3 ᠳ᠋ᠤᠭ᠋ᠠᠷ ᠰᠠᠷ᠎ᠠ ᠵᠢᠨ 13᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ 2018 ᠣᠨ᠎ᠤ ᠲᠢᠩᠬᠢᠮ᠎ᠤᠨ ᠰᠢᠰᠲ᠋ᠧᠮ᠎ᠤᠨ᠎ᠬᠢᠨ᠎ᠤ ᠰᠢᠯᠭ᠋ᠠᠨ ᠬᠢᠨᠠᠯᠲᠠ ᠵᠢᠨ ᠠᠵᠢᠯ᠎ᠤᠨ ᠬᠤᠷᠠᠯ᠎ᠢ ᠬᠤᠷᠠᠯᠳᠤᠭᠤᠯᠵᠠᠢ᠃
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠰᠢᠶᠠᠩ ᠳ᠋ᠦᠩ ᠵᠢᠴᠢ ᠠᠵᠢᠯ᠎ᠤᠨ ᠪᠠᠢ᠌ᠷᠢ᠎ᠳᠤ᠎ᠪᠠᠨ ᠪᠠᠢ᠌ᠭ᠎ᠠ ᠲᠢᠩᠬᠢᠮ᠎ᠤᠨ ᠤᠳᠤᠷᠢᠳᠤᠯᠭ᠎ᠠ ᠨᠠᠷ ᠬᠤᠷᠠᠯ᠎ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠵᠠᠩ ᠬᠤᠢ ᠢᠦᠢ ᠬᠤᠷᠠᠯ ᠡᠷᠬᠢᠯᠡᠭᠰᠡᠨ᠎ᠤ ᠬᠠᠮᠲᠤ ᠶᠠᠷᠢᠶ᠎ᠠ ᠲᠠᠯᠪᠢᠵᠠᠢ᠃
ᠬᠤᠷᠠᠯ᠎ᠠᠴᠠ ᠲᠢᠩᠬᠢᠮ᠎ᠤᠨ ᠪᠠᠢ᠌ᠭᠤᠯᠭ᠎ᠠ ᠵᠢᠨ ᠡᠯ᠎ᠡ ᠭᠠᠵᠠᠷ ᠲᠠᠰᠤᠭ ᠪᠠ ᠬᠠᠷᠢᠶᠠᠯᠠᠭᠳᠠᠬᠤ ᠠᠵᠢᠯ ᠦᠢ᠍ᠯᠡᠰ᠎ᠤᠨ ᠨᠢᠭᠡᠴᠢ ᠵᠢᠨ ᠭᠣᠣᠯ ᠬᠠᠷᠢᠭᠤᠴᠠᠯᠭ᠋ᠠᠲᠠᠳ᠎ᠤᠨ 2018 ᠣᠨ᠎ᠤ ᠠᠵᠢᠯ ᠵᠶ᠋ᠠᠨ ᠳ᠋ᠦᠩᠨᠡᠭᠰᠡᠨ ᠲᠤᠰᠢᠶᠠᠯ᠎ᠤᠨ ᠲᠣᠭ᠋ᠠᠴᠢᠯᠲᠠ ᠵᠢᠨ ᠮᠡᠳᠡᠭᠦᠯᠦᠯᠲᠡ ᠵᠢ ᠰᠣᠨᠣᠰᠴᠤ᠂ ᠡᠯ᠎ᠡ ᠭᠠᠵᠠᠷ ᠲᠠᠰᠤᠭ ᠨᠢᠭᠡᠴᠢ ᠵᠢᠨ ᠠᠵᠢᠯ᠎ᠤᠨ ᠦᠷ᠎ᠡ ᠪᠦᠲᠦᠮᠵᠢ᠂ ᠤᠳᠤᠷᠢᠳᠬᠤ ᠪᠠᠭ᠎ᠤᠨ ᠠᠵᠢᠯᠯᠠᠭ᠋ᠠᠨ᠎ᠤ ᠪᠠᠢ᠌ᠳᠠᠯ ᠪᠠ ᠤᠳᠤᠷᠢᠳᠬᠤ ᠺᠠᠳ᠋ᠷᠴᠤᠳ᠎ᠤᠨ ᠲᠤᠰᠢᠶᠠᠯ ᠵᠶ᠋ᠠᠨ ᠭᠦᠢ᠍ᠴᠡᠳᠬᠡᠭᠰᠡᠨ ᠪᠠᠢ᠌ᠳᠠᠯ᠎ᠢ ᠪᠦᠬᠦ ᠲᠠᠯ᠎ᠠ᠎ᠪᠠᠷ ᠣᠢ᠌ᠯᠠᠭ᠋ᠠᠨ ᠡᠵᠡᠮᠰᠢᠭᠰᠡᠨ᠎ᠤ ᠬᠠᠮᠲᠤ᠂ ᠬᠤᠷᠠᠯ᠎ᠳᠤ ᠣᠷᠣᠯᠴᠠᠭᠰᠠᠳ᠎ᠠᠴᠠ ᠲᠤᠰᠢᠶᠠᠯ᠎ᠤᠨ ᠲᠣᠭ᠋ᠠᠴᠢᠯᠲᠠ ᠵᠢᠨ ᠠᠭᠤᠯᠭ᠎ᠠ ᠵᠢᠨ ᠲᠤᠬᠠᠢ ᠠᠷᠠᠳᠴᠢᠯᠠᠭᠰᠠᠨ ᠰᠢᠯᠭ᠋ᠠᠨ ᠦᠨᠡᠯᠡᠯᠲᠡ ᠬᠢᠵᠡᠢ᠃
ᠵᠠᠩ ᠬᠤᠢ ᠢᠦᠢ ᠵᠢᠭ᠋ᠠᠬᠤ᠎ᠳᠤ᠎ᠪᠠᠨ᠂ ᠣᠨ᠎ᠤ ᠰᠢᠯᠭ᠋ᠠᠨ ᠬᠢᠨᠠᠯᠲᠠ ᠵᠢᠨ ᠠᠵᠢᠯ᠎ᠢ ᠥᠷᠨᠢᠭᠦᠯᠬᠦ ᠪᠣᠯ ᠳᠠᠷᠤᠢ ᠡᠯ᠎ᠡ ᠭᠠᠵᠠᠷ ᠲᠠᠰᠤᠭ ᠪᠠ ᠬᠠᠷᠢᠶᠠᠯᠠᠭᠳᠠᠬᠤ ᠠᠵᠢᠯ ᠦᠢ᠍ᠯᠡᠰ᠎ᠤᠨ ᠨᠢᠭᠡᠴᠢ ᠵᠢᠨ ᠤᠳᠤᠷᠢᠳᠬᠤ ᠪᠠᠭ ᠪᠠ ᠺᠠᠳ᠋ᠷ᠎ᠤᠨ ᠡᠩᠨᠡᠭᠡ ᠵᠢᠨ ᠪᠠᠢ᠌ᠭᠤᠯᠤᠯᠲᠠ ᠵᠢᠨ ᠪᠠᠢ᠌ᠳᠠᠯ᠂ ᠲᠤᠰᠢᠶᠠᠯ ᠵᠶ᠋ᠠᠨ ᠭᠦᠢ᠍ᠴᠡᠳᠬᠡᠭᠰᠡᠨ ᠪᠠᠢ᠌ᠳᠠᠯ ᠪᠠ ᠠᠵᠢᠯ᠎ᠤᠨ ᠪᠠᠢ᠌ᠳᠠᠯ᠎ᠢ ᠪᠦᠬᠦ ᠲᠠᠯ᠎ᠠ᠎ᠪᠠᠷ ᠣᠢ᠌ᠯᠭ᠋ᠠᠬᠤ ᠵᠢᠨ ᠲᠥᠯᠥᠭᠡ ᠶᠤᠮ᠃ ᠥᠩᠭᠡᠷᠡᠭᠰᠡᠨ᠎ᠤ ᠨᠢᠭᠡ ᠵᠢᠯ᠎ᠳᠤ᠂ ᠡᠯ᠎ᠡ ᠭᠠᠵᠠᠷ ᠲᠠᠰᠤᠭ ᠪᠠ ᠬᠠᠷᠢᠶᠠᠯᠠᠭᠳᠠᠬᠤ ᠠᠵᠢᠯ ᠦᠢ᠍ᠯᠡᠰ᠎ᠤᠨ ᠨᠢᠭᠡᠴᠢ᠎ᠠᠴᠠ ᠲᠥᠪ ᠪᠠ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠲᠤᠬᠠᠢ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠭᠦᠨᠵᠡᠭᠡᠢ ᠲᠤᠭᠤᠰᠢᠯᠠᠭᠤᠯᠤᠨ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠠᠵᠢᠯ᠎ᠤᠨ ᠲᠣᠬᠢᠷᠠᠭᠤᠯᠤᠯᠲᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠡᠭᠦᠷᠭᠡ ᠲᠤᠰᠢᠶᠠᠯ ᠵᠶ᠋ᠠᠨ ᠭᠦᠢ᠍ᠴᠡᠳᠬᠡᠨ᠂ ᠬᠠᠷᠢᠭᠤᠴᠠᠯᠭ᠎ᠠ ᠡᠭᠦᠷᠭᠡᠯᠡᠨ ᠪᠣᠳᠠᠲᠠᠢ᠎ᠪᠠᠷ ᠠᠵᠢᠯᠯᠠᠵᠤ᠂ ᠶᠡᠬᠡ ᠬᠡᠮᠵᠢᠶᠡᠨ᠎ᠤ ᠦᠷ᠎ᠡ ᠪᠦᠲᠦᠮᠵᠢ᠎ᠲᠠᠢ ᠠᠵᠢᠯ ᠬᠢᠵᠦ᠂ ᠡᠯ᠎ᠡ ᠵᠦᠢ᠍ᠯ᠎ᠤᠨ ᠭᠣᠣᠯᠳᠠᠯᠭ᠎ᠠ᠎ᠲᠠᠢ ᠡᠭᠦᠷᠭᠡ ᠵᠢ ᠯᠠᠪᠳᠠᠭᠤᠨ ᠪᠠᠲᠤᠲᠠᠢ ᠠᠬᠢᠭᠤᠯᠤᠨ᠂ ᠢᠯᠡᠳᠲᠡ ᠦᠷ᠎ᠡ ᠪᠦᠲᠦᠮᠵᠢ ᠣᠯᠪᠠ ᠭᠡᠵᠡᠢ᠃
ᠵᠠᠩ ᠬᠤᠢ ᠢᠦᠢ ᠱᠠᠭ᠋ᠠᠷᠳᠠᠬᠤ᠎ᠳᠤ᠎ᠪᠠᠨ᠂ ᠰᠢᠯᠭ᠋ᠠᠨ ᠬᠢᠨᠠᠯᠲᠠ ᠵᠢᠨ ᠡᠨᠡ ᠬᠦ᠌ ᠳᠣᠬᠢᠭᠤᠷ ᠪᠠ ᠴᠢᠭᠯᠡᠯ ᠵᠢᠭ᠋ᠠᠭᠴᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠰᠢᠯᠭ᠋ᠠᠨ ᠬᠢᠨᠠᠯᠲᠠ ᠵᠢᠨ ᠦᠷ᠎ᠡ ᠳ᠋ᠦᠩ ᠵᠶ᠋ᠡᠷ ᠺᠠᠳ᠋ᠷᠴᠤᠳ᠎ᠢ ᠰᠣᠩᠭᠣᠨ ᠬᠡᠷᠡᠭᠯᠡᠬᠦ᠂ ᠲᠡᠷᠢᠭᠦᠨ᠎ᠤ᠎ᠬᠢ᠎ᠪᠠᠷ ᠦᠨᠡᠯᠡᠵᠦ ᠰᠢᠯᠢᠳᠡᠭ᠎ᠢ ᠱᠠᠩᠨᠠᠬᠤ᠂ ᠬᠠᠷᠢᠭᠤᠴᠠᠯᠭ᠎ᠠ ᠠᠰᠠᠭᠤᠨ ᠨᠡᠬᠡᠮᠵᠢᠯᠡᠬᠦ ᠵᠢᠨ ᠴᠢᠬᠤᠯᠠ ᠦᠨᠳᠦᠰᠦᠯᠡᠯ ᠪᠣᠯᠭ᠋ᠠᠵᠤ᠂ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ᠎ᠢ ᠬᠥᠲᠥᠯᠥᠨ ᠵᠢᠯᠣᠭᠣᠳᠴᠤ ᠪᠠᠢ᠌ᠭ᠋ᠠᠳ 《ᠳᠥᠷᠪᠡᠨ ᠵᠦᠢ᠍ᠯ᠎ᠤᠨ ᠦᠵᠡᠯ ᠤᠬᠠᠮᠰᠠᠷ》᠎ᠢ ᠯᠠᠪᠳᠠᠭᠤᠨ ᠪᠠᠲᠤᠲᠠᠢ ᠪᠣᠢ ᠪᠣᠯᠭ᠋ᠠᠨ᠂ 《ᠳᠥᠷᠪᠡᠨ ᠲᠠᠯ᠎ᠠ ᠵᠢᠨ ᠢᠲᠡᠭᠡᠯ》᠎ᠢ᠎ᠨᠢ ᠪᠠᠲᠤᠳᠬᠠᠵᠤ᠂ ᠬᠡᠢ ᠬᠣᠭᠣᠰᠤᠨ ᠭᠠᠪᠢᠶ᠎ᠠ ᠵᠢᠳᠬᠦᠯ ᠪᠠ ᠨᠡᠷ᠎ᠡ ᠠᠰᠢᠭ᠎ᠢ ᠬᠥᠭᠡᠭᠡᠴᠡᠯᠳᠦᠬᠦ ᠦᠭᠡᠢ᠂ ᠬᠡᠢ᠌ᠰᠪᠦᠷᠢ ᠬᠣᠭᠣᠰᠤᠨ ᠠᠵᠢᠯ᠎ᠢ ᠬᠢᠬᠦ ᠦᠭᠡᠢ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ ᠪᠠ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠤᠳᠠᠭ᠋ᠠᠨ ᠳᠠᠭ᠋ᠠᠭ᠋ᠠᠮᠠᠭ᠋ᠠᠢ ᠳᠠᠢ᠌ᠯᠠᠯᠳᠤᠭ᠋ᠠᠨ᠎ᠢ ᠪᠦᠬᠦ ᠬᠦᠴᠦᠨ ᠵᠶ᠋ᠡᠷ ᠰᠠᠢ᠌ᠲᠤᠷ ᠬᠢᠵᠦ᠂ ᠦᠨᠡᠨ ᠪᠣᠳᠠᠲᠠᠢ ᠦᠢ᠍ᠯᠡ ᠠᠵᠢᠯᠯᠠᠭ᠎ᠠ ᠪᠠ ᠰᠢᠯᠢᠳᠡᠭ ᠬᠢᠷᠢ ᠪᠦᠲᠦᠮᠵᠢ᠎ᠪᠠᠷ ᠶᠡᠷᠦᠩᠬᠡᠢ ᠱᠦᠵᠢ ᠰᠢ ᠵᠢᠨ ᠫᠢᠩ᠎ᠤᠨ ᠭᠣᠣᠯᠯᠠᠭᠴᠢ ᠪᠠᠢ᠌ᠷᠢ ᠰᠠᠭᠤᠷᠢ ᠵᠢ ᠡᠷᠡᠰ ᠬᠠᠮᠠᠭ᠋ᠠᠯᠠᠵᠤ᠂ ᠨᠠᠮ᠎ᠤᠨ ᠲᠥᠪ ᠬᠣᠷᠢᠶ᠎ᠠ ᠵᠢᠨ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠡᠷᠡᠰ ᠬᠠᠮᠠᠭ᠋ᠠᠯᠠᠬᠤ ᠬᠡᠷᠡᠭᠲᠡᠢ ᠭᠡᠵᠡᠢ᠃
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠵᠤ ᠬᠢᠨᠠᠨ ᠪᠠᠢ᠌ᠴᠠᠭ᠋ᠠᠬᠤ ᠳᠤᠭᠤᠢ᠌ᠯᠠᠩ᠂ ᠲᠢᠩᠬᠢᠮ᠎ᠤᠨ ᠪᠠᠢ᠌ᠭᠤᠯᠭ᠎ᠠ ᠵᠢᠨ ᠪᠦᠬᠦ ᠠᠯᠪᠠᠲᠠᠨ᠂ ᠬᠠᠷᠢᠶᠠᠯᠠᠭᠳᠠᠬᠤ ᠡᠯ᠎ᠡ ᠠᠵᠢᠯ ᠦᠢ᠍ᠯᠡᠰ᠎ᠤᠨ ᠨᠢᠭᠡᠴᠢ ᠵᠢᠨ ᠰᠠᠯᠠᠭ᠋ᠠᠨ ᠳᠡᠰ᠎ᠠᠴᠠ ᠳᠡᠭᠡᠭᠰᠢᠬᠢ ᠺᠠᠳ᠋ᠷᠴᠤᠳ ᠬᠤᠷᠠᠯ᠎ᠳᠤ ᠣᠷᠣᠯᠴᠠᠵᠠᠢ᠃

ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ 2018 ᠣᠨ᠎ᠤ ᠲᠢᠩᠬᠢᠮ᠎ᠤᠨ ᠰᠢᠰᠲ᠋ᠧᠮ᠎ᠤᠨ᠎ᠬᠢᠨ᠎ᠤ ᠰᠢᠯᠭ᠋ᠠᠨ ᠬᠢᠨᠠᠯᠲᠠ ᠵᠢᠨ ᠠᠵᠢᠯ᠎ᠤᠨ ᠬᠤᠷᠠᠯ᠎ᠢ ᠬᠤᠷᠠᠯᠳᠤᠭᠤᠯᠵᠤ ᠪᠠᠢ᠌ᠨ᠎ᠠ

ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠰᠢᠶᠠᠩ ᠳ᠋ᠦᠩ ᠬᠤᠷᠠᠯ᠎ᠳᠤ ᠣᠷᠣᠯᠴᠠᠵᠤ ᠪᠠᠢ᠌ᠨ᠎ᠠ

ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠵᠠᠩ ᠬᠤᠢ ᠢᠦᠢ ᠬᠤᠷᠠᠯ ᠡᠷᠬᠢᠯᠡᠭᠰᠡᠨ᠎ᠤ ᠬᠠᠮᠲᠤ ᠶᠠᠷᠢᠶ᠎ᠠ ᠲᠠᠯᠪᠢᠵᠤ ᠪᠠᠢ᠌ᠨ᠎ᠠ




ᠲᠢᠩᠬᠢᠮ᠎ᠤᠨ ᠪᠠᠢ᠌ᠭᠤᠯᠭ᠎ᠠ ᠵᠢᠨ ᠡᠯ᠎ᠡ ᠭᠠᠵᠠᠷ ᠲᠠᠰᠤᠭ ᠪᠠ ᠬᠠᠷᠢᠶᠠᠯᠠᠭᠳᠠᠬᠤ ᠠᠵᠢᠯ ᠦᠢ᠍ᠯᠡᠰ᠎ᠤᠨ ᠨᠢᠭᠡᠴᠢ ᠵᠢᠨ ᠭᠣᠣᠯ ᠬᠠᠷᠢᠭᠤᠴᠠᠯᠭ᠋ᠠᠲᠠᠳ 2018 ᠣᠨ᠎ᠤ ᠠᠵᠢᠯ ᠵᠶ᠋ᠠᠨ ᠳ᠋ᠦᠩᠨᠡᠭᠰᠡᠨ ᠲᠤᠰᠢᠶᠠᠯ᠎ᠤᠨ ᠲᠣᠭ᠋ᠠᠴᠢᠯᠲᠠ ᠵᠢᠨ ᠮᠡᠳᠡᠭᠦᠯᠦᠯᠲᠡ ᠬᠢᠵᠦ ᠪᠠᠢ᠌ᠨ᠎ᠠ