠡᠯ᠎ᠡ ᠰᠠᠯᠠᠭ᠎ᠠ ᠲᠠᠰᠤᠭ᠎ᠤᠨ ᠬᠠᠷᠢᠭᠤᠴᠠᠯᠭ᠋ᠠᠲᠠᠳ᠂ ᠤᠬᠠᠭᠤᠯᠭ᠎ᠠ ᠵᠢᠨ ᠰᠠᠯᠠᠭ᠎ᠠ᠂ ᠰᠣᠨᠢᠨ ᠮᠡᠳᠡᠭᠡᠨ᠎ᠤ ᠰᠠᠯᠠᠭ᠎ᠠ ᠵᠢᠨ ᠪᠦᠬᠦ ᠠᠵᠢᠯᠲᠠᠨ᠂ ᠥᠪᠥᠷ ᠮᠣᠩᠭᠣᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯ ᠲᠥᠷᠥᠯ᠎ᠤᠨ ᠨᠡᠢ᠌ᠭᠡᠮᠯᠢᠭ᠂ ᠥᠪᠥᠷ ᠮᠣᠩᠭᠣᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠤ ᠦᠢ᠍ᠯᠡᠰ᠎ᠤᠨ ᠨᠡᠢ᠌ᠭᠡᠮᠯᠢᠭ᠂ ᠬᠥᠬᠡᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠣᠯᠪᠣᠭ᠋ᠠᠲᠤ ᠬᠤᠷᠠᠯ᠂ ᠬᠥᠬᠡᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠤ ᠦᠢ᠍ᠯᠡᠰ᠎ᠤᠨ ᠨᠡᠢ᠌ᠭᠡᠮᠯᠢᠭ᠂ ᠪᠤᠭᠤᠲᠤ ᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠣᠯᠪᠣᠭ᠋ᠠᠲᠤ ᠬᠤᠷᠠᠯ ᠵᠡᠷᠭᠡ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠡᠰᠡᠭ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠷᠢᠭᠤᠴᠠᠯᠭ᠋ᠠᠲᠠᠳ ᠬᠤᠷᠠᠯ᠎ᠳᠤ ᠣᠷᠣᠯᠴᠠᠵᠠᠢ᠃


     

      ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠭᠤᠯᠭ᠎ᠠ ᠬᠥᠮᠥᠵᠢᠯ᠎ᠤᠨ ᠲᠥᠪ᠎ᠠᠴᠠ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠢ ᠬᠠᠮᠠᠭ᠋ᠠᠯᠠᠬᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ 《ᠶᠡᠷᠦᠩᠬᠡᠢ ᠱᠦᠵᠢ ᠰᠢ ᠵᠢᠨ ᠫᠢᠩ᠎ᠤᠨ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠶᠠᠳᠤᠭ᠋ᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ》 ᠵᠢ ᠰᠤᠷᠤᠯᠴᠠᠨ ᠲᠤᠭᠤᠰᠢᠯᠠᠭᠤᠯᠬᠤ᠎ᠪᠠᠷ ᠳᠠᠢ᠌ᠴᠢᠯᠠᠨ ᠪᠠᠢ᠌ᠷᠢᠯᠠᠭᠤᠯᠬᠤ ᠶᠠᠷᠢᠯᠴᠠᠭ᠋ᠠᠨ᠎ᠤ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠵᠤ ᠪᠠᠢ᠌ᠨ᠎ᠠ



     

      ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠭᠤᠯᠭ᠎ᠠ ᠬᠥᠮᠥᠵᠢᠯ᠎ᠤᠨ ᠲᠥᠪ᠎ᠤᠨ ᠡᠷᠬᠢᠯᠡᠭᠴᠢ ᠪᠠᠢ ᡁᠢ ᠹᠧᠩ ᠶᠡᠷᠦᠩᠬᠡᠢ ᠱᠦᠵᠢ ᠰᠢ ᠵᠢᠨ ᠫᠢᠩ᠎ᠤᠨ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠶᠠᠳᠤᠭ᠋ᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠰᠢᠶᠠᠩ ᠳ᠋ᠦᠩ᠎ᠤᠨ ᠲᠢᠩᠬᠢᠮ᠎ᠤᠨ ᠰᠢᠰᠲ᠋ᠧᠮ᠎ᠤᠨ᠎ᠬᠢᠨ᠎ᠤ ᠺᠠᠳ᠋ᠷᠴᠤᠳ᠎ᠤᠨ ᠶᠡᠬᠡ ᠬᠤᠷᠠᠯ ᠳᠡᠭᠡᠷᠡᠬᠢ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠲᠤᠬᠠᠢ ᠲᠣᠬᠢᠷᠠᠭᠤᠯᠤᠯᠲᠠ ᠪᠠᠢ᠌ᠷᠢᠯᠠᠭᠤᠯᠤᠯᠲᠠ ᠵᠢ ᠤᠯᠠᠮᠵᠢᠯᠠᠵᠤ ᠪᠠᠢ᠌ᠨ᠎ᠠ



     

      ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠭᠤᠯᠭ᠎ᠠ ᠬᠥᠮᠥᠵᠢᠯ᠎ᠤᠨ ᠲᠥᠪ᠎ᠤᠨ ᠳᠡᠳ᠋ ᠡᠷᠬᠢᠯᠡᠭᠴᠢ ᠭᠦᠸᠧ ᠷᠦᠢ ᠴᠢᠩ ᠬᠤᠷᠠᠯ ᠡᠷᠬᠢᠯᠡᠵᠦ ᠪᠠᠢ᠌ᠨ᠎ᠠ



   


   

      ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠲᠥᠯᠥᠭᠡᠯᠡᠭᠴᠢᠳ ᠶᠠᠷᠢᠯᠴᠠᠨ ᠰᠣᠯᠢᠯᠴᠠᠵᠤ ᠪᠠᠢ᠌ᠨ᠎ᠠ


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠪᠠ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠠᠭ᠋ᠠᠷ ᠮᠠᠨᠳᠠᠯ ᠪᠠ ᠤᠰᠤᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯ᠎ᠤᠨ ᠠᠯᠪᠠᠨ ᠭᠡᠷ᠎ᠠᠴᠠ ᠪᠤᠭᠤᠲᠤ ᠬᠣᠲᠠ ᠵᠢᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯ᠎ᠤᠨ ᠶᠠᠷᠢᠯᠴᠠᠭ᠋ᠠᠨ᠎ᠤ ᠬᠤᠷᠠᠯ᠎ᠢ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠶᠡᠷᠦᠩᠬᠡᠢ ᠱᠦᠵᠢ ᠰᠢ ᠵᠢᠨ ᠫᠢᠩ᠎ᠤᠨ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠶᠠᠳᠤᠭ᠋ᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠳᠡᠳ᠋ ᠳᠠᠷᠤᠭ᠎ᠠ ᠮᠦᠸᠧ ᠰᠢᠶᠣᠣ ᠯᠢᠶᠠᠨ ᠬᠢᠭᠡᠳ ᠬᠠᠮᠲᠤ ᠶᠠᠪᠤᠭᠰᠠᠳ ᠥᠪᠡᠷᠲᠡᠭᠡᠨ ᠵᠠᠰᠠᠬᠤ ᠣᠷᠣᠨ᠎ᠤ ᠰᠠᠴᠤᠷᠠᠭ᠎ᠤᠨ ᠣᠷᠴᠢᠨ ᠲᠣᠭᠣᠷᠢᠨ᠎ᠤ ᠬᠢᠨᠠᠯᠲᠠ ᠲᠠᠯᠪᠢᠬᠤ ᠥᠷᠲᠡᠭᠡ᠎ᠳᠤ ᠬᠦᠷᠴᠦ ᠵᠢᠯᠣᠭᠣᠳᠤᠯᠭ᠎ᠠ ᠬᠢᠵᠦ ᠪᠠᠢ᠌ᠴᠠᠭ᠋ᠠᠨ ᠰᠤᠳᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠠᠴᠤᠷᠠᠭ᠎ᠤᠨ ᠣᠷᠴᠢᠨ ᠲᠣᠭᠣᠷᠢᠨ᠎ᠤ ᠬᠢᠨᠠᠯᠲᠠ ᠲᠠᠯᠪᠢᠬᠤ ᠥᠷᠲᠡᠭᠡ᠎ᠠᠴᠠ ᠪᠦᠬᠦ ᠤᠯᠤᠰ᠎ᠤᠨ 《ᠬᠣᠶᠠᠷ ᠬᠤᠷᠠᠯ》᠎ᠤᠨ ᠬᠤᠭᠤᠴᠠᠭ᠋ᠠᠨ᠎ᠳᠠᠬᠢ ᠴᠥᠮ᠎ᠡ ᠵᠢᠨ ᠠᠮᠤᠷ ᠲᠦᠪᠰᠢᠨ᠎ᠤ ᠰᠡᠷᠡᠮᠵᠢᠯᠡᠭᠦᠯᠬᠦ ᠴᠡᠭ ᠵᠡᠷᠭᠡ ᠭᠣᠣᠯᠳᠠᠯᠭ᠎ᠠ᠎ᠲᠠᠢ ᠣᠷᠣᠨ ᠬᠡᠪᠴᠢᠶᠡᠨ᠎ᠤ ᠰᠠᠴᠤᠷᠠᠭ᠎ᠤᠨ ᠣᠷᠴᠢᠨ ᠲᠣᠭᠣᠷᠢᠨ᠎ᠤ ᠬᠢᠨᠠᠨ ᠬᠡᠮᠵᠢᠬᠦ ᠲᠤᠰᠬᠠᠢ ᠵᠦᠢ᠍ᠯ᠎ᠤᠨ ᠰᠣᠷᠢᠯᠲᠠ ᠵᠢ ᠵᠣᠬᠢᠶᠠᠨ ᠪᠠᠢ᠌ᠭᠤᠯᠤᠨ ᠭᠦᠢ᠍ᠴᠡᠳᠬᠡᠪᠡ
ᠠᠯᠠᠱ᠌ᠠᠨ ᠠᠢ᠌ᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠠᠴᠠ ᠲᠥᠪ᠎ᠤᠨ ᠣᠷᠴᠢᠨ ᠲᠣᠭᠣᠷᠢᠨ᠎ᠢ ᠬᠠᠮᠠᠭ᠋ᠠᠯᠠᠬᠤ ᠰᠢᠮᠳᠠᠭᠤᠯᠤᠨ ᠪᠠᠢ᠌ᠴᠠᠭ᠋ᠠᠯᠲᠠ ᠵᠢᠨ 《ᠪᠤᠴᠠᠵᠤ ᠪᠠᠢ᠌ᠴᠠᠭ᠋ᠠᠨ ᠦᠵᠡᠬᠦ》 ᠵᠢᠴᠢ ᠨᠤᠲᠤᠭ ᠪᠡᠯᠴᠢᠭᠡᠷ᠎ᠤᠨ ᠲᠤᠰᠬᠠᠢ ᠵᠦᠢ᠍ᠯ᠎ᠤᠨ ᠰᠢᠮᠳᠠᠭᠤᠯᠤᠨ ᠪᠠᠢ᠌ᠴᠠᠭ᠋ᠠᠯᠲᠠ ᠵᠢᠨ ᠬᠤᠭᠤᠴᠠᠭ᠋ᠠᠨ᠎ᠳᠠᠬᠢ ᠣᠯᠠᠨ ᠲᠦᠮᠡᠨ᠎ᠤ ᠢᠯᠡᠴᠢᠯᠡᠨ ᠮᠡᠳᠡᠭᠦᠯᠦᠭᠰᠡᠨ ᠠᠰᠠᠭᠤᠳᠠᠯ᠎ᠢ ᠴᠡᠭᠴᠡᠯᠡᠨ ᠥᠭᠡᠷᠡᠴᠢᠯᠡᠬᠦ ᠵᠢ ᠨᠠᠢ᠌ᠳᠠᠪᠤᠷᠢᠵᠢᠭᠤᠯᠬᠤ ᠠᠵᠢᠯ᠎ᠳᠤ ᠳᠠᠷᠠᠭ᠋ᠠᠬᠢ ᠰᠢᠮᠳᠠᠭᠤᠯᠤᠨ ᠪᠠᠢ᠌ᠴᠠᠭ᠋ᠠᠯᠲᠠ ᠥᠷᠨᠢᠭᠦᠯᠪᠡ
 
             蒙ICP备05000248号