ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠵᠢᠷᠤᠬᠲᠦ᠍ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠴᠠᠢ᠌ᠶᠢᠦ ᠲᠣᠰᠣᠨ᠎ᠤ ᠪᠠᠷᠠᠭ᠋ᠠᠨ᠎ᠤ ᠲᠡᠷᠭᠡ ᠵᠢᠨ ᠪᠣᠬᠢᠷᠲᠤᠯ᠎ᠢ ᠵᠠᠰᠠᠬᠤ ᠠᠵᠢᠯ᠎ᠤᠨ ᠲᠥᠷᠥ ᠵᠢᠨ ᠪᠣᠳᠣᠯᠭ᠎ᠠ ᠵᠢᠨ ᠪᠠᠷᠢᠮᠵᠢᠶ᠎ᠠ᠎ᠳᠤ ᠲᠠᠢ᠌ᠯᠤᠮᠵᠢ ᠬᠢᠬᠦ ᠪᠣᠯᠪᠠᠰᠤᠷᠠᠯ᠎ᠤᠨ ᠬᠤᠷᠠᠯ᠎ᠢ ᠠᠮᠵᠢᠯᠲᠠ᠎ᠲᠠᠢ ᠡᠷᠬᠢᠯᠡᠪᠡ
ᠨᠡᠶ᠋ᠢᠲᠡᠯᠡᠭᠰᠡᠨ ᠴᠠᠭ᠄ 2019-03-04

     《ᠴᠠᠢ᠌ᠶᠢᠦ ᠲᠣᠰᠣᠨ᠎ᠤ ᠪᠠᠷᠠᠭ᠋ᠠᠨ᠎ᠤ ᠲᠡᠷᠭᠡ ᠵᠢᠨ ᠪᠣᠬᠢᠷᠲᠤᠯ᠎ᠢ ᠵᠠᠰᠠᠬᠤ ᠰᠢᠪᠲᠤᠯᠤᠯᠲᠠ ᠵᠢᠨ ᠠᠵᠢᠯᠯᠠᠭ᠎ᠠ ᠵᠢᠨ ᠲᠥᠯᠥᠪᠯᠡᠭᠡ》 (ᠣᠷᠴᠢᠨ ᠠᠭ᠋ᠠᠷ ᠮᠠᠨᠳᠠᠯ [2018] 179 ᠳ᠋ᠦ᠍ᠭᠡᠷ ᠲᠣᠭ᠋ᠠᠲᠤ)᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠠᠢ᠌ᠶᠢᠦ ᠲᠣᠰᠣᠨ᠎ᠤ ᠪᠠᠷᠠᠭ᠋ᠠᠨ᠎ᠤ ᠲᠡᠷᠭᠡ ᠵᠢᠨ ᠪᠣᠬᠢᠷᠲᠤᠯ᠎ᠢ ᠵᠠᠰᠠᠬᠤ ᠠᠵᠢᠯᠯᠠᠭ᠎ᠠ ᠵᠢᠨ ᠲᠥᠰᠥᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [2018] 87 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠵᠢ ᠭᠦᠨᠵᠡᠭᠡᠢ ᠲᠤᠭᠤᠰᠢᠯᠠᠭᠤᠯᠤᠨ᠂ ᠪᠦᠬᠦ ᠣᠷᠣᠨ᠎ᠤ ᠴᠠᠢ᠌ᠶᠢᠦ ᠲᠣᠰᠣᠨ᠎ᠤ ᠪᠠᠷᠠᠭ᠋ᠠᠨ᠎ᠤ ᠲᠡᠷᠭᠡ ᠵᠢᠨ ᠪᠣᠬᠢᠷᠲᠤᠯ᠎ᠢ ᠵᠠᠰᠠᠬᠤ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠵᠤ᠂ ᠮᠠᠰᠢᠨᠲᠤ ᠲᠡᠷᠭᠡ ᠣᠩᠭᠣᠴᠠ ᠵᠢᠨ ᠪᠣᠬᠢᠷᠲᠤᠯ ᠡᠳ᠋ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠵᠢ ᠲᠦᠷᠭᠡᠳᠬᠡᠵᠦ᠂ ᠬᠥᠬᠡ ᠣᠭᠲᠠᠷᠭᠤᠢ ᠵᠢ ᠬᠠᠮᠠᠭ᠋ᠠᠯᠠᠬᠤ ᠳᠠᠢ᠌ᠯᠠᠯᠳᠤᠭ᠋ᠠᠨ᠎ᠳᠤ ᠡᠷᠡᠰ ᠰᠢᠭᠤᠷᠬᠠᠢ᠎ᠪᠠᠷ ᠢᠯᠠᠯᠲᠠ ᠣᠯᠬᠤ ᠵᠢᠨ ᠲᠤᠰᠠᠳᠠ᠂ 2 ᠳ᠋ᠤᠭ᠋ᠠᠷ ᠰᠠᠷ᠎ᠠ ᠵᠢᠨ 28᠎ᠤ ᠡᠳᠦᠷ᠂ ᠬᠣᠶᠠᠷ ᠡᠳᠦᠷ᠎ᠤᠨ ᠬᠤᠭᠤᠴᠠᠭ᠎ᠠ᠎ᠲᠠᠢ ᠪᠦᠬᠦ ᠣᠷᠣᠨ᠎ᠤ ᠴᠠᠢ᠌ᠶᠢᠦ ᠲᠣᠰᠣᠨ᠎ᠤ ᠪᠠᠷᠠᠭ᠋ᠠᠨ᠎ᠤ ᠲᠡᠷᠭᠡ ᠵᠢᠨ ᠪᠣᠬᠢᠷᠲᠤᠯ᠎ᠢ ᠵᠠᠰᠠᠬᠤ ᠠᠵᠢᠯ᠎ᠤᠨ ᠲᠥᠷᠥ ᠵᠢᠨ ᠪᠣᠳᠣᠯᠭ᠎ᠠ ᠵᠢᠨ ᠪᠠᠷᠢᠮᠵᠢᠶ᠎ᠠ᠎ᠳᠤ ᠲᠠᠢ᠌ᠯᠤᠮᠵᠢ ᠬᠢᠬᠦ ᠪᠣᠯᠪᠠᠰᠤᠷᠠᠯ᠎ᠤᠨ ᠬᠤᠷᠠᠯ᠎ᠢ ᠬᠤᠷᠠᠯᠳᠤᠭᠤᠯᠵᠠᠢ᠃
      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠳᠡᠳ᠋ ᠳᠠᠷᠤᠭ᠎ᠠ ᠵᠠᠩ ᠬᠤᠢ ᠢᠦᠢ᠂ ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠭᠠᠵᠠᠷ᠎ᠤᠨ ᠳᠠᠷᠤᠭ᠎ᠠ ᠵᠠᠩ ᠭᠠᠩ ᠲᠤᠰ ᠲᠤᠰ ᠪᠦᠬᠦ ᠣᠷᠣᠨ᠎ᠤ ᠮᠠᠰᠢᠨᠲᠤ ᠲᠡᠷᠭᠡ ᠵᠢᠨ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯ᠎ᠤᠨ ᠲᠤᠯᠭ᠋ᠠᠷᠠᠵᠤ ᠪᠠᠢ᠌ᠭ᠎ᠠ ᠴᠠᠭ᠎ᠤᠨ ᠪᠠᠢ᠌ᠳᠠᠯ ᠵᠢᠴᠢ ᠴᠠᠢ᠌ᠶᠢᠦ ᠲᠣᠰᠣᠨ᠎ᠤ ᠪᠠᠷᠠᠭ᠋ᠠᠨ᠎ᠤ ᠲᠡᠷᠭᠡᠨ᠎ᠳᠤ ᠵᠠᠰᠠᠯᠲᠠ ᠬᠢᠬᠦ ᠳᠠᠷᠠᠭ᠋ᠠᠴᠢ ᠵᠢᠨ ᠠᠯᠬᠤᠮ᠎ᠤᠨ ᠠᠵᠢᠯ ᠵᠡᠷᠭᠡ ᠵᠢᠨ ᠲᠤᠬᠠᠢ ᠴᠢᠬᠤᠯᠠ ᠵᠢᠭ᠋ᠠᠪᠤᠷᠢ ᠪᠠᠭᠤᠯᠭ᠋ᠠᠪᠠ᠃ ᠤᠯᠤᠰ᠎ᠤᠨ ᠮᠠᠰᠢᠨᠲᠤ ᠲᠡᠷᠭᠡᠨ᠎ᠤ ᠪᠣᠬᠢᠷᠲᠤᠯ ᠡᠳ᠋᠎ᠤᠨ ᠬᠢᠨᠠᠨ ᠡᠵᠡᠮᠳᠡᠬᠦ ᠲᠥᠪ᠎ᠤᠨ ᠡᠷᠬᠢᠯᠡᠭᠴᠢ ᠯᠢᠦ ᠵᠢᠶᠠ᠂ ᠡᠷᠬᠢᠯᠡᠭᠴᠢ ᠰᠢᠶᠣᠤ ᠬᠠᠨ᠂ ᠡᠷᠬᠢᠯᠡᠭᠴᠢ ᠵᠤᠤ ᠬᠠᠢ ᠭᠤᠸᠠᠩ ᠲᠤᠰ ᠲᠤᠰ 《ᠴᠠᠢ᠌ᠶᠢᠦ ᠲᠣᠰᠣᠨ᠎ᠤ ᠪᠠᠷᠠᠭ᠋ᠠᠨ᠎ᠤ ᠲᠡᠷᠭᠡᠨ᠎ᠤ ᠪᠣᠬᠢᠷᠲᠤᠯ᠎ᠢ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠤ ᠠᠵᠢᠯᠯᠠᠭ᠎ᠠ ᠵᠢᠨ ᠲᠥᠯᠥᠪᠯᠡᠭᠡ》᠂ ᠮᠠᠰᠢᠨᠲᠤ ᠲᠡᠷᠭᠡᠨ᠎ᠤ ᠬᠡᠢ ᠭᠠᠳᠠᠭᠰᠢᠯᠠᠭᠤᠯᠬᠤ ᠪᠣᠬᠢᠷᠲᠤᠯ᠎ᠤᠨ ᠬᠠᠤᠯᠢ᠎ᠠᠴᠠ ᠵᠥᠷᠢᠴᠡᠭᠰᠡᠨ᠎ᠳᠤ ᠬᠠᠤᠯᠢ ᠬᠡᠷᠡᠭᠵᠢᠭᠦᠯᠬᠦ ᠲᠠᠪᠴᠠᠩ᠂ ᠵᠢᠴᠢ 《ᠴᠢᠶᠢᠦ ᠲᠣᠰᠣᠨ᠎ᠤ ᠲᠡᠷᠭᠡ ᠵᠢᠨ ᠪᠣᠬᠢᠷᠲᠤᠯ ᠡᠳ᠋ ᠭᠠᠳᠠᠭᠰᠢᠯᠠᠭᠤᠯᠬᠤ ᠬᠢᠵᠠᠭ᠋ᠠᠷᠲᠤ ᠬᠡᠮᠵᠢᠭᠳᠡᠯ ᠵᠢᠴᠢ ᠬᠡᠮᠵᠢᠯᠲᠡ ᠬᠢᠬᠦ ᠠᠷᠭ᠎ᠠ》 ᠵᠡᠷᠭᠡ ᠤᠯᠤᠰ᠎ᠤᠨ ᠭᠤᠷᠪᠠᠨ ᠪᠠᠷᠢᠮᠵᠢᠶ᠎ᠠ᠎ᠳᠤ ᠲᠠᠢ᠌ᠯᠤᠮᠵᠢ ᠬᠢᠪᠡ᠃ ᠴᠦᠩᠴᠢᠩ᠎ᠤᠨ ᠺᠠᠢ ᠷᠦᠢ ᠸᠧᠢ ᠬᠢᠵᠠᠭ᠋ᠠᠷᠲᠤ ᠺᠣᠮᠫᠠᠨᠢ᠂ ᠱᠧᠨᠵᠧᠨ᠎ᠤ ᠠᠨ ᠴᠧ ᠬᠢᠨᠠᠨ ᠬᠡᠮᠵᠢᠬᠦ ᠬᠢᠵᠠᠭ᠋ᠠᠷᠲᠤ ᠺᠣᠮᠫᠠᠨᠢ ᠵᠡᠷᠭᠡ ᠠᠵᠤ ᠠᠬᠤᠢ᠌ᠯᠠᠯ᠎ᠤᠨ ᠪᠠᠭᠰᠢ ᠨᠠᠷ ᠵᠶ᠋ᠠᠷ ᠴᠠᠢ᠌ᠶᠢᠦ ᠲᠡᠷᠭᠡᠨ᠎ᠤ ᠠᠷᠤ ᠵᠢᠨ ᠬᠡᠢ ᠵᠢᠨ ᠵᠠᠰᠠᠯᠲᠠ᠂ ᠣᠷᠴᠢᠨ ᠲᠣᠭᠣᠷᠢᠨ᠎ᠤ ᠪᠠᠢ᠌ᠴᠠᠭ᠋ᠠᠯᠲᠠ ᠵᠢᠨ ᠰᠢᠨ᠎ᠡ ᠪᠠᠷᠢᠮᠵᠢᠶ᠎ᠠ ᠵᠢᠨ ᠲᠠᠢ᠌ᠯᠪᠤᠷᠢ ᠬᠢᠭᠡᠳ ᠲᠥᠬᠥᠭᠡᠷᠦᠮᠵᠢ ᠵᠢᠨ ᠳᠡᠰ ᠳᠡᠪᠰᠢᠭᠦᠯᠬᠦ ᠥᠭᠡᠷᠡᠴᠢᠯᠡᠯᠲᠡ ᠵᠡᠷᠭᠡ ᠠᠭᠤᠯᠭ᠎ᠠ ᠵᠢ ᠶᠠᠷᠢᠭᠤᠯᠵᠠᠢ᠃
      ᠬᠤᠷᠠᠯ᠎ᠤᠨ ᠬᠤᠭᠤᠴᠠᠭ᠋ᠠᠨ᠎ᠳᠤ ᠪᠠᠰᠠ   ᠣᠷᠣᠨ ᠨᠤᠲᠤᠭ᠎ᠤᠨ   ᠲᠤᠷᠰᠢᠯᠭ᠎ᠠ ᠵᠢᠨ   ᠰᠣᠯᠢᠯᠴᠠᠭ᠎ᠠ ᠵᠢ ᠶᠠᠪᠤᠭᠤᠯᠵᠤ᠂ ᠪᠤᠭᠤᠲᠤ ᠵᠢᠨ ᠮᠠᠰᠢᠨ ᠲᠡᠷᠭᠡᠨ᠎ᠤ ᠬᠡᠢ ᠭᠠᠳᠠᠭᠰᠢᠯᠠᠭᠤᠯᠬᠤ ᠬᠠᠮᠢᠶᠠᠷᠤᠯᠲᠠ ᠵᠢᠨ ᠲᠥᠪ᠎ᠤᠨ ᠡᠷᠬᠢᠯᠡᠭᠴᠢ ᠯᠢᠦ ᠡᠾᠦ᠋ᠩ ᠣᠳᠣᠬᠠᠨ᠎ᠤ ᠠᠵᠢᠯ᠎ᠳᠠᠬᠢ ᠵᠠᠷᠢᠮ ᠪᠦᠲᠦᠮᠵᠢᠲᠡᠢ ᠲᠤᠷᠰᠢᠯᠭ᠎ᠠ᠂ ᠠᠰᠢᠭᠲᠠᠢ ᠬᠢᠳᠡᠯ᠎ᠤᠨ ᠲᠤᠬᠠᠢ ᠪᠠᠢ᠌ᠳᠠᠯ᠎ᠤᠨ ᠲᠠᠨᠢᠯᠴᠠᠭᠤᠯᠭ᠎ᠠ ᠬᠢᠪᠡ᠃ ᠲᠤᠰ ᠤᠳᠠᠭ᠋ᠠᠨ᠎ᠤ ᠪᠣᠯᠪᠠᠰᠤᠷᠠᠯ᠎ᠤᠨ ᠬᠤᠷᠠᠯ᠎ᠨᠢ ᠡᠯ᠎ᠡ ᠱᠠᠲᠤᠨ᠎ᠤ ᠡᠯ᠎ᠡ ᠰᠠᠯᠠᠭ᠎ᠠ ᠮᠥᠴᠢᠷ᠎ᠤᠨ᠎ᠬᠢᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠤᠬᠠᠢ ᠡᠭᠦᠷᠭᠡ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠨᠠᠢ᠌ᠳᠠᠪᠤᠷᠢᠵᠢᠭᠤᠯᠤᠨ᠂ ᠪᠦᠬᠦ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠡᠩᠨᠡᠭᠡ ᠵᠢᠨ ᠲᠤᠰᠬᠠᠢ ᠮᠡᠷᠭᠡᠵᠢᠭᠰᠡᠨ ᠴᠢᠳᠠᠪᠤᠷᠢ ᠵᠢ ᠳᠡᠭᠡᠭᠰᠢᠯᠡᠭᠦᠯᠵᠦ᠂ ᠪᠦᠬᠦ ᠣᠷᠣᠨ᠎ᠤ ᠴᠠᠢ᠌ᠶᠢᠦ ᠲᠣᠰᠣᠨ᠎ᠤ ᠪᠠᠷᠠᠭ᠋ᠠᠨ᠎ᠤ ᠲᠡᠷᠭᠡᠨ᠎ᠳᠤ ᠵᠠᠰᠠᠯᠲᠠ ᠬᠢᠬᠦ ᠠᠵᠢᠯ᠎ᠳᠤ ᠰᠢᠨ᠎ᠡ ᠦᠷ᠎ᠡ ᠪᠦᠲᠦᠮᠵᠢ ᠣᠯᠬᠤ ᠵᠢ ᠠᠬᠢᠭᠤᠯᠬᠤ᠎ᠪᠠᠷ ᠵᠣᠷᠢᠯᠲᠠ᠎ᠪᠠᠨ ᠪᠣᠯᠭ᠋ᠠᠵᠠᠢ᠃




ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠡᠯ᠎ᠡ ᠶᠡᠷᠦᠩᠬᠡᠢ ᠡᠭᠦᠷ (ᠨᠠᠮ᠎ᠤᠨ ᠡᠭᠦᠷ)᠎ᠠᠴᠠ ᠺᠠᠳ᠋ᠷ ᠠᠵᠢᠯᠲᠠᠳ ᠵᠶ᠋ᠠᠨ ᠵᠣᠬᠢᠶᠠᠨ ᠪᠠᠢ᠌ᠭᠤᠯᠵᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠶᠠᠳᠤᠭ᠋ᠠᠷ ᠬᠤᠷᠠᠯ᠎ᠤᠨ ᠡᠬᠢᠯᠡᠯᠲᠡ ᠵᠢᠨ ᠬᠤᠷᠠᠯ᠎ᠢ ᠬᠦᠯᠢᠶᠡᠨ ᠠᠪᠴᠤ ᠦᠵᠡᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠡᠮᠡᠭᠲᠡᠢ᠌ᠴᠦᠳ᠎ᠤᠨ ᠰᠡᠳᠬᠢᠴᠡ ᠵᠢᠨ ᠡᠷᠡᠭᠦᠯ ᠮᠡᠨᠳᠦ ᠵᠢᠨ ᠲᠤᠰᠬᠠᠢ ᠰᠡᠳᠦᠪᠲᠦ ᠲᠠᠢ᠌ᠯᠤᠮᠵᠢ ᠡᠷᠬᠢᠯᠡᠪᠡ
ᠥᠪᠡᠷᠲᠡᠭᠡᠨ ᠵᠠᠰᠠᠬᠤ ᠣᠷᠣᠨ᠎ᠠᠴᠠ ᠣᠷᠴᠢᠨ ᠲᠣᠭᠣᠷᠢᠨ᠎ᠢ ᠬᠠᠮᠠᠭ᠋ᠠᠯᠠᠬᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠳᠠᠢ᠌ᠴᠢᠯᠠᠨ ᠪᠠᠢ᠌ᠷᠢᠯᠠᠭᠤᠯᠬᠤ ᠶᠠᠷᠢᠯᠴᠠᠭ᠋ᠠᠨ᠎ᠤ ᠬᠤᠷᠠᠯ᠎ᠢ ᠬᠤᠷᠠᠯᠳᠤᠭᠤᠯᠤᠨ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠳᠤ ᠠᠩᠬᠠᠷᠤᠭᠤᠯᠤᠨ ᠲᠥᠪᠯᠡᠷᠡᠭᠦᠯᠵᠦ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠭᠤᠯᠭ᠎ᠠ᠎ᠳᠤ ᠬᠦᠴᠦᠨ ᠵᠶ᠋ᠡᠨ ᠲᠥᠪᠯᠡᠷᠡᠭᠦᠯᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠪᠠ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠠᠭ᠋ᠠᠷ ᠮᠠᠨᠳᠠᠯ ᠪᠠ ᠤᠰᠤᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯ᠎ᠤᠨ ᠠᠯᠪᠠᠨ ᠭᠡᠷ᠎ᠠᠴᠠ ᠪᠤᠭᠤᠲᠤ ᠬᠣᠲᠠ ᠵᠢᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯ᠎ᠤᠨ ᠶᠠᠷᠢᠯᠴᠠᠭ᠋ᠠᠨ᠎ᠤ ᠬᠤᠷᠠᠯ᠎ᠢ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠶᠡᠷᠦᠩᠬᠡᠢ ᠱᠦᠵᠢ ᠰᠢ ᠵᠢᠨ ᠫᠢᠩ᠎ᠤᠨ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠶᠠᠳᠤᠭ᠋ᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠪᠠ
 
             蒙ICP备05000248号