ᠬᠠᠪᠤᠷ᠎ᠤᠨ ᠡᠬᠢᠨ᠎ᠤ ᠦᠶ᠎ᠡ᠎ᠪᠠᠷ᠂ ᠲᠠᠢ᠌ᠭ᠎ᠠ ᠨᠠᠭᠤᠷ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠯᠲᠠ ᠵᠢᠨ ᠲᠣᠭᠣᠷᠢᠨ᠎ᠳᠠᠬᠢ ᠲᠥᠷᠥᠯ ᠵᠦᠢ᠍ᠯ᠎ᠨᠢ ᠨᠢᠭᠡᠨᠲᠡ ᠪᠦᠬᠦ ᠲᠠᠯ᠎ᠠ᠎ᠪᠠᠷ ᠶᠠᠪᠤᠭᠳᠠᠪᠠ᠃ 3 ᠳ᠋ᠤᠭ᠋ᠠᠷ ᠰᠠᠷ᠎ᠠ ᠵᠢᠨ 25᠎ᠤ ᠡᠳᠦᠷ᠂ ᠲᠠᠢ᠌ᠭ᠎ᠠ ᠨᠠᠭᠤᠷ᠎ᠤᠨ ᠴᠠᠬᠢᠯᠭ᠋ᠠᠨ ᠬᠦᠴᠦᠨ᠎ᠤ ᠦᠢ᠍ᠯᠡᠳᠪᠦᠷᠢ ᠵᠢᠨ ᠮᠠᠰᠢᠨ᠎ᠤ ᠪᠦᠯᠦᠭ᠎ᠤᠨ ᠶᠡᠷᠦᠩᠬᠡᠢ᠌ᠯᠡᠨ ᠳᠡᠰ ᠳᠡᠪᠰᠢᠭᠦᠯᠵᠦ ᠥᠭᠡᠷᠡᠴᠢᠯᠡᠨ ᠰᠠᠢ᠌ᠵᠢᠷᠠᠭᠤᠯᠬᠤ ᠢᠨᠵᠧᠨᠧᠷᠢᠩ᠎ᠤᠨ 《ᠤᠰᠤ᠎ᠪᠠᠷ ᠬᠥᠷᠥᠭᠡᠬᠦ ᠵᠢ ᠠᠭ᠋ᠠᠷ ᠵᠶ᠋ᠠᠷ ᠬᠥᠷᠥᠭᠡᠬᠦ ᠪᠣᠯᠭ᠋ᠠᠨ ᠥᠭᠡᠷᠡᠴᠢᠯᠡᠬᠦ》 2 ᠳ᠋ᠤᠭ᠋ᠠᠷ ᠮᠠᠰᠢᠨ᠎ᠤ ᠪᠦᠯᠦᠭ᠎ᠨᠢ 《ᠨᠦᠳᠦᠭᠦᠷ ᠲᠡᠷᠭᠡ》 ᠵᠢᠨ ᠬᠡᠮᠵᠢᠯᠲᠡ ᠲᠤᠷᠰᠢᠯᠲᠠ᠎ᠪᠠᠨ ᠡᠬᠢᠯᠡᠭᠦᠯᠵᠦ᠂ 1 ᠳ᠋ᠦ᠍ᠭᠡᠷ ᠮᠠᠰᠢᠨ᠎ᠤ ᠪᠦᠯᠦᠭ᠎ᠨᠢ 1 ᠰᠠᠷ᠎ᠠ ᠵᠢᠨ ᠳᠠᠷᠠᠭ᠎ᠠ 《ᠨᠦᠳᠦᠭᠦᠷ ᠲᠡᠷᠭᠡ》 ᠵᠢᠨ ᠬᠡᠮᠵᠢᠯᠲᠡ ᠲᠤᠷᠰᠢᠯᠲᠠ᠎ᠪᠠᠨ ᠡᠬᠢᠯᠡᠭᠦᠯᠬᠦ᠎ᠪᠠᠷ ᠪᠣᠢ᠃ ᠡᠭᠦᠨ᠎ᠤ ᠬᠠᠮᠲᠤ᠂ ᠰᠢᠨ᠎ᠡ᠎ᠪᠠᠷ ᠪᠠᠢ᠌ᠭᠤᠯᠤᠭᠰᠠᠨ ᠡᠳᠦᠷ᠎ᠲᠤ 800 ᠲᠣᠨ ᠰᠢᠢ᠍ᠳᠪᠦᠷᠢᠯᠡᠬᠦ ᠳᠠᠢ᠌ᠭ᠎ᠠ ᠪᠠᠯᠭ᠋ᠠᠰᠤ ᠵᠢᠨ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ᠎ᠨᠢ ᠴᠤ᠌ ᠪᠠᠷᠢᠯᠭ᠎ᠠ᠎ᠪᠠᠨ ᠪᠠᠴᠢᠮ ᠠᠵᠢᠯᠯᠠᠭᠤᠯᠵᠤ ᠪᠠᠢ᠌ᠨ᠎ᠠ᠃
2019 ᠣᠨ ᠡᠬᠢᠯᠡᠮᠡᠭᠴᠡ᠂ ᠯᠢᠶᠠᠩ ᠴᠧᠩ ᠰᠢᠶᠠᠨ ᠳᠠᠷᠤᠢ ᠲᠠᠢ᠌ᠭ᠎ᠠ ᠨᠠᠭᠤᠷ᠎ᠤᠨ ᠤᠰᠤᠨ᠎ᠤ ᠠᠮᠢ ᠠᠬᠤᠢ ᠵᠢᠨ ᠶᠡᠷᠦᠩᠬᠡᠢ᠌ᠯᠡᠭᠰᠡᠨ ᠵᠠᠰᠠᠯᠲᠠ ᠵᠢᠨ ᠠᠵᠢᠯ ᠵᠶ᠋ᠠᠨ ᠪᠠᠢ᠌ᠷᠢᠯᠠᠭᠤᠯᠬᠤ ᠬᠤᠷᠠᠯ᠎ᠢ ᠬᠤᠷᠠᠯᠳᠤᠭᠤᠯᠤᠨ᠂ ᠲᠠᠢ᠌ᠭ᠎ᠠ ᠨᠠᠭᠤᠷ᠎ᠤᠨ ᠤᠰᠤᠨ᠎ᠤ ᠠᠮᠢ ᠠᠬᠤᠢ ᠵᠢᠨ ᠶᠡᠷᠦᠩᠬᠡᠢ᠌ᠯᠡᠭᠰᠡᠨ ᠵᠠᠰᠠᠯᠲᠠ ᠵᠢᠴᠢ ᠨᠣᠢ᠌ᠲᠠᠨ ᠭᠠᠵᠠᠷ᠎ᠢ ᠴᠡᠪᠡᠷᠯᠡᠨ ᠴᠡᠭᠴᠡᠯᠡᠬᠦ᠂ ᠠᠭᠤᠷᠬᠠᠢ᠂ ᠬᠠᠢ᠌ᠷ᠎ᠤᠨ ᠲᠠᠯᠠᠪᠤᠷ᠎ᠢ ᠵᠠᠰᠠᠬᠤ ᠠᠵᠢᠯ ᠵᠶ᠋ᠠᠨ ᠪᠠᠢ᠌ᠷᠢᠯᠠᠭᠤᠯᠤᠭᠰᠠᠨᠤ ᠬᠠᠮᠲᠤ᠂ ᠡᠯ᠎ᠡ ᠬᠠᠷᠢᠭᠤᠴᠠᠯᠭ᠋ᠠᠲᠤ ᠨᠢᠭᠡᠴᠢ᠎ᠯᠦᠭᠡ ᠬᠠᠷᠢᠭᠤᠴᠠᠯᠭ᠎ᠠ ᠵᠢᠨ ᠪᠢᠴᠢᠭ ᠲᠣᠭᠲᠠᠵᠤ᠂ ᠵᠠᠰᠠᠯᠲᠠ ᠵᠢᠨ ᠬᠠᠷᠠᠯᠲᠠ ᠡᠭᠦᠷᠭᠡ᠎ᠪᠠᠨ ᠤᠯᠠᠮ ᠨᠢᠭᠡ ᠠᠯᠬᠤᠮ ᠲᠣᠳᠣᠷᠬᠠᠢ᠌ᠯᠠᠵᠠᠢ᠃
《ᠬᠠᠷᠢᠭᠤᠴᠠᠯᠭ᠎ᠠ ᠵᠢᠨ ᠪᠢᠴᠢᠭ᠎ᠲᠤ ᠪᠡᠶᠡᠯᠡᠭᠦᠯᠬᠦ ᠴᠠᠭ᠎ᠤᠨ ᠬᠢᠵᠠᠭ᠋ᠠᠷ᠂ ᠬᠠᠷᠭᠤᠴᠠᠬᠤ ᠤᠳᠤᠷᠢᠳᠤᠯᠭ᠎ᠠ᠂ ᠬᠠᠷᠢᠭᠤᠴᠠᠬᠤ ᠨᠢᠭᠡᠴᠢ ᠵᠢ ᠤᠯᠠᠮ ᠨᠢᠭᠡ ᠠᠯᠬᠤᠮ ᠲᠣᠳᠣᠷᠬᠠᠢ᠌ᠯᠠᠨ᠂ ᠲᠥᠷᠥᠯ ᠵᠦᠢ᠍ᠯ᠎ᠢ ᠤᠷᠤᠭᠰᠢᠲᠠᠢ ᠠᠬᠢᠭᠤᠯᠬᠤ᠎ᠳᠤ ᠪᠠᠲᠤᠯᠠᠭ᠎ᠠ ᠵᠢᠨ ᠦᠢ᠍ᠯᠡᠳᠦᠯ ᠦᠵᠡᠭᠦᠯᠪᠡ᠃ ᠲᠣᠭᠲᠠᠭᠰᠠᠨ ᠬᠠᠷᠢᠭᠤᠴᠠᠯᠭ᠎ᠠ ᠵᠢᠨ ᠪᠢᠴᠢᠭ ᠶᠣᠰᠣᠭ᠋ᠠᠷ᠂ ᠯᠢᠶᠠᠩ ᠴᠧᠩ ᠰᠢᠶᠠᠨ 2019 ᠣᠨ᠎ᠳᠤ ᠲᠠᠢ᠌ᠭ᠎ᠠ ᠨᠠᠭᠤᠷ᠎ᠤᠨ ᠲᠣᠭᠣᠷᠢᠨ᠎ᠳᠠᠬᠢ ᠠᠮᠢ ᠠᠬᠤᠢ ᠵᠢᠨ ᠶᠡᠷᠦᠩᠬᠡᠢ᠌ᠯᠡᠭᠰᠡᠨ ᠵᠠᠰᠠᠯᠲᠠ ᠵᠢᠨ ᠲᠥᠷᠥᠯ ᠵᠦᠢ᠍ᠯ᠎ᠳᠤ ᠬᠣᠯᠪᠣᠭᠳᠠᠬᠤ ᠲᠠᠷᠢᠶᠠᠯᠠᠩ᠎ᠤᠨ ᠤᠰᠤ ᠵᠢ ᠠᠷᠪᠢᠯᠠᠬᠤ᠂ ᠠᠵᠤ ᠦᠢ᠍ᠯᠡᠳᠪᠦᠷᠢ ᠵᠢᠨ ᠤᠰᠤ ᠵᠢ ᠠᠷᠪᠢᠯᠠᠬᠤ᠂ ᠭᠣᠣᠯ᠎ᠤᠨ ᠵᠠᠮ᠎ᠢ ᠯᠠᠢ᠌ᠳᠠᠨ ᠨᠡᠪᠲᠡᠷᠡᠭᠦᠯᠬᠦ᠂ ᠠᠮᠢ ᠠᠬᠤᠢ ᠵᠢᠨ ᠤᠰᠤ ᠵᠢ ᠨᠥᠬᠥᠪᠦᠷᠢᠯᠡᠬᠦ᠂ ᠠᠮᠢ ᠠᠬᠤᠢ ᠵᠢ ᠰᠡᠷᠭᠦᠭᠡᠬᠦ᠂ ᠤᠰᠤᠨ᠎ᠤ ᠶᠠᠰᠤ ᠴᠢᠨᠠᠷ᠎ᠢ ᠰᠡᠷᠭᠦᠭᠡᠬᠦ᠂ ᠬᠢᠨᠠᠯᠲᠠ ᠲᠠᠯᠪᠢᠵᠤ ᠬᠢᠨᠠᠨ ᠪᠣᠳᠣᠬᠤ 7 ᠶᠡᠬᠡ ᠲᠥᠷᠥᠯ᠎ᠤᠨ 16 ᠲᠥᠷᠥᠯ ᠵᠦᠢ᠍ᠯ᠎ᠢ ᠡᠬᠢᠯᠡᠭᠦᠯᠪᠡ》 ᠭᠡᠵᠦ ᠯᠢᠶᠠᠩ ᠴᠧᠩ ᠰᠢᠶᠠᠨ᠎ᠤ ᠳᠡᠳ᠋ ᠳᠠᠷᠤᠭ᠎ᠠ ᠵᠢᠶᠠ ᠰᠢᠶᠣᠤ ᠫᠢᠩ ᠲᠠᠨᠢᠯᠴᠠᠭᠤᠯᠤᠨ ᠬᠡᠯᠡᠵᠡᠢ᠃
ᠲᠠᠢ᠌ᠭ᠎ᠠ ᠨᠠᠭᠤᠷ᠎ᠤᠨ ᠵᠢᠭᠤᠯᠴᠢᠯᠠᠯ᠎ᠤᠨ ᠣᠷᠣᠨ᠎ᠤ ᠪᠠᠷᠠᠭᠤᠨ ᠲᠠᠯ᠎ᠠ᠎ᠪᠠᠷ ᠣᠢ᠌ᠷᠠᠲᠤᠨ ᠣᠴᠢᠪᠠᠯ᠂ ᠠᠵᠢᠯᠴᠢᠳ ᠶᠠᠭ ᠰᠠᠢ᠌ᠬᠠᠨ ᠴᠢᠬᠢ ᠮᠣᠳᠣ ᠵᠢ ᠵᠠᠢ᠌ᠯᠠᠨ ᠤᠰᠤᠯᠠᠵᠤ᠂ ᠵᠠᠰᠠᠯᠲᠠ ᠵᠢᠨ ᠣᠷᠣᠨ ᠵᠶ᠋ᠠᠨ ᠠᠯᠬᠤᠮ ᠠᠯᠬᠤᠮ ᠵᠶ᠋ᠠᠷ ᠥᠷᠭᠡᠳᠬᠡᠵᠦ ᠪᠠᠢ᠌ᠯ᠎ᠠ᠃ ᠯᠢᠶᠠᠩ ᠴᠧᠩ ᠰᠢᠶᠠᠨ᠎ᠤ ᠭᠦᠨ ᠪᠤᠯᠠᠭ ᠭᠣᠣᠯ᠎ᠤᠨ ᠠᠮᠢᠳᠤ ᠪᠣᠳᠠᠰ᠎ᠤᠨ ᠴᠡᠪᠡᠷᠰᠢᠭᠦᠯᠬᠦ ᠢᠨᠵᠧᠨᠧᠷᠢᠩ᠎ᠤᠨ ᠲᠥᠷᠥᠯ ᠵᠦᠢ᠍ᠯ᠎ᠤᠨ ᠲᠤᠬᠠᠢ ᠵᠢᠨ ᠲᠠᠯᠠᠪᠤᠷ᠎ᠲᠤ᠂ ᠨᠢᠭᠡᠨ ᠵᠤᠷᠪᠤᠰ ᠲᠤᠩᠭ᠋ᠠᠯᠠᠭ ᠭᠣᠷᠣᠬ᠎ᠠ ᠮᠤᠷᠤᠯᠵᠠᠨ ᠲᠠᠬᠢᠷᠯᠠᠭᠰᠠᠭ᠋ᠠᠷ ᠭᠦᠨ ᠪᠤᠯᠠᠭ ᠭᠣᠣᠯ᠎ᠤᠨ ᠠᠮᠢᠳᠤ ᠪᠣᠳᠠᠰ᠎ᠤᠨ ᠴᠡᠪᠡᠷᠰᠢᠭᠦᠯᠬᠦ ᠴᠥᠭᠥᠷᠥᠮ᠎ᠳᠤ ᠤᠷᠤᠰ᠎ᠤᠨ ᠣᠷᠣᠵᠤ ᠪᠠᠢ᠌ᠯ᠎ᠠ᠃ ᠯᠢᠶᠠᠩ ᠴᠧᠩ ᠰᠢᠶᠠᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ ᠵᠢᠨ ᠳᠡᠳ᠋ ᠳᠠᠷᠤᠭ᠎ᠠ ᠵᠦ᠍ ᠬᠠᠢ ᠯᠦᠩ ᠲᠠᠨᠢᠯᠴᠠᠭᠤᠯᠬᠤ᠎ᠳᠤ᠎ᠪᠠᠨ᠂ ᠲᠤᠰ ᠲᠥᠷᠥᠯ ᠵᠦᠢ᠍ᠯ᠎ᠨᠢ 2018 ᠣᠨ᠎ᠤ 3 ᠳ᠋ᠤᠭ᠋ᠠᠷ ᠰᠠᠷ᠎ᠠ ᠵᠢᠨ ᠰᠡᠭᠦᠯᠴᠢ᠎ᠪᠠᠷ ᠪᠠᠷᠢᠯᠭ᠎ᠠ᠎ᠪᠠᠨ ᠡᠬᠢᠯᠡᠭᠦᠯᠦᠭᠰᠡᠨ᠂ 《ᠤᠯᠠᠭ᠋ᠠᠨᠴᠠᠪ ᠬᠣᠲᠠ ᠵᠢᠨ ᠲᠠᠢ᠌ᠭ᠎ᠠ ᠨᠠᠭᠤᠷ᠎ᠤᠨ ᠤᠰᠤᠨ᠎ᠤ ᠠᠮᠢ ᠠᠬᠤᠢ ᠵᠢᠨ ᠬᠠᠮᠠᠭ᠋ᠠᠯᠠᠯᠲᠠ ᠵᠢᠨ ᠲᠥᠯᠥᠪᠵᠢᠭᠦᠯᠭᠡ》᠎ᠳᠠᠬᠢ ᠲᠠᠢ᠌ᠭ᠎ᠠ ᠨᠠᠭᠤᠷ᠎ᠤᠨ ᠤᠰᠤᠨ᠎ᠤ ᠶᠠᠰᠤ ᠴᠢᠨᠠᠷ᠎ᠢ ᠰᠡᠷᠭᠦᠭᠡᠬᠦ ᠴᠢᠬᠤᠯᠠ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ ᠪᠣᠯᠣᠨ᠎ᠠ᠃ ᠳᠡᠭᠡᠳᠦ ᠤᠷᠤᠰᠬᠠᠯ᠎ᠤᠨ ᠶᠦᠩ ᠰᠢᠩ ᠤᠰᠤᠨ ᠴᠥᠭᠥᠷᠥᠮ᠎ᠠᠴᠠ ᠲᠠᠲᠠᠨ ᠣᠷᠣᠭᠤᠯᠵᠤ ᠨᠥᠬᠥᠪᠦᠷᠢᠯᠡᠭᠰᠡᠨ ᠤᠰᠤ᠎ᠨᠢ ᠭᠦᠨ ᠪᠤᠯᠠᠭ ᠭᠣᠣᠯ᠎ᠤᠨ ᠠᠮᠢᠳᠤ ᠪᠣᠳᠠᠰ᠎ᠤᠨ ᠴᠡᠪᠡᠷᠰᠢᠭᠦᠯᠬᠦ ᠴᠥᠭᠥᠷᠥᠮ ᠵᠶ᠋ᠡᠷ ᠳᠠᠮᠵᠢᠨ ᠴᠡᠪᠡᠷᠰᠢᠭᠦᠯᠦᠭᠰᠡᠨᠤ ᠳᠠᠷᠠᠭ᠎ᠠ ᠳᠠᠬᠢᠨ ᠲᠠᠢ᠌ᠭ᠎ᠠ ᠨᠠᠭᠤᠷ᠎ᠤᠨ ᠤᠰᠤ ᠵᠢ ᠨᠥᠬᠥᠪᠦᠷᠢᠯᠡᠵᠦ᠂ ᠲᠠᠢ᠌ᠭ᠎ᠠ ᠨᠠᠭᠤᠷ᠎ᠲᠤ ᠣᠷᠣᠬᠤ COD᠂ ᠰᠢᠪᠲᠦᠷᠲᠦ ᠠᠽᠣᠲ᠂ ᠶᠡᠷᠦᠩᠬᠡᠢ ᠹᠣᠰᠹᠣᠷ᠂ ᠶᠡᠷᠦᠩᠬᠡᠢ ᠠᠽᠣᠲ ᠵᠡᠷᠭᠡ ᠵᠢᠨ ᠪᠣᠬᠢᠷᠲᠤᠯ᠎ᠤᠨ ᠬᠡᠮᠵᠢᠶ᠎ᠡ ᠵᠢ ᠪᠦᠲᠦᠮᠵᠢᠲᠡᠢ ᠪᠠᠭ᠋ᠠᠰᠬᠠᠬᠤ᠎ᠪᠠᠷ ᠳᠠᠮᠵᠢᠭᠤᠯᠵᠤ᠂ ᠲᠠᠢ᠌ᠭ᠎ᠠ ᠨᠠᠭᠤᠷ᠎ᠤᠨ ᠪᠣᠬᠢᠷᠲᠤᠯ᠎ᠤᠨ ᠳᠠᠷᠤᠭ᠋ᠠᠰᠤ ᠵᠢ ᠨᠠᠮᠳᠠᠭᠤᠯᠤᠨ᠂ ᠲᠠᠢ᠌ᠭ᠎ᠠ ᠨᠠᠭᠤᠷ᠎ᠤᠨ ᠤᠰᠤᠨ᠎ᠤ ᠶᠠᠰᠤ ᠴᠢᠨᠠᠷ᠎ᠢ ᠰᠠᠢ᠌ᠵᠢᠷᠠᠭᠤᠯᠵᠤ᠂ ᠲᠠᠢ᠌ᠭ᠎ᠠ ᠨᠠᠭᠤᠷ᠎ᠤᠨ ᠲᠣᠭᠲᠠᠭᠤᠨ ᠴᠢᠨᠠᠷ ᠪᠠ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠨᠡᠮᠡᠭᠳᠡᠭᠦᠯᠵᠦ ᠪᠣᠯᠣᠨ᠎ᠠ ᠭᠡᠵᠡᠢ᠃
《ᠨᠢᠳᠤᠨᠤᠨ ᠵᠢᠯ᠎ᠤᠨ ᠡᠪᠦᠯ᠎ᠤᠨ ᠤᠯᠠᠷᠢᠯ᠎ᠳᠤ᠂ 1᠂ 2 ᠳ᠋ᠤᠭ᠋ᠠᠷ ᠮᠠᠰᠢᠨ᠎ᠤ ᠪᠦᠯᠦᠭ᠎ᠤᠨ ᠳᠡᠰ ᠳᠡᠪᠰᠢᠭᠦᠯᠵᠦ ᠥᠭᠡᠷᠡᠴᠢᠯᠡᠨ ᠰᠠᠢ᠌ᠵᠢᠷᠠᠭᠤᠯᠬᠤ ᠢᠨᠵᠧᠨᠧᠷᠢᠩ᠎ᠢ ᠵᠣᠭᠰᠣᠭ᠋ᠠᠭᠰᠠᠨ ᠦᠭᠡᠢ᠂ ᠥᠨᠥ ᠣᠷᠣᠢ 2 ᠳ᠋ᠤᠭ᠋ᠠᠷ ᠮᠠᠰᠢᠨ᠎ᠤ ᠪᠦᠯᠦᠭ᠎ᠤᠨ 〈ᠨᠦᠳᠦᠭᠦᠷ ᠲᠡᠷᠭᠡ〉 ᠵᠢᠨ ᠬᠡᠮᠵᠢᠯᠲᠡ ᠲᠤᠷᠰᠢᠯᠲᠠ᠎ᠪᠠᠨ ᠵᠢᠩᠬᠢᠨᠢ᠎ᠪᠠᠷ ᠡᠬᠢᠯᠡᠭᠦᠯᠵᠦ᠂ ᠮᠠᠰᠢᠨ ᠲᠥᠬᠥᠭᠡᠷᠦᠮᠵᠢ᠎ᠳᠤ᠎ᠪᠠᠨ ᠲᠣᠬᠢᠷᠠᠭᠤᠯᠤᠯᠲᠠ ᠲᠤᠷᠰᠢᠯᠲᠠ ᠬᠢᠪᠡ》 ᠭᠡᠵᠦ ᠮᠠᠰᠢᠨ ᠲᠥᠬᠥᠭᠡᠷᠦᠮᠵᠢ᠎ᠪᠠᠨ ᠶᠠᠭ ᠰᠠᠢ᠌ᠬᠠᠨ ᠲᠣᠬᠢᠷᠠᠭᠤᠯᠤᠨ ᠲᠤᠷᠰᠢᠵᠤ ᠪᠠᠢ᠌ᠭᠰᠠᠨ ᠴᠠᠬᠢᠯᠭ᠋ᠠᠨ ᠬᠦᠴᠦᠨ᠎ᠤ ᠦᠢ᠍ᠯᠡᠳᠪᠦᠷᠢ ᠵᠢᠨ ᠠᠵᠢᠯᠴᠢᠨ ᠲᠠᠨᠢᠯᠴᠠᠭᠤᠯᠤᠨ ᠬᠡᠯᠡᠪᠡ᠃ ᠣᠳᠣᠬᠠᠨ᠎ᠳᠤ᠂ ᠴᠠᠬᠢᠯᠭ᠋ᠠᠨ ᠬᠦᠴᠦᠨ᠎ᠤ ᠦᠢ᠍ᠯᠡᠳᠪᠦᠷᠢ ᠵᠢᠨ ᠳᠤᠮᠳᠠ ᠤᠰᠤ ᠵᠢ ᠪᠤᠴᠠᠭ᠋ᠠᠨ ᠬᠡᠷᠡᠭᠯᠡᠬᠦ ᠢᠨᠵᠧᠨᠧᠷᠢᠩ᠎ᠳᠤ ᠵᠢᠩᠬᠢᠨᠢ᠎ᠪᠠᠷ ᠤᠰᠤ ᠨᠡᠪᠲᠡᠷᠡᠭᠦᠯᠵᠦ᠂ ᠯᠢᠶᠠᠩ ᠴᠧᠩ ᠰᠢᠶᠠᠨ᠎ᠤ ᠡᠾᠦ᠋ᠩ ᠮᠣᠤ ᠪᠠᠯᠭ᠋ᠠᠰᠤ ᠵᠢᠨ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ᠎ᠪᠠᠷ ᠳᠠᠮᠵᠢᠨ ᠰᠢᠢ᠍ᠳᠪᠦᠷᠢᠯᠡᠭᠰᠡᠨ ᠳᠤᠮᠳᠠ ᠤᠰᠤ ᠵᠢ ᠪᠦᠬᠦᠨ᠎ᠢ ᠲᠠᠢ᠌ᠭ᠎ᠠ ᠨᠠᠭᠤᠷ᠎ᠤᠨ ᠴᠠᠬᠢᠯᠭ᠋ᠠᠨ ᠬᠦᠴᠦᠨ᠎ᠤ ᠦᠢ᠍ᠯᠡᠳᠪᠦᠷᠢ᠎ᠳᠤ ᠪᠤᠴᠠᠭ᠋ᠠᠨ ᠬᠡᠷᠡᠭᠯᠡᠵᠦ᠂ ᠲᠠᠢ᠌ᠭ᠎ᠠ ᠨᠠᠭᠤᠷ᠎ᠤᠨ ᠤᠰᠤ ᠵᠢ ᠬᠡᠷᠡᠭᠯᠡᠬᠦ ᠦᠵᠡᠭᠳᠡᠯ᠎ᠢ ᠲᠤᠢ᠌ᠯᠪᠤᠷᠢᠲᠠᠢ ᠵᠣᠭᠰᠣᠭ᠋ᠠᠪᠠ᠃ ᠮᠠᠰᠢᠨ᠎ᠤ ᠪᠦᠯᠦᠭ᠎ᠢ ᠶᠡᠷᠦᠩᠬᠡᠢ᠌ᠯᠡᠨ ᠳᠡᠰ ᠳᠡᠪᠰᠢᠭᠦᠯᠵᠦ ᠥᠭᠡᠷᠡᠴᠢᠯᠡᠨ ᠵᠠᠰᠠᠬᠤ᠎ᠪᠠᠷ ᠳᠠᠮᠵᠢᠭᠤᠯᠤᠨ᠂ ᠳᠤᠮᠳᠠ ᠤᠰᠤ ᠵᠢ ᠡᠷᠭᠢᠯᠳᠦᠭᠦᠯᠦᠨ ᠠᠰᠢᠭᠯᠠᠵᠤ᠂ ᠲᠠᠢ᠌ᠭ᠎ᠠ ᠨᠠᠭᠤᠷ᠎ᠲᠤ ᠳᠠᠬᠢᠵᠤ ᠤᠰᠤ ᠭᠠᠳᠠᠭᠰᠢᠯᠠᠭᠤᠯᠬᠤ ᠦᠭᠡᠢ ᠪᠣᠯᠵᠤ᠂ ᠤᠰᠤ ᠬᠠᠳᠠᠭ᠋ᠠᠯᠠᠬᠤ ᠬᠣᠶᠠᠷ ᠴᠥᠭᠥᠷᠥᠮ᠎ᠨᠢ ᠡᠷᠭᠢᠯᠳᠦᠭᠦᠯᠦᠨ ᠬᠡᠷᠡᠭᠯᠡᠬᠦ᠎ᠪᠠᠷ ᠳᠠᠮᠵᠢᠭᠤᠯᠤᠨ ᠴᠠᠬᠢᠯᠭ᠋ᠠᠨ ᠭᠠᠷᠭ᠋ᠠᠬᠤ ᠮᠠᠰᠢᠨ᠎ᠤ ᠪᠦᠯᠦᠭ᠎ᠤᠨ ᠬᠡᠪ ᠵᠶ᠋ᠠᠷ ᠤᠰᠤ ᠬᠡᠷᠡᠭᠯᠡᠬᠦ ᠵᠢ ᠪᠠᠲᠤᠯᠠᠵᠤ᠂ ᠶᠡᠷᠦᠩᠬᠡᠢ᠌ᠯᠡᠨ ᠳᠡᠰ ᠳᠡᠪᠰᠢᠭᠦᠯᠵᠦ ᠥᠭᠡᠷᠡᠴᠢᠯᠡᠨ ᠵᠠᠰᠠᠬᠤ ᠲᠥᠷᠥᠯ ᠵᠦᠢ᠍ᠯ᠎ᠢ ᠪᠦᠬᠦᠨ᠎ᠢ ᠳᠠᠭᠤᠰᠬᠠᠭᠰᠠᠨ᠎ᠤ ᠳᠠᠷᠠᠭ᠎ᠠ᠂ ᠵᠢᠯ ᠪᠦᠷᠢ ᠨᠠᠭᠤᠷ᠎ᠤᠨ ᠤᠰᠤ ᠵᠢ 959 ᠲᠦᠮᠡᠨ ᠺᠦᠪ ᠮᠧᠲᠷ ᠠᠷᠪᠢᠯᠠᠵᠤ᠂ ᠭᠠᠵᠠᠷ ᠳᠣᠣᠷᠠᠬᠢ ᠤᠰᠤ ᠵᠢ 160 ᠲᠦᠮᠡᠨ ᠺᠦᠪ ᠮᠧᠲᠷ ᠠᠷᠪᠢᠯᠠᠨ᠎ᠠ᠃
《ᠭᠠᠳᠠᠨ᠎ᠠ᠎ᠠᠴᠠ ᠲᠠᠲᠠᠵᠤ ᠳᠣᠲᠣᠭ᠋ᠠᠳᠤ᠎ᠳᠤ᠎ᠪᠠᠨ ᠵᠠᠰᠠᠯᠲᠠ ᠬᠢᠬᠦ》᠎ᠪᠠᠷ ᠭᠣᠣᠯ ᠤᠳᠤᠷᠢᠳᠤᠮᠵᠢ ᠪᠣᠯᠭ᠋ᠠᠵᠤ᠂ 《ᠬᠣᠶᠠᠷ᠎ᠢ ᠠᠷᠪᠢᠯᠠᠨ ᠬᠣᠶᠠᠷ᠎ᠢ ᠨᠥᠬᠥᠪᠦᠷᠢᠯᠡᠵᠦ ᠬᠣᠶᠠᠷ᠎ᠢ ᠰᠡᠷᠭᠦᠭᠡᠬᠦ》 ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠯᠢᠶᠠᠩ ᠴᠧᠩ ᠰᠢᠶᠠᠨ᠎ᠠᠴᠠ ᠭᠦᠨ ᠪᠤᠯᠠᠭ ᠭᠣᠣᠯ᠎ᠤᠨ ᠠᠮᠢᠳᠤ ᠪᠣᠳᠠᠰ᠎ᠤᠨ ᠴᠡᠪᠡᠷᠰᠢᠭᠦᠯᠬᠦ ᠢᠨᠵᠧᠨᠧᠷᠢᠩ᠂ ᠲᠠᠢ᠌ᠭ᠎ᠠ ᠨᠠᠭᠤᠷ᠎ᠤᠨ ᠴᠠᠬᠢᠯᠭ᠋ᠠᠨ ᠬᠦᠴᠦᠨ᠎ᠤ ᠦᠢ᠍ᠯᠡᠳᠪᠦᠷᠢ ᠵᠢᠨ ᠳᠤᠮᠳᠠ ᠤᠰᠤ ᠵᠢ ᠪᠤᠴᠠᠭ᠋ᠠᠨ ᠬᠡᠷᠡᠭᠯᠡᠬᠦ ᠢᠨᠵᠧᠨᠧᠷᠢᠩ᠂ ᠲᠠᠢ᠌ᠭ᠎ᠠ ᠨᠠᠭᠤᠷ᠎ᠤᠨ ᠭᠣᠣᠯ᠎ᠤᠨ ᠰᠠᠢ᠌ᠷᠭ᠋ᠠᠯ᠎ᠤᠨ ᠨᠣᠢ᠌ᠲᠠᠨ ᠭᠠᠵᠠᠷ᠎ᠢ ᠬᠠᠮᠠᠭ᠋ᠠᠯᠠᠬᠤ ᠲᠥᠷᠥᠯ ᠵᠦᠢ᠍ᠯ᠂ ᠡᠾᠦ᠋ᠩ ᠮᠣᠤ ᠪᠠᠯᠭ᠋ᠠᠰᠤ ᠵᠢᠨ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ ᠵᠢᠨ ᠪᠠᠷᠢᠮᠵᠢᠶ᠎ᠠ ᠵᠢ ᠳᠡᠭᠡᠭᠰᠢᠯᠡᠭᠦᠯᠦᠨ ᠥᠭᠡᠷᠡᠴᠢᠯᠡᠨ ᠵᠠᠰᠠᠬᠤ ᠢᠨᠵᠧᠨᠧᠷᠢᠩ ᠵᠡᠷᠭᠡ ᠠᠯᠢ ᠣᠯᠠᠨ ᠲᠥᠷᠥᠯ ᠵᠦᠢ᠍ᠯ᠎ᠢ ᠲᠦᠷᠭᠡᠳᠬᠡᠨ ᠬᠡᠷᠡᠭᠵᠢᠭᠦᠯᠵᠦ᠂ ᠤᠰᠤᠯᠠᠯᠲᠠ ᠵᠢ ᠵᠣᠭᠰᠣᠭ᠋ᠠᠵᠤ ᠤᠰᠤ ᠵᠢ ᠪᠤᠴᠠᠭ᠋ᠠᠬᠤ 21 ᠲᠦᠮᠡᠨ ᠮᠦ᠍ ᠵᠢᠨ ᠲᠥᠷᠥᠯ ᠵᠦᠢ᠍ᠯ᠂ ᠤᠰᠤ ᠠᠷᠪᠢᠯᠠᠨ ᠥᠭᠡᠷᠡᠴᠢᠯᠡᠨ ᠵᠠᠰᠠᠬᠤ 407 ᠲᠦᠮᠡᠨ ᠮᠦ᠍ ᠵᠢᠨ ᠲᠥᠷᠥᠯ ᠵᠦᠢ᠍ᠯ᠎ᠢ ᠪᠡᠶᠡᠯᠡᠭᠦᠯᠵᠦ᠂ ᠲᠥᠷᠥᠯ ᠵᠦᠢ᠍ᠯ᠎ᠤᠨ ᠣᠷᠣᠨ᠎ᠤ 667 ᠮᠠᠰᠢᠨ ᠬᠤᠳᠳᠤᠭ᠎ᠢ ᠪᠢᠲᠡᠭᠦᠮᠵᠢᠯᠡᠨ ᠵᠣᠭᠰᠣᠭ᠋ᠠᠵᠤ᠂ ᠨᠠᠭᠤᠷ᠎ᠲᠤ ᠣᠷᠣᠬᠤ 22 ᠭᠣᠣᠯ᠎ᠤᠨ ᠵᠠᠮ᠎ᠤᠨ ᠴᠢᠬᠤᠯᠠ ᠭᠣᠣᠯ᠎ᠤᠨ ᠬᠡᠰᠡᠭ᠎ᠢ ᠯᠠᠢ᠌ᠳᠠᠨ ᠵᠠᠰᠠᠬᠤ ᠢᠨᠵᠧᠨᠧᠷᠢᠩ᠎ᠢ ᠪᠡᠶᠡᠯᠡᠭᠦᠯᠦᠨ᠂ ᠡᠨᠡ ᠵᠢᠯ ᠦᠶᠡᠷ᠎ᠤᠨ ᠤᠰᠤ ᠵᠢ ᠤᠷᠤᠰᠬᠠᠬᠤ ᠵᠠᠮ᠎ᠳᠤ ᠬᠠᠭ᠋ᠠᠯᠲᠠ ᠲᠣᠬᠢᠷᠠᠭᠤᠯᠬᠤ ᠵᠡᠷᠭᠡ ᠦᠯᠡᠳᠡᠭᠰᠡᠨ ᠢᠨᠵᠧᠨᠧᠷᠢᠩ᠎ᠢ ᠪᠡᠶᠡᠯᠡᠭᠦᠯᠦᠭᠰᠡᠨ᠎ᠤ ᠳᠠᠷᠠᠭ᠎ᠠ᠂ ᠲᠠᠢ᠌ᠭ᠎ᠠ ᠨᠠᠭᠤᠷ᠎ᠲᠤ ᠵᠢᠯ ᠪᠦᠷᠢ 350 ᠲᠦᠮᠡᠨ ᠺᠦᠪ ᠮᠧᠲᠷ ᠣᠷᠴᠢᠮ ᠤᠰᠤ ᠨᠥᠬᠥᠪᠦᠷᠢᠯᠡᠵᠦ ᠪᠣᠯᠣᠨ᠎ᠠ᠃
ᠵᠠᠰᠠᠯᠲᠠ ᠬᠢᠬᠦ ᠬᠠᠷᠠᠯᠲᠠ ᠶᠣᠰᠣᠭ᠋ᠠᠷ᠂ 2020 ᠣᠨ ᠪᠣᠯᠬᠤ᠎ᠳᠤ᠂ ᠰᠢᠷᠢᠰ ᠠᠷᠭ᠎ᠠ ᠬᠡᠮᠵᠢᠶ᠎ᠡ᠎ᠪᠠᠷ ᠳᠠᠮᠵᠢᠭᠤᠯᠵᠤ᠂ ᠰᠠᠪᠠ ᠭᠠᠵᠠᠷ᠎ᠤᠨ ᠲᠠᠢ᠌ᠭ᠎ᠠ ᠨᠠᠭᠤᠷ᠎ᠲᠤ ᠣᠷᠣᠬᠤ ᠤᠰᠤᠨ᠎ᠤ ᠬᠡᠮᠵᠢᠶ᠎ᠡ ᠵᠢ ᠨᠡᠮᠡᠭᠳᠡᠭᠦᠯᠦᠨ᠂ ᠨᠠᠭᠤᠷ᠎ᠲᠤ ᠣᠷᠣᠬᠤ ᠪᠣᠬᠢᠷᠲᠤᠯ ᠡᠳ᠋᠎ᠢ ᠶᠡᠬᠡ ᠬᠡᠮᠵᠢᠶ᠎ᠡ᠎ᠪᠠᠷ ᠪᠠᠭ᠋ᠠᠰᠬᠠᠵᠤ᠂ ᠳᠠᠪᠤᠰᠤᠵᠢᠭᠤᠯᠤᠯᠲᠠ ᠵᠢᠨ ᠬᠡᠮᠵᠢᠶ᠎ᠡ ᠵᠢ ᠳᠠᠬᠢᠵᠤ ᠬᠥᠮᠥᠨ᠎ᠤ ᠬᠦᠴᠦ᠎ᠪᠠᠷ ᠨᠡᠮᠡᠭᠳᠡᠭᠦᠯᠬᠦ ᠦᠭᠡᠢ ᠪᠣᠯᠭ᠋ᠠᠵᠤ᠂ ᠲᠠᠢ᠌ᠭ᠎ᠠ ᠨᠠᠭᠤᠷ᠎ᠤᠨ ᠨᠠᠭᠤᠷ᠎ᠤᠨ ᠭᠠᠳᠠᠷᠭᠤ ᠵᠢᠨ ᠲᠠᠯᠠᠪᠠᠢ ᠵᠢ 50 ᠺᠦᠸᠠᠳ᠋ ᠺᠢᠯᠣᠮᠧᠲᠷ᠎ᠠᠴᠠ ᠪᠠᠭ᠎ᠠ ᠪᠠᠢ᠌ᠯᠭ᠋ᠠᠬᠤ ᠦᠭᠡᠢ ᠵᠢ ᠴᠢᠷᠮᠠᠢ᠌ᠨ ᠪᠠᠲᠤᠯᠠᠵᠤ᠂ ᠭᠣᠣᠯ ᠪᠣᠯᠬᠤ ᠪᠣᠬᠢᠷᠲᠤᠯ ᠡᠳ᠋᠎ᠤᠨ ᠨᠠᠭᠤᠷ᠎ᠲᠤ ᠣᠷᠣᠬᠤ ᠪᠣᠬᠢᠷᠲᠤᠯ᠎ᠤᠨ ᠳᠠᠷᠤᠭ᠋ᠠᠰᠤ ᠵᠢ 50%᠎ᠠᠴᠠ ᠳᠡᠭᠡᠭᠰᠢ ᠪᠣᠯᠲᠠᠯ᠎ᠠ ᠳᠣᠷᠣᠭᠰᠢᠯᠠᠭᠤᠯᠤᠨ᠎ᠠ᠃

ᠲᠠᠢ᠌ᠭ᠎ᠠ ᠨᠠᠭᠤᠷ᠎ᠤᠨ ᠴᠠᠬᠢᠯᠭ᠋ᠠᠨ᠎ᠤ ᠦᠢ᠍ᠯᠡᠳᠪᠦᠷᠢ᠎ᠳᠤ ᠲᠥᠷᠥᠯ ᠵᠦᠢ᠍ᠯ᠎ᠤᠨ ᠪᠠᠢ᠌ᠭᠤᠯᠤᠯᠲᠠ ᠵᠢᠨ ᠪᠠᠢ᠌ᠳᠠᠯ᠎ᠢ ᠣᠢ᠌ᠯᠠᠭ᠋ᠠᠵᠤ ᠪᠠᠢ᠌ᠨ᠎ᠠ