ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠵᠢᠷᠤᠬᠲᠦ᠍ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ 《ᠤᠯᠤᠰ᠎ᠤᠨ ᠠᠮᠤᠷ ᠲᠦᠪᠰᠢᠨ᠎ᠤ ᠶᠡᠷᠦᠩᠬᠡᠢ ᠬᠠᠮᠢᠶᠠᠷᠤᠯᠲᠠ ᠬᠢᠭᠡᠳ ᠳᠤᠮᠳᠠᠳᠤ ᠤᠯᠤᠰ᠎ᠤᠨ ᠤᠯᠤᠰ᠎ᠤᠨ ᠠᠮᠤᠷ ᠲᠦᠪᠰᠢᠨ᠎ᠤ ᠪᠠᠢ᠌ᠯᠳᠤᠬᠤ ᠪᠣᠳᠣᠯᠭ᠎ᠠ》 ᠭᠡᠬᠦ ᠲᠠᠢ᠌ᠯᠤᠮᠵᠢ ᠵᠢ ᠡᠷᠬᠢᠯᠡᠪᠡ
ᠨᠡᠶ᠋ᠢᠲᠡᠯᠡᠭᠰᠡᠨ ᠴᠠᠭ᠄ 2019-03-15

        ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ᠎ᠤ ᠨᠠᠮ᠎ᠤᠨ ᠭᠡᠰᠢᠭᠦᠳ᠎ᠤᠨ 《ᠳᠥᠷᠪᠡᠨ ᠵᠦᠢ᠍ᠯ᠎ᠤᠨ ᠦᠵᠡᠯ ᠤᠬᠠᠮᠰᠠᠷ》᠎ᠢ ᠤᠯᠠᠮ ᠨᠢᠭᠡ ᠠᠯᠬᠤᠮ ᠯᠠᠪᠳᠠᠭᠤᠨ ᠪᠣᠳᠠᠲᠠᠢ ᠪᠣᠢ ᠪᠣᠯᠭ᠋ᠠᠵᠤ᠂ ᠤᠯᠤᠰ᠎ᠤᠨ ᠠᠮᠤᠷ ᠲᠦᠪᠰᠢᠨ᠎ᠤ ᠦᠵᠡᠯᠲᠡ ᠵᠢ᠎ᠨᠢ ᠴᠢᠩᠭ᠋ᠠᠷᠠᠭᠤᠯᠬᠤ ᠵᠢᠨ ᠲᠤᠰᠠᠳᠠ᠂ 3 ᠳ᠋ᠤᠭ᠋ᠠᠷ ᠰᠠᠷ᠎ᠠ ᠵᠢᠨ 8᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ 《ᠤᠯᠤᠰ᠎ᠤᠨ ᠠᠮᠤᠷ ᠲᠦᠪᠰᠢᠨ᠎ᠤ ᠶᠡᠷᠦᠩᠬᠡᠢ ᠬᠠᠮᠢᠶᠠᠷᠤᠯᠲᠠ ᠬᠢᠭᠡᠳ ᠳᠤᠮᠳᠠᠳᠤ ᠤᠯᠤᠰ᠎ᠤᠨ ᠤᠯᠤᠰ᠎ᠤᠨ ᠠᠮᠤᠷ ᠲᠦᠪᠰᠢᠨ᠎ᠤ ᠪᠠᠢ᠌ᠯᠳᠤᠬᠤ ᠪᠣᠳᠣᠯᠭ᠎ᠠ》 ᠭᠡᠬᠦ ᠲᠠᠢ᠌ᠯᠤᠮᠵᠢ ᠵᠢ ᠡᠷᠬᠢᠯᠡᠵᠦ᠂ ᠲᠥᠪ᠎ᠤᠨ ᠨᠠᠮ᠎ᠤᠨ ᠰᠤᠷᠭ᠋ᠠᠭᠤᠯᠢ ᠵᠢᠨ ᠫᠷᠣᠹᠧᠰᠰᠣᠷ ᠵᠠᠩ ᠱ᠌ᠢ ᠷᠦᠩ᠎ᠢ ᠤᠷᠢᠵᠤ 《ᠤᠯᠤᠰ᠎ᠤᠨ ᠠᠮᠤᠷ ᠲᠦᠪᠰᠢᠨ᠎ᠤ ᠶᠡᠷᠦᠩᠬᠡᠢ ᠬᠠᠮᠢᠶᠠᠷᠤᠯᠲᠠ ᠬᠢᠭᠡᠳ ᠳᠤᠮᠳᠠᠳᠤ ᠤᠯᠤᠰ᠎ᠤᠨ ᠤᠯᠤᠰ᠎ᠤᠨ ᠠᠮᠤᠷ ᠲᠦᠪᠰᠢᠨ᠎ᠤ ᠪᠠᠢ᠌ᠯᠳᠤᠬᠤ ᠪᠣᠳᠣᠯᠭ᠎ᠠ》 ᠭᠡᠬᠦ ᠲᠤᠰᠬᠠᠢ ᠰᠡᠳᠦᠪᠲᠦ ᠲᠠᠢ᠌ᠯᠤᠮᠵᠢ ᠬᠢᠯᠭᠡᠵᠡᠢ᠃
      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠳ᠋ᠦ᠋ ᠵᠢᠶᠦ᠋ᠨ ᠹᠧᠩ ᠲᠠᠢ᠌ᠯᠤᠮᠵᠢ ᠵᠢ ᠡᠷᠬᠢᠯᠡᠪᠡ᠃
      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠤᠳᠤᠷᠢᠳᠬᠤ ᠪᠠᠭ᠎ᠤᠨ ᠭᠡᠰᠢᠭᠦᠳ᠂ ᠲᠢᠩᠬᠢᠮ᠎ᠤᠨ ᠪᠠᠢ᠌ᠭᠤᠯᠭ᠎ᠠ ᠵᠢᠨ ᠡᠯ᠎ᠡ ᠭᠠᠵᠠᠷ ᠲᠠᠰᠤᠭ᠂ ᠬᠠᠷᠢᠶᠠᠯᠠᠭᠳᠠᠬᠤ ᠠᠵᠢᠯ ᠦᠢ᠍ᠯᠡᠰ᠎ᠤᠨ ᠨᠢᠭᠡᠴᠢ ᠵᠢᠨ ᠪᠦᠬᠦ ᠨᠠᠮ᠎ᠤᠨ ᠭᠡᠰᠢᠭᠦᠨ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠵᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠪᠦᠬᠦ ᠨᠠᠮ᠎ᠤᠨ ᠭᠡᠰᠢᠭᠦᠨ ᠥᠪᠡᠷᠲᠡᠭᠡᠨ ᠵᠠᠰᠠᠬᠤ ᠣᠷᠣᠨ᠎ᠤ ᠭᠣᠣᠯ ᠬᠤᠷᠠᠯ᠎ᠤᠨ ᠲᠠᠯᠠᠪᠤᠷ᠎ᠲᠤ ᠲᠠᠢ᠌ᠯᠤᠮᠵᠢ ᠵᠢ ᠰᠣᠨᠣᠰᠤᠨ᠂ ᠡᠯ᠎ᠡ ᠠᠢ᠌ᠮᠠᠭ ᠬᠣᠲᠠ ᠪᠠ ᠮᠠᠨᠵᠤᠤᠷ ᠬᠣᠲᠠ᠂ ᠡᠷᠢᠶᠡᠨ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠂ ᠡᠯ᠎ᠡ ᠬᠣᠰᠢᠭᠤ ᠰᠢᠶᠠᠨ (ᠬᠣᠲᠠ᠂ ᠲᠣᠭᠣᠷᠢᠭ)᠎ᠤ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠤᠳᠤᠷᠢᠳᠬᠤ ᠪᠠᠭ᠎ᠤᠨ ᠭᠡᠰᠢᠭᠦᠳ᠂ ᠪᠠᠢ᠌ᠭᠤᠯᠭ᠎ᠠ᠂ ᠬᠣᠶᠠᠳᠤᠭ᠋ᠠᠷ ᠱᠠᠲᠤᠨ᠎ᠤ ᠨᠢᠭᠡᠴᠢ᠂ ᠲᠣᠮᠢᠯᠠᠨ ᠰᠠᠭᠤᠯᠭ᠋ᠠᠭᠰᠠᠨ ᠰᠠᠬᠢᠯᠭ᠎ᠠ ᠪᠠᠲᠤ ᠪᠠᠢ᠌ᠴᠠᠭ᠋ᠠᠵᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠪᠦᠬᠦ ᠨᠠᠮ᠎ᠤᠨ ᠭᠡᠰᠢᠭᠦᠨ ᠠᠢ᠌ᠮᠠᠭ ᠬᠣᠲᠠ ᠵᠢᠨ ᠰᠠᠯᠪᠤᠷᠢ ᠬᠤᠷᠠᠯ᠎ᠤᠨ ᠲᠠᠯᠠᠪᠤᠷ᠎ᠲᠤ ᠲᠠᠢ᠌ᠯᠤᠮᠵᠢ ᠵᠢ ᠰᠣᠨᠣᠰᠴᠠᠢ᠃


     

      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ 《ᠤᠯᠤᠰ᠎ᠤᠨ ᠠᠮᠤᠷ ᠲᠦᠪᠰᠢᠨ᠎ᠤ ᠶᠡᠷᠦᠩᠬᠡᠢ ᠬᠠᠮᠢᠶᠠᠷᠤᠯᠲᠠ ᠬᠢᠭᠡᠳ ᠳᠤᠮᠳᠠᠳᠤ ᠤᠯᠤᠰ᠎ᠤᠨ ᠤᠯᠤᠰ᠎ᠤᠨ ᠠᠮᠤᠷ ᠲᠦᠪᠰᠢᠨ᠎ᠤ ᠪᠠᠢ᠌ᠯᠳᠤᠬᠤ ᠪᠣᠳᠣᠯᠭ᠎ᠠ》 ᠭᠡᠬᠦ ᠲᠠᠢ᠌ᠯᠤᠮᠵᠢ ᠵᠢ ᠡᠷᠬᠢᠯᠡᠵᠦ ᠪᠠᠢ᠌ᠨ᠎ᠠ



     

      ᠲᠥᠪ᠎ᠤᠨ ᠨᠠᠮ᠎ᠤᠨ ᠰᠤᠷᠭ᠋ᠠᠭᠤᠯᠢ ᠵᠢᠨ ᠫᠷᠣᠹᠧᠰᠰᠣᠷ ᠵᠠᠩ ᠱ᠌ᠢ ᠷᠦᠩ 《ᠤᠯᠤᠰ᠎ᠤᠨ ᠠᠮᠤᠷ ᠲᠦᠪᠰᠢᠨ᠎ᠤ ᠶᠡᠷᠦᠩᠬᠡᠢ ᠬᠠᠮᠢᠶᠠᠷᠤᠯᠲᠠ ᠬᠢᠭᠡᠳ ᠳᠤᠮᠳᠠᠳᠤ ᠤᠯᠤᠰ᠎ᠤᠨ ᠤᠯᠤᠰ᠎ᠤᠨ ᠠᠮᠤᠷ ᠲᠦᠪᠰᠢᠨ᠎ᠤ ᠪᠠᠢ᠌ᠯᠳᠤᠬᠤ ᠪᠣᠳᠣᠯᠭ᠎ᠠ》 ᠭᠡᠬᠦ ᠲᠤᠰᠬᠠᠢ ᠰᠡᠳᠦᠪᠲᠦ ᠲᠠᠢ᠌ᠯᠤᠮᠵᠢ ᠬᠢᠵᠦ ᠪᠠᠢ᠌ᠨ᠎ᠠ



     

      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠳ᠋ᠦ᠋ ᠵᠢᠶᠦ᠋ᠨ ᠹᠧᠩ ᠲᠠᠢ᠌ᠯᠤᠮᠵᠢ ᠵᠢ ᠡᠷᠬᠢᠯᠡᠵᠦ ᠪᠠᠢ᠌ᠨ᠎ᠠ

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠲᠥᠪ᠎ᠤᠨ ᠶᠠᠳᠠᠭᠤ᠎ᠠᠴᠠ ᠠᠩᠭᠢᠵᠢᠷᠠᠭᠤᠯᠤᠨ ᠰᠢᠪᠲᠤᠯᠤᠯᠲᠠ ᠬᠢᠬᠦ ᠵᠢ ᠲᠤᠰᠬᠠᠢ ᠵᠦᠢ᠍ᠯ ᠵᠶ᠋ᠡᠷ ᠲᠣᠭᠣᠷᠢᠨ ᠪᠠᠢ᠌ᠴᠠᠭ᠋ᠠᠵᠤ ᠴᠡᠭᠴᠡᠯᠡᠨ ᠥᠭᠡᠷᠡᠴᠢᠯᠡᠵᠦ ᠨᠠᠢ᠌ᠳᠠᠪᠤᠷᠢᠵᠢᠭᠤᠯᠬᠤ ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ᠎ᠤᠨ ᠬᠤᠷᠠᠯ᠎ᠤᠨ ᠭᠣᠣᠯ ᠳᠤᠭᠤᠢ᠌ᠯᠠᠩ (ᠥᠷᠭᠡᠳᠬᠡᠭᠰᠡᠨ)᠎ᠤᠨ ᠰᠤᠷᠤᠯᠴᠠᠨ ᠶᠠᠷᠢᠯᠴᠠᠬᠤ ᠬᠤᠷᠠᠯ᠎ᠢ ᠬᠤᠷᠠᠯᠳᠤᠭᠤᠯᠪᠠ
ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠰᠣᠨᠢᠨ᠎ᠤ ᠥᠪᠥᠷ ᠮᠣᠩᠭᠣᠯ᠎ᠳᠤ ᠰᠠᠭᠤᠭ᠎ᠠ ᠰᠤᠷᠪᠤᠯᠵᠢᠯᠠᠭᠴᠢ ᠵᠢᠨ ᠥᠷᠲᠡᠭᠡ ᠵᠢᠨ᠎ᠬᠢᠨ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠢᠳᠡᠪᠬᠢᠲᠡᠢ ᠦᠢ᠍ᠯᠡᠳᠦᠯᠭᠡᠵᠢᠭᠦᠯᠵᠦ ᠦᠨᠳᠦᠰᠦᠨ ᠱᠠᠲᠤᠨ᠎ᠳᠤ ᠭᠦᠨᠵᠡᠭᠡᠢ᠌ᠷᠡᠨ ᠰᠤᠷᠪᠤᠯᠵᠢᠯᠠᠨ ᠮᠡᠳᠡᠭᠡᠯᠡᠪᠡ
ᠮᠠᠨ᠎ᠤ ᠣᠷᠣᠨ ᠤᠰᠤ ᠰᠢᠢ᠍ᠳᠪᠦᠷᠢᠯᠡᠬᠦ ᠵᠢᠴᠢ ᠭᠦᠸᠧᠯᠦ ᠵᠢᠨ ᠠᠵᠢᠯ ᠲᠥᠷᠥᠯ᠎ᠤᠨ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠭᠤᠶᠤᠴᠢᠯᠠᠬᠤ ᠵᠢ ᠬᠢᠨᠠᠨ ᠬᠠᠷᠭᠤᠭᠤᠯᠬᠤ ᠪᠣᠯᠪᠠᠰᠤᠷᠠᠭᠤᠯᠤᠯ᠎ᠢ ᠥᠷᠨᠢᠭᠦᠯᠪᠡ
ᠪᠡᠶᠡᠯᠡᠭᠦᠯᠬᠦ ᠴᠠᠭ᠎ᠤᠨ ᠬᠢᠵᠠᠭ᠋ᠠᠷ ᠪᠠ ᠬᠠᠷᠢᠭᠤᠴᠠᠬᠤ ᠬᠥᠮᠥᠨ᠎ᠢ ᠲᠣᠳᠣᠷᠬᠠᠢ᠌ᠯᠠᠵᠤ ᠲᠠᠢ᠌ᠭ᠎ᠠ ᠨᠠᠭᠤᠷ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠯᠲᠠ ᠵᠢᠨ ᠲᠥᠷᠥᠯ ᠵᠦᠢ᠍ᠯ᠎ᠢ ᠲᠣᠭᠲᠠᠭᠤᠨ ᠵᠶ᠋ᠠᠷ ᠠᠬᠢᠭᠤᠯᠵᠤ ᠪᠠᠢ᠌ᠨ᠎ᠠ
ᠥᠪᠡᠷᠲᠡᠭᠡᠨ ᠵᠠᠰᠠᠬᠤ ᠣᠷᠣᠨ᠎ᠠᠴᠠ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠣᠨᠢᠨ ᠮᠡᠳᠡᠭᠡ ᠨᠡᠢ᠌ᠲᠡᠯᠡᠬᠦ ᠬᠤᠷᠠᠯ᠎ᠢ ᠬᠤᠷᠠᠯᠳᠤᠭᠤᠯᠪᠠ
 
             蒙ICP备05000248号