ᠪᠦᠬᠦ ᠤᠯᠤᠰ᠎ᠤᠨ 《ᠬᠣᠶᠠᠷ ᠬᠤᠷᠠᠯ》᠎ᠤᠨ ᠬᠤᠭᠤᠴᠠᠭ᠋ᠠᠨ᠎ᠳᠠᠬᠢ ᠠᠮᠤᠷ᠎ᠢ ᠬᠠᠮᠠᠭ᠋ᠠᠯᠠᠵᠤ ᠰᠦᠷᠳᠡᠭᠦᠯᠦᠯ᠎ᠢ ᠡᠰᠡᠷᠭᠦᠴᠡᠬᠦ ᠠᠵᠢᠯ᠎ᠤᠨ ᠪᠠᠢ᠌ᠷᠢᠯᠠᠭᠤᠯᠤᠯᠲᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠲᠤᠰᠠᠳᠠ᠂ 3 ᠳ᠋ᠤᠭ᠋ᠠᠷ ᠰᠠᠷ᠎ᠠ ᠵᠢᠨ 7᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠳᠡᠳ᠋ ᠳᠠᠷᠤᠭ᠎ᠠ ᠮᠦᠸᠧ ᠰᠢᠶᠤᠤ ᠯᠢᠶᠠᠨ᠂ ᠬᠥᠷᠥᠰᠥ ᠰᠢᠷᠣᠢ ᠵᠢᠨ ᠣᠷᠴᠢᠨ ᠲᠣᠭᠣᠷᠢᠨ ᠬᠢᠭᠡᠳ ᠰᠠᠴᠤᠷᠠᠭ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢᠨ ᠭᠠᠵᠠᠷ᠎ᠤᠨ ᠳᠡᠳ᠋ ᠳᠠᠷᠤᠭ᠎ᠠ ᠯᠢᠦ ᠰᠢᠶᠤᠤ ᠪᠦᠸᠧ ᠵᠡᠷᠭᠡ ᠬᠥᠮᠥᠰ ᠥᠪᠡᠷᠲᠡᠭᠡᠨ ᠵᠠᠰᠠᠬᠤ ᠣᠷᠣᠨ᠎ᠤ ᠰᠠᠴᠤᠷᠠᠭ᠎ᠤᠨ ᠣᠷᠴᠢᠨ ᠲᠣᠭᠣᠷᠢᠨ᠎ᠤ ᠬᠢᠨᠠᠯᠲᠠ ᠲᠠᠯᠪᠢᠬᠤ ᠥᠷᠲᠡᠭᠡ᠎ᠳᠤ ᠬᠦᠷᠴᠦ ᠰᠠᠴᠤᠷᠠᠭ᠎ᠤᠨ ᠣᠷᠴᠢᠨ ᠲᠣᠭᠣᠷᠢᠨ᠎ᠤ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠠᠵᠢᠯ᠎ᠳᠤ ᠵᠢᠯᠣᠭᠣᠳᠤᠯᠭ᠎ᠠ ᠬᠢᠵᠦ ᠪᠠᠢ᠌ᠴᠠᠭ᠋ᠠᠨ ᠰᠤᠳᠤᠯᠵᠠᠢ᠃
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠳᠡᠳ᠋ ᠳᠠᠷᠤᠭ᠎ᠠ ᠮᠦᠸᠧ ᠰᠢᠶᠣᠣ ᠯᠢᠶᠠᠨ ᠬᠢᠭᠡᠳ ᠬᠠᠮᠲᠤ ᠶᠠᠪᠤᠭᠰᠠᠳ ᠬᠢᠨᠠᠨ ᠬᠡᠮᠵᠢᠬᠦ ᠮᠡᠷᠭᠡᠵᠢᠯ᠎ᠤᠨ ᠲᠥᠪ᠎ᠤᠨ ᠲᠤᠷᠰᠢᠯᠲᠠ ᠵᠢᠨ ᠲᠠᠰᠤᠭ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠵᠢᠯᠣᠭᠣᠳᠤᠯᠭ᠎ᠠ ᠵᠢᠨ ᠲᠠᠪᠴᠠᠩ᠎ᠢ ᠲᠣᠭᠣᠷᠢᠨ ᠦᠵᠡᠵᠦ᠂ ᠶᠠᠷᠢᠯᠴᠠᠭ᠋ᠠᠨ᠎ᠤ ᠬᠤᠷᠠᠯ ᠬᠤᠷᠠᠯᠳᠤᠭᠤᠯᠤᠨ ᠰᠠᠴᠤᠷᠠᠭ᠎ᠤᠨ ᠣᠷᠴᠢᠨ ᠲᠣᠭᠣᠷᠢᠨ᠎ᠤ ᠬᠢᠨᠠᠯᠲᠠ ᠲᠠᠯᠪᠢᠬᠤ ᠥᠷᠲᠡᠭᠡᠨ᠎ᠤ ᠬᠥᠭᠵᠢᠯᠲᠡ ᠵᠢᠨ ᠣᠳᠣᠬᠢ ᠪᠠᠢ᠌ᠳᠠᠯ᠂ ᠴᠢᠳᠠᠪᠤᠷᠢᠲᠠᠨ᠎ᠤ ᠡᠩᠨᠡᠭᠡ᠂ ᠴᠢᠳᠠᠪᠤᠷᠢ ᠵᠢᠨ ᠪᠠᠢ᠌ᠭᠤᠯᠤᠯᠲᠠ᠂ ᠬᠥᠭᠵᠢᠯᠲᠡ ᠵᠢᠨ ᠲᠥᠯᠥᠪᠵᠢᠭᠦᠯᠭᠡ ᠵᠡᠷᠭᠡ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠪᠠ᠃ ᠮᠦᠸᠧ ᠰᠢᠶᠤᠤ ᠯᠢᠶᠠᠨ ᠬᠢᠭᠡᠳ ᠬᠠᠮᠲᠤ ᠶᠠᠪᠤᠭᠰᠠᠳ ᠬᠢᠨᠠᠯᠲᠠ ᠲᠠᠯᠪᠢᠬᠤ ᠥᠷᠲᠡᠭᠡᠨ᠎ᠤ ᠰᠠᠴᠤᠷᠠᠭ᠎ᠤᠨ ᠣᠷᠴᠢᠨ ᠲᠣᠭᠣᠷᠢᠨ᠎ᠤ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠲᠠᠯ᠎ᠠ᠎ᠪᠠᠷ ᠣᠯᠣᠭᠰᠠᠨ ᠦᠷ᠎ᠡ ᠪᠦᠲᠦᠮᠵᠢ ᠵᠢ ᠳᠡᠭᠡᠳᠦ ᠬᠡᠮᠵᠢᠶ᠎ᠡ᠎ᠪᠠᠷ ᠨᠤᠲᠠᠯᠠᠭᠰᠠᠨ᠎ᠤ ᠬᠠᠮᠲᠤ᠂ ᠨᠠᠮ᠎ᠤᠨ ᠤᠯᠤᠰ ᠲᠥᠷᠥ ᠵᠢᠨ ᠪᠠᠢ᠌ᠭᠤᠯᠤᠯᠲᠠ ᠵᠢ ᠢᠮᠠᠭᠲᠠ ᠲᠡᠷᠢᠭᠦᠨ ᠪᠠᠢ᠌ᠷᠢᠨ᠎ᠳᠤ ᠲᠠᠯᠪᠢᠵᠤ᠂ 《ᠳᠥᠷᠪᠡᠨ ᠵᠦᠢ᠍ᠯ᠎ᠤᠨ ᠦᠵᠡᠯ ᠤᠬᠠᠮᠰᠠᠷ》᠎ᠢ ᠪᠣᠢ ᠪᠣᠯᠭ᠋ᠠᠨ᠂ 《ᠳᠥᠷᠪᠡᠨ ᠲᠠᠯ᠎ᠠ ᠵᠢᠨ ᠢᠲᠡᠭᠡᠯ》 ᠵᠶ᠋ᠡᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠭᠦᠢ᠍ᠴᠡᠳᠬᠡᠵᠦ᠂ ᠴᠥᠮ᠎ᠡ ᠬᠢᠭᠡᠳ ᠰᠠᠴᠤᠷᠠᠭ᠎ᠤᠨ ᠦᠢ᠍ᠯᠡᠰ᠎ᠲᠤ ᠠᠰᠢᠭᠲᠠᠢ ᠤᠷᠲᠤ ᠬᠤᠭᠤᠴᠠᠭ᠋ᠠᠨ᠎ᠤ ᠬᠥᠭᠵᠢᠯᠲᠡ᠎ᠠᠴᠠ ᠡᠭᠦᠰᠦᠨ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭ᠋ᠠᠷᠳᠠᠯᠭ᠎ᠠ᠎ᠪᠠᠷ 2019 ᠣᠨ᠎ᠤ ᠪᠦᠬᠦ ᠣᠷᠣᠨ᠎ᠤ ᠰᠠᠴᠤᠷᠠᠭ᠎ᠤᠨ ᠣᠷᠴᠢᠨ ᠲᠣᠭᠣᠷᠢᠨ᠎ᠤ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠠᠵᠢᠯ᠎ᠢ ᠤᠬᠠᠭ᠋ᠠᠯᠠᠨ ᠲᠥᠯᠥᠪᠯᠡᠬᠦ ᠪᠠ ᠵᠢᠷᠤᠭᠯᠠᠨ ᠲᠥᠯᠥᠪᠯᠡᠵᠦ᠂ ᠥᠪᠡᠷᠲᠡᠭᠡᠨ ᠵᠠᠰᠠᠬᠤ ᠣᠷᠣᠨ᠎ᠤ ᠴᠥᠮ᠎ᠡ ᠬᠢᠭᠡᠳ ᠰᠠᠴᠤᠷᠠᠭ᠎ᠤᠨ ᠠᠮᠤᠷ ᠲᠦᠪᠰᠢᠨ᠎ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠢᠨᠠᠯᠲᠠ ᠲᠠᠯᠪᠢᠬᠤ ᠥᠷᠲᠡᠭᠡᠨ᠎ᠤ ᠡᠭᠴᠡ ᠬᠠᠮᠢᠶᠠᠷᠤᠯᠲᠠ ᠵᠢᠨ ᠶᠠᠪᠤᠴᠠ᠎ᠳᠠᠬᠢ ᠠᠵᠢᠯᠲᠠᠨ᠂ ᠵᠠᠷᠤᠳᠠᠯ᠂ ᠡᠳ᠋ ᠬᠥᠷᠥᠩᠭᠡ ᠵᠢ ᠬᠤᠪᠢᠶᠠᠷᠢᠯᠠᠨ ᠰᠢᠯᠵᠢᠭᠦᠯᠬᠦ ᠵᠡᠷᠭᠡ ᠠᠵᠢᠯ᠎ᠢ ᠤᠯᠠᠮ ᠨᠢᠭᠡ ᠠᠯᠬᠤᠮ ᠰᠠᠢ᠌ᠲᠤᠷ ᠬᠢᠬᠦ ᠲᠤᠬᠠᠢ ᠪᠣᠳᠠᠲᠠᠢ ᠱᠠᠭ᠋ᠠᠷᠳᠠᠯᠭ᠎ᠠ ᠳᠤᠷᠠᠳᠴᠠᠢ᠃



