2019 ᠣᠨ᠎ᠤ ᠪᠦᠬᠦ ᠣᠷᠣᠨ᠎ᠤ ᠬᠠᠮᠢᠶ᠎ᠠ ᠪᠦᠬᠦᠢ ᠠᠵᠢᠯ ᠲᠥᠷᠥᠯ᠎ᠤᠨ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ ᠭᠤᠶᠤᠴᠢᠯᠠᠬᠤ ᠵᠢ ᠬᠢᠨᠠᠨ ᠬᠠᠷᠭᠤᠭᠤᠯᠬᠤ ᠠᠵᠢᠯ᠎ᠢ ᠨᠢᠭᠡᠳᠦᠯᠲᠡᠢ ᠲᠥᠯᠥᠪᠯᠡᠨ ᠰᠠᠢ᠌ᠲᠤᠷ ᠥᠷᠨᠢᠭᠦᠯᠬᠦ ᠵᠢᠨ ᠲᠤᠰᠠᠳᠠ᠂ 2019 ᠣᠨ᠎ᠤ 4 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ 2᠎ᠤᠨ ᠡᠳᠦᠷ ᠪᠣᠯᠲᠠᠯ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠬᠠᠮᠢᠶᠠᠷᠤᠯᠲᠠ ᠵᠢᠨ ᠲᠥᠪ᠎ᠠᠴᠠ ᠬᠥᠬᠡᠬᠣᠲᠠ᠎ᠳᠤ ᠤᠰᠤ ᠰᠢᠢ᠍ᠳᠪᠦᠷᠢᠯᠡᠬᠦ ᠵᠢᠴᠢ ᠭᠦᠸᠧᠯᠦ ᠵᠢᠨ ᠠᠵᠢᠯ ᠲᠥᠷᠥᠯ᠎ᠤᠨ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠭᠤᠶᠤᠴᠢᠯᠠᠬᠤ ᠵᠢ ᠬᠢᠨᠠᠨ ᠬᠠᠷᠭᠤᠭᠤᠯᠬᠤ ᠪᠣᠯᠪᠠᠰᠤᠷᠠᠭᠤᠯᠤᠯ ᠡᠷᠬᠢᠯᠡᠵᠡᠢ᠃
ᠬᠤᠷᠠᠯ᠎ᠠᠴᠠ ᠬᠠᠮᠢᠶ᠎ᠠ ᠪᠦᠬᠦᠢ ᠠᠵᠢᠯ ᠲᠥᠷᠥᠯ᠎ᠳᠤ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ ᠬᠠᠷᠭᠤᠭᠤᠯᠤᠨ ᠲᠠᠷᠬᠠᠭ᠋ᠠᠬᠤ ᠮᠡᠷᠭᠡᠵᠢᠯ᠎ᠢ ᠵᠢᠷᠤᠮᠵᠢᠭᠤᠯᠬᠤ ᠪᠠᠷᠢᠮᠵᠢᠶ᠎ᠠ ᠵᠢ ᠨᠠᠢ᠌ᠷᠠᠭᠤᠯᠤᠨ ᠵᠣᠬᠢᠶᠠᠬᠤ ᠳᠤᠭᠤᠢ᠌ᠯᠠᠩ᠎ᠤᠨ ᠬᠣᠶᠠᠷ ᠭᠡᠰᠢᠭᠦᠨ᠎ᠢ ᠤᠷᠢᠵᠤ ᠵᠢᠷᠤᠮᠵᠢᠯ᠎ᠤᠨ ᠲᠤᠬᠠᠢ ᠲᠠᠢ᠌ᠯᠤᠮᠵᠢ ᠬᠢᠯᠭᠡᠨ᠂ ᠲᠤᠰᠬᠠᠢ ᠮᠡᠷᠭᠡᠵᠢᠯᠲᠡᠳ ᠵᠶ᠋ᠡᠷ ᠪᠣᠬᠢᠷᠲᠤᠯ ᠭᠠᠳᠠᠭᠰᠢᠯᠠᠭᠤᠯᠬᠤ ᠦᠨᠡᠮᠯᠡᠯ᠎ᠤᠨ ᠠᠵᠢᠯ᠎ᠤᠨ ᠠᠬᠤᠢ ᠪᠠᠢ᠌ᠳᠠᠯ᠂ ᠪᠠᠷᠢᠮᠵᠢᠶ᠎ᠠ ᠵᠢ ᠨᠠᠢ᠌ᠷᠠᠭᠤᠯᠤᠨ ᠵᠣᠬᠢᠶᠠᠬᠤ ᠰᠡᠳᠬᠢᠮᠵᠢ ᠬᠢᠭᠡᠳ ᠠᠭᠤᠯᠭ᠎ᠠ᠂ ᠲᠠᠪᠴᠠᠩ᠎ᠢ ᠵᠢᠷᠤᠭᠯᠠᠨ ᠲᠥᠯᠥᠪᠯᠡᠬᠦ ᠰᠡᠳᠬᠢᠮᠵᠢ ᠬᠢᠭᠡᠳ ᠲᠠᠭᠯᠠᠨ ᠮᠡᠳᠡᠭᠦᠯᠬᠦ ᠭᠣᠣᠯᠳᠠᠯᠭ᠎ᠠ ᠵᠡᠷᠭᠡ ᠲᠠᠯ᠎ᠠ᠎ᠠᠴᠠ ᠤᠰᠤ ᠰᠢᠢ᠍ᠳᠪᠦᠷᠢᠯᠡᠬᠦ ᠵᠢᠴᠢ ᠭᠦᠸᠧᠯᠦ ᠵᠢᠨ ᠠᠵᠢᠯ ᠲᠥᠷᠥᠯ᠎ᠤᠨ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ ᠭᠤᠶᠤᠴᠢᠯᠠᠬᠤ ᠬᠢᠭᠡᠳ ᠬᠢᠨᠠᠨ ᠬᠠᠷᠭᠤᠭᠤᠯᠬᠤ ᠲᠤᠬᠠᠢ ᠲᠠᠢ᠌ᠯᠤᠮᠵᠢ ᠬᠢᠯᠭᠡᠵᠦ᠂ ᠠᠮᠠᠷᠬᠠᠨ ᠭᠠᠷᠭ᠋ᠠᠬᠤ ᠠᠯᠳᠠᠭ᠎ᠠ᠂ ᠠᠮᠠᠷᠬᠠᠨ ᠬᠤᠳᠬᠤᠬᠤ ᠭᠣᠣᠯᠳᠠᠯᠭ᠎ᠠ ᠪᠠ ᠬᠦᠴᠢᠷᠳᠡᠯ ᠵᠡᠷᠭᠡ᠎ᠳᠤ ᠨᠢᠭᠡ ᠨᠢᠭᠡ᠎ᠪᠠᠷ ᠵᠠᠳᠠᠯᠤᠯᠲᠠ ᠬᠢᠯᠭᠡᠪᠡ᠃ ᠡᠯ᠎ᠡ ᠠᠢ᠌ᠮᠠᠭ ᠬᠣᠲᠠ᠂ ᠬᠣᠰᠢᠭᠤ ᠰᠢᠶᠠᠨ ᠲᠣᠭᠣᠷᠢᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠲᠠᠪᠤᠨ ᠵᠠᠭᠤ ᠣᠷᠴᠢᠮ ᠲᠥᠯᠥᠭᠡᠯᠡᠭᠴᠢ᠂ ᠬᠠᠮᠢᠶ᠎ᠠ ᠪᠦᠬᠦᠢ ᠠᠵᠢᠯ ᠲᠥᠷᠥᠯ᠎ᠤᠨ ᠠᠵᠤ ᠠᠬᠤᠢ᠌ᠯᠠᠯ᠎ᠤᠨ 150 ᠭᠠᠷᠤᠢ ᠲᠥᠯᠥᠭᠡᠯᠡᠭᠴᠢ ᠲᠤᠰ ᠤᠳᠠᠭ᠋ᠠᠨ᠎ᠤ ᠪᠣᠯᠪᠠᠰᠤᠷᠠᠭᠤᠯᠤᠯ᠎ᠤᠨ ᠬᠤᠷᠠᠯ᠎ᠳᠤ ᠣᠷᠣᠯᠴᠠᠪᠠ᠃ ᠬᠤᠷᠠᠯ᠎ᠳᠤ ᠣᠷᠣᠯᠴᠠᠭᠰᠠᠨ ᠡᠯ᠎ᠡ ᠲᠥᠯᠥᠭᠡᠯᠡᠭᠴᠢ ᠢᠳᠡᠪᠬᠢᠲᠡᠢ᠎ᠪᠠᠷ ᠰᠤᠷᠤᠯᠴᠠᠨ᠂ ᠬᠢᠨᠠᠮᠠᠭ᠋ᠠᠢ ᠲᠡᠮᠳᠡᠭᠯᠡᠯ ᠬᠢᠵᠦ᠂ ᠣᠷᠭᠢᠯᠤᠮ᠎ᠠ ᠰᠡᠳᠬᠢᠯᠭᠡ᠎ᠲᠠᠢ᠎ᠪᠠᠷ ᠶᠠᠷᠢᠯᠴᠠᠭ᠎ᠠ ᠥᠷᠨᠢᠭᠦᠯᠵᠡᠢ᠃
ᠲᠤᠰ ᠤᠳᠠᠭ᠋ᠠᠨ᠎ᠤ ᠪᠣᠯᠪᠠᠰᠤᠷᠠᠭᠤᠯᠤᠯ᠎ᠤᠨ ᠬᠤᠷᠠᠯ᠎ᠢ ᠤᠷᠤᠭᠰᠢᠲᠠᠢ ᠡᠷᠬᠢᠯᠡᠭᠰᠡᠨ᠎ᠨᠢ ᠡᠯ᠎ᠡ ᠠᠢ᠌ᠮᠠᠭ ᠬᠣᠲᠠ᠎ᠠᠴᠠ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ ᠭᠤᠶᠤᠴᠢᠯᠠᠬᠤ ᠪᠠ ᠬᠢᠨᠠᠨ ᠬᠠᠷᠭᠤᠭᠤᠯᠬᠤ ᠠᠵᠢᠯ᠎ᠢ ᠲᠥᠯᠥᠪᠯᠡᠭᠡ᠎ᠲᠠᠢ᠂ ᠳᠡᠰ ᠳᠠᠷᠠᠭ᠋ᠠᠯᠠᠯ᠎ᠲᠠᠢ᠂ ᠭᠣᠣᠯᠳᠠᠯᠭ᠎ᠠ᠎ᠲᠠᠢ᠎ᠪᠠᠷ ᠲᠣᠭᠲᠠᠭᠤᠨ ᠵᠶ᠋ᠠᠷ ᠠᠬᠢᠭᠤᠯᠬᠤ᠎ᠳᠤ ᠰᠠᠢ᠌ᠨ ᠰᠠᠢ᠌ᠬᠠᠨ ᠰᠠᠭᠤᠷᠢ ᠵᠢ ᠲᠠᠯᠪᠢᠵᠤ᠂ ᠳᠠᠷᠠᠭ᠋ᠠᠴᠢ ᠵᠢᠨ ᠠᠯᠬᠤᠮ᠎ᠳᠤ ᠠᠵᠢᠯ᠎ᠤᠨ ᠨᠠᠢ᠌ᠳᠠᠪᠤᠷᠢᠵᠢᠭᠤᠯᠤᠯᠲᠠ ᠵᠢ ᠰᠠᠢ᠌ᠲᠤᠷ ᠠᠳᠬᠤᠨ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠰᠠᠢ᠌ᠲᠤᠷ ᠬᠢᠬᠦ ᠵᠢ ᠪᠦᠬᠦ ᠲᠠᠯ᠎ᠠ᠎ᠪᠠᠷ ᠲᠤᠯᠭ᠋ᠠᠭᠤᠷᠢᠯᠠᠬᠤ᠎ᠳᠤ ᠴᠢᠬᠤᠯᠠ ᠦᠢ᠍ᠯᠡᠳᠦᠯ ᠦᠵᠡᠭᠦᠯᠵᠡᠢ᠃

