4 ᠳ᠋ᠦ᠍ᠭᠡᠷ ᠰᠠᠷ᠎ᠠ ᠵᠢᠨ 12᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠠᠴᠠ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠣᠨᠢᠨ ᠮᠡᠳᠡᠭᠡ ᠨᠡᠢ᠌ᠲᠡᠯᠡᠬᠦ ᠬᠤᠷᠠᠯ᠎ᠢ ᠬᠤᠷᠠᠯᠳᠤᠭᠤᠯᠤᠨ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠤᠳᠤᠷᠢᠳᠬᠤ ᠳᠤᠭᠤᠢ᠌ᠯᠠᠩ᠎ᠤᠨ ᠠᠯᠪᠠᠨ ᠭᠡᠷ᠎ᠤᠨ ᠡᠷᠬᠢᠯᠡᠭᠴᠢ᠂ ᠲᠢᠩᠬᠢᠮ᠎ᠤᠨ ᠳᠡᠳ᠋ ᠳᠠᠷᠤᠭ᠎ᠠ ᠵᠠᠩ ᠬᠤᠢ ᠢᠦᠢ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠬᠦ ᠬᠢᠨᠠᠨ ᠪᠠᠢ᠌ᠴᠠᠭ᠋ᠠᠬᠤ ᠬᠠᠤᠯᠢ ᠬᠡᠷᠡᠭᠵᠢᠭᠦᠯᠬᠦ ᠡᠭᠴᠡ ᠬᠠᠮᠢᠶᠠᠷᠤᠯᠲᠠ ᠵᠢᠨ ᠳᠦᠷᠢᠮ᠎ᠤᠨ ᠥᠭᠡᠷᠡᠴᠢᠯᠡᠯᠲᠡ ᠵᠢᠨ ᠬᠠᠮᠢᠶ᠎ᠠ ᠪᠦᠬᠦᠢ ᠪᠠᠢ᠌ᠳᠠᠯ᠎ᠤᠨ ᠲᠤᠬᠠᠢ ᠨᠡᠢ᠌ᠲᠡᠯᠡᠯ ᠬᠢᠵᠡᠢ᠃

ᠥᠪᠡᠷᠲᠡᠭᠡᠨ ᠵᠠᠰᠠᠬᠤ ᠣᠷᠣᠨ᠎ᠠᠴᠠ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠣᠨᠢᠨ ᠮᠡᠳᠡᠭᠡ ᠨᠡᠢ᠌ᠲᠡᠯᠡᠬᠦ ᠬᠤᠷᠠᠯ᠎ᠢ ᠬᠤᠷᠠᠯᠳᠤᠭᠤᠯᠵᠤ ᠪᠠᠢ᠌ᠨ᠎ᠠ

ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠤᠳᠤᠷᠢᠳᠬᠤ ᠳᠤᠭᠤᠢ᠌ᠯᠠᠩ᠎ᠤᠨ ᠠᠯᠪᠠᠨ ᠭᠡᠷ᠎ᠤᠨ ᠡᠷᠬᠢᠯᠡᠭᠴᠢ᠂ ᠲᠢᠩᠬᠢᠮ᠎ᠤᠨ ᠳᠡᠳ᠋ ᠳᠠᠷᠤᠭ᠎ᠠ ᠵᠠᠩ ᠬᠤᠢ ᠢᠦᠢ ᠠᠮᠢ ᠠᠬᠤᠢ ᠵᠢᠨ ᠣᠷᠴᠢᠨ ᠲᠣᠭᠣᠷᠢᠨ᠎ᠤ ᠬᠢᠨᠠᠨ ᠬᠡᠮᠵᠢᠬᠦ ᠬᠢᠨᠠᠨ ᠪᠠᠢ᠌ᠴᠠᠭ᠋ᠠᠬᠤ ᠬᠠᠤᠯᠢ ᠬᠡᠷᠡᠭᠵᠢᠭᠦᠯᠬᠦ ᠡᠭᠴᠡ ᠬᠠᠮᠢᠶᠠᠷᠤᠯᠲᠠ ᠵᠢᠨ ᠳᠦᠷᠢᠮ᠎ᠤᠨ ᠥᠭᠡᠷᠡᠴᠢᠯᠡᠯᠲᠡ ᠵᠢᠨ ᠬᠠᠮᠢᠶ᠎ᠠ ᠪᠦᠬᠦᠢ ᠪᠠᠢ᠌ᠳᠠᠯ᠎ᠤᠨ ᠲᠤᠬᠠᠢ ᠨᠡᠢ᠌ᠲᠡᠯᠡᠯ ᠬᠢᠵᠦ ᠪᠠᠢ᠌ᠨ᠎ᠠ

ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠤᠳᠤᠷᠢᠳᠬᠤ ᠳᠤᠭᠤᠢ᠌ᠯᠠᠩ᠎ᠤᠨ ᠠᠯᠪᠠᠨ ᠭᠡᠷ᠎ᠤᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠠᠵᠢᠯ᠎ᠤᠨ ᠳᠤᠭᠤᠢ᠌ᠯᠠᠩ᠎ᠤᠨ ᠳᠠᠷᠤᠭ᠎ᠠ᠂ ᠠᠵᠢᠯᠲᠠᠨ᠎ᠤ ᠶᠠᠪᠤᠳᠠᠯ᠎ᠤᠨ ᠭᠠᠵᠠᠷ᠎ᠤᠨ ᠳᠠᠷᠤᠭ᠎ᠠ ᠤᠯᠠᠭ᠋ᠠᠨ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠵᠤ ᠪᠠᠢ᠌ᠨ᠎ᠠ

ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠶᠡᠷᠦᠩᠬᠡᠢ᠌ᠯᠡᠭᠰᠡᠨ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠵᠢᠨ ᠲᠤᠰᠬᠠᠢ ᠵᠦᠢ᠍ᠯ᠎ᠤᠨ ᠠᠵᠢᠯ᠎ᠤᠨ ᠳᠤᠭᠤᠢ᠌ᠯᠠᠩ᠎ᠤᠨ ᠳᠠᠷᠤᠭ᠎ᠠ᠂ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ ᠬᠢᠭᠡᠳ ᠤᠬᠠᠭᠤᠯᠬᠤ ᠭᠠᠵᠠᠷ᠎ᠤᠨ ᠳᠡᠳ᠋ ᠳᠠᠷᠤᠭ᠎ᠠ ᠸᠧᠢ ᠾᠧ ᠵᠠᠩ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠵᠤ ᠪᠠᠢ᠌ᠨ᠎ᠠ

ᠵᠠᠭᠤᠴᠢᠯᠠᠭᠤᠷ᠎ᠤᠨ ᠰᠤᠷᠪᠤᠯᠵᠢᠯᠠᠭᠴᠢᠳ ᠠᠰᠠᠭᠤᠯᠲᠠ ᠠᠰᠠᠭᠤᠵᠤ ᠪᠠᠢ᠌ᠨ᠎ᠠ

ᠰᠣᠨᠢᠨ ᠮᠡᠳᠡᠭᠡ ᠨᠡᠢ᠌ᠲᠡᠯᠡᠬᠦ ᠬᠤᠷᠠᠯ᠎ᠳᠤ ᠣᠷᠣᠯᠴᠠᠭᠰᠠᠨ ᠵᠠᠭᠤᠴᠢᠯᠠᠭᠤᠷ᠎ᠤᠨ ᠰᠤᠷᠪᠤᠯᠵᠢᠯᠠᠭᠴᠢᠳ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠪᠠᠢ᠌ᠭᠤᠯᠤᠮᠵᠢ ᠵᠢᠨ ᠬᠢᠨᠠᠨ ᠬᠡᠮᠵᠢᠬᠦ ᠬᠢᠨᠠᠨ ᠪᠠᠢ᠌ᠴᠠᠭ᠋ᠠᠬᠤ ᠬᠠᠤᠯᠢ ᠬᠡᠷᠡᠭᠵᠢᠭᠦᠯᠬᠦ ᠡᠭᠴᠡ ᠬᠠᠮᠢᠶᠠᠷᠤᠯᠲᠠ ᠵᠢᠨ ᠳᠦᠷᠢᠮ᠎ᠤᠨ ᠥᠭᠡᠷᠡᠴᠢᠯᠡᠯᠲᠡ ᠵᠢᠨ ᠬᠠᠮᠢᠶ᠎ᠠ ᠪᠦᠬᠦᠢ ᠪᠠᠢ᠌ᠳᠠᠯ᠎ᠤᠨ ᠰᠣᠨᠢᠨ ᠮᠡᠳᠡᠭᠡ ᠨᠡᠢ᠌ᠲᠡᠯᠡᠬᠦ ᠬᠤᠷᠠᠯ᠎ᠤᠨ ᠦᠭᠡᠰ
(2019 ᠣᠨ᠎ᠤ 4 ᠳ᠋ᠦ᠍ᠭᠡᠷ ᠰᠠᠷ᠎ᠠ ᠵᠢᠨ 12᠎ᠤᠨ ᠡᠳᠦᠷ)
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠤᠳᠤᠷᠢᠳᠬᠤ ᠳᠤᠭᠤᠢ᠌ᠯᠠᠩ᠎ᠤᠨ ᠠᠯᠪᠠᠨ ᠭᠡᠷ᠎ᠤᠨ ᠡᠷᠬᠢᠯᠡᠭᠴᠢ᠂ ᠲᠢᠩᠬᠢᠮ᠎ᠤᠨ ᠳᠡᠳ᠋ ᠳᠠᠷᠤᠭ᠎ᠠ ᠵᠠᠩ ᠬᠤᠢ ᠢᠦᠢ
ᠡᠷᠬᠢᠮ᠎ᠤᠨ ᠬᠦᠨᠳᠦᠲᠦ ᠬᠥᠲᠥᠯᠥᠭᠴᠢ᠂ ᠰᠤᠷᠪᠤᠯᠵᠢᠯᠠᠭᠴᠢᠳ ᠰᠠᠢ᠌ᠨ ᠪᠠᠢ᠌ᠵᠠᠭ᠋ᠠᠨ᠎ᠠ ᠦᠦ
ᠮᠤᠵᠢ᠎ᠠᠴᠠ ᠳᠣᠷᠣᠭᠰᠢᠬᠢ ᠠᠮᠢ ᠠᠬᠤᠢ ᠣᠷᠴᠢᠨ ᠲᠣᠭᠣᠷᠢᠨ᠎ᠤ ᠪᠠᠢ᠌ᠭᠤᠯᠤᠮᠵᠢ ᠵᠢᠨ ᠬᠢᠨᠠᠨ ᠬᠡᠮᠵᠢᠬᠦ ᠬᠢᠨᠠᠨ ᠪᠠᠢ᠌ᠴᠠᠭ᠋ᠠᠬᠤ ᠬᠠᠤᠯᠢ ᠬᠡᠷᠡᠭᠵᠢᠭᠦᠯᠬᠦ ᠡᠭᠴᠡ ᠬᠠᠮᠢᠶᠠᠷᠤᠯᠲᠠ ᠵᠢᠨ ᠳᠦᠷᠢᠮ᠎ᠢ ᠬᠡᠷᠡᠭᠵᠢᠭᠦᠯᠬᠦ ᠪᠣᠯ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠦᠷᠢᠶ᠎ᠡ ᠴᠠᠷᠠᠭ᠎ᠠ᠎ᠳᠤ ᠬᠢᠭᠰᠡᠨ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠪᠠ ᠪᠦᠬᠦ ᠤᠯᠤᠰ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠪᠣᠳᠠᠲᠠᠢ ᠠᠵᠢᠯᠯᠠᠭ᠎ᠠ᠂ ᠠᠮᠢ ᠠᠬᠤᠢ ᠵᠢᠨ ᠣᠷᠴᠢᠨ ᠲᠣᠭᠣᠷᠢᠨ᠎ᠤ ᠵᠠᠰᠠᠯᠲᠠ ᠵᠢᠨ ᠰᠢᠰᠲ᠋ᠧᠮᠵᠢ ᠪᠠ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠪᠡᠶᠡᠯᠡᠭᠦᠯᠬᠦ ᠵᠢᠨ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ 2016 ᠣᠨ᠎ᠤ 9 ᠳ᠋ᠦ᠍ᠭᠡᠷ ᠰᠠᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠠᠯᠪᠠᠨ ᠲᠢᠩᠬᠢᠮ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ᠎ᠠᠴᠠ 《ᠮᠤᠵᠢ᠎ᠠᠴᠠ ᠳᠣᠷᠣᠭᠰᠢᠬᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠠᠢ᠌ᠭᠤᠯᠤᠮᠵᠢ ᠵᠢᠨ ᠬᠢᠨᠠᠨ ᠬᠡᠮᠵᠢᠬᠦ ᠬᠢᠨᠠᠨ ᠪᠠᠢ᠌ᠴᠠᠭ᠋ᠠᠬᠤ ᠬᠠᠤᠯᠢ ᠬᠡᠷᠡᠭᠵᠢᠭᠦᠯᠬᠦ ᠡᠭᠴᠡ ᠬᠠᠮᠢᠶᠠᠷᠤᠯᠲᠠ ᠵᠢᠨ ᠳᠦᠷᠢᠮ᠎ᠤᠨ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ᠎ᠤᠨ ᠠᠵᠢᠯ᠎ᠤᠨ ᠲᠤᠬᠠᠢ ᠵᠢᠯᠣᠭᠣᠳᠬᠤ ᠰᠠᠨᠠᠯ》᠎ᠢ ᠳᠠᠷᠤᠮᠠᠯᠯᠠᠨ ᠲᠠᠷᠬᠠᠭ᠋ᠠᠪᠠ᠃ 2018 ᠣᠨ᠎ᠤ 6 ᠳ᠋ᠤᠭ᠋ᠠᠷ ᠰᠠᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ 《ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠵᠤ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠡᠷᠡᠰ ᠰᠢᠭᠤᠷᠬᠠᠢ᠎ᠪᠠᠷ ᠰᠠᠢ᠌ᠲᠤᠷ ᠬᠢᠬᠦ ᠲᠤᠬᠠᠢ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ ᠮᠤᠵᠢ᠎ᠠᠴᠠ ᠳᠣᠷᠣᠭᠰᠢᠬᠢ ᠠᠮᠢ ᠠᠬᠤᠢ ᠣᠷᠴᠢᠨ ᠲᠣᠭᠣᠷᠢᠨ᠎ᠤ ᠪᠠᠢ᠌ᠭᠤᠯᠤᠮᠵᠢ ᠵᠢᠨ ᠬᠢᠨᠠᠨ ᠬᠡᠮᠵᠢᠬᠦ ᠬᠢᠨᠠᠨ ᠪᠠᠢ᠌ᠴᠠᠭ᠋ᠠᠬᠤ ᠬᠠᠤᠯᠢ ᠬᠡᠷᠡᠭᠵᠢᠭᠦᠯᠬᠦ ᠡᠭᠴᠡ ᠬᠠᠮᠢᠶᠠᠷᠤᠯᠲᠠ ᠵᠢᠨ ᠳᠦᠷᠢᠮ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠪᠡᠶᠡᠯᠡᠭᠦᠯᠬᠦ ᠬᠡᠷᠡᠭᠲᠡᠢ ᠭᠡᠵᠦ ᠱᠠᠭ᠋ᠠᠷᠳᠠᠪᠠ᠃ 2018 ᠣᠨ᠎ᠤ 11 ᠳ᠋ᠦ᠍ᠭᠡᠷ ᠰᠠᠷ᠎ᠠ᠎ᠳᠤ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠠᠴᠠ 《ᠮᠤᠵᠢ᠎ᠠᠴᠠ ᠳᠣᠷᠣᠭᠰᠢᠬᠢ ᠠᠮᠢ ᠠᠬᠤᠢ ᠣᠷᠴᠢᠨ ᠲᠣᠭᠣᠷᠢᠨ᠎ᠤ ᠪᠠᠢ᠌ᠭᠤᠯᠤᠮᠵᠢ ᠵᠢᠨ ᠬᠢᠨᠠᠨ ᠬᠡᠮᠵᠢᠬᠦ ᠬᠢᠨᠠᠨ ᠪᠠᠢ᠌ᠴᠠᠭ᠋ᠠᠬᠤ ᠬᠠᠤᠯᠢ ᠬᠡᠷᠡᠭᠵᠢᠭᠦᠯᠬᠦ ᠡᠭᠴᠡ ᠬᠠᠮᠢᠶᠠᠷᠤᠯᠲᠠ ᠵᠢᠨ ᠳᠦᠷᠢᠮ᠎ᠤᠨ ᠥᠭᠡᠷᠡᠴᠢᠯᠡᠯᠲᠡ ᠵᠢᠨ ᠠᠵᠢᠯ᠎ᠢ ᠨᠢᠭᠡᠳᠦᠯᠲᠡᠢ ᠲᠥᠯᠥᠪᠯᠡᠨ ᠠᠬᠢᠭᠤᠯᠬᠤ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ 2019 ᠣᠨ᠎ᠤ 3 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ᠂ ᠮᠤᠵᠢ ᠵᠢᠨ ᠱᠠᠲᠤᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠡᠭᠴᠡ ᠬᠠᠮᠢᠶᠠᠷᠤᠯᠲᠠ ᠵᠢᠨ ᠥᠭᠡᠷᠡᠴᠢᠯᠡᠯᠲᠡ ᠵᠢᠨ ᠬᠡᠷᠡᠭᠵᠢᠭᠦᠯᠬᠦ ᠠᠵᠢᠯ᠎ᠢ ᠪᠦᠬᠦ ᠲᠠᠯ᠎ᠠ᠎ᠪᠠᠷ ᠪᠡᠶᠡᠯᠡᠭᠦᠯᠬᠦ ᠬᠡᠷᠡᠭᠲᠡᠢ ᠭᠡᠵᠦ ᠱᠠᠭ᠋ᠠᠷᠳᠠᠵᠠᠢ᠃
ᠮᠤᠵᠢ᠎ᠠᠴᠠ ᠳᠣᠷᠣᠭᠰᠢᠬᠢ ᠠᠮᠢ ᠠᠬᠤᠢ ᠣᠷᠴᠢᠨ ᠲᠣᠭᠣᠷᠢᠨ᠎ᠤ ᠪᠠᠢ᠌ᠭᠤᠯᠤᠮᠵᠢ ᠵᠢᠨ ᠬᠢᠨᠠᠨ ᠬᠡᠮᠵᠢᠬᠦ ᠬᠢᠨᠠᠨ ᠪᠠᠢ᠌ᠴᠠᠭ᠋ᠠᠬᠤ ᠬᠠᠤᠯᠢ ᠬᠡᠷᠡᠭᠵᠢᠭᠦᠯᠬᠦ ᠡᠭᠴᠡ ᠬᠠᠮᠢᠶᠠᠷᠤᠯᠲᠠ ᠵᠢᠨ ᠳᠦᠷᠢᠮ᠎ᠢ ᠬᠡᠷᠡᠭᠵᠢᠭᠦᠯᠬᠦ ᠪᠣᠯ᠂ ᠮᠠᠨ᠎ᠤ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠪᠠᠢ᠌ᠭᠤᠯᠤᠯ᠎ᠤᠨ ᠨᠢᠭᠡ ᠤᠳᠠᠭ᠋ᠠᠨ᠎ᠤ ᠴᠢᠬᠤᠯᠠ ᠶᠡᠬᠡ ᠥᠭᠡᠷᠡᠴᠢᠯᠡᠯᠲᠡ ᠪᠠᠢ᠌ᠵᠤ᠂ ᠣᠳᠣ ᠵᠢᠨ ᠬᠡᠷᠡᠭᠵᠢᠭᠦᠯᠵᠦ ᠪᠠᠢ᠌ᠭ᠎ᠠ ᠬᠡᠰᠡᠭ ᠵᠶ᠋ᠡᠷ ᠭᠣᠣᠯ ᠪᠣᠯᠭ᠋ᠠᠭᠰᠠᠨ ᠣᠷᠣᠨ ᠨᠤᠲᠤᠭ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠮᠢᠶᠠᠷᠤᠯᠲᠠ ᠵᠢᠨ ᠪᠠᠢ᠌ᠭᠤᠯᠤᠯ᠎ᠳᠤ ᠣᠷᠣᠰᠢᠵᠤ ᠪᠠᠢ᠌ᠭ᠎ᠠ ᠳᠥᠷᠪᠡᠨ ᠵᠦᠢ᠍ᠯ᠎ᠤᠨ ᠲᠣᠪᠣᠢ᠌ᠮ᠎ᠠ ᠠᠰᠠᠭᠤᠳᠠᠯ᠎ᠢ ᠰᠢᠢ᠍ᠳᠪᠦᠷᠢᠯᠡᠬᠦ᠎ᠳᠤ ᠠᠰᠢᠭᠲᠠᠢ ᠪᠠᠢ᠌ᠳᠠᠭ᠃ ᠳᠥᠷᠪᠡᠨ ᠵᠦᠢ᠍ᠯ᠎ᠤᠨ ᠲᠣᠪᠣᠢ᠌ᠮ᠎ᠠ ᠠᠰᠠᠭᠤᠳᠠᠯ᠄ ᠨᠢᠭᠡ᠎ᠳᠤ᠂ ᠣᠷᠣᠨ ᠨᠤᠲᠤᠭ᠎ᠤᠨ ᠵᠠᠰᠠᠭ᠎ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠬᠢᠨᠠᠯᠲᠠ ᠲᠠᠯᠪᠢᠬᠤ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ᠎ᠳᠤ ᠬᠦᠴᠢᠷᠲᠡᠢ; ᠬᠣᠶᠠᠷ᠎ᠲᠤ᠂ ᠣᠷᠣᠨ ᠨᠤᠲᠤᠭ᠎ᠤᠨ ᠬᠠᠮᠠᠭ᠋ᠠᠯᠠᠬᠤ ᠦᠵᠡᠯ᠎ᠤᠨ ᠣᠷᠴᠢᠨ ᠲᠣᠭᠣᠷᠢᠨ᠎ᠤ ᠬᠢᠨᠠᠨ ᠬᠡᠮᠵᠢᠬᠦ ᠬᠢᠨᠠᠨ ᠪᠠᠢ᠌ᠴᠠᠭ᠋ᠠᠬᠤ ᠬᠠᠤᠯᠢ ᠬᠡᠷᠡᠭᠵᠢᠭᠦᠯᠬᠦ᠎ᠳᠤ ᠭᠠᠷ ᠳᠦᠷᠦᠬᠦ ᠠᠰᠠᠭᠤᠳᠠᠯ᠎ᠢ ᠰᠢᠢ᠍ᠳᠪᠦᠷᠢᠯᠡᠬᠦ᠎ᠳᠤ ᠬᠦᠴᠢᠷᠲᠡᠢ; ᠭᠤᠷᠪᠠ᠎ᠳᠤ᠂ ᠣᠷᠣᠨ ᠪᠦᠰᠡ ᠠᠯᠤᠰᠯᠠᠵᠤ ᠰᠠᠪᠠ ᠭᠠᠵᠠᠷ ᠠᠯᠤᠰᠯᠠᠭᠰᠠᠨ ᠣᠷᠴᠢᠨ ᠲᠣᠭᠣᠷᠢᠨ᠎ᠤ ᠠᠰᠠᠭᠤᠳᠠᠯ᠎ᠢ ᠨᠢᠭᠡᠳᠦᠯᠲᠡᠢ ᠲᠥᠯᠥᠪᠯᠡᠨ ᠰᠢᠢ᠍ᠳᠪᠦᠷᠢᠯᠡᠬᠦ ᠰᠢᠨ᠎ᠡ ᠱᠠᠭ᠋ᠠᠷᠳᠠᠯᠭ᠎ᠠ᠎ᠲᠠᠢ ᠵᠣᠬᠢᠴᠠᠯᠳᠤᠬᠤ᠎ᠳᠤ ᠬᠦᠴᠢᠷᠲᠡᠢ; ᠳᠥᠷᠪᠡ᠎ᠳᠤ᠂ ᠣᠷᠣᠨ ᠨᠤᠲᠤᠭ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠠᠢ᠌ᠭᠤᠯᠤᠮᠵᠢ ᠵᠢᠨ ᠡᠩᠨᠡᠭᠡ ᠵᠢᠨ ᠪᠠᠢ᠌ᠭᠤᠯᠤᠯᠲᠠ ᠵᠢᠨ ᠠᠰᠠᠭᠤᠳᠠᠯ᠎ᠢ ᠵᠢᠷᠤᠮᠵᠢᠭᠤᠯᠤᠨ ᠴᠢᠩᠭ᠋ᠠᠳᠬᠠᠬᠤ᠎ᠳᠤ ᠬᠦᠴᠢᠷᠲᠡᠢ᠃ ᠭᠤᠷᠪᠠᠨ ᠵᠦᠢ᠍ᠯ᠎ᠤᠨ ᠭᠣᠣᠯ ᠡᠭᠦᠷᠭᠡ ᠵᠢ ᠭᠣᠣᠯᠳᠠᠯᠭ᠎ᠠ᠎ᠲᠠᠢ ᠪᠡᠶᠡᠯᠡᠭᠦᠯᠬᠦ ᠬᠡᠷᠡᠭᠲᠡᠢ᠄ ᠨᠢᠭᠡ᠎ᠳᠤ᠂ ᠮᠤᠵᠢ ᠵᠢᠨ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠠᠴᠠ ᠬᠣᠲᠠ (ᠲᠤᠰᠬᠠᠢ ᠣᠷᠣᠨ) ᠰᠢᠶᠠᠨ᠎ᠤ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠬᠦ ᠬᠢᠨᠠᠨ ᠪᠠᠢ᠌ᠴᠠᠭ᠋ᠠᠬᠤ ᠪᠠᠢ᠌ᠭᠤᠯᠤᠮᠵᠢ ᠵᠢ ᠰᠢᠭᠤᠳ ᠬᠠᠮᠢᠶᠠᠷᠤᠨ᠎ᠠ; ᠬᠣᠶᠠᠷ᠎ᠲᠤ᠂ ᠬᠣᠲᠠ (ᠲᠤᠰᠬᠠᠢ ᠣᠷᠣᠨ) ᠵᠢᠨ ᠳᠡᠰ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠠᠴᠠ ᠮᠤᠵᠢ ᠵᠢᠨ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠵᠶ᠋ᠡᠷ ᠭᠣᠣᠯ ᠪᠣᠯᠭ᠋ᠠᠭᠰᠠᠨ ᠳᠠᠪᠬᠤᠷ ᠬᠠᠮᠢᠶᠠᠷᠤᠯᠲᠠ ᠵᠢᠨ ᠪᠠᠢ᠌ᠭᠤᠯᠤᠯ᠎ᠢ ᠬᠡᠷᠡᠭᠵᠢᠭᠦᠯᠦᠨ᠎ᠡ; ᠭᠤᠷᠪᠠ᠎ᠳᠤ᠂ ᠰᠢᠶᠠᠨ᠎ᠤ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠪᠠᠢ᠌ᠭᠤᠯᠤᠮᠵᠢ ᠵᠢ ᠳᠠᠬᠢᠵᠤ ᠲᠤᠰᠠᠭ᠋ᠠᠷ ᠲᠣᠬᠢᠷᠠᠭᠤᠯᠬᠤ ᠦᠭᠡᠢ᠂ ᠬᠠᠷᠢᠨ ᠬᠣᠲᠠ (ᠲᠤᠰᠬᠠᠢ ᠣᠷᠣᠨ) ᠵᠢᠨ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠲᠣᠮᠢᠯᠠᠭᠰᠠᠨ ᠪᠠᠢ᠌ᠭᠤᠯᠤᠮᠵᠢ ᠪᠣᠯᠭ᠋ᠠᠨ᠎ᠠ᠃ ᠡᠨᠡ᠎ᠨᠢ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠬᠦ ᠬᠢᠨᠠᠨ ᠪᠠᠢ᠌ᠴᠠᠭ᠋ᠠᠬᠤ ᠬᠠᠤᠯᠢ ᠬᠡᠷᠡᠭᠵᠢᠭᠦᠯᠬᠦ ᠵᠢᠨ ᠲᠤᠰᠠᠭ᠋ᠠᠷ ᠴᠢᠨᠠᠷ᠂ ᠨᠢᠭᠡᠳᠦᠯᠲᠦ ᠴᠢᠨᠠᠷ᠂ ᠡᠷᠬᠡ ᠰᠦᠷᠲᠦ ᠴᠢᠨᠠᠷ ᠪᠠ ᠪᠦᠲᠦᠮᠵᠢᠲᠡᠢ ᠴᠢᠨᠠᠷ᠎ᠢ ᠴᠢᠩᠭ᠋ᠠᠷᠠᠭᠤᠯᠵᠤ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠰᠠᠢ᠌ᠲᠤᠷ ᠬᠢᠵᠦ ᠢᠯᠠᠯᠲᠠ ᠣᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠪᠠᠢ᠌ᠳᠠᠭ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠠᠴᠠ ᠠᠮᠢ ᠠᠬᠤᠢ ᠣᠷᠴᠢᠨ ᠲᠣᠭᠣᠷᠢᠨ᠎ᠤ ᠪᠠᠢ᠌ᠭᠤᠯᠤᠮᠵᠢ ᠵᠢᠨ ᠬᠢᠨᠠᠨ ᠬᠡᠮᠵᠢᠬᠦ ᠬᠢᠨᠠᠨ ᠪᠠᠢ᠌ᠴᠠᠭ᠋ᠠᠬᠤ ᠬᠠᠤᠯᠢ ᠬᠡᠷᠡᠭᠵᠢᠭᠦᠯᠬᠦ ᠡᠭᠴᠡ ᠬᠠᠮᠢᠶᠠᠷᠤᠯᠲᠠ ᠵᠢᠨ ᠳᠦᠷᠢᠮ᠎ᠤᠨ ᠥᠭᠡᠷᠡᠴᠢᠯᠡᠯᠲᠡ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠲᠡᠭᠦᠨ ᠵᠶ᠋ᠡᠷ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ ᠪᠠ ᠣᠷᠣᠨ ᠨᠤᠲᠤᠭ᠎ᠤᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠴᠢᠬᠤᠯᠠ ᠡᠭᠦᠷᠭᠡ ᠪᠣᠯᠭ᠋ᠠᠨ᠂ ᠣᠯᠠᠨ ᠤᠳᠠᠭ᠎ᠠ ᠲᠣᠬᠢᠷᠠᠭᠤᠯᠤᠯᠲᠠ ᠪᠠᠢ᠌ᠷᠢᠯᠠᠭᠤᠯᠤᠯᠲᠠ ᠬᠢᠵᠦ᠂ ᠡᠭᠦᠷᠭᠡ ᠵᠢᠨ ᠱᠠᠭ᠋ᠠᠷᠳᠠᠯᠭ᠎ᠠ ᠵᠢ ᠲᠣᠳᠣᠷᠬᠠᠢ᠌ᠯᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠪᠠᠢ᠌ᠷᠢᠯᠠᠭᠤᠯᠤᠯᠲᠠ ᠵᠢᠨ ᠱᠠᠭ᠋ᠠᠷᠳᠠᠯᠭ᠎ᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠥᠪᠡᠷᠲᠡᠭᠡᠨ ᠵᠠᠰᠠᠬᠤ ᠣᠷᠣᠨ᠎ᠤ ᠪᠠᠢ᠌ᠭᠤᠯᠤᠮᠵᠢ ᠣᠷᠣᠨ ᠲᠣᠭ᠋ᠠᠨ᠎ᠤ ᠵᠥᠪᠯᠡᠯ᠎ᠤᠨ ᠠᠯᠪᠠᠨ ᠭᠡᠷ᠎ᠲᠠᠢ ᠬᠠᠮᠲᠤᠷᠠᠨ᠂ ᠭᠦᠢ᠍ᠴᠡᠳ ᠪᠠᠢ᠌ᠴᠠᠭ᠋ᠠᠯᠲᠠ ᠰᠤᠳᠤᠯᠤᠯᠲᠠ ᠬᠢᠵᠦ᠂ ᠥᠷᠭᠡᠨ ᠳᠡᠯᠭᠡᠷ ᠰᠠᠨᠠᠯ ᠬᠤᠷᠢᠶᠠᠭᠰᠠᠨ ᠰᠠᠭᠤᠷᠢᠨ ᠳᠡᠭᠡᠷ᠎ᠡ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠪᠠᠢ᠌ᠭᠤᠯᠤᠮᠵᠢ ᠵᠢᠨ ᠬᠢᠨᠠᠨ ᠬᠡᠮᠵᠢᠬᠦ ᠬᠢᠨᠠᠨ ᠪᠠᠢ᠌ᠴᠠᠭ᠋ᠠᠬᠤ ᠬᠠᠤᠯᠢ ᠬᠡᠷᠡᠭᠵᠢᠭᠦᠯᠬᠦ ᠡᠭᠴᠡ ᠬᠠᠮᠢᠶᠠᠷᠤᠯᠲᠠ ᠵᠢᠨ ᠳᠦᠷᠢᠮ᠎ᠤᠨ ᠥᠭᠡᠷᠡᠴᠢᠯᠡᠯᠲᠡ ᠵᠢᠨ ᠬᠡᠷᠡᠭᠵᠢᠭᠦᠯᠬᠦ ᠲᠥᠰᠥᠯ》᠎ᠢ ᠲᠤᠭᠤᠷᠪᠢᠪᠠ᠃ 2018 ᠣᠨ᠎ᠤ 9 ᠳ᠋ᠦ᠍ᠭᠡᠷ ᠰᠠᠷ᠎ᠠ᠎ᠳᠤ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠪᠠᠢ᠌ᠭᠤᠯᠤᠮᠵᠢ ᠵᠢᠨ ᠬᠢᠨᠠᠨ ᠬᠡᠮᠵᠢᠬᠦ ᠬᠢᠨᠠᠨ ᠪᠠᠢ᠌ᠴᠠᠭ᠋ᠠᠬᠤ ᠬᠠᠤᠯᠢ ᠬᠡᠷᠡᠭᠵᠢᠭᠦᠯᠬᠦ ᠡᠭᠴᠡ ᠬᠠᠮᠢᠶᠠᠷᠤᠯᠲᠠ ᠵᠢᠨ ᠳᠦᠷᠢᠮ᠎ᠤᠨ ᠥᠭᠡᠷᠡᠴᠢᠯᠡᠯᠲᠡ ᠵᠢᠨ ᠬᠡᠷᠡᠭᠵᠢᠭᠦᠯᠬᠦ ᠲᠥᠰᠥᠯ》 ᠵᠢᠴᠢ ᠨᠠᠢ᠌ᠷᠠᠭᠤᠯᠤᠨ ᠪᠢᠴᠢᠬᠦ ᠲᠣᠳᠣᠷᠬᠠᠢ᠌ᠯᠠᠯᠲᠠ ᠵᠢᠨ ᠪᠡᠯᠡᠳᠬᠡᠯ ᠬᠢᠨᠠᠯᠲᠠ ᠵᠢ ᠵᠠᠷᠴᠢᠮ᠎ᠤᠨ ᠲᠠᠯ᠎ᠠ᠎ᠪᠠᠷ ᠪᠠᠲᠤᠯᠠᠪᠠ᠃ 2019 ᠣᠨ᠎ᠤ 1 ᠳ᠋ᠦ᠍ᠭᠡᠷ ᠰᠠᠷ᠎ᠠ ᠵᠢᠨ 31᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠪᠠᠢ᠌ᠭᠤᠯᠤᠮᠵᠢ ᠵᠢᠨ ᠬᠢᠨᠠᠨ ᠬᠡᠮᠵᠢᠬᠦ ᠬᠢᠨᠠᠨ ᠪᠠᠢ᠌ᠴᠠᠭ᠋ᠠᠬᠤ ᠬᠠᠤᠯᠢ ᠬᠡᠷᠡᠭᠵᠢᠭᠦᠯᠬᠦ ᠡᠭᠴᠡ ᠬᠠᠮᠢᠶᠠᠷᠤᠯᠲᠠ ᠵᠢᠨ ᠳᠦᠷᠢᠮ᠎ᠤᠨ ᠥᠭᠡᠷᠡᠴᠢᠯᠡᠯᠲᠡ ᠵᠢᠨ ᠬᠡᠷᠡᠭᠵᠢᠭᠦᠯᠬᠦ ᠲᠥᠰᠥᠯ》 (ᠳᠣᠷᠣᠭᠰᠢ 《ᠲᠥᠰᠥᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠵᠠᠢ᠃
ᠳᠣᠣᠷ᠎ᠠ᠂ ᠪᠢ 《ᠲᠥᠰᠥᠯ》᠎ᠳᠤ ᠳᠥᠭᠥᠮ ᠵᠶ᠋ᠡᠷ ᠲᠣᠳᠣᠷᠬᠠᠢ᠌ᠯᠠᠯᠲᠠ ᠬᠢᠶ᠎ᠡ᠃ 《ᠲᠥᠰᠥᠯ》᠎ᠢ ᠨᠡᠢ᠌ᠲᠡ ᠶᠡᠷᠦᠩᠬᠡᠢ ᠱᠠᠭ᠋ᠠᠷᠳᠠᠯᠭ᠎ᠠ᠂ ᠭᠣᠣᠯ ᠡᠭᠦᠷᠭᠡ᠂ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠭᠡᠵᠦ ᠭᠤᠷᠪᠠᠨ ᠬᠡᠰᠡᠭ ᠬᠤᠪᠢᠶᠠᠨ᠎ᠠ᠃
ᠨᠢᠭᠡᠳᠦᠭᠡᠷ ᠬᠡᠰᠡᠭ᠂ ᠶᠡᠷᠦᠩᠬᠡᠢ ᠱᠠᠭ᠋ᠠᠷᠳᠠᠯᠭ᠎ᠠ
ᠡᠭᠴᠡ ᠬᠠᠮᠢᠶᠠᠷᠤᠯᠲᠠ ᠵᠢᠨ ᠥᠭᠡᠷᠡᠴᠢᠯᠡᠯᠲᠡ ᠵᠢᠨ ᠠᠵᠢᠯ᠎ᠤᠨ ᠵᠢᠯᠣᠭᠣᠳᠬᠤ ᠦᠵᠡᠯ ᠰᠠᠨᠠᠭ᠎ᠠ᠄ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭ᠋ᠠᠨ᠎ᠤ ᠬᠣᠶᠠᠳᠤᠭ᠋ᠠᠷ᠂ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠯᠲᠠ ᠬᠢᠬᠦ ᠦᠶ᠎ᠡ ᠵᠢᠨ ᠴᠢᠬᠤᠯᠠ ᠶᠠᠷᠢᠶ᠎ᠠ ᠪᠠ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠩᠬᠠᠳᠤᠭ᠋ᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ 《ᠲᠠᠪᠤ ᠵᠢ ᠨᠢᠭᠡ ᠴᠣᠭᠴᠠᠵᠢᠭᠤᠯᠬᠤ》 ᠶᠡᠷᠦᠩᠬᠡᠢ ᠪᠠᠢ᠌ᠷᠢᠰᠢᠭᠤᠯᠤᠯᠲᠠ ᠵᠢ ᠨᠢᠭᠡᠳᠦᠯᠲᠡᠢ ᠲᠥᠯᠥᠪᠯᠡᠨ ᠠᠬᠢᠭᠤᠯᠬᠤ ᠪᠠ 《ᠳᠥᠷᠪᠡᠨ ᠪᠦᠬᠦ ᠲᠠᠯ᠎ᠠ》 ᠵᠢᠨ ᠪᠠᠢ᠌ᠯᠳᠤᠬᠤ ᠪᠣᠳᠣᠯᠭ᠎ᠠ ᠵᠢᠨ ᠪᠠᠢ᠌ᠷᠢᠰᠢᠭᠤᠯᠤᠯᠲᠠ ᠵᠢ ᠵᠣᠬᠢᠴᠠᠭᠤᠯᠤᠨ ᠠᠬᠢᠭᠤᠯᠬᠤ ᠵᠢᠨ ᠲᠣᠭᠣᠷᠢᠨ᠎ᠳᠤ ᠴᠢᠩᠭ᠎ᠠ ᠨᠢᠭᠲᠠᠷᠠᠨ᠂ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠨᠠᠢ᠌ᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠠᠴᠠ ᠳᠣᠷᠣᠭᠰᠢᠬᠢ ᠠᠮᠢ ᠠᠬᠤᠢ ᠣᠷᠴᠢᠨ ᠲᠣᠭᠣᠷᠢᠨ᠎ᠤ ᠪᠠᠢ᠌ᠭᠤᠯᠤᠮᠵᠢ ᠵᠢᠨ ᠬᠢᠨᠠᠨ ᠬᠡᠮᠵᠢᠬᠦ ᠬᠢᠨᠠᠨ ᠪᠠᠢ᠌ᠴᠠᠭ᠋ᠠᠬᠤ ᠬᠠᠤᠯᠢ ᠬᠡᠷᠡᠭᠵᠢᠭᠦᠯᠬᠦ ᠡᠭᠴᠡ ᠬᠠᠮᠢᠶᠠᠷᠤᠯᠲᠠ ᠵᠢᠨ ᠳᠦᠷᠢᠮ᠎ᠤᠨ ᠥᠭᠡᠷᠡᠴᠢᠯᠡᠯᠲᠡ ᠵᠢ ᠠᠬᠢᠭᠤᠯᠵᠤ᠂ ᠵᠤᠷᠪᠤᠰ ᠬᠡᠰᠡᠭ᠎ᠢ ᠤᠶᠠᠯᠳᠤᠭᠤᠯᠤᠭᠰᠠᠨ᠂ ᠲᠤᠰ ᠲᠤᠰ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ᠂ ᠡᠷᠬᠡ ᠬᠠᠷᠢᠭᠤᠴᠠᠯᠭ᠎ᠠ ᠲᠣᠳᠣᠷᠬᠠᠢ᠂ ᠪᠠᠲᠤᠯᠠᠭ᠎ᠠ᠎ᠨᠢ ᠬᠦᠴᠦᠨ᠎ᠲᠠᠢ᠂ ᠡᠷᠬᠡ ᠰᠦᠷ᠎ᠲᠠᠢ ᠪᠥᠭᠡᠳ ᠪᠦᠲᠦᠮᠵᠢᠲᠡᠢ ᠠᠮᠢ ᠠᠬᠤᠢ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠪᠠᠢ᠌ᠭᠤᠯᠤᠯ᠎ᠢ ᠪᠠᠢ᠌ᠭᠤᠯᠤᠨ ᠪᠦᠷᠢᠨᠰᠢᠭᠦᠯᠵᠦ᠂ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠬᠦ ᠬᠢᠨᠠᠨ ᠪᠠᠢ᠌ᠴᠠᠭ᠋ᠠᠬᠤ ᠬᠠᠤᠯᠢ ᠬᠡᠷᠡᠭᠵᠢᠭᠦᠯᠬᠦ ᠵᠢᠨ ᠲᠤᠰᠠᠭ᠋ᠠᠷ ᠴᠢᠨᠠᠷ᠂ ᠨᠢᠭᠡᠳᠦᠯᠲᠦ ᠴᠢᠨᠠᠷ᠂ ᠡᠷᠬᠡ ᠰᠦᠷᠲᠦ ᠴᠢᠨᠠᠷ ᠪᠠ ᠪᠦᠲᠦᠮᠵᠢᠲᠡᠢ ᠴᠢᠨᠠᠷ᠎ᠢ ᠴᠢᠩᠭ᠋ᠠᠷᠠᠭᠤᠯᠤᠨ᠂ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠢ ᠪᠠᠢ᠌ᠭᠤᠯᠤᠨ᠂ ᠡᠬᠡ ᠤᠯᠤᠰ᠎ᠤᠨ ᠤᠮᠠᠷᠠᠲᠤ ᠵᠢᠨ ᠲᠦᠮᠡᠨ ᠭᠠᠵᠠᠷ᠎ᠤᠨ ᠨᠣᠭᠣᠭ᠋ᠠᠨ ᠥᠩᠭᠡᠲᠦ ᠤᠷᠲᠤ ᠴᠠᠭ᠋ᠠᠨ ᠬᠡᠷᠡᠮ᠎ᠢ ᠴᠣᠭᠴᠠᠯᠠᠨ ᠪᠠᠢ᠌ᠭᠤᠯᠬᠤ᠎ᠳᠤ ᠪᠠᠲᠤ ᠴᠢᠩᠭ᠎ᠠ ᠪᠠᠢ᠌ᠭᠤᠯᠤᠯ᠎ᠤᠨ ᠪᠠᠲᠤᠯᠠᠭ᠎ᠠ ᠬᠠᠩᠭ᠋ᠠᠨ᠎ᠠ᠃
ᠡᠭᠴᠡ ᠬᠠᠮᠢᠶᠠᠷᠤᠯᠲᠠ ᠵᠢᠨ ᠥᠭᠡᠷᠡᠴᠢᠯᠡᠯᠲᠡ ᠵᠢᠨ ᠠᠵᠢᠯ᠎ᠤᠨ ᠦᠨᠳᠦᠰᠦᠨ ᠵᠠᠷᠴᠢᠮ᠄ ᠠᠵᠢᠯ᠎ᠤᠨ ᠲᠣᠭᠲᠠᠴᠠ ᠵᠢ ᠰᠢᠯᠤᠭᠤᠳᠬᠠᠨ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠢ᠌ᠮᠠᠭ ᠬᠣᠲᠠ ᠂ ᠬᠣᠰᠢᠭᠤ ᠰᠢᠶᠠᠨ (ᠬᠣᠲᠠ᠂ ᠲᠣᠭᠣᠷᠢᠭ) ᠬᠣᠶᠠᠷ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠬᠢᠨᠠᠨ ᠪᠠᠢ᠌ᠴᠠᠭ᠋ᠠᠯᠲᠠ᠎ᠳᠠᠬᠢ ᠬᠠᠮᠢᠶᠠᠷᠤᠯᠲᠠ ᠵᠢ ᠴᠢᠩᠭ᠋ᠠᠷᠠᠭᠤᠯᠤᠨ᠎ᠠ; ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠦᠵᠡᠯ ᠤᠬᠠᠮᠰᠠᠷ᠎ᠢ ᠴᠢᠩᠭ᠋ᠠᠷᠠᠭᠤᠯᠤᠨ᠂ ᠡᠯ᠎ᠡ ᠱᠠᠲᠤᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠠᠴᠠ ᠲᠤᠰ ᠭᠠᠵᠠᠷ ᠣᠷᠣᠨ᠎ᠤ᠎ᠪᠠᠨ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠲᠤ ᠶᠡᠷᠦᠩᠬᠡᠢ ᠬᠠᠷᠢᠭᠤᠴᠠᠯᠭ᠎ᠠ ᠵᠢ ᠡᠭᠦᠷᠭᠡᠯᠡᠨ᠎ᠡ; ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠵᠢ ᠴᠢᠩᠭ᠋ᠠᠳᠬᠠᠵᠤ᠂ ᠣᠷᠣᠨ ᠨᠤᠲᠤᠭ᠎ᠤᠨ ᠪᠠᠢ᠌ᠭᠤᠯᠤᠮᠵᠢ ᠵᠢᠨ ᠥᠭᠡᠷᠡᠴᠢᠯᠡᠯᠲᠡ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯ᠎ᠤᠨ ᠥᠭᠡᠷᠡᠴᠢᠯᠡᠯᠲᠡ᠂ ᠠᠵᠢᠯ ᠦᠢ᠍ᠯᠡᠰ᠎ᠤᠨ ᠨᠢᠭᠡᠴᠢ ᠵᠢᠨ ᠲᠥᠷᠥᠯ ᠬᠤᠪᠢᠶᠠᠬᠤ ᠥᠭᠡᠷᠡᠴᠢᠯᠡᠯᠲᠡ᠂ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠳᠦᠷᠢᠮ᠎ᠤᠨ ᠥᠭᠡᠷᠡᠴᠢᠯᠡᠯᠲᠡ᠂ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠵᠡᠷᠭᠡ ᠵᠢ ᠬᠠᠷᠢᠯᠴᠠᠨ ᠵᠣᠯᠭ᠋ᠠᠯᠳᠤᠭᠤᠯᠤᠨ ᠵᠣᠬᠢᠴᠠᠭᠤᠯᠵᠤ᠂ ᠥᠭᠡᠷᠡᠴᠢᠯᠡᠯᠲᠡ ᠵᠢᠨ ᠶᠡᠷᠦᠩᠬᠡᠢ᠌ᠯᠡᠭᠰᠡᠨ ᠦᠷ᠎ᠡ ᠴᠢᠳᠠᠮᠵᠢ ᠵᠢ ᠳᠡᠭᠡᠭᠰᠢᠯᠡᠭᠦᠯᠦᠨ᠎ᠡ᠃
ᠬᠣᠶᠠᠳᠤᠭ᠋ᠠᠷ ᠬᠡᠰᠡᠭ᠂ ᠭᠣᠣᠯ ᠡᠭᠦᠷᠭᠡ
(ᠨᠢᠭᠡ) ᠡᠯ᠎ᠡ ᠱᠠᠲᠤᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠷᠢᠭᠤᠴᠠᠯᠭ᠎ᠠ ᠵᠢ ᠴᠢᠩᠭ᠋ᠠᠷᠠᠭᠤᠯᠤᠨ᠎ᠠ᠃ ᠨᠢᠭᠡ᠎ᠳᠤ᠂ ᠡᠯ᠎ᠡ ᠱᠠᠲᠤᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠠᠴᠠ ᠠᠮᠢ ᠠᠬᠤᠢ ᠵᠢᠨ ᠣᠷᠴᠢᠨ ᠲᠣᠭᠣᠷᠢᠨ᠎ᠳᠤ ᠶᠡᠷᠦᠩᠬᠡᠢ ᠬᠠᠷᠢᠭᠤᠴᠠᠯᠭ᠎ᠠ ᠵᠢ ᠡᠭᠦᠷᠭᠡᠯᠡᠬᠦ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠤᠨ᠎ᠠ᠃ ᠡᠯ᠎ᠡ ᠱᠠᠲᠤᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠣᠣᠯ ᠴᠣᠭᠴᠠ ᠵᠢᠨ ᠬᠠᠷᠢᠭᠤᠴᠠᠯᠭ᠎ᠠ᠂ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠭᠣᠣᠯ ᠪᠣᠯᠬᠤ ᠤᠳᠤᠷᠢᠳᠬᠤ ᠭᠡᠰᠢᠭᠦᠨ᠎ᠤ ᠭᠣᠣᠯ ᠬᠠᠷᠢᠭᠤᠴᠠᠯᠭ᠎ᠠ ᠪᠠ ᠤᠳᠤᠷᠢᠳᠬᠤ ᠪᠠᠭ᠎ᠤᠨ ᠪᠤᠰᠤᠳ ᠭᠡᠰᠢᠭᠦᠳ᠎ᠤᠨ ᠨᠢᠭᠡ ᠠᠵᠢᠯ᠎ᠤᠨ ᠪᠠᠢ᠌ᠷᠢ᠎ᠳᠤ ᠳᠠᠪᠬᠤᠷ ᠬᠠᠷᠢᠭᠤᠴᠠᠯᠭ᠎ᠠ ᠵᠢ ᠡᠭᠦᠷᠭᠡᠯᠡᠬᠦ ᠵᠢ ᠴᠢᠩᠭ᠋ᠠᠷᠠᠭᠤᠯᠤᠨ᠎ᠠ᠃ ᠬᠣᠶᠠᠷ᠎ᠲᠤ᠂ ᠡᠯ᠎ᠡ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ ᠵᠢ ᠲᠣᠳᠣᠷᠬᠠᠢ᠌ᠯᠠᠨ᠎ᠠ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠪᠦᠬᠦ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ ᠵᠢ ᠨᠢᠭᠡᠳᠦᠯᠲᠡᠢ᠎ᠪᠠᠷ ᠬᠢᠨᠠᠨ ᠬᠠᠮᠢᠶᠠᠷᠬᠤ ᠵᠢ ᠬᠡᠷᠡᠭᠵᠢᠭᠦᠯᠦᠨ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠠᠴᠠ ᠲᠤᠬᠠᠢ ᠵᠢᠨ ᠲᠠᠯᠠᠪᠤᠷ᠎ᠲᠤ ᠬᠠᠤᠯᠢ ᠬᠡᠷᠡᠭᠵᠢᠭᠦᠯᠬᠦ᠎ᠪᠠᠨ ᠴᠢᠩᠭ᠋ᠠᠷᠠᠭᠤᠯᠤᠨ᠎ᠠ᠃ ᠭᠤᠷᠪᠠ᠎ᠳᠤ᠂ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ᠎ᠬᠢᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠷᠢᠭᠤᠴᠠᠯᠭ᠎ᠠ ᠵᠢ ᠲᠣᠳᠣᠷᠬᠠᠢ᠌ᠯᠠᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ᠎ᠬᠢᠨ᠎ᠤ ᠠᠵᠤ ᠦᠢ᠍ᠯᠡᠳᠪᠦᠷᠢ ᠵᠢᠨ ᠪᠣᠬᠢᠷᠲᠤᠯ᠎ᠢ ᠰᠡᠷᠭᠡᠢ᠌ᠯᠡᠨ ᠵᠠᠰᠠᠬᠤ᠂ ᠲᠠᠷᠢᠶᠠᠯᠠᠩ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ᠂ ᠬᠣᠲᠠ ᠬᠥᠳᠡᠭᠡ ᠵᠢᠨ ᠪᠣᠬᠢᠷ ᠤᠰᠤ ᠬᠣᠭ ᠨᠣᠪᠰᠢ ᠵᠢ ᠰᠢᠢ᠍ᠳᠪᠦᠷᠢᠯᠡᠬᠦ᠂ ᠮᠠᠰᠢᠨ ᠲᠡᠷᠭᠡ ᠪᠠ ᠣᠩᠭᠣᠴᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ᠂ ᠤᠯᠤᠰ᠎ᠤᠨ ᠭᠠᠵᠠᠷ ᠰᠢᠷᠣᠢ ᠡᠬᠢ ᠪᠠᠶᠠᠯᠢᠭ᠎ᠢ ᠨᠡᠭᠡᠭᠡᠨ ᠬᠥᠭᠵᠢᠭᠦᠯᠬᠦ᠂ ᠪᠠᠢ᠌ᠭ᠋ᠠᠯᠢ ᠵᠢᠨ ᠠᠮᠢ ᠠᠬᠤᠢ ᠵᠢ ᠬᠠᠮᠠᠭ᠋ᠠᠯᠠᠬᠤ ᠵᠡᠷᠭᠡ ᠲᠠᠯ᠎ᠠ ᠵᠢᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠷᠢᠭᠤᠴᠠᠯᠭ᠎ᠠ ᠵᠢ ᠲᠣᠳᠣᠷᠬᠠᠢ᠌ᠯᠠᠨ᠎ᠠ᠃
(ᠬᠣᠶᠠᠷ) ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠮᠢᠶᠠᠷᠤᠯᠲᠠ ᠵᠢᠨ ᠪᠠᠢ᠌ᠭᠤᠯᠤᠯ᠎ᠳᠤ ᠲᠣᠬᠢᠷᠠᠭᠤᠯᠤᠯᠲᠠ ᠬᠢᠨ᠎ᠡ᠃ᠨᠢᠭᠡ᠎ᠳᠤ᠂ ᠠᠮᠢ ᠠᠬᠤᠢ ᠣᠷᠴᠢᠨ ᠲᠣᠭᠣᠷᠢᠨ᠎ᠤ ᠪᠠᠢ᠌ᠭᠤᠯᠤᠮᠵᠢ ᠵᠢᠨ ᠬᠠᠮᠢᠶᠠᠷᠤᠯᠲᠠ ᠵᠢᠨ ᠪᠠᠢ᠌ᠭᠤᠯᠤᠯ᠎ᠳᠤ ᠲᠣᠬᠢᠷᠠᠭᠤᠯᠤᠯᠲᠠ ᠬᠢᠨ᠎ᠡ᠃ ᠠᠢ᠌ᠮᠠᠭ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠵᠶ᠋ᠡᠷ ᠭᠣᠣᠯ ᠪᠣᠯᠭ᠋ᠠᠭᠰᠠᠨ ᠳᠠᠪᠬᠤᠷ ᠬᠠᠮᠢᠶᠠᠷᠤᠯᠲᠠ ᠵᠢ ᠬᠡᠷᠡᠭᠵᠢᠭᠦᠯᠦᠨ᠎ᠡ; ᠬᠣᠰᠢᠭᠤ ᠰᠢᠶᠠᠨ (ᠬᠣᠲᠠ᠂ ᠲᠣᠭᠣᠷᠢᠭ)᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠢ ᠠᠢ᠌ᠮᠠᠭ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠲᠣᠮᠢᠯᠠᠭᠰᠠᠨ ᠪᠠᠢ᠌ᠭᠤᠯᠤᠮᠵᠢ ᠪᠣᠯᠭ᠋ᠠᠨ ᠲᠣᠬᠢᠷᠠᠭᠤᠯᠤᠯᠲᠠ ᠬᠢᠨ᠎ᠡ᠃ ᠬᠣᠶᠠᠷ᠎ᠲᠤ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠢ᠌ᠴᠠᠭ᠋ᠠᠬᠤ ᠠᠵᠢᠯ᠎ᠢ ᠴᠢᠩᠭ᠋ᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠠᠮᠢ ᠠᠬᠤᠢ ᠵᠢᠨ ᠣᠷᠴᠢᠨ ᠲᠣᠭᠣᠷᠢᠨ᠎ᠤ ᠬᠢᠨᠠᠨ ᠪᠠᠢ᠌ᠴᠠᠭ᠋ᠠᠬᠤ ᠡᠭᠦᠷᠭᠡ ᠴᠢᠳᠠᠮᠵᠢ ᠵᠢ ᠨᠢᠭᠡᠳᠦᠯᠲᠡᠢ ᠬᠡᠷᠡᠭᠵᠢᠭᠦᠯᠵᠦ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠢ᠌ᠴᠠᠭ᠋ᠠᠬᠤ ᠲᠤᠰᠬᠠᠢ ᠲᠤᠰᠢᠶᠠᠯᠲᠠᠨ᠎ᠤ ᠳᠦᠷᠢᠮ᠎ᠢ ᠪᠠᠢ᠌ᠭᠤᠯᠤᠨ᠎ᠠ᠃ ᠭᠤᠷᠪᠠ᠎ᠳᠤ᠂ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠬᠦ ᠬᠠᠮᠢᠶᠠᠷᠤᠯᠲᠠ ᠵᠢᠨ ᠪᠠᠢ᠌ᠭᠤᠯᠤᠯ᠎ᠳᠤ ᠲᠣᠬᠢᠷᠠᠭᠤᠯᠤᠯᠲᠠ ᠬᠢᠨ᠎ᠡ᠃ ᠥᠪᠡᠷᠲᠡᠭᠡᠨ ᠵᠠᠰᠠᠬᠤ ᠣᠷᠣᠨ ᠵᠢᠴᠢ ᠡᠯ᠎ᠡ ᠠᠢ᠌ᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠠᠮᠢ ᠠᠬᠤᠢ ᠵᠢᠨ ᠣᠷᠴᠢᠨ ᠲᠣᠭᠣᠷᠢᠨ᠎ᠤ ᠶᠠᠰᠤ ᠴᠢᠨᠠᠷ᠎ᠢ ᠬᠢᠨᠠᠨ ᠬᠡᠮᠵᠢᠬᠦ᠂ ᠪᠠᠢ᠌ᠴᠠᠭ᠋ᠠᠨ ᠦᠨᠡᠯᠡᠬᠦ ᠪᠠ ᠰᠢᠯᠭ᠋ᠠᠨ ᠬᠢᠨᠠᠬᠤ ᠠᠵᠢᠯ᠎ᠢ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠨᠢᠭᠡᠳᠦᠯᠲᠡᠢ ᠬᠠᠷᠢᠭᠤᠴᠠᠵᠤ᠂ ᠣᠳᠣ ᠵᠢᠨ ᠪᠠᠢ᠌ᠭ᠎ᠠ ᠬᠣᠰᠢᠭᠤ ᠰᠢᠶᠠᠨ (ᠬᠣᠲᠠ᠂ ᠲᠣᠭᠣᠷᠢᠭ)᠎ᠤ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠬᠦ ᠪᠠᠢ᠌ᠭᠤᠯᠤᠮᠵᠢ ᠵᠢᠨ ᠭᠣᠣᠯ ᠪᠣᠯᠬᠤ ᠡᠭᠦᠷᠭᠡ ᠴᠢᠳᠠᠮᠵᠢ ᠵᠢ ᠬᠠᠤᠯᠢ ᠬᠡᠷᠡᠭᠵᠢᠭᠦᠯᠵᠦ ᠬᠢᠨᠠᠨ ᠬᠡᠮᠵᠢᠬᠦ ᠪᠣᠯᠭ᠋ᠠᠨ ᠲᠣᠬᠢᠷᠠᠭᠤᠯᠤᠯᠲᠠ ᠬᠢᠵᠦ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠲᠠᠢ ᠬᠠᠮᠲᠤᠳᠤᠨᠢ ᠠᠢ᠌ᠮᠠᠭ ᠬᠣᠲᠠ ᠬᠦᠷᠲᠡᠯ᠎ᠡ ᠳᠡᠭᠡᠭᠰᠢ ᠴᠣᠮᠬᠠᠳᠬᠠᠨ ᠲᠥᠪᠯᠡᠷᠡᠭᠦᠯᠦᠨ᠎ᠡ᠃ ᠳᠥᠷᠪᠡ᠎ᠳᠤ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠷᠦᠩᠬᠡᠢ᠌ᠯᠡᠭᠰᠡᠨ ᠬᠠᠤᠯᠢ ᠬᠡᠷᠡᠭᠵᠢᠭᠦᠯᠬᠦ ᠠᠵᠢᠯ᠎ᠢ ᠴᠢᠩᠭ᠋ᠠᠳᠬᠠᠨ᠎ᠠ᠃ ᠠᠵᠢᠯ᠎ᠤᠨ ᠭᠣᠣᠯᠳᠠᠯᠭ᠎ᠠ ᠵᠢ ᠠᠢ᠌ᠮᠠᠭ ᠬᠣᠲᠠ᠂ ᠬᠣᠰᠢᠭᠤ ᠰᠢᠶᠠᠨ (ᠬᠣᠲᠠ ᠲᠣᠭᠣᠷᠢᠭ) ᠲᠡᠢ᠌ᠰᠢ ᠳᠣᠷᠣᠭᠰᠢ ᠰᠢᠯᠵᠢᠭᠦᠯᠦᠨ᠂ ᠬᠠᠷᠢᠶᠠᠯᠠᠭᠳᠠᠬᠤ ᠭᠠᠵᠠᠷ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠷᠦᠩᠬᠡᠢ᠌ᠯᠡᠭᠰᠡᠨ ᠬᠠᠤᠯᠢ ᠬᠡᠷᠡᠭᠵᠢᠭᠦᠯᠬᠦ ᠠᠵᠢᠯ᠎ᠢ ᠴᠢᠩᠭ᠋ᠠᠷᠠᠭᠤᠯᠤᠨ᠎ᠠ᠃ ᠠᠢ᠌ᠮᠠᠭ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠤᠰ ᠵᠠᠰᠠᠭ ᠵᠠᠬᠢᠷᠭ᠋ᠠᠨ᠎ᠤ ᠣᠷᠣᠨ ᠪᠦᠰᠡ ᠵᠢᠨ ᠳᠣᠲᠣᠷᠠᠬᠢ ᠬᠣᠰᠢᠭᠤ ᠰᠢᠶᠠᠨ (ᠬᠣᠲᠠ᠂ ᠲᠣᠭᠣᠷᠢᠭ)᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠷᠦᠩᠬᠡᠢ᠌ᠯᠡᠭᠰᠡᠨ ᠬᠠᠤᠯᠢ ᠬᠡᠷᠡᠭᠵᠢᠭᠦᠯᠬᠦ ᠬᠦᠴᠦᠨ᠎ᠢ ᠨᠢᠭᠡᠳᠦᠯᠲᠡᠢ ᠬᠠᠮᠢᠶᠠᠷᠤᠨ᠂ ᠨᠢᠭᠡᠳᠦᠯᠲᠡᠢ ᠵᠢᠯᠣᠭᠣᠳᠴᠤ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠷᠦᠩᠬᠡᠢ᠌ᠯᠡᠭᠰᠡᠨ ᠬᠠᠤᠯᠢ ᠬᠡᠷᠡᠭᠵᠢᠭᠦᠯᠬᠦ ᠪᠠᠢ᠌ᠭᠤᠯᠤᠮᠵᠢ ᠵᠢ ᠵᠠᠰᠠᠭ᠎ᠤᠨ ᠣᠷᠳᠣᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠨ ᠳᠡᠰ ᠳᠠᠷᠠᠭ᠋ᠠᠯᠠᠯ᠎ᠳᠤ ᠣᠷᠣᠭᠤᠯᠵᠤ᠂ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠵᠢᠨ ᠱᠠᠭ᠋ᠠᠷᠳᠠᠯᠭ᠎ᠠ ᠶᠣᠰᠣᠭ᠋ᠠᠷ᠂ ᠬᠠᠤᠯᠢ ᠬᠡᠷᠡᠭᠵᠢᠭᠦᠯᠬᠦ ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠳᠬᠠᠨ᠂ ᠪᠠᠢ᠌ᠴᠠᠭ᠋ᠠᠯᠲᠠ ᠬᠢᠵᠦ ᠭᠡᠷᠡᠴᠢ ᠠᠪᠬᠤ᠂ ᠬᠥᠳᠡᠯᠦᠩᠭᠦᠢ᠎ᠪᠠᠷ ᠬᠠᠤᠯᠢ ᠬᠡᠷᠡᠭᠵᠢᠭᠦᠯᠬᠦ ᠵᠡᠷᠭᠡ ᠪᠠᠭ᠋ᠠᠵᠢ ᠲᠣᠨᠣᠭᠯᠠᠯ᠎ᠢ ᠲᠣᠬᠢᠷᠠᠭᠤᠯᠤᠨ᠎ᠠ᠃ ᠲᠠᠪᠤ᠎ᠳᠤ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠠᠮᠢ ᠠᠬᠤᠢ ᠣᠷᠴᠢᠨ ᠲᠣᠭᠣᠷᠢᠨ᠎ᠤ ᠪᠠᠢ᠌ᠭᠤᠯᠤᠮᠵᠢ ᠵᠢᠨ ᠬᠠᠷᠢᠶ᠎ᠠ ᠠᠵᠤ ᠦᠢ᠍ᠯᠡᠰ᠎ᠤᠨ ᠨᠢᠭᠡᠴᠢ ᠵᠢᠨ ᠥᠭᠡᠷᠡᠴᠢᠯᠡᠯᠲᠡ ᠵᠢ ᠨᠢᠭᠡᠳᠦᠯᠲᠡᠢ ᠲᠥᠯᠥᠪᠯᠡᠨ᠎ᠡ᠃ ᠵᠢᠷᠭᠤᠭ᠎ᠠ᠎ᠳᠤ᠂ ᠰᠠᠴᠤᠷᠠᠭ᠎ᠤᠨ ᠣᠷᠴᠢᠨ ᠲᠣᠭᠣᠷᠢᠨ᠎ᠤ ᠬᠢᠨᠠᠨ ᠬᠡᠮᠵᠢᠬᠦ ᠬᠠᠮᠢᠶᠠᠷᠤᠯᠲᠠ ᠵᠢᠨ ᠪᠠᠢ᠌ᠭᠤᠯᠤᠯ᠎ᠢ ᠰᠢᠯᠤᠭᠤᠳᠬᠠᠨ᠎ᠠ᠃
(ᠭᠤᠷᠪᠠ) ᠠᠮᠢ ᠠᠬᠤᠢ ᠣᠷᠴᠢᠨ ᠲᠣᠭᠣᠷᠢᠨ᠎ᠤ ᠪᠠᠢ᠌ᠭᠤᠯᠤᠮᠵᠢ ᠪᠠ ᠡᠩᠨᠡᠭᠡ ᠵᠢᠨ ᠪᠠᠢ᠌ᠭᠤᠯᠤᠯᠲᠠ ᠵᠢ ᠵᠢᠷᠤᠮᠵᠢᠭᠤᠯᠤᠨ ᠴᠢᠩᠭ᠋ᠠᠳᠬᠠᠨ᠎ᠠ᠃ᠨᠢᠭᠡ᠎ᠳᠤ᠂ ᠠᠮᠢ ᠠᠬᠤᠢ ᠣᠷᠴᠢᠨ ᠲᠣᠭᠣᠷᠢᠨ᠎ᠤ ᠪᠠᠢ᠌ᠭᠤᠯᠤᠮᠵᠢ ᠵᠢᠨ ᠵᠢᠷᠤᠮᠵᠢᠭᠤᠯᠤᠯᠲᠠ ᠵᠢᠨ ᠪᠠᠢ᠌ᠭᠤᠯᠤᠯᠲᠠ ᠵᠢ ᠴᠢᠩᠭ᠋ᠠᠳᠬᠠᠨ᠎ᠠ᠃ ᠣᠷᠣᠨ ᠨᠤᠲᠤᠭ᠎ᠤᠨ ᠣᠳᠣ ᠵᠢᠨ ᠪᠠᠢ᠌ᠭ᠎ᠠ ᠪᠠᠢ᠌ᠭᠤᠯᠤᠮᠵᠢ ᠵᠢᠨ ᠲᠣᠭ᠋ᠠᠨ᠎ᠤ ᠬᠢᠵᠠᠭ᠋ᠠᠷ ᠪᠠ ᠣᠷᠣᠨ ᠲᠣᠭ᠋ᠠᠨ᠎ᠤ ᠶᠡᠷᠦᠩᠬᠡᠢ ᠲᠣᠭ᠎ᠠ ᠵᠢ ᠳᠠᠪᠠᠭᠤᠯᠬᠤ ᠦᠭᠡᠢ ᠤᠷᠢᠳᠠᠯ ᠳᠣᠣᠷ᠎ᠠ᠂ ᠥᠭᠡᠷᠡᠴᠢᠯᠡᠯᠲᠡ᠎ᠳᠤ ᠬᠣᠯᠪᠣᠭᠳᠠᠭᠰᠠᠨ ᠠᠮᠢ ᠠᠬᠤᠢ ᠣᠷᠴᠢᠨ ᠲᠣᠭᠣᠷᠢᠨ᠎ᠤ ᠪᠠᠢ᠌ᠭᠤᠯᠤᠮᠵᠢ ᠵᠢᠨ ᠣᠷᠣᠨ ᠲᠣᠭ᠎ᠠ ᠪᠠ ᠠᠵᠢᠯᠲᠠᠨ᠎ᠤ ᠪᠡᠶ᠎ᠡ ᠭᠠᠷᠤᠯ᠎ᠤᠨ ᠠᠰᠠᠭᠤᠳᠠᠯ᠎ᠢ ᠨᠢᠭᠡᠳᠦᠯᠲᠡᠢ ᠲᠥᠯᠥᠪᠯᠡᠨ ᠰᠢᠢ᠍ᠳᠪᠦᠷᠢᠯᠡᠵᠦ᠂ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠱᠠᠭ᠋ᠠᠷᠳᠠᠯᠭ᠎ᠠ ᠵᠢ ᠪᠠᠲᠤᠯᠠᠨ᠎ᠠ᠃ ᠬᠣᠶᠠᠷ᠎ᠲᠤ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠬᠡᠮᠵᠢᠬᠦ ᠬᠢᠨᠠᠨ ᠪᠠᠢ᠌ᠴᠠᠭ᠋ᠠᠬᠤ ᠬᠠᠤᠯᠢ ᠬᠡᠷᠡᠭᠵᠢᠭᠦᠯᠬᠦ ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠳᠬᠠᠨ᠎ᠠ᠃ ᠭᠤᠷᠪᠠ᠎ᠳᠤ᠂ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠴᠣᠭᠴᠠᠯᠠᠯᠲᠠ ᠵᠢ ᠴᠢᠩᠭ᠋ᠠᠳᠬᠠᠨ᠎ᠠ᠃ ᠠᠢ᠌ᠮᠠᠭ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ᠎ᠬᠢᠨ ᠨᠠᠮ᠎ᠤᠨ ᠤᠳᠤᠷᠢᠳᠬᠤ ᠳᠤᠭᠤᠢ᠌ᠯᠠᠩ᠎ᠢ ᠪᠠᠢ᠌ᠭᠤᠯᠵᠤ᠂ ᠠᠢ᠌ᠮᠠᠭ ᠬᠣᠲᠠ ᠵᠢᠨ ᠨᠠᠮ᠎ᠤᠨ ᠬᠣᠷᠢᠶ᠎ᠠ ᠵᠢᠨ ᠤᠳᠤᠷᠢᠳᠤᠯᠭ᠎ᠠ ᠵᠢ ᠬᠦᠯᠢᠶᠡᠬᠦ ᠵᠢᠨ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠠᠴᠠ ᠨᠠᠮ᠎ᠤᠨ ᠠᠵᠢᠯ᠎ᠤᠨ ᠲᠤᠬᠠᠢ ᠵᠢᠭ᠋ᠠᠪᠤᠷᠢ ᠠᠪᠬᠤ ᠪᠠ ᠮᠡᠳᠡᠭᠦᠯᠦᠨ᠎ᠡ᠃ ᠠᠢ᠌ᠮᠠᠭ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠠᠴᠠ ᠠᠢ᠌ᠮᠠᠭ ᠬᠣᠲᠠ ᠵᠢᠨ ᠨᠠᠮ᠎ᠤᠨ ᠬᠣᠷᠢᠶ᠎ᠠ ᠵᠢᠨ ᠵᠣᠬᠢᠶᠠᠨ ᠪᠠᠢ᠌ᠭᠤᠯᠬᠤ ᠰᠠᠯᠠᠭ᠎ᠠ ᠮᠥᠴᠢᠷ᠎ᠲᠤ ᠮᠡᠳᠡᠭᠦᠯᠵᠦ ᠬᠢᠨᠠᠨ ᠵᠥᠪᠰᠢᠶᠡᠷᠡᠭᠦᠯᠦᠭᠰᠡᠨ᠎ᠤ ᠳᠠᠷᠠᠭ᠎ᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠲᠤ ᠨᠠᠮ᠎ᠤᠨ ᠬᠤᠪᠢᠶᠠᠷᠢ ᠤᠳᠤᠷᠢᠳᠬᠤ ᠳᠤᠭᠤᠢ᠌ᠯᠠᠩ᠎ᠢ ᠪᠠᠢ᠌ᠭᠤᠯᠵᠤ ᠪᠣᠯᠣᠨ᠎ᠠ᠃
(ᠳᠥᠷᠪᠡ) ᠪᠦᠲᠦᠮᠵᠢ ᠰᠠᠢ᠌ᠲᠠᠢ ᠪᠥᠭᠡᠳ ᠵᠣᠬᠢᠴᠠᠩᠭᠤᠢ᠎ᠪᠠᠷ ᠠᠵᠢᠯᠯᠠᠭᠤᠯᠬᠤ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠦᠨ᠎ᠡ᠃ ᠰᠠᠪᠠ ᠭᠠᠵᠠᠷ ᠶᠣᠰᠣᠭ᠋ᠠᠷ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠠᠮᠢᠶᠠᠷᠬᠤ ᠪᠠ ᠶᠡᠷᠦᠩᠬᠡᠢ᠌ᠯᠡᠭᠰᠡᠨ ᠬᠠᠤᠯᠢ ᠬᠡᠷᠡᠭᠵᠢᠭᠦᠯᠬᠦ ᠪᠠᠢ᠌ᠭᠤᠯᠤᠮᠵᠢ᠂ ᠭᠠᠵᠠᠷ ᠣᠷᠣᠨ ᠠᠯᠤᠰᠯᠠᠭᠰᠠᠨ ᠠᠮᠢ ᠠᠬᠤᠢ ᠣᠷᠴᠢᠨ ᠲᠣᠭᠣᠷᠢᠨ᠎ᠤ ᠪᠠᠢ᠌ᠭᠤᠯᠤᠮᠵᠢ ᠲᠣᠬᠢᠷᠠᠭᠤᠯᠬᠤ ᠵᠢ ᠢᠳᠡᠪᠬᠢᠲᠡᠢ᠎ᠪᠠᠷ ᠰᠦᠪᠡᠭᠴᠢᠯᠡᠨ᠂ ᠠᠳᠠᠯᠢ ᠪᠤᠰᠤ ᠬᠦᠷᠢᠶ᠎ᠡ ᠴᠠᠷᠠᠭ᠎ᠠ᠂ ᠠᠳᠠᠯᠢ ᠪᠤᠰᠤ ᠰᠠᠯᠠᠭ᠎ᠠ ᠮᠥᠴᠢᠷ᠂ ᠠᠳᠠᠯᠢ ᠪᠤᠰᠤ ᠳᠡᠰ ᠳᠠᠪᠬᠤᠷᠭ᠎ᠠ ᠵᠢᠨ ᠬᠢᠨᠠᠨ ᠬᠠᠮᠢᠶᠠᠷᠬᠤ ᠬᠦᠴᠦᠨ᠎ᠢ ᠡᠮᠬᠢ ᠵᠢᠷᠤᠮ᠎ᠲᠠᠢ᠎ᠪᠠᠷ ᠨᠡᠢ᠌ᠯᠡᠭᠦᠯᠦᠨ ᠨᠢᠭᠡᠳᠬᠡᠵᠦ᠂ ᠣᠷᠣᠨ ᠪᠦᠰᠡ ᠰᠠᠪᠠ ᠭᠠᠵᠠᠷ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠨᠢᠭᠡᠳᠦᠯᠲᠡᠢ ᠲᠥᠯᠥᠪᠵᠢᠭᠦᠯᠬᠦ᠂ ᠨᠢᠭᠡᠳᠦᠯᠲᠡᠢ ᠪᠠᠷᠢᠮᠵᠢᠶᠠᠯᠠᠬᠤ᠂ ᠣᠷᠴᠢᠨ ᠲᠣᠭᠣᠷᠢᠨ᠎ᠤ ᠨᠥᠯᠥᠭᠡᠯᠡᠯ᠎ᠢ ᠨᠢᠭᠡᠳᠦᠯᠲᠡᠢ ᠦᠨᠡᠯᠡᠬᠦ᠂ ᠨᠢᠭᠡᠳᠦᠯᠲᠡᠢ ᠬᠢᠨᠠᠨ ᠬᠡᠮᠵᠢᠬᠦ᠂ ᠨᠢᠭᠡᠳᠦᠯᠲᠡᠢ ᠬᠠᠤᠯᠢ ᠬᠡᠷᠡᠭᠵᠢᠭᠦᠯᠬᠦ ᠵᠢ ᠪᠡᠶᠡᠯᠡᠭᠦᠯᠦᠨ᠎ᠡ᠃
(ᠲᠠᠪᠤ) ᠥᠭᠡᠷᠡᠴᠢᠯᠡᠯᠲᠡ ᠵᠢ ᠲᠣᠭᠲᠠᠭᠤᠨ ᠪᠥᠭᠡᠳ ᠡᠮᠬᠢ ᠵᠢᠷᠤᠮ᠎ᠲᠠᠢ᠎ᠪᠠᠷ ᠠᠬᠢᠭᠤᠯᠬᠤ ᠵᠢ ᠪᠠᠲᠤᠯᠠᠨ᠎ᠠ᠃ ᠠᠵᠢᠯᠲᠠᠳ᠎ᠢ ᠬᠤᠪᠢᠶᠠᠷᠢᠯᠠᠨ ᠰᠢᠯᠵᠢᠭᠦᠯᠬᠦ ᠠᠵᠢᠯ᠎ᠢ ᠲᠣᠭᠲᠠᠭᠤᠨ ᠵᠶ᠋ᠠᠷ ᠰᠠᠢ᠌ᠲᠤᠷ ᠬᠢᠵᠦ᠂ ᠡᠳ᠋ ᠬᠥᠷᠥᠩᠭᠡ ᠵᠢᠨ ᠥᠭᠴᠡᠭᠡᠨ᠎ᠤ ᠶᠠᠪᠤᠳᠠᠯ᠎ᠢ ᠲᠣᠬᠢᠷᠠᠮᠵᠢᠲᠠᠢ ᠰᠢᠢ᠍ᠳᠪᠦᠷᠢᠯᠡᠨ᠂ ᠵᠠᠷᠤᠳᠠᠯ᠎ᠤᠨ ᠪᠠᠲᠤᠯᠠᠭ᠎ᠠ ᠵᠡᠷᠭᠡ ᠠᠵᠢᠯ᠎ᠢ ᠴᠢᠩᠭ᠋ᠠᠷᠠᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠰᠢᠨ᠎ᠡ ᠬᠠᠭᠤᠴᠢᠨ ᠰᠢᠰᠲ᠋ᠧᠮᠵᠢ ᠵᠢ ᠲᠣᠭᠲᠠᠭᠤᠨ ᠵᠶ᠋ᠠᠷ ᠰᠢᠯᠵᠢᠭᠦᠯᠬᠦ ᠵᠢ ᠪᠠᠲᠤᠯᠠᠨ᠎ᠠ᠃
ᠭᠤᠷᠪᠠᠳᠤᠭ᠋ᠠᠷ ᠬᠡᠰᠡᠭ᠂ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠵᠢ ᠴᠢᠩᠭ᠋ᠠᠳᠬᠠᠨ᠎ᠠ
(ᠨᠢᠭᠡ) ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ ᠵᠢ ᠴᠢᠩᠭ᠋ᠠᠳᠬᠠᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠠᠴᠠ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠪᠠᠢ᠌ᠭᠤᠯᠤᠮᠵᠢ ᠵᠢᠨ ᠬᠢᠨᠠᠨ ᠬᠡᠮᠵᠢᠬᠦ ᠬᠢᠨᠠᠨ ᠪᠠᠢ᠌ᠴᠠᠭ᠋ᠠᠬᠤ ᠬᠠᠤᠯᠢ ᠬᠡᠷᠡᠭᠵᠢᠭᠦᠯᠬᠦ ᠡᠭᠴᠡ ᠬᠠᠮᠢᠶᠠᠷᠤᠯᠲᠠ ᠵᠢᠨ ᠳᠦᠷᠢᠮ᠎ᠤᠨ ᠥᠭᠡᠷᠡᠴᠢᠯᠡᠯᠲᠡ ᠵᠢᠨ ᠠᠵᠢᠯ᠎ᠳᠤ ᠶᠡᠷᠦᠩᠬᠡᠢ ᠬᠠᠷᠢᠭᠤᠴᠠᠯᠭ᠎ᠠ ᠵᠢ ᠡᠭᠦᠷᠭᠡᠯᠡᠨ᠎ᠡ᠃
(ᠬᠣᠶᠠᠷ) ᠰᠠᠯᠠᠭ᠎ᠠ ᠮᠥᠴᠢᠷ᠎ᠤᠳ᠎ᠤᠨ ᠬᠣᠯᠪᠣᠭ᠋ᠠᠯᠠᠨ ᠬᠥᠳᠡᠯᠦᠯᠴᠡᠬᠦ ᠵᠢ ᠴᠢᠩᠭ᠋ᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠂ ᠪᠠᠢ᠌ᠭᠤᠯᠤᠮᠵᠢ ᠣᠷᠣᠨ ᠲᠣᠭ᠎ᠠ᠂ ᠵᠣᠬᠢᠶᠠᠨ ᠪᠠᠢ᠌ᠭᠤᠯᠬᠤ᠂ ᠬᠥᠭᠵᠢᠭᠦᠯᠦᠯᠲᠡ ᠥᠭᠡᠷᠡᠴᠢᠯᠡᠯᠲᠡ᠂ ᠡᠳ᠋᠎ᠤᠨ ᠵᠠᠰᠠᠭ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ᠎ᠤᠨ᠎ᠬᠢᠨ ᠠᠵᠢᠯ ᠵᠶ᠋ᠠᠷ ᠬᠤᠪᠢᠶᠠᠷᠢᠯᠠᠨ ᠬᠠᠷᠢᠭᠤᠴᠠᠵᠤ᠂ ᠨᠢᠭᠲᠠ ᠬᠠᠮᠵᠢᠯᠴᠠᠨ᠂ ᠥᠭᠡᠷᠡᠴᠢᠯᠡᠯᠲᠡ ᠵᠢᠨ ᠠᠵᠢᠯ᠎ᠢ ᠵᠣᠬᠢᠶᠠᠨ ᠪᠠᠢ᠌ᠭᠤᠯᠤᠨ ᠵᠣᠬᠢᠴᠠᠭᠤᠯᠬᠤ ᠵᠢ ᠴᠢᠩᠭ᠋ᠠᠳᠬᠠᠵᠤ᠂ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠰᠤᠳᠤᠯᠤᠨ ᠨᠡᠢ᠌ᠲᠡᠯᠡᠵᠦ᠂ ᠪᠠᠢ᠌ᠭᠤᠯᠤᠮᠵᠢ ᠣᠷᠣᠨ ᠲᠣᠭ᠎ᠠ᠂ ᠠᠵᠢᠯᠲᠠᠳ᠎ᠤᠨ ᠲᠣᠬᠢᠷᠠᠭᠤᠯᠤᠯᠲᠠ᠂ ᠺᠠᠳ᠋ᠷ᠎ᠤᠨ ᠬᠠᠮᠢᠶᠠᠷᠤᠯᠲᠠ᠂ ᠵᠠᠷᠤᠳᠠᠯ᠎ᠤᠨ ᠪᠠᠲᠤᠯᠠᠭ᠎ᠠ ᠵᠡᠷᠭᠡ ᠠᠰᠠᠭᠤᠳᠠᠯ᠎ᠢ ᠨᠢᠭᠡᠳᠦᠯᠲᠡᠢ ᠲᠥᠯᠥᠪᠯᠡᠨ ᠰᠠᠢ᠌ᠲᠤᠷ ᠰᠢᠢ᠍ᠳᠪᠦᠷᠢᠯᠡᠬᠦ ᠬᠡᠷᠡᠭᠲᠡᠢ᠃
(ᠭᠤᠷᠪᠠ) ᠠᠵᠢᠯ᠎ᠤᠨ ᠰᠠᠬᠢᠯᠭ᠎ᠠ ᠪᠠᠲᠤ ᠵᠢ ᠴᠢᠩᠳᠠᠯᠠᠨ ᠴᠢᠩᠭ᠋ᠠᠳᠬᠠᠨ᠎ᠠ᠃ ᠥᠭᠡᠷᠡᠴᠢᠯᠡᠯᠲᠡ ᠵᠢᠨ ᠬᠤᠭᠤᠴᠠᠭ᠋ᠠᠨ᠎ᠳᠤ᠂ ᠤᠯᠤᠰ ᠲᠥᠷᠥ ᠵᠢᠨ ᠰᠠᠬᠢᠯᠭ᠎ᠠ ᠪᠠᠲᠤ᠂ ᠵᠣᠬᠢᠶᠠᠨ ᠪᠠᠢ᠌ᠭᠤᠯᠤᠯᠲᠠ ᠵᠢᠨ ᠰᠠᠬᠢᠯᠭ᠎ᠠ ᠪᠠᠲᠤ᠂ ᠡᠳ᠋᠎ᠤᠨ ᠵᠠᠰᠠᠭ᠎ᠤᠨ ᠰᠠᠬᠢᠯᠭ᠎ᠠ ᠪᠠᠲᠤ᠂ ᠨᠢᠭᠤᠴᠠ ᠵᠢ ᠬᠠᠮᠠᠭ᠋ᠠᠯᠠᠬᠤ ᠰᠠᠬᠢᠯᠭ᠎ᠠ ᠪᠠᠲᠤ ᠵᠡᠷᠭᠡ ᠡᠯ᠎ᠡ ᠵᠦᠢ᠍ᠯ᠎ᠤᠨ ᠰᠠᠬᠢᠯᠭ᠎ᠠ ᠪᠠᠲᠤ ᠵᠢ ᠴᠢᠩᠭ᠋ᠠᠷᠠᠭᠤᠯᠬᠤ ᠬᠡᠷᠡᠭᠲᠡᠢ᠃
(ᠳᠥᠷᠪᠡ) ᠬᠡᠷᠡᠭᠵᠢᠭᠦᠯᠦᠯᠲᠡ ᠵᠢ ᠲᠣᠭᠲᠠᠭᠤᠨ ᠵᠶ᠋ᠠᠷ ᠠᠬᠢᠭᠤᠯᠤᠨ᠎ᠠ᠃ ᠲᠤᠰ ᠬᠡᠷᠡᠭᠵᠢᠭᠦᠯᠬᠦ ᠲᠥᠰᠥᠯ᠎ᠤᠨ ᠱᠠᠭ᠋ᠠᠷᠳᠠᠯᠭ᠎ᠠ ᠶᠣᠰᠣᠭ᠋ᠠᠷ᠂ ᠠᠮᠢ ᠠᠬᠤᠢ ᠣᠷᠴᠢᠨ ᠲᠣᠭᠣᠷᠢᠨ᠎ᠤ ᠪᠠᠢ᠌ᠭᠤᠯᠤᠮᠵᠢ ᠵᠢᠨ ᠬᠢᠨᠠᠨ ᠬᠡᠮᠵᠢᠬᠦ ᠬᠢᠨᠠᠨ ᠪᠠᠢ᠌ᠴᠠᠭ᠋ᠠᠬᠤ ᠬᠠᠤᠯᠢ ᠬᠡᠷᠡᠭᠵᠢᠭᠦᠯᠬᠦ ᠡᠭᠴᠡ ᠬᠠᠮᠢᠶᠠᠷᠤᠯᠲᠠ ᠵᠢᠨ ᠳᠦᠷᠢᠮ᠎ᠤᠨ ᠥᠭᠡᠷᠡᠴᠢᠯᠡᠯᠲᠡ ᠵᠢᠨ ᠠᠵᠢᠯ᠎ᠢ ᠠᠢ᠌ᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠪᠠᠢ᠌ᠭᠤᠯᠤᠮᠵᠢ ᠵᠢᠨ ᠥᠭᠡᠷᠡᠴᠢᠯᠡᠯᠲᠡ᠎ᠳᠤ ᠣᠷᠣᠭᠤᠯᠤᠨ ᠨᠢᠭᠡᠳᠦᠯᠲᠡᠢ ᠲᠥᠯᠥᠪᠯᠡᠨ ᠬᠡᠷᠡᠭᠵᠢᠭᠦᠯᠦᠨ᠎ᠡ᠃ 2019 ᠣᠨ᠎ᠳᠤ ᠬᠣᠯᠪᠣᠭᠳᠠᠯ ᠪᠦᠬᠦᠢ ᠱᠠᠭ᠋ᠠᠷᠳᠠᠯᠭ᠎ᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠪᠠᠢ᠌ᠭᠤᠯᠤᠮᠵᠢ ᠵᠢᠨ ᠬᠢᠨᠠᠨ ᠬᠡᠮᠵᠢᠬᠦ ᠬᠢᠨᠠᠨ ᠪᠠᠢ᠌ᠴᠠᠭ᠋ᠠᠬᠤ ᠬᠠᠤᠯᠢ ᠬᠡᠷᠡᠭᠵᠢᠭᠦᠯᠬᠦ ᠡᠭᠴᠡ ᠬᠠᠮᠢᠶᠠᠷᠤᠯᠲᠠ ᠵᠢᠨ ᠳᠦᠷᠢᠮ᠎ᠤᠨ ᠥᠭᠡᠷᠡᠴᠢᠯᠡᠯᠲᠡ ᠵᠢ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠠᠵᠢᠯ᠎ᠢ ᠪᠦᠬᠦ ᠲᠠᠯ᠎ᠠ᠎ᠪᠠᠷ ᠪᠡᠶᠡᠯᠡᠭᠦᠯᠵᠦ᠂ 2020 ᠣᠨ ᠪᠣᠯᠬᠤ᠎ᠳᠤ ᠪᠦᠬᠦ ᠣᠷᠣᠨ᠎ᠤ ᠡᠯ᠎ᠡ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠢ ᠰᠢᠨ᠎ᠡ ᠳᠦᠷᠢᠮ ᠶᠣᠰᠣᠭ᠋ᠠᠷ ᠪᠦᠲᠦᠮᠵᠢᠲᠡᠢ᠎ᠪᠠᠷ ᠠᠵᠢᠯᠯᠠᠭᠤᠯᠤᠨ᠎ᠠ᠃
ᠳᠡᠭᠡᠷᠡᠬᠢ ᠪᠣᠯ 《ᠲᠥᠰᠥᠯ》᠎ᠤᠨ ᠭᠣᠣᠯ ᠠᠭᠤᠯᠭ᠎ᠠ ᠪᠣᠯᠣᠨ᠎ᠠ᠃ ᠳᠠᠷᠠᠭ᠋ᠠᠴᠢ ᠵᠢᠨ ᠠᠯᠬᠤᠮ᠎ᠳᠤ᠂ ᠪᠢᠳᠡ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠪᠠ ᠶᠡᠷᠦᠩᠬᠡᠢ ᠱᠦᠵᠢ ᠰᠢ ᠵᠢᠨ ᠫᠢᠩ᠎ᠤᠨ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠶᠠᠳᠤᠭ᠋ᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ᠂ 《ᠲᠥᠰᠥᠯ》᠎ᠳᠠᠬᠢ ᠡᠭᠦᠷᠭᠡ ᠵᠢᠨ ᠱᠠᠭ᠋ᠠᠷᠳᠠᠯᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠡᠯ᠎ᠡ ᠵᠦᠢ᠍ᠯ᠎ᠤᠨ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠪᠣᠳᠠᠲᠠᠢ᠌ᠵᠢᠭᠤᠯᠤᠨ ᠴᠢᠩᠭ᠋ᠠᠳᠬᠠᠬᠤ ᠵᠢ ᠬᠦᠴᠦᠨ᠎ᠲᠠᠢ ᠪᠥᠭᠡᠳ ᠡᠮᠬᠢ ᠵᠢᠷᠤᠮ᠎ᠲᠠᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠪᠠᠢ᠌ᠭᠤᠯᠤᠮᠵᠢ ᠵᠢᠨ ᠬᠢᠨᠠᠨ ᠬᠡᠮᠵᠢᠬᠦ ᠬᠢᠨᠠᠨ ᠪᠠᠢ᠌ᠴᠠᠭ᠋ᠠᠬᠤ ᠬᠠᠤᠯᠢ ᠬᠡᠷᠡᠭᠵᠢᠭᠦᠯᠬᠦ ᠡᠭᠴᠡ ᠬᠠᠮᠢᠶᠠᠷᠤᠯᠲᠠ ᠵᠢᠨ ᠳᠦᠷᠢᠮ᠎ᠤᠨ ᠥᠭᠡᠷᠡᠴᠢᠯᠡᠯᠲᠡ ᠵᠢᠨ ᠡᠭᠦᠷᠭᠡ ᠵᠢ ᠴᠢᠨᠠᠷᠯᠢᠭ ᠪᠡᠶᠡᠯᠡᠭᠦᠯᠵᠦ᠂ ᠵᠤᠷᠪᠤᠰ ᠬᠡᠰᠡᠭ᠎ᠢ ᠤᠶᠠᠯᠳᠤᠭᠤᠯᠤᠭᠰᠠᠨ᠂ ᠲᠤᠰ ᠲᠤᠰ᠎ᠤᠨ ᠡᠭᠦᠷᠭᠡ ᠲᠤᠰᠢᠶᠠᠯ ᠵᠶ᠋ᠠᠨ ᠭᠦᠢ᠍ᠴᠡᠳᠬᠡᠭᠰᠡᠨ᠂ ᠡᠷᠬᠡ ᠬᠠᠷᠢᠭᠤᠴᠠᠯᠭ᠎ᠠ ᠲᠣᠳᠣᠷᠬᠠᠢ᠂ ᠪᠠᠲᠤᠯᠠᠭ᠎ᠠ᠎ᠨᠢ ᠬᠦᠴᠦᠨ᠎ᠲᠠᠢ᠂ ᠡᠷᠬᠡ ᠰᠦᠷ᠎ᠲᠠᠢ ᠪᠥᠭᠡᠳ ᠪᠦᠲᠦᠮᠵᠢ ᠰᠠᠢ᠌ᠲᠠᠢ ᠠᠮᠢ ᠠᠬᠤᠢ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠪᠠᠢ᠌ᠭᠤᠯᠤᠯ᠎ᠢ ᠲᠦᠷᠭᠡᠳᠬᠡᠨ ᠪᠠᠢ᠌ᠭᠤᠯᠵᠤ ᠪᠦᠷᠢᠨᠰᠢᠭᠦᠯᠦᠨ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠰᠠᠢ᠌ᠲᠤᠷ ᠬᠢᠵᠦ᠂ ᠡᠬᠡ ᠤᠯᠤᠰ᠎ᠤᠨ ᠤᠮᠠᠷᠠᠲᠤ ᠵᠢᠨ ᠡᠨᠡ ᠬᠦ᠌ ᠦᠵᠡᠰᠬᠦᠯᠡᠩᠲᠦ ᠰᠠᠢ᠌ᠬᠠᠨ ᠦᠵᠡᠮᠵᠢ ᠵᠢᠨ ᠣᠷᠣᠨ᠎ᠢ ᠰᠠᠢ᠌ᠲᠤᠷ ᠰᠠᠬᠢᠨ ᠬᠠᠮᠠᠭ᠋ᠠᠯᠠᠬᠤ᠎ᠳᠤ ᠪᠠᠲᠤ ᠴᠢᠩᠭ᠎ᠠ ᠪᠠᠢ᠌ᠭᠤᠯᠤᠯ ᠲᠣᠭᠲᠠᠴᠠ ᠵᠢᠨ ᠪᠠᠲᠤᠯᠠᠭ᠎ᠠ ᠵᠢ ᠬᠠᠩᠭ᠋ᠠᠨ᠎ᠠ᠃
ᠥᠨᠥᠳᠥᠷ᠎ᠤᠨ ᠰᠣᠨᠢᠨ ᠮᠡᠳᠡᠭᠡ ᠨᠡᠢ᠌ᠲᠡᠯᠡᠬᠦ ᠬᠤᠷᠠᠯ ᠡᠨᠳᠡ ᠬᠦᠷᠦᠭᠡᠳ ᠥᠨᠳᠥᠷᠯᠡᠯ᠎ᠡ᠂ ᠲᠠ ᠨᠠᠷ᠎ᠲᠤ ᠪᠠᠶᠠᠷᠯᠠᠯ᠎ᠠ!