《3 · 8》᠎ᠤ ᠳᠡᠯᠡᠬᠡᠢ ᠵᠢᠨ ᠡᠮᠡᠭᠲᠡᠢ᠌ᠴᠦᠳ᠎ᠤᠨ ᠪᠠᠶᠠᠷ᠎ᠢ ᠪᠠᠶᠠᠷᠯᠠᠨ ᠤᠭᠲᠤᠵᠤ᠂ ᠲᠢᠩᠬᠢᠮ᠎ᠤᠨ ᠰᠢᠰᠲ᠋ᠧᠮ᠎ᠤᠨ᠎ᠬᠢᠨ᠎ᠤ ᠡᠮᠡᠭᠲᠡᠢ ᠺᠠᠳ᠋ᠷ ᠠᠵᠢᠯᠲᠠᠳ᠎ᠤᠨ ᠰᠡᠳᠬᠢᠴᠡ ᠵᠢᠨ ᠳᠠᠷᠤᠭ᠋ᠠᠰᠤ ᠵᠢ ᠬᠥᠩᠭᠡᠷᠡᠭᠦᠯᠬᠦ ᠲᠤᠬᠠᠢ ᠵᠢᠯᠣᠭᠣᠳᠤᠯᠭ᠎ᠠ ᠬᠢᠯᠭᠡᠵᠦ᠂ ᠰᠠᠢ᠌ᠨ ᠰᠠᠢ᠌ᠬᠠᠨ ᠪᠡᠶ᠎ᠡ ᠰᠡᠳᠬᠢᠴᠡ ᠵᠢᠨ ᠡᠷᠡᠭᠦᠯ ᠮᠡᠨᠳᠦ ᠵᠢ ᠪᠠᠲᠤᠯᠠᠭᠤᠯᠬᠤ ᠵᠢᠨ ᠲᠤᠰᠠᠳᠠ᠂ 3 ᠳ᠋ᠤᠭ᠋ᠠᠷ ᠰᠠᠷ᠎ᠠ ᠵᠢᠨ 7᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠡᠮᠡᠭᠲᠡᠢ᠌ᠴᠦᠳ᠎ᠤᠨ ᠰᠡᠳᠬᠢᠴᠡ ᠵᠢᠨ ᠡᠷᠡᠭᠦᠯ ᠮᠡᠨᠳᠦ ᠵᠢᠨ ᠲᠤᠰᠬᠠᠢ ᠰᠡᠳᠦᠪᠲᠦ ᠲᠠᠢ᠌ᠯᠤᠮᠵᠢ ᠡᠷᠬᠢᠯᠡᠵᠦ᠂ ᠤᠯᠤᠰ᠎ᠤᠨ ᠬᠣᠶᠠᠳᠤᠭ᠋ᠠᠷ ᠳᠡᠰ᠎ᠤᠨ ᠰᠡᠳᠬᠢᠴᠡ ᠵᠢᠨ ᠠᠰᠠᠭᠤᠨ ᠯᠠᠪᠯᠠᠭᠴᠢ ᠵᠤᠤ ᠵᠢᠶᠧ ᠬᠤᠸᠠ ᠪᠠᠭᠰᠢ ᠵᠢ ᠤᠷᠢᠵᠤ ᠡᠮᠡᠭᠲᠡᠢ᠌ᠴᠦᠳ᠎ᠤᠨ ᠰᠡᠳᠬᠢᠴᠡ ᠵᠢᠨ ᠡᠷᠡᠭᠦᠯ ᠮᠡᠨᠳᠦ ᠵᠢᠨ ᠲᠠᠯ᠎ᠠ᠎ᠪᠠᠷ ᠲᠤᠰᠬᠠᠢ ᠰᠡᠳᠦᠪᠲᠦ ᠲᠠᠢ᠌ᠯᠤᠮᠵᠢ ᠬᠢᠯᠭᠡᠵᠡᠢ᠃
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠪᠠᠢ᠌ᠭᠤᠯᠭ᠎ᠠ ᠵᠢᠨ ᠡᠯ᠎ᠡ ᠭᠠᠵᠠᠷ ᠲᠠᠰᠤᠭ᠂ ᠬᠠᠷᠢᠶᠠᠯᠠᠭᠳᠠᠬᠤ ᠨᠢᠭᠡᠴᠢ ᠵᠢᠨ ᠡᠮᠡᠭᠲᠡᠢ ᠺᠠᠳ᠋ᠷ ᠠᠵᠢᠯᠲᠠᠳ ᠲᠠᠢ᠌ᠯᠤᠮᠵᠢ ᠵᠢ ᠰᠣᠨᠣᠰᠴᠠᠢ᠃

ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠡᠮᠡᠭᠲᠡᠢ᠌ᠴᠦᠳ᠎ᠤᠨ ᠰᠡᠳᠬᠢᠴᠡ ᠵᠢᠨ ᠡᠷᠡᠭᠦᠯ ᠮᠡᠨᠳᠦ ᠵᠢᠨ ᠲᠤᠰᠬᠠᠢ ᠰᠡᠳᠦᠪᠲᠦ ᠲᠠᠢ᠌ᠯᠤᠮᠵᠢ ᠡᠷᠬᠢᠯᠡᠵᠦ ᠪᠠᠢ᠌ᠨ᠎ᠠ