ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠵᠢᠷᠤᠬᠲᠦ᠍ ᠮᠡᠳᠡᠭᠡ
ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ᠎ᠳᠤ ᠤᠶᠠᠩᠭ᠎ᠠ ᠳᠠᠭᠤᠤ᠎ᠪᠠᠨ ᠡᠷᠭᠦᠵᠦ ᠨᠡᠢ᠌ᠲᠡ ᠵᠢᠨ ᠠᠰᠠᠷᠠᠮᠵᠢ ᠵᠢᠨ ᠦᠢ᠍ᠯᠡᠰ᠎ᠤᠨ ᠲᠤᠰᠠᠳᠠ ᠤᠷᠢᠶᠠᠯᠠᠨ ᠳᠠᠢ᠌ᠴᠢᠯᠠᠨ᠎ᠠ
ᠨᠡᠶ᠋ᠢᠲᠡᠯᠡᠭᠰᠡᠨ ᠴᠠᠭ᠄ 2019-03-22

     3 ᠳ᠋ᠤᠭ᠋ᠠᠷ ᠰᠠᠷ᠎ᠠ ᠵᠢᠨ 16᠎ᠤ ᠡᠳᠦᠷ᠂ 《ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠠᠢ᠌ᠭᠤᠯᠬᠤ᠎ᠳᠤ ᠪᠢ ᠪᠣᠯ ᠠᠵᠢᠯᠯᠠᠭ᠋ᠠᠴᠢ ᠮᠥᠨ》 —— 《ᠦᠵᠡᠰᠬᠦᠯᠡᠩᠲᠦ ᠰᠠᠢ᠌ᠬᠠᠨ ᠭᠡᠷ ᠣᠷᠣᠨ ᠵᠶ᠋ᠠᠨ ᠪᠠᠢ᠌ᠭᠤᠯᠬᠤ᠎ᠳᠤ ᠪᠢ ᠪᠣᠯ ᠬᠠᠮᠠᠭ᠋ᠠᠯᠠᠭᠴᠢ ᠮᠥᠨ》 ᠭᠡᠬᠦ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠤᠰᠠᠳᠠ ᠤᠷᠢᠶᠠᠯᠠᠭ᠎ᠠ ᠭᠠᠷᠭ᠋ᠠᠵᠤ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠣᠣᠯ ᠰᠡᠳᠦᠪᠲᠦ ᠬᠤᠢ᠌ᠯᠠᠮᠠᠯ ᠵᠢᠷᠤᠭ᠎ᠢ ᠤᠷᠠᠯᠠᠨ ᠵᠢᠷᠤᠬᠤ ᠵᠢᠴᠢ ᠳᠠᠯᠠᠨ ᠬᠠᠷ᠎ᠠ ᠠᠭᠤᠯᠠ ᠵᠢᠨ ᠳᠠᠭᠤᠤ ᠬᠥᠭᠵᠢᠮ᠎ᠤᠨ ᠪᠠᠶᠠᠷ ᠬᠥᠬᠡᠬᠣᠲᠠ᠎ᠳᠤ ᠬᠥᠰᠢᠶ᠎ᠡ᠎ᠪᠠᠷ ᠨᠡᠭᠡᠭᠡᠪᠡ᠃ ᠥᠪᠥᠷ ᠮᠣᠩᠭᠣᠯ᠎ᠤᠨ ᠥᠷᠭᠡᠨ ᠠᠭᠤᠳᠠᠮ ᠨᠤᠲᠤᠭ ᠳᠡᠭᠡᠷ᠎ᠡ ᠤᠶᠠᠩᠭ᠎ᠠ ᠳᠠᠭᠤᠤ᠎ᠪᠠᠷ ᠵᠶ᠋ᠠᠨ ᠡᠯ᠎ᠡ ᠵᠦᠢ᠍ᠯ᠎ᠤᠨ ᠠᠵᠢᠯᠯᠠᠭ᠎ᠠ᠎ᠳᠤ ᠢᠳᠡᠪᠬᠢᠯᠡᠵᠦ ᠪᠠᠢ᠌ᠭ᠎ᠠ ᠵᠢᠦ ᠪᠣᠤ᠂ ᠢᠦᠢ᠂ A ᠣᠷᠳᠣᠨ᠂ ᠰᠢᠪᠠᠭᠤᠳ᠎ᠤᠨ ᠤᠴᠠᠷᠠᠯ᠂ Liberation᠂ ᠴᠦ᠋ ᠭᠧ᠂ ᠬᠠᠨᠢ᠂ ᠭᠤᠷᠪᠠᠨ ᠡᠳᠦᠷ᠂ Granits ᠵᠡᠷᠭᠡ ᠶᠢᠰᠦᠨ ᠬᠠᠮᠲᠤᠯᠢᠭ᠎ᠠᠴᠠ ᠲᠠᠯ᠎ᠠ ᠨᠤᠲᠤᠭ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ᠎ᠳᠤ ᠤᠶᠠᠩᠭ᠎ᠠ ᠳᠠᠭᠤᠤ᠎ᠪᠠᠨ ᠡᠷᠭᠦᠵᠡᠢ᠃
      ᠳᠠᠯᠠᠨ ᠬᠠᠷ᠎ᠠ ᠠᠭᠤᠯᠠ ᠪᠣᠯ ᠥᠪᠥᠷ ᠮᠣᠩᠭᠣᠯ᠎ᠤᠨ ᠵᠡᠭᠦᠨ᠎ᠠᠴᠠ ᠪᠠᠷᠠᠭᠤᠨᠰᠢ ᠬᠡᠳᠦᠨ ᠵᠠᠭᠤᠨ ᠺᠢᠯᠣᠮᠧᠲᠷ ᠤᠷᠲᠤᠯᠠᠨ ᠦᠷᠭᠦᠯᠵᠢᠯᠡᠭᠰᠡᠨ ᠨᠡᠷᠡᠲᠦ ᠠᠭᠤᠯᠠ ᠨᠢᠷᠤᠭᠤ ᠪᠣᠯᠬᠤ ᠮᠤᠨᠢ ᠠᠭᠤᠯᠠ ᠨᠢᠷᠤᠭᠤ ᠵᠢᠨ ᠭᠣᠣᠯ ᠬᠡᠰᠡᠭ ᠪᠠᠢ᠌ᠵᠤ᠂ ᠮᠤᠨᠢ ᠠᠭᠤᠯᠠ ᠵᠢᠨ ᠠᠭᠤᠯᠠᠷᠬᠠᠭ ᠭᠠᠵᠠᠷ᠎ᠤᠨ ᠳᠣᠲᠣᠷᠠᠬᠢ ᠠᠭᠤᠯᠠᠷᠬᠠᠭ ᠭᠠᠵᠠᠷ᠎ᠤᠨ ᠣᠢ ᠰᠢᠭᠤᠢ᠂ ᠪᠤᠲᠠᠯᠢᠭ ᠲᠠᠯ᠎ᠠ ᠨᠤᠲᠤᠭ᠎ᠤᠨ ᠰᠢᠭᠢᠳᠬᠡᠭᠰᠡᠨ ᠦᠵᠡᠮᠵᠢ᠎ᠪᠠᠷ ᠬᠠᠮᠤᠭ᠎ᠤᠨ ᠪᠦᠷᠢᠨ ᠪᠦᠲᠦᠨ ᠨᠢᠭᠡ ᠬᠡᠰᠡᠭ ᠪᠣᠯᠣᠨ᠎ᠠ᠃ ᠡᠨᠡ ᠬᠦ᠌ ᠵᠤᠷᠪᠤᠰ ᠠᠮᠢ ᠠᠬᠤᠢ ᠵᠢᠨ ᠵᠠᠮ ᠱᠤᠭᠤᠮ᠎ᠨᠢ ᠳᠣᠲᠣᠭ᠋ᠠᠳᠤ ᠠᠽᠢᠶ᠎ᠠ ᠵᠢᠨ ᠴᠥᠯᠡᠷᠬᠡᠭ ᠬᠡᠭᠡᠷ᠎ᠡ ᠲᠠᠯ᠎ᠠ ᠵᠢᠨ ᠠᠮᠢ ᠠᠬᠤᠢ ᠵᠢᠨ ᠲᠣᠭᠲᠠᠪᠤᠷᠢᠲᠤ ᠴᠢᠨᠠᠷ᠎ᠢ ᠬᠠᠮᠠᠭ᠋ᠠᠯᠠᠬᠤ ᠪᠠ ᠪᠠᠲᠤᠯᠠᠵᠤ᠂ ᠤᠰᠤᠨ ᠰᠤᠷᠪᠤᠯᠵᠢ ᠵᠢ ᠬᠠᠳᠠᠭ᠋ᠠᠯᠠᠨ᠂ ᠤᠰᠤ ᠬᠥᠷᠥᠰᠥ ᠵᠢ ᠪᠠᠲᠤᠯᠠᠵᠤ᠂ ᠠᠭᠤᠯᠠᠨ᠎ᠤ ᠡᠮᠦᠨᠡᠬᠢ ᠪᠣᠷᠣᠲᠣᠬᠣᠢ ᠵᠢᠨ ᠲᠠᠯ᠎ᠠ ᠨᠤᠲᠤᠭ ᠴᠢᠨᠠᠭᠰᠢᠯᠠᠭ᠋ᠠᠳ ᠬᠤᠸᠠᠪᠧᠢ ᠵᠢᠨ ᠲᠠᠯ᠎ᠠ ᠨᠤᠲᠤᠭ᠎ᠢ ᠬᠠᠯᠬᠠᠯᠠᠨ ᠬᠠᠮᠠᠭ᠋ᠠᠯᠠᠬᠤ ᠲᠠᠯ᠎ᠠ᠎ᠪᠠᠷ ᠴᠢᠬᠤᠯᠠ ᠠᠴᠢ ᠬᠣᠯᠪᠣᠭᠳᠠᠯ᠎ᠲᠠᠢ ᠪᠠᠢ᠌ᠳᠠᠭ᠃ ᠵᠢᠦ ᠪᠣᠤ ᠬᠠᠮᠲᠤᠯᠢᠭ᠎ᠠᠴᠠ ᠲᠦᠷᠦᠭᠦᠯᠡᠨ ᠡᠨᠡ ᠤᠳᠠᠭ᠋ᠠᠨ᠎ᠤ ᠨᠡᠢ᠌ᠲᠡ ᠵᠢᠨ ᠠᠰᠠᠷᠠᠮᠵᠢ ᠵᠢᠨ ᠴᠢᠨᠠᠷᠲᠠᠢ ᠠᠯᠪᠠᠨ ᠵᠢᠷᠤᠮ᠎ᠤᠨ ᠲᠣᠭᠯᠠᠯᠲᠠ ᠭᠠᠷᠭ᠋ᠠᠬᠤ ᠠᠵᠢᠯᠯᠠᠭ᠎ᠠ ᠵᠢ ᠰᠠᠨᠠᠭ᠋ᠠᠴᠢᠯᠠᠵᠤ᠂ ᠣᠯᠣᠭᠰᠠᠨ ᠪᠦᠬᠦ ᠣᠷᠣᠯᠭ᠎ᠠ᠎ᠪᠠᠨ ᠥᠪᠥᠷ ᠮᠣᠩᠭᠣᠯ᠎ᠤᠨ AEI ᠨᠡᠢ᠌ᠲᠡ ᠵᠢᠨ ᠠᠰᠠᠷᠠᠮᠵᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠨᠡᠢ᠌ᠭᠡᠮᠯᠢᠭ᠎ᠲᠤ ᠬᠠᠨᠳᠢᠪᠯᠠᠨ᠂ ᠲᠠᠯ᠎ᠠ ᠨᠤᠲᠤᠭ᠎ᠤᠨ ᠬᠣᠭ ᠨᠣᠪᠰᠢ ᠵᠢ ᠪᠠᠭ᠋ᠠᠰᠬᠠᠬᠤ᠂ ᠬᠠᠲᠤᠨ ᠭᠣᠣᠯ᠎ᠢ ᠬᠠᠮᠠᠭ᠋ᠠᠯᠠᠬᠤ᠂ ᠪᠠᠢ᠌ᠭ᠋ᠠᠯᠢ ᠬᠢᠭᠡᠳ ᠣᠷᠴᠢᠨ ᠲᠣᠭᠣᠷᠢᠨ᠎ᠤ ᠬᠥᠮᠥᠵᠢᠯ᠂ ᠨᠡᠭᠦᠳᠡᠯ ᠰᠢᠪᠠᠭᠤ ᠬᠢᠭᠡᠳ ᠨᠣᠢ᠌ᠲᠠᠨ ᠭᠠᠵᠠᠷ᠎ᠢ ᠬᠠᠮᠠᠭ᠋ᠠᠯᠠᠬᠤ᠂ ᠦᠵᠡᠰᠬᠦᠯᠡᠩᠲᠦ ᠰᠠᠢ᠌ᠬᠠᠨ ᠲᠠᠯ᠎ᠠ ᠨᠤᠲᠤᠭ · ᠨᠣᠭᠣᠭ᠋ᠠᠨ ᠲᠣᠷᠭ᠋ᠠᠨ ᠪᠦᠴᠡ ᠵᠡᠷᠭᠡ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠨᠡᠢ᠌ᠲᠡ ᠵᠢᠨ ᠠᠰᠠᠷᠠᠮᠵᠢ ᠵᠢᠨ ᠲᠥᠷᠥᠯ ᠵᠦᠢ᠍ᠯ᠎ᠳᠤ ᠬᠡᠷᠡᠭᠯᠡᠵᠦ᠂ ᠪᠦᠬᠦ ᠴᠥᠯᠡᠷᠬᠡᠭ ᠪᠦᠰᠡ ᠵᠢ ᠳᠠᠯᠠᠨ ᠬᠠᠷ᠎ᠠ ᠠᠭᠤᠯᠠ ᠰᠢᠭ᠋ ᠰᠠᠯᠬᠢ ᠵᠢ ᠰᠡᠷᠭᠡᠢ᠌ᠯᠡᠨ ᠡᠯᠡᠰᠦ ᠵᠢ ᠲᠣᠭᠲᠠᠪᠤᠷᠢᠵᠢᠭᠤᠯᠬᠤ ᠪᠠᠢ᠌ᠭ᠋ᠠᠯᠢᠯᠢᠭ ᠬᠠᠯᠬᠠᠪᠴᠢ ᠪᠣᠯᠭ᠋ᠠᠬᠤ᠎ᠪᠠᠷ ᠬᠦᠰᠡᠨ ᠡᠷᠡᠮᠡᠯᠵᠡᠵᠦ ᠪᠠᠢ᠌ᠨ᠎ᠠ᠃
      ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠭᠤᠯᠭ᠎ᠠ ᠬᠥᠮᠥᠵᠢᠯ᠎ᠤᠨ ᠲᠥᠪ᠎ᠤᠨ ᠡᠷᠬᠢᠯᠡᠭᠴᠢ ᠪᠠᠢ ᡁᠢ ᠹᠧᠩ ᠠᠵᠢᠯᠯᠠᠭ᠎ᠠ ᠵᠢᠨ ᠶᠣᠰᠣᠯᠠᠯ᠎ᠳᠤ ᠦᠭᠡ ᠬᠡᠯᠡᠬᠦ᠎ᠳᠤ᠎ᠪᠠᠨ᠂ 《ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ ᠦᠶ᠎ᠡ᠎ᠳᠤ᠂ ᠠᠮᠢ ᠠᠬᠤᠢ ᠵᠢᠨ ᠰᠢᠰᠲ᠋ᠧᠮ᠎ᠢ ᠬᠠᠮᠠᠭ᠋ᠠᠯᠠᠬᠤ ᠡᠷᠴᠢᠮ ᠵᠶ᠋ᠡᠨ ᠴᠢᠩᠭ᠋ᠠᠷᠠᠭᠤᠯᠤᠨ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠰᠠᠢ᠌ᠲᠤᠷ ᠬᠢᠵᠦ᠂ ᠡᠬᠡ ᠤᠯᠤᠰ᠎ᠤᠨ ᠤᠮᠠᠷᠠᠲᠤ ᠬᠢᠵᠠᠭ᠋ᠠᠷ᠎ᠤᠨ ᠡᠨᠡ ᠬᠦ᠌ ᠦᠵᠡᠮᠵᠢ ᠵᠢᠨ ᠣᠷᠣᠨ᠎ᠢ ᠰᠠᠢ᠌ᠲᠤᠷ ᠰᠠᠬᠢᠨ ᠬᠠᠮᠠᠭ᠋ᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠵᠠᠰᠠᠭ᠎ᠤᠨ ᠣᠷᠳᠣᠨ ᠬᠢᠭᠡᠳ ᠣᠯᠠᠨ ᠲᠦᠮᠡᠨ᠎ᠤ ᠬᠠᠮᠲᠤ ᠵᠢᠨ ᠴᠢᠷᠮᠠᠢ᠌ᠭ᠎ᠠ ᠳᠣᠣᠷ᠎ᠠ᠂ ᠠᠮᠢ ᠠᠬᠤᠢ ᠵᠢᠨ ᠣᠷᠴᠢᠨ ᠲᠣᠭᠣᠷᠢᠨ᠎ᠢ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠣᠨᠣᠯᠵᠢᠬᠤᠨ ᠪᠦᠲᠦᠮᠵᠢᠲᠡᠢ ᠳᠡᠭᠡᠭᠰᠢᠯᠡᠭᠰᠡᠨ᠎ᠢ ᠪᠢᠳᠡ ᠵᠢᠷᠦᠬᠡ ᠰᠡᠳᠬᠢᠯ᠎ᠠᠴᠠ᠎ᠪᠠᠨ ᠮᠡᠳᠡᠷᠡᠵᠦ ᠪᠣᠯᠣᠨ᠎ᠠ᠃ ᠣᠯᠠᠨ ᠲᠦᠮᠡᠨ ᠡᠮᠬᠢ ᠵᠢᠷᠤᠮ᠎ᠲᠠᠢ᠎ᠪᠠᠷ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ᠎ᠳᠤ ᠣᠷᠣᠯᠴᠠᠵᠤ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠠᠢ᠌ᠭᠤᠯᠬᠤ ᠪᠦᠬᠦ ᠠᠷᠠᠳ᠎ᠤᠨ ᠠᠵᠢᠯᠯᠠᠭ᠎ᠠ ᠵᠢᠨ ᠪᠠᠢ᠌ᠷᠢᠯᠠᠭᠤᠯᠤᠯᠲᠠ ᠵᠢ ᠪᠦᠷᠢᠯᠳᠦᠭᠦᠯᠬᠦ ᠪᠣᠯ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠤ ᠢᠯᠠᠯᠲᠠ ᠵᠢ ᠣᠯᠬᠤ ᠵᠢᠨ ᠴᠢᠬᠤᠯᠠ ᠪᠠᠲᠤᠯᠠᠭ᠎ᠠ ᠪᠣᠯᠣᠨ᠎ᠠ》 ᠭᠡᠵᠡᠢ᠃
      ᠲᠤᠰ ᠤᠳᠠᠭ᠋ᠠᠨ᠎ᠤ ᠠᠵᠢᠯᠯᠠᠭ᠎ᠠ ᠵᠢᠨ ᠰᠠᠨᠠᠭ᠋ᠠᠴᠢᠯᠠᠭᠴᠢ ᠵᠢᠦ ᠪᠣᠤ ᠬᠠᠮᠲᠤᠯᠢᠭ᠎ᠤᠨ ᠭᠣᠣᠯᠯᠠᠨ ᠳᠠᠭᠤᠯᠠᠭ᠋ᠠᠴᠢ ᠠᠰᠬᠠᠨ ᠰᠤᠷᠪᠤᠯᠵᠢᠯᠠᠭᠴᠢ ᠵᠢᠨ ᠰᠤᠷᠪᠤᠯᠵᠢᠯᠠᠭ᠎ᠠ ᠵᠢ ᠬᠦᠯᠢᠶᠡᠬᠦ᠎ᠪᠠᠨ᠂ ᠣᠯᠠᠨ ᠲᠦᠮᠡᠨ᠎ᠢ ᠤᠷᠢᠶᠠᠯᠠᠨ ᠲᠠᠯ᠎ᠠ ᠨᠤᠲᠤᠭ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠰᠠᠭᠤᠳᠠᠯ᠎ᠳᠤ ᠠᠩᠬᠠᠷᠤᠯ᠎ᠢ᠎ᠨᠢ ᠲᠥᠪᠯᠡᠷᠡᠭᠦᠯᠬᠦ ᠵᠢᠨ ᠲᠤᠰᠠᠳᠠ᠂ ᠨᠢᠳᠤᠨᠤᠨ ᠵᠢᠯ ᠲᠡᠷᠡ ᠪᠡᠭᠡᠵᠢᠩ᠎ᠳᠤ ᠠᠩᠬᠠᠳᠤᠭ᠋ᠠᠷ ᠬᠤᠭᠤᠴᠠᠭ᠋ᠠᠨ᠎ᠤ ᠳᠠᠯᠠᠨ ᠬᠠᠷ᠎ᠠ ᠠᠭᠤᠯᠠ ᠵᠢᠨ ᠳᠠᠭᠤᠤ ᠬᠥᠭᠵᠢᠮ᠎ᠤᠨ ᠪᠠᠶᠠᠷ᠎ᠢ ᠰᠠᠨᠠᠭ᠋ᠠᠴᠢᠯᠠᠨ ᠥᠷᠨᠢᠭᠦᠯᠵᠦ᠂ ᠮᠠᠰᠢ ᠰᠠᠢ᠌ᠨ ᠦᠷ᠎ᠡ ᠪᠦᠲᠦᠮᠵᠢ ᠣᠯᠵᠤ᠂ ᠡᠭᠦᠳᠡᠨ ᠪᠢᠯᠧᠲ᠎ᠤᠨ ᠣᠷᠣᠯᠭ᠎ᠠ᠎ᠪᠠᠨ ᠪᠦᠬᠦᠨ᠎ᠢ ᠠᠯᠠᠱ᠌ᠠᠨ᠎ᠤ SEE 《ᠨᠢᠭᠡ ᠳ᠋ᠦᠩᠰᠢᠭᠤᠷ ᠵᠠᠭ ᠮᠣᠳᠣ》 ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠥᠷᠥᠯ ᠵᠦᠢ᠍ᠯ᠎ᠳᠤ ᠬᠠᠨᠳᠢᠪᠯᠠᠪᠠ᠃ ᠡᠨᠡ ᠵᠢᠯ᠂ ᠲᠡᠳᠡ ᠳᠠᠭᠤᠤ ᠬᠥᠭᠵᠢᠮ᠎ᠤᠨ ᠪᠠᠶᠠᠷ ᠵᠶ᠋ᠠᠨ ᠥᠪᠡᠷ᠎ᠤᠨ ᠲᠥᠷᠥᠭᠰᠡᠨ ᠨᠤᠲᠤᠭ ᠥᠪᠥᠷ ᠮᠣᠩᠭᠣᠯ᠎ᠳᠤ᠎ᠪᠠᠨ ᠶᠠᠪᠤᠭᠤᠯᠤᠨ᠂ ᠳᠠᠯᠠᠨ ᠬᠠᠷ᠎ᠠ ᠠᠭᠤᠯᠠ ᠵᠢᠨ ᠳᠣᠣᠷ᠎ᠠ ᠶᠠᠪᠤᠭᠤᠯᠵᠤ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠨᠡᠢ᠌ᠲᠡ ᠵᠢᠨ ᠠᠰᠠᠷᠠᠮᠵᠢ ᠵᠢᠨ ᠦᠢ᠍ᠯᠡᠰ᠎ᠤᠨ ᠲᠤᠰᠠᠳᠠ ᠦᠷᠭᠦᠯᠵᠢᠯᠡᠨ ᠤᠷᠢᠶᠠᠯᠠᠭ᠎ᠠ ᠳᠠᠢ᠌ᠴᠢᠯᠠᠭ᠎ᠠ ᠭᠠᠷᠭ᠋ᠠᠬᠤ᠎ᠪᠠᠷ ᠪᠤᠰᠤᠳ ᠬᠠᠮᠲᠤᠯᠢᠭ᠎ᠲᠤ ᠤᠷᠢᠯᠭ᠎ᠠ ᠶᠠᠪᠤᠭᠤᠯᠤᠭᠰᠠᠨ᠎ᠳᠤ᠂ ᠪᠤᠰᠤᠳ ᠨᠠᠢ᠍ᠮᠠᠨ ᠬᠠᠮᠲᠤᠯᠢᠭ᠎ᠨᠢ ᠤᠷᠢᠯᠭ᠎ᠠ ᠵᠢ ᠲᠣᠰᠣᠭᠰᠠᠨ ᠳᠠᠷᠤᠢ᠎ᠳᠤ᠎ᠨᠢ ᠵᠥᠪᠰᠢᠶᠡᠷᠡᠵᠦ᠂ ᠣᠯᠠᠨ ᠵᠶ᠋ᠠᠷ ᠵᠶ᠋ᠠᠨ ᠪᠦᠷ ᠡᠢ᠌ᠮᠦᠷᠬᠦᠦ ᠠᠵᠢᠯᠯᠠᠭ᠎ᠠ᠎ᠪᠠᠷ ᠳᠠᠮᠵᠢᠭᠤᠯᠤᠨ᠂ ᠨᠡᠩ ᠣᠯᠠᠨ ᠳᠠᠭᠤᠤ ᠬᠥᠭᠵᠢᠮ᠎ᠤᠨ ᠳᠤᠷᠠᠴᠢᠳ᠎ᠢ ᠣᠷᠴᠢᠨ ᠲᠣᠭᠣᠷᠢᠨ᠎ᠢ ᠬᠠᠮᠠᠭ᠋ᠠᠯᠠᠬᠤ ᠠᠵᠢᠯᠯᠠᠭ᠎ᠠ᠎ᠳᠤ ᠣᠷᠣᠯᠴᠠᠭᠤᠯᠬᠤ᠎ᠪᠠᠷ ᠬᠦᠰᠡᠵᠦ ᠪᠠᠢ᠌ᠨ᠎ᠠ ᠭᠡᠵᠡᠢ᠃
      ᠠᠵᠢᠯᠯᠠᠭ᠎ᠠ ᠵᠢᠨ ᠲᠤᠬᠠᠢ ᠵᠢᠨ ᠡᠳᠦᠷ᠎ᠲᠤ᠂ ᠲᠤᠬᠠᠢ ᠵᠢᠨ ᠲᠠᠯᠠᠪᠤᠷ᠎ᠲᠤ ᠰᠠᠭ᠋ᠠᠲᠠᠭᠰᠠᠨ ᠵᠣᠴᠢᠳ ᠵᠢᠴᠢ ᠲᠣᠭᠯᠠᠯᠲᠠ ᠭᠠᠷᠭ᠋ᠠᠭᠴᠢᠳ ᠬᠠᠮᠲᠤ᠎ᠪᠠᠷ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠣᠣᠯ ᠰᠡᠳᠦᠪᠲᠦ ᠬᠤᠢ᠌ᠯᠠᠮᠠᠯ ᠵᠢᠷᠤᠭ ᠳᠡᠭᠡᠷ᠎ᠡ ᠭᠠᠷ᠎ᠤᠨ ᠦᠰᠦᠭ ᠵᠢᠷᠤᠨ ᠳᠤᠷᠠᠰᠬᠠᠯ ᠦᠯᠡᠳᠡᠭᠡᠵᠦ᠂ ᠨᠡᠩ ᠣᠯᠠᠨ ᠬᠥᠮᠥᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ   ᠬᠠᠮᠠᠭ᠋ᠠᠯᠠᠯᠲᠠ ᠵᠢᠨ   ᠠᠵᠢᠯᠯᠠᠭ᠎ᠠ᠎ᠳᠤ   ᠢᠳᠡᠪᠬᠢᠲᠡᠢ ᠣᠷᠣᠯᠴᠠᠬᠤ ᠵᠢ ᠤᠷᠢᠶᠠᠯᠠᠨ ᠳᠠᠢ᠌ᠴᠢᠯᠠᠵᠠᠢ᠃
      ᠲᠤᠰ ᠤᠳᠠᠭ᠋ᠠᠨ᠎ᠤ ᠥᠪᠥᠷ ᠮᠣᠩᠭᠣᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠨᠡᠢ᠌ᠲᠡ ᠵᠢᠨ ᠠᠰᠠᠷᠠᠮᠵᠢ ᠵᠢᠨ ᠳᠠᠭᠤᠤ ᠬᠥᠭᠵᠢᠮ᠎ᠤᠨ ᠪᠠᠶᠠᠷ᠎ᠨᠢ ᠨᠡᠢ᠌ᠭᠡᠮ᠎ᠤᠨ ᠡᠯ᠎ᠡ ᠡᠲᠡᠭᠡᠳ᠎ᠤᠨ᠎ᠬᠢᠨ᠎ᠤ ᠥᠷᠭᠡᠨ ᠳᠡᠯᠭᠡᠷ ᠠᠩᠬᠠᠷᠤᠯ᠎ᠢ ᠲᠠᠲᠠᠵᠤ᠂ ᠪᠦᠬᠦᠢ᠌ᠯᠡ ᠬᠥᠭᠵᠢᠮ᠎ᠤᠨ ᠲᠠᠩᠬᠢᠮ᠎ᠨᠢ ᠦᠵᠡᠭᠴᠢ ᠲᠦᠮᠡᠨ ᠵᠶ᠋ᠠᠷ ᠳᠦᠭᠦᠷᠴᠦ᠂ ᠬᠦᠷ ᠨᠠᠷᠭᠢᠶᠠᠨ ᠵᠶ᠋ᠠᠨ ᠪᠢᠯᠬᠠᠨ᠂ ᠬᠥᠮᠥᠰ ᠲᠤᠬᠠᠢ ᠵᠢᠨ ᠲᠠᠯᠠᠪᠤᠷ᠎ᠤᠨ ᠠᠭᠤᠷ ᠠᠮᠢᠰᠬᠤᠯ᠎ᠳᠤ ᠥᠪᠡᠷ᠎ᠤᠨ ᠡᠷᠬᠡ ᠦᠭᠡᠢ ᠨᠥᠯᠥᠭᠡᠯᠡᠭᠳᠡᠵᠦ ᠪᠠᠢ᠌ᠯ᠎ᠠ᠃ ᠲᠣᠭᠯᠠᠯᠲᠠ ᠰᠣᠨᠢᠷᠬᠠᠬᠤ᠎ᠪᠠᠷ ᠬᠦᠷᠦᠯᠴᠡᠨ ᠢᠷᠡᠭᠰᠡᠨ ᠣᠶᠤᠲᠠᠨ ᠴᠡᠴᠡᠭ ᠰᠤᠷᠪᠤᠯᠵᠢᠯᠠᠭᠴᠢ᠎ᠳᠤ᠄ 《ᠦᠨᠡᠬᠡᠷ ᠨᠢᠭᠡᠨ ᠤᠳᠬ᠎ᠠ ᠠᠭᠤᠯᠭ᠎ᠠ᠎ᠲᠠᠢ ᠠᠵᠢᠯᠯᠠᠭ᠎ᠠ ᠪᠠᠢ᠌ᠨ᠎ᠠ᠂ ᠬᠣᠢ᠌ᠰᠢᠳᠠ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠤᠬᠠᠢ ᠡᠢ᠌ᠮᠦᠷᠬᠦᠦ ᠠᠵᠢᠯᠯᠠᠭ᠎ᠠ ᠪᠠᠢ᠌ᠪᠠᠯ ᠵᠠᠪᠠᠯ ᠣᠷᠣᠯᠴᠠᠬᠤ ᠵᠢᠨ ᠬᠠᠮᠲᠤ᠂ ᠬᠠᠮᠲᠤ ᠰᠤᠷᠤᠯᠭ᠋ᠠᠲᠠᠳ᠎ᠲᠠᠢ᠎ᠪᠠᠨ ᠬᠠᠮᠲᠤ ᠢᠷᠡᠵᠦ ᠣᠷᠣᠯᠴᠠᠨ᠂ ᠨᠤᠲᠤᠭ ᠤᠰᠤᠨ᠎ᠤ᠎ᠪᠠᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ᠎ᠳᠤ ᠣᠶᠣᠨ ᠬᠦᠴᠦᠨ ᠵᠶ᠋ᠡᠨ ᠡᠷᠭᠦᠨ᠎ᠡ》 ᠭᠡᠵᠦ ᠰᠡᠳᠬᠢᠯ ᠳᠣᠭᠳᠣᠯᠤᠨ ᠬᠡᠯᠡᠵᠡᠢ᠃


     

      ᠳᠠᠯᠠᠨ ᠬᠠᠷ᠎ᠠ ᠠᠭᠤᠯᠠ ᠵᠢᠨ ᠳᠠᠭᠤᠤ ᠬᠥᠭᠵᠢᠮ᠎ᠤᠨ ᠪᠠᠶᠠᠷ᠎ᠤᠨ ᠡᠬᠢᠯᠡᠯᠲᠡ ᠵᠢᠨ ᠠᠵᠢᠯᠯᠠᠭ᠎ᠠ



     

      ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠭᠤᠯᠭ᠎ᠠ ᠬᠥᠮᠥᠵᠢᠯ᠎ᠤᠨ ᠲᠥᠪ᠎ᠤᠨ ᠡᠷᠬᠢᠯᠡᠭᠴᠢ ᠪᠠᠢ ᡁᠢ ᠹᠧᠩ ᠦᠭᠡ ᠶᠠᠷᠢᠵᠦ ᠪᠠᠢ᠌ᠨ᠎ᠠ



     



      ᠲᠤᠬᠠᠢ ᠵᠢᠨ ᠲᠠᠯᠠᠪᠤᠷ᠎ᠤᠨ ᠵᠣᠴᠢᠳ ᠵᠢᠴᠢ ᠲᠣᠭᠯᠠᠭᠴᠢᠳ ᠬᠠᠮᠲᠤ᠎ᠪᠠᠷ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠣᠣᠯ ᠰᠡᠳᠦᠪᠲᠦ ᠬᠤᠢ᠌ᠯᠠᠮᠠᠯ ᠵᠢᠷᠤᠭ ᠳᠡᠭᠡᠷ᠎ᠡ ᠭᠠᠷ᠎ᠤᠨ ᠦᠰᠦᠭ ᠵᠢᠷᠤᠵᠤ ᠳᠤᠷᠠᠰᠬᠠᠯ ᠦᠯᠡᠳᠡᠭᠡᠵᠦ ᠪᠠᠢ᠌ᠨ᠎ᠠ



     

      ᠠᠵᠢᠯᠯᠠᠭ᠎ᠠ ᠵᠢ ᠰᠠᠨᠠᠭ᠋ᠠᠴᠢᠯᠠᠭᠴᠢ ᠵᠢᠦ ᠪᠣᠤ ᠬᠠᠮᠲᠤᠯᠢᠭ᠎ᠤᠨ ᠭᠣᠣᠯᠯᠠᠨ ᠳᠠᠭᠤᠯᠠᠭ᠋ᠠᠴᠢ ᠠᠰᠬᠠᠨ ᠰᠤᠷᠪᠤᠯᠵᠢᠯᠠᠭ᠎ᠠ ᠬᠦᠯᠢᠶᠡᠵᠦ ᠪᠠᠢ᠌ᠨ᠎ᠠ




     

      ᠲᠣᠭᠯᠠᠯᠲᠠ ᠵᠢᠨ ᠲᠤᠬᠠᠢ ᠵᠢᠨ ᠲᠠᠯᠠᠪᠤᠷ

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠲᠥᠪ᠎ᠤᠨ ᠶᠠᠳᠠᠭᠤ᠎ᠠᠴᠠ ᠠᠩᠭᠢᠵᠢᠷᠠᠭᠤᠯᠤᠨ ᠰᠢᠪᠲᠤᠯᠤᠯᠲᠠ ᠬᠢᠬᠦ ᠲᠤᠰᠬᠠᠢ ᠵᠦᠢ᠍ᠯ᠎ᠤᠨ ᠲᠣᠭᠣᠷᠢᠨ ᠪᠠᠢ᠌ᠴᠠᠭ᠋ᠠᠵᠤ ᠴᠡᠭᠴᠡᠯᠡᠨ ᠥᠭᠡᠷᠡᠴᠢᠯᠡᠵᠦ ᠨᠠᠢ᠌ᠳᠠᠪᠤᠷᠢᠵᠢᠭᠤᠯᠬᠤ ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ᠎ᠤᠨ ᠬᠤᠷᠠᠯ᠎ᠢ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ 2018 ᠣᠨ᠎ᠤ ᠲᠢᠩᠬᠢᠮ᠎ᠤᠨ ᠰᠢᠰᠲ᠋ᠧᠮ᠎ᠤᠨ᠎ᠬᠢᠨ᠎ᠤ ᠰᠢᠯᠭ᠋ᠠᠨ ᠬᠢᠨᠠᠯᠲᠠ ᠵᠢᠨ ᠠᠵᠢᠯ᠎ᠤᠨ ᠬᠤᠷᠠᠯ᠎ᠢ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ 《ᠤᠯᠤᠰ᠎ᠤᠨ ᠠᠮᠤᠷ ᠲᠦᠪᠰᠢᠨ᠎ᠤ ᠶᠡᠷᠦᠩᠬᠡᠢ ᠬᠠᠮᠢᠶᠠᠷᠤᠯᠲᠠ ᠬᠢᠭᠡᠳ ᠳᠤᠮᠳᠠᠳᠤ ᠤᠯᠤᠰ᠎ᠤᠨ ᠤᠯᠤᠰ᠎ᠤᠨ ᠠᠮᠤᠷ ᠲᠦᠪᠰᠢᠨ᠎ᠤ ᠪᠠᠢ᠌ᠯᠳᠤᠬᠤ ᠪᠣᠳᠣᠯᠭ᠎ᠠ》 ᠭᠡᠬᠦ ᠲᠠᠢ᠌ᠯᠤᠮᠵᠢ ᠵᠢ ᠡᠷᠬᠢᠯᠡᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠲᠥᠪ᠎ᠤᠨ ᠶᠠᠳᠠᠭᠤ᠎ᠠᠴᠠ ᠠᠩᠭᠢᠵᠢᠷᠠᠭᠤᠯᠤᠨ ᠰᠢᠪᠲᠤᠯᠤᠯᠲᠠ ᠬᠢᠬᠦ ᠵᠢ ᠲᠤᠰᠬᠠᠢ ᠵᠦᠢ᠍ᠯ ᠵᠶ᠋ᠡᠷ ᠲᠣᠭᠣᠷᠢᠨ ᠪᠠᠢ᠌ᠴᠠᠭ᠋ᠠᠵᠤ ᠴᠡᠭᠴᠡᠯᠡᠨ ᠥᠭᠡᠷᠡᠴᠢᠯᠡᠵᠦ ᠨᠠᠢ᠌ᠳᠠᠪᠤᠷᠢᠵᠢᠭᠤᠯᠬᠤ ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ᠎ᠤᠨ ᠬᠤᠷᠠᠯ᠎ᠤᠨ ᠭᠣᠣᠯ ᠳᠤᠭᠤᠢ᠌ᠯᠠᠩ (ᠥᠷᠭᠡᠳᠬᠡᠭᠰᠡᠨ)᠎ᠤᠨ ᠰᠤᠷᠤᠯᠴᠠᠨ ᠶᠠᠷᠢᠯᠴᠠᠬᠤ ᠬᠤᠷᠠᠯ᠎ᠢ ᠬᠤᠷᠠᠯᠳᠤᠭᠤᠯᠪᠠ
ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠰᠣᠨᠢᠨ᠎ᠤ ᠥᠪᠥᠷ ᠮᠣᠩᠭᠣᠯ᠎ᠳᠤ ᠰᠠᠭᠤᠭ᠎ᠠ ᠰᠤᠷᠪᠤᠯᠵᠢᠯᠠᠭᠴᠢ ᠵᠢᠨ ᠥᠷᠲᠡᠭᠡ ᠵᠢᠨ᠎ᠬᠢᠨ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠢᠳᠡᠪᠬᠢᠲᠡᠢ ᠦᠢ᠍ᠯᠡᠳᠦᠯᠭᠡᠵᠢᠭᠦᠯᠵᠦ ᠦᠨᠳᠦᠰᠦᠨ ᠱᠠᠲᠤᠨ᠎ᠳᠤ ᠭᠦᠨᠵᠡᠭᠡᠢ᠌ᠷᠡᠨ ᠰᠤᠷᠪᠤᠯᠵᠢᠯᠠᠨ ᠮᠡᠳᠡᠭᠡᠯᠡᠪᠡ
 
             蒙ICP备05000248号