ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠵᠢᠷᠤᠬᠲᠦ᠍ ᠮᠡᠳᠡᠭᠡ
ᠠᠯᠠᠱ᠌ᠠᠨ ᠠᠢ᠌ᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠠᠴᠠ ᠲᠥᠪ᠎ᠤᠨ ᠣᠷᠴᠢᠨ ᠲᠣᠭᠣᠷᠢᠨ᠎ᠢ ᠬᠠᠮᠠᠭ᠋ᠠᠯᠠᠬᠤ ᠰᠢᠮᠳᠠᠭᠤᠯᠤᠨ ᠪᠠᠢ᠌ᠴᠠᠭ᠋ᠠᠯᠲᠠ ᠵᠢᠨ 《ᠪᠤᠴᠠᠵᠤ ᠪᠠᠢ᠌ᠴᠠᠭ᠋ᠠᠨ ᠦᠵᠡᠬᠦ》 ᠵᠢᠴᠢ ᠨᠤᠲᠤᠭ ᠪᠡᠯᠴᠢᠭᠡᠷ᠎ᠤᠨ ᠲᠤᠰᠬᠠᠢ ᠵᠦᠢ᠍ᠯ᠎ᠤᠨ ᠰᠢᠮᠳᠠᠭᠤᠯᠤᠨ ᠪᠠᠢ᠌ᠴᠠᠭ᠋ᠠᠯᠲᠠ ᠵᠢᠨ ᠬᠤᠭᠤᠴᠠᠭ᠋ᠠᠨ᠎ᠳᠠᠬᠢ ᠣᠯᠠᠨ ᠲᠦᠮᠡᠨ᠎ᠤ ᠢᠯᠡᠴᠢᠯᠡᠨ ᠮᠡᠳᠡᠭᠦᠯᠦᠭᠰᠡᠨ ᠠᠰᠠᠭᠤᠳᠠᠯ᠎ᠢ ᠴᠡᠭᠴᠡᠯᠡᠨ ᠥᠭᠡᠷᠡᠴᠢᠯᠡᠬᠦ ᠵᠢ ᠨᠠᠢ᠌ᠳᠠᠪᠤᠷᠢᠵᠢᠭᠤᠯᠬᠤ ᠠᠵᠢᠯ᠎ᠳᠤ ᠳᠠᠷᠠᠭ᠋ᠠᠬᠢ ᠰᠢᠮᠳᠠᠭᠤᠯᠤᠨ ᠪᠠᠢ᠌ᠴᠠᠭ᠋ᠠᠯᠲᠠ ᠥᠷᠨᠢᠭᠦᠯᠪᠡ
ᠨᠡᠶ᠋ᠢᠲᠡᠯᠡᠭᠰᠡᠨ ᠴᠠᠭ᠄ 2019-03-22

     3 ᠳ᠋ᠤᠭ᠋ᠠᠷ ᠰᠠᠷ᠎ᠠ ᠵᠢᠨ 14᠎ᠤ ᠡᠳᠦᠷ᠂ ᠠᠯᠠᠱ᠌ᠠᠨ ᠠᠢ᠌ᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠳᠡᠳ᠋ ᠳᠠᠷᠤᠭ᠎ᠠ ᠳᠠᠪᠰᠢᠯ ᠪᠠᠢ᠌ᠴᠠᠭ᠋ᠠᠬᠤ ᠠᠩᠭᠢ ᠳᠠᠭ᠋ᠠᠭᠤᠯᠤᠨ ᠤᠷᠢᠳ ᠬᠣᠵᠢᠳ ᠵᠡᠭᠦᠨ ᠪᠡᠯ ᠪᠠᠯᠭ᠋ᠠᠰᠤ᠂ ᠪᠤᠭᠤᠲᠤ ᠭᠠᠴᠠᠭ᠎ᠠ ᠵᠡᠷᠭᠡ ᠭᠠᠵᠠᠷ ᠣᠷᠣᠨ᠎ᠳᠤ ᠬᠦᠷᠴᠦ᠂ ᠲᠥᠪ᠎ᠤᠨ ᠣᠷᠴᠢᠨ ᠲᠣᠭᠣᠷᠢᠨ᠎ᠢ ᠬᠠᠮᠠᠭ᠋ᠠᠯᠠᠬᠤ ᠰᠢᠮᠳᠠᠭᠤᠯᠤᠨ ᠪᠠᠢ᠌ᠴᠠᠭ᠋ᠠᠯᠲᠠ ᠵᠢᠨ 《ᠪᠤᠴᠠᠵᠤ ᠪᠠᠢ᠌ᠴᠠᠭ᠋ᠠᠨ ᠦᠵᠡᠬᠦ》 ᠵᠢᠴᠢ ᠲᠤᠰᠬᠠᠢ ᠵᠦᠢ᠍ᠯ᠎ᠤᠨ ᠰᠢᠮᠳᠠᠭᠤᠯᠤᠨ ᠪᠠᠢ᠌ᠴᠠᠭ᠋ᠠᠯᠲᠠ ᠵᠢᠨ ᠬᠤᠭᠤᠴᠠᠭ᠋ᠠᠨ᠎ᠳᠠᠬᠢ ᠰᠡᠭᠦᠯᠴᠢ ᠵᠢᠨ ᠬᠤᠭᠤᠴᠠᠭ᠋ᠠᠨ᠎ᠳᠤ ᠭᠦᠢ᠍ᠴᠡᠳᠬᠡᠨ ᠲᠠᠰᠤᠯᠤᠭᠰᠠᠨ ᠣᠯᠠᠨ ᠲᠦᠮᠡᠨ᠎ᠤ ᠵᠠᠬᠢᠳᠠᠯ ᠰᠤᠷᠪᠤᠯᠵᠢᠯᠠᠯ ᠵᠶ᠋ᠠᠷ ᠢᠯᠡᠴᠢᠯᠡᠨ ᠮᠡᠳᠡᠭᠦᠯᠦᠭᠰᠡᠨ 4 ᠠᠰᠠᠭᠤᠳᠠᠯ᠎ᠢ ᠴᠡᠭᠴᠡᠯᠡᠨ ᠥᠭᠡᠷᠡᠴᠢᠯᠡᠬᠦ ᠵᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠳᠤ ᠳᠠᠷᠠᠭ᠋ᠠᠬᠢ ᠰᠢᠮᠳᠠᠭᠤᠯᠤᠨ ᠪᠠᠢ᠌ᠴᠠᠭ᠋ᠠᠯᠲᠠ ᠥᠷᠨᠢᠭᠦᠯᠵᠦ᠂ ᠡᠯ᠎ᠡ ᠵᠦᠢ᠍ᠯ᠎ᠤᠨ ᠠᠰᠠᠭᠤᠳᠠᠯ᠎ᠢ ᠴᠡᠭᠴᠡᠯᠡᠨ ᠥᠭᠡᠷᠡᠴᠢᠯᠡᠵᠦ ᠭᠦᠢ᠍ᠴᠡᠳᠬᠡᠬᠦ ᠵᠢ ᠪᠠᠲᠤᠯᠠᠨ᠂ 《ᠥᠩᠭᠡᠨ ᠳᠡᠭᠡᠷ᠎ᠡ᠎ᠪᠠᠨ ᠴᠡᠭᠴᠡᠯᠡᠨ ᠥᠭᠡᠷᠡᠴᠢᠯᠡᠬᠦ》 《ᠬᠤᠳᠠᠯ ᠬᠠᠭᠤᠷᠮᠠᠭ ᠵᠶ᠋ᠠᠷ ᠴᠡᠭᠴᠡᠯᠡᠨ ᠥᠭᠡᠷᠡᠴᠢᠯᠡᠬᠦ》 《ᠬᠠᠰᠢ ᠶᠠᠰᠢ᠎ᠪᠠᠷ ᠴᠡᠭᠴᠡᠯᠡᠨ ᠥᠭᠡᠷᠡᠴᠢᠯᠡᠬᠦ》 《ᠶᠠᠭ᠋ᠠᠷᠠᠯᠲᠠᠢ᠎ᠪᠠᠷ ᠴᠡᠭᠴᠡᠯᠡᠨ ᠥᠭᠡᠷᠡᠴᠢᠯᠡᠬᠦ》 ᠵᠡᠷᠭᠡ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠦᠷᠢᠶ᠎ᠡ ᠴᠠᠷᠠᠭ᠋ᠠᠨ᠎ᠳᠠᠬᠢ ᠬᠡᠯᠪᠡᠷᠢᠴᠢ ᠦᠵᠡᠯ ᠪᠠ ᠨᠣᠶᠠᠨᠴᠢ ᠰᠤᠷᠲᠠᠯ᠎ᠤᠨ ᠠᠰᠠᠭᠤᠳᠠᠯ ᠢᠯᠡᠷᠡᠬᠦ᠎ᠠᠴᠠ ᠰᠡᠷᠭᠡᠢ᠌ᠯᠡᠵᠡᠢ᠃
      ᠠᠯᠠᠱ᠌ᠠᠨ ᠠᠢ᠌ᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠠᠴᠠ 《ᠣᠯᠠᠨ ᠲᠦᠮᠡᠨ᠎ᠤ ᠠᠰᠢᠭ ᠲᠤᠰᠠ᠎ᠳᠤ ᠵᠢᠵᠢᠭ ᠶᠠᠪᠤᠳᠠᠯ ᠪᠠᠢ᠌ᠬᠤ ᠦᠭᠡᠢ》 ᠭᠡᠬᠦ ᠣᠪᠣᠷ᠎ᠢ ᠪᠠᠷᠢᠮᠲᠠᠯᠠᠨ᠂ ᠲᠥᠪ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠢ᠌ᠴᠠᠭ᠋ᠠᠬᠤ ᠳᠤᠭᠤᠢ᠌ᠯᠠᠩ᠎ᠤᠨ 《ᠪᠤᠴᠠᠵᠤ ᠪᠠᠢ᠌ᠴᠠᠭ᠋ᠠᠨ ᠦᠵᠡᠬᠦ》᠎ᠳᠤ ᠰᠢᠨᠵᠢᠭᠦᠯᠦᠨ ᠭᠦᠢ᠍ᠴᠡᠳᠬᠡᠯᠭᠡᠭᠰᠡᠨ ᠣᠯᠠᠨ ᠲᠦᠮᠡᠨ᠎ᠤ ᠵᠠᠬᠢᠳᠠᠯ ᠰᠤᠷᠪᠤᠯᠵᠢᠯᠠᠯ᠎ᠤᠨ ᠬᠡᠷᠡᠭ᠎ᠢ ᠰᠢᠢ᠍ᠳᠪᠦᠷᠢᠯᠡᠬᠦ᠎ᠳᠤ᠎ᠪᠠᠨ ᠵᠠᠢ᠌ᠯᠠᠵᠤ ᠭᠠᠷᠬᠤ ᠦᠭᠡᠢ᠂ ᠨᠢᠭᠤᠨ ᠳᠠᠯᠳᠠᠯᠠᠬᠤ ᠦᠭᠡᠢ ᠵᠢ ᠭᠦᠢ᠍ᠴᠡᠳᠬᠡᠵᠦ᠂ ᠨᠠᠷᠢᠨ ᠬᠠᠭᠤᠳᠠᠰᠤ ᠶᠣᠰᠣᠭ᠋ᠠᠷ ᠪᠦᠬᠦᠨ᠎ᠢ ᠬᠦᠯᠢᠶᠡᠨ ᠠᠪᠴᠤ᠂ ᠲᠦᠷᠭᠡᠨ ᠵᠶ᠋ᠡᠷ ᠬᠠᠷᠭᠤᠭᠤᠯᠤᠨ ᠪᠠᠢ᠌ᠴᠠᠭ᠋ᠠᠵᠤ᠂ ᠳᠠᠷᠤᠢ᠎ᠳᠤ᠎ᠨᠢ ᠬᠡᠷᠡᠭᠵᠢᠭᠦᠯᠦᠨ ᠳᠠᠷᠤᠢ᠎ᠳᠤ᠎ᠨᠢ ᠥᠭᠡᠷᠡᠴᠢᠯᠡᠵᠦ᠂ ᠠᠰᠠᠭᠤᠳᠠᠯ᠎ᠢ ᠴᠡᠭᠴᠡᠯᠡᠨ ᠥᠭᠡᠷᠡᠴᠢᠯᠡᠬᠦ ᠵᠢ ᠨᠠᠢ᠌ᠳᠠᠪᠤᠷᠢᠵᠢᠭᠤᠯᠬᠤ ᠠᠵᠢᠯ᠎ᠢ ᠯᠠᠪᠳᠠᠭᠤᠨ ᠪᠠᠲᠤᠲᠠᠢ ᠪᠥᠭᠡᠳ ᠪᠦᠲᠦᠮᠵᠢᠲᠡᠢ ᠠᠬᠢᠭᠤᠯᠵᠤ᠂ ᠠᠰᠠᠭᠤᠳᠠᠯ᠎ᠢ ᠴᠡᠭᠴᠡᠯᠡᠨ ᠥᠭᠡᠷᠡᠴᠢᠯᠡᠭᠰᠡᠨ ᠪᠣᠳᠠᠲᠤ ᠦᠷ᠎ᠡ ᠪᠦᠲᠦᠮᠵᠢ᠎ᠪᠠᠷ ᠣᠯᠠᠨ ᠲᠦᠮᠡᠨ᠎ᠤ ᠬᠦᠷᠲᠡᠭᠡᠮᠵᠢᠲᠦ ᠲᠥᠷᠥᠭᠳᠡᠯ᠎ᠢ ᠴᠢᠩᠭ᠋ᠠᠷᠠᠭᠤᠯᠪᠠ᠃ ᠡᠭᠦᠨ᠎ᠤ ᠬᠠᠮᠲᠤ ᠳᠠᠷᠠᠭ᠋ᠠᠬᠢ ᠰᠢᠮᠳᠠᠭᠤᠯᠤᠨ ᠪᠠᠢ᠌ᠴᠠᠭ᠋ᠠᠯᠲᠠ ᠵᠢᠨ ᠠᠵᠢᠯ᠎ᠢ ᠥᠷᠨᠢᠭᠦᠯᠬᠦ᠎ᠪᠠᠷ ᠳᠠᠮᠵᠢᠭᠤᠯᠤᠨ᠂ ᠠᠵᠢᠯ᠎ᠤᠨ ᠳᠠᠷᠤᠭ᠋ᠠᠰᠤ ᠵᠢ ᠪᠦᠲᠦᠮᠵᠢᠲᠡᠢ ᠳᠠᠮᠵᠢᠭᠤᠯᠵᠤ᠂ ᠣᠯᠠᠨ ᠲᠦᠮᠡᠨ᠎ᠤ ᠢᠯᠡᠴᠢᠯᠡᠨ ᠮᠡᠳᠡᠭᠦᠯᠦᠭᠰᠡᠨ ᠣᠷᠴᠢᠨ ᠲᠣᠭᠣᠷᠢᠨ᠎ᠤ ᠠᠰᠠᠭᠤᠳᠠᠯ᠎ᠢ ᠪᠠᠢ᠌ᠴᠠᠭ᠋ᠠᠨ ᠰᠢᠢ᠍ᠳᠪᠦᠷᠢᠯᠡᠬᠦ ᠪᠠ ᠴᠡᠭᠴᠡᠯᠡᠨ ᠥᠭᠡᠷᠡᠴᠢᠯᠡᠬᠦ ᠵᠢ ᠪᠠᠲᠤᠯᠠᠵᠠᠢ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ᠎ᠳᠤ ᠤᠶᠠᠩᠭ᠎ᠠ ᠳᠠᠭᠤᠤ᠎ᠪᠠᠨ ᠡᠷᠭᠦᠵᠦ ᠨᠡᠢ᠌ᠲᠡ ᠵᠢᠨ ᠠᠰᠠᠷᠠᠮᠵᠢ ᠵᠢᠨ ᠦᠢ᠍ᠯᠡᠰ᠎ᠤᠨ ᠲᠤᠰᠠᠳᠠ ᠤᠷᠢᠶᠠᠯᠠᠨ ᠳᠠᠢ᠌ᠴᠢᠯᠠᠨ᠎ᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠲᠥᠪ᠎ᠤᠨ ᠶᠠᠳᠠᠭᠤ᠎ᠠᠴᠠ ᠠᠩᠭᠢᠵᠢᠷᠠᠭᠤᠯᠤᠨ ᠰᠢᠪᠲᠤᠯᠤᠯᠲᠠ ᠬᠢᠬᠦ ᠲᠤᠰᠬᠠᠢ ᠵᠦᠢ᠍ᠯ᠎ᠤᠨ ᠲᠣᠭᠣᠷᠢᠨ ᠪᠠᠢ᠌ᠴᠠᠭ᠋ᠠᠵᠤ ᠴᠡᠭᠴᠡᠯᠡᠨ ᠥᠭᠡᠷᠡᠴᠢᠯᠡᠵᠦ ᠨᠠᠢ᠌ᠳᠠᠪᠤᠷᠢᠵᠢᠭᠤᠯᠬᠤ ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ᠎ᠤᠨ ᠬᠤᠷᠠᠯ᠎ᠢ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ 2018 ᠣᠨ᠎ᠤ ᠲᠢᠩᠬᠢᠮ᠎ᠤᠨ ᠰᠢᠰᠲ᠋ᠧᠮ᠎ᠤᠨ᠎ᠬᠢᠨ᠎ᠤ ᠰᠢᠯᠭ᠋ᠠᠨ ᠬᠢᠨᠠᠯᠲᠠ ᠵᠢᠨ ᠠᠵᠢᠯ᠎ᠤᠨ ᠬᠤᠷᠠᠯ᠎ᠢ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ 《ᠤᠯᠤᠰ᠎ᠤᠨ ᠠᠮᠤᠷ ᠲᠦᠪᠰᠢᠨ᠎ᠤ ᠶᠡᠷᠦᠩᠬᠡᠢ ᠬᠠᠮᠢᠶᠠᠷᠤᠯᠲᠠ ᠬᠢᠭᠡᠳ ᠳᠤᠮᠳᠠᠳᠤ ᠤᠯᠤᠰ᠎ᠤᠨ ᠤᠯᠤᠰ᠎ᠤᠨ ᠠᠮᠤᠷ ᠲᠦᠪᠰᠢᠨ᠎ᠤ ᠪᠠᠢ᠌ᠯᠳᠤᠬᠤ ᠪᠣᠳᠣᠯᠭ᠎ᠠ》 ᠭᠡᠬᠦ ᠲᠠᠢ᠌ᠯᠤᠮᠵᠢ ᠵᠢ ᠡᠷᠬᠢᠯᠡᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠲᠥᠪ᠎ᠤᠨ ᠶᠠᠳᠠᠭᠤ᠎ᠠᠴᠠ ᠠᠩᠭᠢᠵᠢᠷᠠᠭᠤᠯᠤᠨ ᠰᠢᠪᠲᠤᠯᠤᠯᠲᠠ ᠬᠢᠬᠦ ᠵᠢ ᠲᠤᠰᠬᠠᠢ ᠵᠦᠢ᠍ᠯ ᠵᠶ᠋ᠡᠷ ᠲᠣᠭᠣᠷᠢᠨ ᠪᠠᠢ᠌ᠴᠠᠭ᠋ᠠᠵᠤ ᠴᠡᠭᠴᠡᠯᠡᠨ ᠥᠭᠡᠷᠡᠴᠢᠯᠡᠵᠦ ᠨᠠᠢ᠌ᠳᠠᠪᠤᠷᠢᠵᠢᠭᠤᠯᠬᠤ ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ᠎ᠤᠨ ᠬᠤᠷᠠᠯ᠎ᠤᠨ ᠭᠣᠣᠯ ᠳᠤᠭᠤᠢ᠌ᠯᠠᠩ (ᠥᠷᠭᠡᠳᠬᠡᠭᠰᠡᠨ)᠎ᠤᠨ ᠰᠤᠷᠤᠯᠴᠠᠨ ᠶᠠᠷᠢᠯᠴᠠᠬᠤ ᠬᠤᠷᠠᠯ᠎ᠢ ᠬᠤᠷᠠᠯᠳᠤᠭᠤᠯᠪᠠ
 
             蒙ICP备05000248号