ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠵᠢᠷᠤᠬᠲᠦ᠍ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠲᠥᠪ᠎ᠤᠨ ᠶᠠᠳᠠᠭᠤ᠎ᠠᠴᠠ ᠠᠩᠭᠢᠵᠢᠷᠠᠭᠤᠯᠤᠨ ᠰᠢᠪᠲᠤᠯᠤᠯᠲᠠ ᠬᠢᠬᠦ ᠲᠤᠰᠬᠠᠢ ᠵᠦᠢ᠍ᠯ᠎ᠤᠨ ᠲᠣᠭᠣᠷᠢᠨ ᠪᠠᠢ᠌ᠴᠠᠭ᠋ᠠᠵᠤ ᠴᠡᠭᠴᠡᠯᠡᠨ ᠥᠭᠡᠷᠡᠴᠢᠯᠡᠵᠦ ᠨᠠᠢ᠌ᠳᠠᠪᠤᠷᠢᠵᠢᠭᠤᠯᠬᠤ ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ᠎ᠤᠨ ᠬᠤᠷᠠᠯ᠎ᠢ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2019-04-01

        ᠲᠥᠪ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠯᠲᠡᠢ ᠪᠠᠢ᠌ᠷᠢᠯᠠᠭᠤᠯᠤᠯᠲᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ   ᠰᠠᠬᠢᠯᠭ᠎ᠠ ᠪᠠᠲᠤ   ᠪᠠᠢ᠌ᠴᠠᠭ᠋ᠠᠬᠤ ᠬᠣᠷᠢᠶ᠎ᠠ   ᠬᠢᠨᠠᠨ ᠪᠠᠢ᠌ᠴᠠᠭ᠋ᠠᠬᠤ ᠵᠥᠪᠯᠡᠯ᠂ ᠵᠣᠬᠢᠶᠠᠨ ᠪᠠᠢ᠌ᠭᠤᠯᠬᠤ ᠬᠡᠯᠲᠡᠰ ᠪᠠ ᠵᠢᠷᠭᠤᠳᠤᠭ᠋ᠠᠷ ᠰᠢᠮᠳᠠᠭᠤᠯᠤᠨ ᠵᠢᠯᠣᠭᠣᠳᠬᠤ ᠳᠤᠭᠤᠢ᠌ᠯᠠᠩ᠎ᠠᠴᠠ ᠵᠢᠭ᠋ᠠᠪᠤᠷᠢ ᠠᠪᠬᠤ᠎ᠪᠠᠷ ᠳᠠᠮᠵᠢᠭᠤᠯᠤᠨ᠂ 3 ᠳ᠋ᠤᠭ᠋ᠠᠷ ᠰᠠᠷ᠎ᠠ ᠵᠢᠨ 25᠎ᠤ ᠦᠳᠡ ᠵᠢᠨ ᠡᠮᠦᠨ᠎ᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠲᠥᠪ᠎ᠤᠨ ᠶᠠᠳᠠᠭᠤ᠎ᠠᠴᠠ ᠠᠩᠭᠢᠵᠢᠷᠠᠭᠤᠯᠤᠨ ᠰᠢᠪᠲᠤᠯᠤᠯᠲᠠ ᠬᠢᠬᠦ ᠲᠤᠰᠬᠠᠢ ᠵᠦᠢ᠍ᠯ᠎ᠤᠨ ᠲᠣᠭᠣᠷᠢᠨ ᠪᠠᠢ᠌ᠴᠠᠭ᠋ᠠᠵᠤ ᠴᠡᠭᠴᠡᠯᠡᠨ ᠥᠭᠡᠷᠡᠴᠢᠯᠡᠵᠦ ᠨᠠᠢ᠌ᠳᠠᠪᠤᠷᠢᠵᠢᠭᠤᠯᠬᠤ ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ᠎ᠤᠨ ᠬᠤᠷᠠᠯ᠎ᠢ ᠬᠤᠷᠠᠯᠳᠤᠭᠤᠯᠪᠠ᠃ ᠲᠤᠰ ᠤᠳᠠᠭ᠋ᠠᠨ᠎ᠤ ᠠᠷᠠᠳᠴᠢᠯᠠᠭᠰᠠᠨ ᠠᠮᠢᠳᠤᠷᠠᠯ᠎ᠤᠨ ᠬᠤᠷᠠᠯ᠎ᠤᠨ ᠭᠣᠣᠯ ᠰᠡᠳᠦᠪ ᠪᠣᠯ᠄ ᠶᠡᠷᠦᠩᠬᠡᠢ ᠱᠦᠵᠢ ᠰᠢ ᠵᠢᠨ ᠫᠢᠩ᠎ᠤᠨ ᠶᠠᠳᠠᠭᠤ ᠵᠢ ᠲᠡᠳᠬᠦᠬᠦ ᠠᠵᠢᠯ᠎ᠤᠨ ᠲᠤᠬᠠᠢ ᠴᠢᠬᠤᠯᠠ ᠥᠭᠦᠯᠡᠯᠲᠡ ᠪᠠ ᠨᠠᠮ᠎ᠤᠨ ᠲᠥᠪ ᠬᠣᠷᠢᠶ᠎ᠠ ᠵᠢᠨ ᠶᠠᠳᠠᠭᠤ᠎ᠠᠴᠠ ᠠᠩᠭᠢᠵᠢᠷᠠᠭᠤᠯᠤᠨ ᠰᠢᠪᠲᠤᠯᠤᠯᠲᠠ ᠬᠢᠬᠦ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ᠎ᠤᠨ ᠨᠠᠢ᠍ᠮᠠᠳᠤᠭ᠋ᠠᠷ ᠲᠣᠭᠣᠷᠢᠨ ᠪᠠᠢ᠌ᠴᠠᠭ᠋ᠠᠬᠤ ᠳᠤᠭᠤᠢ᠌ᠯᠠᠩ᠎ᠠᠴᠠ ᠥᠪᠡᠷᠲᠡᠭᠡᠨ ᠵᠠᠰᠠᠬᠤ ᠣᠷᠣᠨ᠎ᠤ ᠶᠠᠳᠠᠭᠤ᠎ᠠᠴᠠ ᠠᠩᠭᠢᠵᠢᠷᠠᠭᠤᠯᠤᠨ ᠰᠢᠪᠲᠤᠯᠤᠯᠲᠠ ᠬᠢᠬᠦ ᠲᠤᠰᠬᠠᠢ ᠵᠦᠢ᠍ᠯ᠎ᠤᠨ ᠲᠣᠭᠣᠷᠢᠨ ᠪᠠᠢ᠌ᠴᠠᠭ᠋ᠠᠬᠤ ᠠᠵᠢᠯᠯᠠᠭ᠎ᠠ ᠥᠷᠨᠢᠭᠦᠯᠦᠭᠰᠡᠨ ᠪᠠᠢ᠌ᠳᠠᠯ᠎ᠳᠤ ᠬᠠᠷᠢᠭᠤ ᠲᠤᠰᠬᠠᠭᠰᠠᠨ ᠰᠠᠨᠠᠯ᠎ᠲᠠᠢ   ᠬᠠᠷᠢᠴᠠᠭᠤᠯᠤᠨ᠂ ᠰᠠᠨᠠᠭ᠋ᠠᠴᠢᠯᠠᠭ᠎ᠠ᠎ᠠᠴᠠ ᠎ᠪᠠᠨ   ᠠᠰᠠᠭᠤᠳᠠᠯ᠎ᠢ ᠲᠠᠨᠢᠨ ᠣᠢ᠌ᠯᠭ᠋ᠠᠵᠤ᠂ ᠰᠢᠯᠲᠠᠭ᠋ᠠᠨ᠎ᠢ ᠭᠦᠨᠵᠡᠭᠡᠢ ᠵᠠᠳᠠᠯᠤᠨ᠂ ᠴᠢᠷᠮᠠᠢ᠌ᠬᠤ ᠬᠠᠷᠠᠯᠲᠠ᠎ᠪᠠᠨ ᠲᠣᠳᠣᠷᠬᠠᠢ᠌ᠯᠠᠵᠤ᠂ ᠴᠡᠭᠴᠡᠯᠡᠨ ᠥᠭᠡᠷᠡᠴᠢᠯᠡᠬᠦ ᠵᠢ ᠡᠷᠡᠰ ᠰᠢᠭᠤᠷᠬᠠᠢ᠎ᠪᠠᠷ ᠰᠠᠢ᠌ᠲᠤᠷ ᠠᠳᠬᠤᠵᠤ᠂ ᠲᠣᠭᠣᠷᠢᠨ ᠪᠠᠢ᠌ᠴᠠᠭ᠋ᠠᠭᠰᠠᠨ ᠦᠷ᠎ᠡ ᠪᠦᠲᠦᠭᠡᠯ᠎ᠢ ᠬᠡᠷᠡᠭᠯᠡᠬᠦ ᠪᠠ ᠴᠡᠭᠴᠡᠯᠡᠨ ᠥᠭᠡᠷᠡᠴᠢᠯᠡᠭᠰᠡᠨ ᠦᠨᠡᠨ ᠪᠣᠳᠠᠲᠠᠢ ᠦᠷ᠎ᠡ ᠪᠦᠲᠦᠮᠵᠢ᠎ᠪᠠᠷ 《ᠬᠣᠶᠠᠷ᠎ᠢ ᠬᠠᠮᠠᠭ᠋ᠠᠯᠠᠬᠤ》 ᠵᠢ ᠦᠢ᠍ᠯᠡᠳᠦᠯᠭᠡᠵᠢᠭᠦᠯᠦᠨ᠎ᠡ᠃
      ᠥᠪᠡᠷᠲᠡᠭᠡᠨ ᠵᠠᠰᠠᠬᠤ ᠣᠷᠣᠨ᠎ᠳᠠᠬᠢ ᠲᠥᠪ᠎ᠤᠨ ᠶᠠᠳᠠᠭᠤ᠎ᠠᠴᠠ ᠠᠩᠭᠢᠵᠢᠷᠠᠭᠤᠯᠤᠨ ᠰᠢᠪᠲᠤᠯᠤᠯᠲᠠ ᠬᠢᠬᠦ ᠲᠤᠰᠬᠠᠢ ᠵᠦᠢ᠍ᠯ᠎ᠤᠨ ᠲᠣᠭᠣᠷᠢᠨ ᠪᠠᠢ᠌ᠴᠠᠭ᠋ᠠᠵᠤ ᠴᠡᠭᠴᠡᠯᠡᠨ ᠥᠭᠡᠷᠡᠴᠢᠯᠡᠵᠦ ᠨᠠᠢ᠌ᠳᠠᠪᠤᠷᠢᠵᠢᠭᠤᠯᠬᠤ ᠠᠷᠠᠳᠴᠢᠯᠠᠭᠰᠠᠨ ᠠᠮᠢᠳᠤᠷᠠᠯ᠎ᠤᠨ ᠬᠤᠷᠠᠯ᠎ᠤᠨ ᠵᠢᠷᠭᠤᠳᠤᠭ᠋ᠠᠷ ᠰᠢᠮᠳᠠᠭᠤᠯᠤᠨ ᠵᠢᠯᠣᠭᠣᠳᠬᠤ ᠳᠤᠭᠤᠢ᠌ᠯᠠᠩ᠎ᠤᠨ ᠵᠠᠢ ᠬᠤᠢ ᠵᠢᠶᠦ᠋ᠨ᠂ ᠯᠢᠦ ᠰᠠᠨ ᠵᠢᠶᠦ᠋ᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠳᠤ ᠢᠷᠡᠵᠦ ᠲᠤᠰᠬᠠᠢ᠌ᠯᠠᠨ ᠰᠢᠮᠳᠠᠭᠤᠯᠤᠨ ᠵᠢᠯᠣᠭᠣᠳᠴᠠᠢ᠃
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠲᠤᠰ ᠤᠳᠠᠭ᠋ᠠᠨ᠎ᠤ ᠠᠷᠠᠳᠴᠢᠯᠠᠭᠰᠠᠨ ᠠᠮᠢᠳᠤᠷᠠᠯ᠎ᠤᠨ ᠬᠤᠷᠠᠯ᠎ᠢ ᠰᠠᠢ᠌ᠲᠤᠷ ᠬᠤᠷᠠᠯᠳᠤᠭᠤᠯᠬᠤ ᠵᠢᠨ ᠲᠤᠰᠠᠳᠠ᠂ ᠡᠬᠢᠨ᠎ᠤ ᠬᠤᠭᠤᠴᠠᠭ᠋ᠠᠨ᠎ᠳᠤ ᠶᠡᠬᠡ ᠬᠡᠮᠵᠢᠶᠡᠨ᠎ᠤ ᠨᠠᠷᠢᠯᠢᠭ ᠪᠣᠳᠠᠲᠠᠢ ᠠᠵᠢᠯ ᠬᠢᠵᠦ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠲᠥᠪ᠎ᠤᠨ ᠶᠠᠳᠠᠭᠤ᠎ᠠᠴᠠ ᠠᠩᠭᠢᠵᠢᠷᠠᠭᠤᠯᠤᠨ ᠰᠢᠪᠲᠤᠯᠤᠯᠲᠠ ᠬᠢᠬᠦ ᠲᠤᠰᠬᠠᠢ ᠵᠦᠢ᠍ᠯ᠎ᠤᠨ ᠲᠣᠭᠣᠷᠢᠨ ᠪᠠᠢ᠌ᠴᠠᠭ᠋ᠠᠵᠤ ᠴᠡᠭᠴᠡᠯᠡᠨ   ᠥᠭᠡᠷᠡᠴᠢᠯᠡᠵᠦ   ᠨᠠᠢ᠌ᠳᠠᠪᠤᠷᠢᠵᠢᠭᠤᠯᠬᠤ   ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ᠎ᠤᠨ ᠬᠤᠷᠠᠯ᠎ᠤᠨ ᠲᠥᠰᠥᠯ》᠎ᠢ ᠲᠣᠭᠲᠠᠭ᠋ᠠᠨ᠂ ᠰᠤᠷᠤᠯᠴᠠᠵᠤ ᠰᠤᠳᠤᠯᠤᠨ ᠶᠠᠷᠢᠯᠴᠠᠬᠤ ᠵᠢ ᠯᠠᠪᠳᠠᠭᠤᠨ ᠪᠠᠲᠤᠲᠠᠢ ᠥᠷᠨᠢᠭᠦᠯᠵᠦ᠂ ᠡᠯ᠎ᠡ ᠲᠠᠯ᠎ᠠ ᠵᠢᠨ᠎ᠬᠢᠨ᠎ᠤ ᠰᠠᠨᠠᠯ ᠰᠠᠨᠠᠭᠤᠯᠭ᠎ᠠ ᠵᠢ ᠥᠷᠭᠡᠨ ᠵᠶ᠋ᠠᠷ ᠬᠤᠷᠢᠶᠠᠵᠤ᠂ ᠳᠠᠪᠬᠤᠷᠭ᠎ᠠ ᠲᠠᠯ᠎ᠠ ᠬᠤᠪᠢᠶᠠᠨ ᠪᠣᠳᠣᠯ ᠰᠠᠨᠠᠯ ᠵᠶ᠋ᠠᠨ ᠳᠡᠯᠭᠡᠨ ᠶᠠᠷᠢᠯᠴᠠᠬᠤ ᠵᠢ ᠥᠷᠨᠢᠭᠦᠯᠪᠡ᠃ ᠤᠳᠤᠷᠢᠳᠬᠤ ᠪᠠᠭ ᠪᠠ ᠤᠳᠤᠷᠢᠳᠬᠤ ᠪᠠᠭ᠎ᠤᠨ ᠭᠡᠰᠢᠭᠦᠨ ᠨᠢᠭᠡᠪᠦᠷᠢ ᠬᠤᠷᠠᠯ᠎ᠤᠨ ᠭᠣᠣᠯ ᠰᠡᠳᠦᠪ᠎ᠤᠨ ᠲᠣᠭᠣᠷᠢᠨ᠎ᠳᠤ ᠴᠢᠩᠭ᠎ᠠ ᠨᠢᠭᠲᠠᠷᠠᠨ᠂ ᠣᠨᠣᠯ᠎ᠢ ᠪᠣᠳᠠᠲᠠᠢ᠎ᠲᠠᠢ ᠤᠶᠠᠯᠳᠤᠭᠤᠯᠬᠤ ᠵᠢ ᠪᠠᠷᠢᠮᠲᠠᠯᠠᠵᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠨ᠂ ᠠᠰᠠᠭᠤᠳᠠᠯ᠎ᠤᠨ ᠦᠵᠡᠯ ᠤᠬᠠᠮᠰᠠᠷ ᠵᠶ᠋ᠠᠨ ᠴᠢᠩᠭ᠋ᠠᠷᠠᠭᠤᠯᠵᠤ᠂ ᠲᠥᠪ᠎ᠤᠨ ᠨᠠᠢ᠍ᠮᠠᠳᠤᠭ᠋ᠠᠷ ᠲᠣᠭᠣᠷᠢᠨ ᠪᠠᠢ᠌ᠴᠠᠭ᠋ᠠᠬᠤ ᠳᠤᠭᠤᠢ᠌ᠯᠠᠩ᠎ᠠᠴᠠ ᠵᠢᠭ᠋ᠠᠨ ᠭᠠᠷᠭ᠋ᠠᠭᠰᠠᠨ ᠭᠣᠣᠯ ᠠᠰᠠᠭᠤᠳᠠᠯ ᠪᠠ ᠴᠡᠭᠴᠡᠯᠡᠨ ᠥᠭᠡᠷᠡᠴᠢᠯᠡᠬᠦ ᠰᠠᠨᠠᠯ ᠰᠠᠨᠠᠭᠤᠯᠭ᠎ᠠ᠎ᠲᠠᠢ ᠬᠠᠷᠢᠴᠠᠭᠤᠯᠵᠤ᠂ ᠬᠤᠷᠢᠶᠠᠭᠰᠠᠨ ᠰᠠᠨᠠᠯ ᠰᠠᠨᠠᠭᠤᠯᠭ᠎ᠠ᠎ᠲᠠᠢ ᠤᠶᠠᠯᠳᠤᠭᠤᠯᠤᠨ᠂ ᠠᠰᠠᠭᠤᠳᠠᠯ ᠵᠶ᠋ᠠᠨ ᠬᠢᠨᠠᠮᠠᠭ᠋ᠠᠢ ᠪᠠᠢ᠌ᠴᠠᠭ᠋ᠠᠨ ᠵᠢᠭᠰᠠᠭ᠋ᠠᠵᠤ᠂ ᠠᠰᠠᠭᠤᠳᠠᠯ᠎ᠤᠨ ᠦᠨᠳᠦᠰᠦ ᠰᠤᠷᠪᠤᠯᠵᠢ ᠵᠢ ᠭᠦᠨᠵᠡᠭᠡᠢ ᠵᠠᠳᠠᠯᠤᠨ᠂ ᠴᠡᠭᠴᠡᠯᠡᠨ ᠥᠭᠡᠷᠡᠴᠢᠯᠡᠬᠦ ᠴᠢᠭᠯᠡᠯ ᠪᠠ ᠠᠷᠭ᠎ᠠ ᠬᠡᠮᠵᠢᠶ᠎ᠡ᠎ᠪᠠᠨ ᠲᠣᠳᠣᠷᠬᠠᠢ᠌ᠯᠠᠨ᠂ ᠬᠠᠷᠢᠴᠠᠭᠤᠯᠤᠨ ᠪᠠᠢ᠌ᠴᠠᠭ᠋ᠠᠬᠤ ᠮᠠᠲ᠋ᠧᠷᠢᠶᠠᠯ ᠵᠶ᠋ᠠᠨ ᠬᠢᠨᠠᠮᠠᠭ᠋ᠠᠢ ᠲᠤᠭᠤᠷᠪᠢᠵᠤ᠂ ᠥᠪᠡᠷᠲᠡᠭᠡᠨ ᠵᠠᠰᠠᠬᠤ ᠣᠷᠣᠨ᠎ᠤ ᠰᠢᠮᠳᠠᠭᠤᠯᠤᠨ ᠪᠠᠢ᠌ᠴᠠᠭ᠋ᠠᠬᠤ ᠳᠤᠭᠤᠢ᠌ᠯᠠᠩ᠎ᠠᠴᠠ ᠲᠢᠩᠬᠢᠮ᠎ᠤᠨ ᠤᠳᠤᠷᠢᠳᠬᠤ ᠪᠠᠭ ᠪᠠ ᠤᠳᠤᠷᠢᠳᠬᠤ ᠪᠠᠭ᠎ᠤᠨ ᠭᠡᠰᠢᠭᠦᠨ ᠨᠢᠭᠡᠪᠦᠷᠢ ᠵᠢᠨ ᠬᠠᠷᠢᠴᠠᠭᠤᠯᠤᠨ ᠪᠠᠢ᠌ᠴᠠᠭ᠋ᠠᠬᠤ ᠮᠠᠲ᠋ᠧᠷᠢᠶᠠᠯ᠎ᠢ ᠴᠢᠩᠭ᠎ᠠ ᠬᠢᠨᠠᠨ ᠬᠠᠷᠭᠤᠭᠤᠯᠬᠤ ᠪᠠ ᠡᠵᠡᠮᠳᠡᠨ᠂ ᠬᠢᠨᠠᠮᠠᠭ᠋ᠠᠢ᠎ᠪᠠᠷ ᠵᠢᠯᠣᠭᠣᠳᠤᠨ ᠲᠡᠭᠦᠯᠳᠡᠷᠵᠢᠭᠦᠯᠵᠦ᠂ ᠲᠤᠰ ᠤᠳᠠᠭ᠋ᠠᠨ᠎ᠤ ᠠᠷᠠᠳᠴᠢᠯᠠᠭᠰᠠᠨ ᠠᠮᠢᠳᠤᠷᠠᠯ᠎ᠤᠨ ᠬᠤᠷᠠᠯ᠎ᠢ ᠰᠠᠢ᠌ᠲᠤᠷ ᠬᠤᠷᠠᠯᠳᠤᠭᠤᠯᠬᠤ᠎ᠳᠤ ᠴᠢᠬᠤᠯᠠ ᠪᠠᠲᠤᠯᠠᠭ᠎ᠠ ᠬᠠᠩᠭ᠋ᠠᠵᠠᠢ᠃
      ᠬᠤᠷᠠᠯ᠎ᠠᠴᠠ ᠲᠤᠰ ᠤᠳᠠᠭ᠋ᠠᠨ᠎ᠤ ᠠᠷᠠᠳᠴᠢᠯᠠᠭᠰᠠᠨ ᠠᠮᠢᠳᠤᠷᠠᠯ᠎ᠤᠨ ᠬᠤᠷᠠᠯ᠎ᠤᠨ ᠰᠠᠨᠠᠯ ᠬᠤᠷᠢᠶᠠᠭᠰᠠᠨ ᠪᠠᠢ᠌ᠳᠠᠯ᠎ᠢ ᠵᠠᠷᠯᠠᠨ ᠮᠡᠳᠡᠭᠡᠯᠡᠪᠡ᠃ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠰᠢᠶᠠᠩ ᠳ᠋ᠦᠩ ᠲᠢᠩᠬᠢᠮ᠎ᠤᠨ ᠤᠳᠤᠷᠢᠳᠬᠤ ᠪᠠᠭ᠎ᠢ ᠲᠥᠯᠥᠭᠡᠯᠡᠨ ᠬᠠᠷᠢᠴᠠᠭᠤᠯᠤᠨ ᠪᠠᠢ᠌ᠴᠠᠭ᠋ᠠᠭᠰᠠᠨ᠎ᠤ ᠬᠠᠮᠲᠤ᠂ ᠲᠦᠷᠦᠭᠦᠯᠡᠨ ᠬᠤᠪᠢ ᠬᠥᠮᠥᠨ᠎ᠤ ᠬᠠᠷᠢᠴᠠᠭᠤᠯᠤᠭᠰᠠᠨ ᠪᠠᠢ᠌ᠴᠠᠭ᠋ᠠᠯᠲᠠ ᠬᠢᠵᠦ᠂ ᠲᠢᠩᠬᠢᠮ᠎ᠤᠨ ᠤᠳᠤᠷᠢᠳᠬᠤ ᠪᠠᠭ᠎ᠤᠨ᠎ᠬᠢᠨ ᠳᠡᠰ ᠳᠠᠷᠠᠭ᠋ᠠᠯᠠᠨ ᠬᠠᠷᠢᠴᠠᠭᠤᠯᠤᠭᠰᠠᠨ ᠪᠠᠢ᠌ᠴᠠᠭ᠋ᠠᠯᠲᠠ ᠬᠢᠬᠦ ᠦᠭᠡ ᠬᠡᠯᠡᠵᠦ᠂ ᠴᠢᠩᠭ᠎ᠠ ᠬᠢᠨᠠᠮᠠᠭ᠋ᠠᠢ ᠰᠢᠭᠦᠮᠵᠢᠯᠡᠯ ᠪᠠ ᠥᠪᠡᠷ᠎ᠤᠨ ᠰᠢᠭᠦᠮᠵᠢᠯᠡᠯ ᠬᠢᠵᠡᠢ᠃
      ᠥᠪᠡᠷᠲᠡᠭᠡᠨ ᠵᠠᠰᠠᠬᠤ ᠣᠷᠣᠨ᠎ᠳᠠᠬᠢ ᠲᠥᠪ᠎ᠤᠨ ᠶᠠᠳᠠᠭᠤ᠎ᠠᠴᠠ ᠠᠩᠭᠢᠵᠢᠷᠠᠭᠤᠯᠤᠨ ᠰᠢᠪᠲᠤᠯᠤᠯᠲᠠ ᠬᠢᠬᠦ ᠲᠤᠰᠬᠠᠢ ᠵᠦᠢ᠍ᠯ᠎ᠤᠨ ᠲᠣᠭᠣᠷᠢᠨ ᠪᠠᠢ᠌ᠴᠠᠭ᠋ᠠᠵᠤ ᠴᠡᠭᠴᠡᠯᠡᠨ ᠥᠭᠡᠷᠡᠴᠢᠯᠡᠵᠦ ᠨᠠᠢ᠌ᠳᠠᠪᠤᠷᠢᠵᠢᠭᠤᠯᠬᠤ ᠠᠷᠠᠳᠴᠢᠯᠠᠭᠰᠠᠨ ᠠᠮᠢᠳᠤᠷᠠᠯ᠎ᠤᠨ ᠬᠤᠷᠠᠯ᠎ᠤᠨ ᠵᠢᠷᠭᠤᠳᠤᠭ᠋ᠠᠷ ᠰᠢᠮᠳᠠᠭᠤᠯᠤᠨ ᠵᠢᠯᠣᠭᠣᠳᠬᠤ ᠳᠤᠭᠤᠢ᠌ᠯᠠᠩ᠎ᠤᠨ ᠵᠠᠢ ᠬᠤᠢ ᠵᠢᠶᠦ᠋ᠨ ᠦᠨᠡᠯᠡᠯᠲᠡ ᠬᠢᠬᠦ᠎ᠳᠤ᠎ᠪᠠᠨ᠂ ᠲᠤᠰ ᠤᠳᠠᠭ᠋ᠠᠨ᠎ᠤ ᠠᠷᠠᠳᠴᠢᠯᠠᠭᠰᠠᠨ ᠠᠮᠢᠳᠤᠷᠠᠯ᠎ᠤᠨ ᠬᠤᠷᠠᠯ᠎ᠢ ᠬᠤᠷᠠᠯᠳᠤᠭᠤᠯᠤᠭᠰᠠᠨ᠎ᠨᠢ ᠨᠡᠯᠢᠶᠡᠳ ᠵᠢᠷᠤᠮᠵᠢᠯ᠎ᠲᠠᠢ ᠪᠥᠭᠡᠳ ᠠᠮᠵᠢᠯᠲᠠ᠎ᠲᠠᠢ᠂ ᠬᠤᠷᠠᠯ᠎ᠠᠴᠠ ᠡᠮᠦᠨᠡᠬᠢ ᠪᠡᠯᠡᠳᠬᠡᠯ ᠠᠵᠢᠯ᠎ᠨᠢ ᠬᠢᠨᠠᠮᠠᠭ᠋ᠠᠢ ᠪᠥᠭᠡᠳ ᠭᠦᠢ᠍ᠴᠡᠳ ᠪᠠᠢ᠌ᠵᠤ᠂ ᠠᠰᠠᠭᠤᠳᠠᠯ ᠵᠶ᠋ᠠᠨ ᠪᠠᠢ᠌ᠴᠠᠭ᠋ᠠᠨ ᠵᠢᠭᠰᠠᠭ᠋ᠠᠭᠰᠠᠨ᠎ᠨᠢ ᠪᠦᠬᠦ ᠲᠠᠯ᠎ᠠ ᠵᠢᠨ ᠪᠥᠭᠡᠳ ᠪᠣᠳᠠᠲᠠᠢ᠂ ᠴᠢᠩᠭ᠎ᠠ ᠬᠢᠨᠠᠮᠠᠭ᠋ᠠᠢ ᠰᠢᠭᠦᠮᠵᠢᠯᠡᠯ ᠪᠠ ᠥᠪᠡᠷ᠎ᠤᠨ ᠰᠢᠭᠦᠮᠵᠢᠯᠡᠯ᠎ᠢ ᠥᠷᠨᠢᠭᠦᠯᠵᠦ᠂ ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ᠎ᠨᠢ ᠲᠣᠳᠣᠷᠬᠠᠢ ᠴᠢᠭᠯᠡᠯ ᠪᠠ ᠬᠠᠷᠠᠯᠲᠠ᠎ᠲᠠᠢ ᠭᠡᠵᠦ ᠨᠤᠲᠠᠯᠠᠯᠲᠠ ᠬᠢᠵᠡᠢ᠃
      ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠰᠢᠶᠠᠩ ᠳ᠋ᠦᠩ ᠳ᠋ᠦᠩᠨᠡᠯᠲᠡ ᠬᠢᠬᠦ᠎ᠳᠤ᠎ᠪᠠᠨ᠂ ᠨᠢᠭᠡ᠎ᠳᠤ᠂ ᠤᠯᠤᠰ ᠲᠥᠷᠥ ᠵᠢᠨ ᠵᠣᠭᠰᠣᠴᠠ᠎ᠪᠠᠨ ᠦᠨᠡᠨ ᠬᠦ᠌ ᠳᠡᠭᠡᠭᠰᠢᠯᠡᠭᠦᠯᠬᠦ ᠬᠡᠷᠡᠭᠲᠡᠢ᠃ 《ᠳᠥᠷᠪᠡᠨ ᠵᠦᠢ᠍ᠯ᠎ᠤᠨ ᠦᠵᠡᠯ ᠤᠬᠠᠮᠰᠠᠷ》᠎ᠢ ᠯᠠᠪᠳᠠᠭᠤᠨ ᠪᠠᠲᠤᠲᠠᠢ ᠪᠣᠢ ᠪᠣᠯᠭ᠋ᠠᠨ᠂ ᠶᠠᠳᠠᠭᠤ᠎ᠠᠴᠠ ᠠᠩᠭᠢᠵᠢᠷᠠᠭᠤᠯᠤᠨ ᠰᠢᠪᠲᠤᠯᠤᠯᠲᠠ ᠬᠢᠬᠦ᠎ᠪᠠᠷ ᠣᠳᠣᠬᠠᠨ᠎ᠤ ᠠᠵᠢᠯ᠎ᠤᠨ ᠴᠢᠬᠤᠯᠠ ᠶᠡᠬᠡ ᠤᠯᠤᠰ ᠲᠥᠷᠥ ᠵᠢᠨ ᠡᠭᠦᠷᠭᠡ ᠪᠠ 《ᠠᠩᠬᠠᠨ᠎ᠤ ᠵᠣᠷᠢᠯᠲᠠ᠎ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠶ᠎ᠡ》 ᠭᠡᠬᠦ ᠭᠣᠣᠯ ᠰᠡᠳᠦᠪᠲᠦ ᠬᠥᠮᠥᠵᠢᠯ᠎ᠤᠨ ᠴᠢᠬᠤᠯᠠ ᠦᠢ᠍ᠯᠡᠳᠦᠯᠭᠡ ᠵᠢᠨ ᠠᠴᠢᠶᠠᠯᠠᠭᠴᠢ ᠪᠣᠯᠭ᠋ᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠶᠠᠳᠠᠭᠤ ᠵᠢ ᠲᠡᠳᠬᠦᠬᠦ ᠠᠵᠢᠯ᠎ᠤᠨ ᠲᠤᠬᠠᠢ ᠴᠢᠬᠤᠯᠠ ᠥᠭᠦᠯᠡᠯᠲᠡ ᠪᠠ ᠨᠠᠮ᠎ᠤᠨ ᠲᠥᠪ ᠬᠣᠷᠢᠶ᠎ᠠ ᠵᠢᠨ ᠶᠠᠳᠠᠭᠤ᠎ᠠᠴᠠ ᠠᠩᠭᠢᠵᠢᠷᠠᠭᠤᠯᠤᠨ ᠰᠢᠪᠲᠤᠯᠤᠯᠲᠠ ᠬᠢᠬᠦ ᠲᠤᠬᠠᠢ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ᠎ᠲᠠᠢ ᠬᠠᠷᠢᠴᠠᠭᠤᠯᠤᠨ᠂ ᠲᠤᠰᠬᠠᠢ ᠵᠦᠢ᠍ᠯ᠎ᠤᠨ ᠲᠣᠭᠣᠷᠢᠨ ᠪᠠᠢ᠌ᠴᠠᠭ᠋ᠠᠯᠲᠠ ᠵᠢᠨ ᠡᠯ᠎ᠡ ᠵᠦᠢ᠍ᠯ᠎ᠤᠨ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠲᠤᠢ᠌ᠯ᠎ᠤᠨ ᠣᠨᠣᠪᠴᠢᠲᠠᠢ᠎ᠪᠠᠷ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠳᠤ ᠡᠷᠡᠰ ᠰᠢᠭᠤᠷᠬᠠᠢ᠎ᠪᠠᠷ ᠢᠯᠠᠯᠲᠠ ᠣᠯᠵᠤ᠂ ᠦᠨᠡᠨ ᠪᠣᠳᠠᠲᠠᠢ ᠦᠢ᠍ᠯᠡ ᠠᠵᠢᠯᠯᠠᠭ᠎ᠠ᠎ᠪᠠᠷ ᠵᠶ᠋ᠠᠨ ᠶᠡᠷᠦᠩᠬᠡᠢ ᠱᠦᠵᠢ ᠰᠢ ᠵᠢᠨ ᠫᠢᠩ᠎ᠤᠨ ᠭᠣᠣᠯᠯᠠᠭᠴᠢ ᠪᠠᠢ᠌ᠷᠢ ᠰᠠᠭᠤᠷᠢ ᠵᠢ ᠬᠠᠮᠠᠭ᠋ᠠᠯᠠᠨ᠂ ᠨᠠᠮ᠎ᠤᠨ ᠲᠥᠪ ᠬᠣᠷᠢᠶ᠎ᠠ ᠵᠢᠨ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠬᠠᠮᠠᠭ᠋ᠠᠯᠠᠬᠤ ᠬᠡᠷᠡᠭᠲᠡᠢ᠃ ᠬᠣᠶᠠᠷ᠎ᠲᠤ᠂ ᠴᠡᠭᠴᠡᠯᠡᠨ ᠥᠭᠡᠷᠡᠴᠢᠯᠡᠬᠦ ᠬᠠᠷᠢᠭᠤᠴᠠᠯᠭ᠎ᠠ ᠵᠢ ᠡᠷᠡᠰ ᠰᠢᠭᠤᠷᠬᠠᠢ᠎ᠪᠠᠷ ᠡᠭᠦᠷᠭᠡᠯᠡᠬᠦ ᠬᠡᠷᠡᠭᠲᠡᠢ᠃ ᠳᠡᠭᠡᠳᠦ ᠬᠡᠮᠵᠢᠶᠡᠨ᠎ᠤ ᠦᠵᠡᠯ ᠰᠠᠨᠠᠭ᠋ᠠᠨ᠎ᠤ ᠤᠬᠠᠮᠰᠠᠷ᠂ ᠤᠯᠤᠰ ᠲᠥᠷᠥ ᠵᠢᠨ ᠤᠬᠠᠮᠰᠠᠷ ᠪᠠ ᠠᠵᠢᠯᠯᠠᠭ᠎ᠠ ᠵᠢᠨ ᠤᠬᠠᠮᠰᠠᠷ ᠵᠶ᠋ᠠᠷ᠂ ᠡᠭᠦᠷᠭᠡ ᠬᠠᠷᠢᠭᠤᠴᠠᠯᠭ᠎ᠠ᠎ᠪᠠᠨ ᠴᠢᠩᠭ᠋ᠠᠷᠠᠭᠤᠯᠤᠨ᠂ ᠨᠠᠮ᠎ᠤᠨ ᠤᠳᠤᠷᠢᠳᠬᠤ ᠳᠤᠭᠤᠢ᠌ᠯᠠᠩ᠎ᠤᠨ ᠲᠣᠭᠣᠷᠢᠨ ᠪᠠᠢ᠌ᠴᠠᠭ᠋ᠠᠵᠤ ᠴᠡᠭᠴᠡᠯᠡᠨ ᠥᠭᠡᠷᠡᠴᠢᠯᠡᠬᠦ ᠭᠣᠣᠯ ᠴᠣᠭᠴᠠ ᠵᠢᠨ ᠬᠠᠷᠢᠭᠤᠴᠠᠯᠭ᠎ᠠ᠂ ᠱᠦᠵᠢ ᠵᠢᠨ ᠨᠢᠭᠡᠳᠦᠭᠡᠷ ᠬᠠᠷᠢᠭᠤᠴᠠᠯᠭ᠎ᠠ ᠪᠠ ᠤᠳᠤᠷᠢᠳᠬᠤ ᠪᠠᠭ᠎ᠤᠨ ᠪᠤᠰᠤᠳ ᠭᠡᠰᠢᠭᠦᠳ᠎ᠤᠨ ᠬᠤᠪᠢᠳᠠᠨ ᠬᠠᠮᠢᠶᠠᠷᠬᠤ ᠬᠦᠷᠢᠶ᠎ᠡ ᠴᠠᠷᠠᠭ᠋ᠠᠨ᠎ᠳᠠᠬᠢ ᠴᠡᠭᠴᠡᠯᠡᠨ ᠥᠭᠡᠷᠡᠴᠢᠯᠡᠬᠦ ᠬᠠᠷᠢᠭᠤᠴᠠᠯᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠲᠥᠪ᠎ᠤᠨ ᠶᠠᠳᠠᠭᠤ᠎ᠠᠴᠠ ᠠᠩᠭᠢᠵᠢᠷᠠᠭᠤᠯᠤᠨ ᠰᠢᠪᠲᠤᠯᠤᠯᠲᠠ ᠬᠢᠬᠦ ᠲᠤᠰᠬᠠᠢ ᠵᠦᠢ᠍ᠯ᠎ᠤᠨ ᠲᠣᠭᠣᠷᠢᠨ ᠪᠠᠢ᠌ᠴᠠᠭ᠋ᠠᠯᠲᠠ᠎ᠳᠤ ᠬᠠᠷᠢᠭᠤ ᠲᠤᠰᠬᠠᠭᠰᠠᠨ ᠰᠠᠨᠠᠯ ᠪᠠ ᠬᠢᠨᠠᠯᠲᠠ ᠲᠠᠯᠪᠢᠵᠤ ᠪᠠᠢ᠌ᠴᠠᠭ᠋ᠠᠯᠲᠠ ᠬᠢᠬᠦ᠎ᠳᠤ ᠵᠢᠭ᠋ᠠᠨ ᠭᠠᠷᠭ᠋ᠠᠭᠰᠠᠨ ᠡᠯ᠎ᠡ ᠲᠥᠷᠥᠯ᠎ᠤᠨ ᠠᠰᠠᠭᠤᠳᠠᠯ᠎ᠢ ᠦᠨᠡᠨ ᠬᠦ᠌ ᠮᠡᠳᠡᠷᠡᠨ᠂ ᠦᠨᠡᠨ ᠬᠦ᠌ ᠡᠷᠭᠢᠴᠡᠭᠦᠯᠦᠨ ᠰᠡᠳᠬᠢᠵᠦ᠂ ᠦᠨᠡᠨ ᠬᠦ᠌ ᠴᠡᠭᠴᠡᠯᠡᠨ ᠥᠭᠡᠷᠡᠴᠢᠯᠡᠵᠦ᠂ ᠥᠪᠡᠷ᠎ᠢ᠎ᠪᠠᠨ ᠦᠨᠡᠨ ᠬᠦ᠌ ᠣᠷᠣᠭᠤᠯᠤᠨ ᠪᠠᠢ᠌ᠴᠠᠭ᠋ᠠᠵᠤ᠂ ᠦᠵᠡᠯ ᠰᠠᠨᠠᠭ᠎ᠠ ᠪᠠ ᠠᠵᠢᠯ᠎ᠤᠨ ᠪᠣᠳᠠᠲᠤ ᠪᠠᠢ᠌ᠳᠠᠯ᠎ᠲᠠᠢ᠎ᠪᠠᠨ ᠨᠢᠭᠲᠠ ᠤᠶᠠᠯᠳᠤᠭᠤᠯᠤᠨ᠂ ᠠᠰᠠᠭᠤᠳᠠᠯ᠎ᠤᠨ ᠡᠭᠦᠰᠦᠭᠰᠡᠨ ᠦᠨᠳᠦᠰᠦ ᠰᠤᠷᠪᠤᠯᠵᠢ ᠵᠢ ᠭᠦᠨᠵᠡᠭᠡᠢ ᠵᠠᠳᠠᠯᠤᠨ᠂ ᠰᠠᠨᠠᠭ᠋ᠠᠴᠢᠯᠠᠭ᠎ᠠ᠎ᠠᠴᠠ᠎ᠪᠠᠨ ᠲᠠᠨᠢᠨ ᠣᠢ᠌ᠯᠠᠭ᠋ᠠᠵᠤ᠂ ᠤᠬᠠᠮᠰᠠᠷ᠎ᠠᠴᠠ᠎ᠪᠠᠨ ᠬᠠᠷᠢᠭᠤᠴᠠᠯᠭ᠎ᠠ ᠡᠭᠦᠷᠭᠡᠯᠡᠨ᠂ ᠲᠤᠰᠬᠠᠢ ᠵᠦᠢ᠍ᠯ᠎ᠤᠨ ᠲᠣᠭᠣᠷᠢᠨ ᠪᠠᠢ᠌ᠴᠠᠭ᠋ᠠᠯᠲᠠ ᠵᠢᠨ 《ᠰᠡᠭᠦᠯ᠎ᠤᠨ ᠬᠠᠭ᠋ᠠᠰ ᠠᠵᠢᠯ》᠎ᠢ ᠬᠢᠨᠠᠮᠠᠭ᠋ᠠᠢ᠎ᠪᠠᠷ ᠰᠠᠢ᠌ᠲᠤᠷ ᠬᠢᠬᠦ ᠬᠡᠷᠡᠭᠲᠡᠢ᠃ ᠭᠤᠷᠪᠠ᠎ᠳᠤ᠂ ᠴᠡᠭᠴᠡᠯᠡᠨ ᠥᠭᠡᠷᠡᠴᠢᠯᠡᠬᠦ ᠵᠢ ᠴᠢᠩᠭ᠎ᠠ ᠪᠥᠭᠡᠳ ᠪᠣᠳᠠᠲᠠᠢ᠎ᠪᠠᠷ ᠰᠠᠢ᠌ᠲᠤᠷ   ᠠᠳᠬᠤᠬᠤ   ᠬᠡᠷᠡᠭᠲᠡᠢ᠃ 《ᠳᠥᠷᠪᠡ ᠵᠢ ᠨᠠᠢ᠌ᠳᠠᠪᠤᠷᠢᠵᠢᠭᠤᠯᠬᠤ》᠎ᠳᠤ   ᠠᠩᠬᠠᠷᠤᠭᠤᠯᠤᠨ ᠲᠥᠪᠯᠡᠷᠡᠭᠦᠯᠵᠦ᠂ 《ᠨᠠᠢ᠍ᠮᠠ ᠵᠢ ᠦᠵᠡᠬᠦ》 ᠭᠣᠣᠯᠳᠠᠯᠭ᠎ᠠ ᠵᠢ ᠲᠣᠪᠣᠢ᠌ᠯᠭ᠋ᠠᠨ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠲᠤᠢ᠌ᠯ᠎ᠤᠨ ᠣᠨᠣᠪᠴᠢᠲᠠᠢ᠎ᠪᠠᠷ ᠠᠷᠭ᠎ᠠ ᠪᠣᠳᠣᠯᠭ᠎ᠠ ᠵᠢ ᠲᠤᠭᠤᠰᠢᠯᠠᠭᠤᠯᠤᠨ᠂ ᠲᠥᠪ᠎ᠤᠨ ᠲᠤᠰᠬᠠᠢ ᠵᠦᠢ᠍ᠯ᠎ᠤᠨ ᠲᠣᠭᠣᠷᠢᠨ ᠪᠠᠢ᠌ᠴᠠᠭ᠋ᠠᠯᠲᠠ᠎ᠳᠤ ᠬᠠᠷᠢᠭᠤ ᠲᠤᠰᠬᠠᠭᠰᠠᠨ ᠰᠠᠨᠠᠯ ᠪᠠ ᠲᠤᠰ ᠪᠡᠶ᠎ᠡ᠎ᠠᠴᠠ᠎ᠪᠠᠨ ᠪᠠᠢ᠌ᠴᠠᠭ᠋ᠠᠨ ᠭᠠᠷᠭ᠋ᠠᠭᠰᠠᠨ ᠠᠰᠠᠭᠤᠳᠠᠯ᠎ᠢ ᠬᠢᠨᠠᠮᠠᠭ᠋ᠠᠢ᠎ᠪᠠᠷ ᠬᠠᠷᠢᠴᠠᠭᠤᠯᠵᠤ᠂ ᠵᠦᠢ᠍ᠯ ᠳᠠᠷᠠᠭ᠋ᠠᠯᠠᠨ ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠬᠤ ᠬᠡᠷᠡᠭᠲᠡᠢ᠃ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠱᠠᠭ᠋ᠠᠷᠳᠠᠯᠭ᠎ᠠ ᠵᠢ ᠴᠡᠭᠴᠡᠯᠡᠨ ᠥᠭᠡᠷᠡᠴᠢᠯᠡᠬᠦ ᠠᠵᠢᠯ᠎ᠤᠨ ᠪᠦᠬᠦ ᠶᠠᠪᠤᠴᠠ᠎ᠳᠤ ᠨᠡᠢ᠌ᠳᠡᠮ ᠲᠤᠭᠤᠰᠢᠯᠠᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠪᠠ 《ᠳᠥᠷᠪᠡᠨ ᠵᠦᠢ᠍ᠯ᠎ᠤᠨ ᠲᠤᠰᠢᠶᠠᠯᠲᠠᠨ》᠎ᠤ ᠠᠰᠠᠭᠤᠳᠠᠯ᠎ᠢ ᠡᠷᠡᠰ ᠲᠡᠪᠴᠢᠨ᠂ ᠴᠡᠭᠴᠡᠯᠡᠨ ᠥᠭᠡᠷᠡᠴᠢᠯᠡᠬᠦ ᠠᠵᠢᠯ᠎ᠢ ᠦᠨᠡᠨ ᠪᠣᠳᠠᠲᠠᠢ᠎ᠪᠠᠷ ᠬᠢᠵᠦ᠂ ᠪᠣᠳᠠᠲᠤ ᠦᠷ᠎ᠡ ᠪᠦᠲᠦᠮᠵᠢ ᠣᠯᠬᠤ ᠵᠢ ᠠᠬᠢᠭᠤᠯᠵᠤ᠂ ᠲᠣᠭᠣᠷᠢᠨ ᠪᠠᠢ᠌ᠴᠠᠭ᠋ᠠᠵᠤ ᠴᠡᠭᠴᠡᠯᠡᠨ ᠥᠭᠡᠷᠡᠴᠢᠯᠡᠬᠦ ᠡᠯ᠎ᠡ ᠵᠦᠢ᠍ᠯ᠎ᠤᠨ ᠡᠭᠦᠷᠭᠡ ᠵᠢ ᠡᠷᠡᠰ ᠰᠢᠭᠤᠷᠬᠠᠢ᠎ᠪᠠᠷ ᠪᠦᠲᠦᠮᠵᠢᠲᠡᠢ ᠨᠠᠢ᠌ᠳᠠᠪᠤᠷᠢᠵᠢᠭᠤᠯᠬᠤ ᠵᠢ ᠪᠠᠲᠤᠯᠠᠨ᠂ ᠶᠠᠳᠠᠭᠤ᠎ᠠᠴᠠ ᠠᠩᠭᠢᠵᠢᠷᠠᠭᠤᠯᠤᠨ ᠰᠢᠪᠲᠤᠯᠤᠯᠲᠠ ᠬᠢᠬᠦ ᠡᠭᠦᠷᠭᠡ ᠵᠢ ᠬᠤᠭᠤᠴᠠᠭ᠎ᠠ ᠶᠣᠰᠣᠭ᠋ᠠᠷ ᠴᠢᠨᠠᠷᠯᠢᠭ ᠪᠡᠶᠡᠯᠡᠭᠦᠯᠬᠦ ᠵᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠵᠠᠢ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ 2018 ᠣᠨ᠎ᠤ ᠲᠢᠩᠬᠢᠮ᠎ᠤᠨ ᠰᠢᠰᠲ᠋ᠧᠮ᠎ᠤᠨ᠎ᠬᠢᠨ᠎ᠤ ᠰᠢᠯᠭ᠋ᠠᠨ ᠬᠢᠨᠠᠯᠲᠠ ᠵᠢᠨ ᠠᠵᠢᠯ᠎ᠤᠨ ᠬᠤᠷᠠᠯ᠎ᠢ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ 《ᠤᠯᠤᠰ᠎ᠤᠨ ᠠᠮᠤᠷ ᠲᠦᠪᠰᠢᠨ᠎ᠤ ᠶᠡᠷᠦᠩᠬᠡᠢ ᠬᠠᠮᠢᠶᠠᠷᠤᠯᠲᠠ ᠬᠢᠭᠡᠳ ᠳᠤᠮᠳᠠᠳᠤ ᠤᠯᠤᠰ᠎ᠤᠨ ᠤᠯᠤᠰ᠎ᠤᠨ ᠠᠮᠤᠷ ᠲᠦᠪᠰᠢᠨ᠎ᠤ ᠪᠠᠢ᠌ᠯᠳᠤᠬᠤ ᠪᠣᠳᠣᠯᠭ᠎ᠠ》 ᠭᠡᠬᠦ ᠲᠠᠢ᠌ᠯᠤᠮᠵᠢ ᠵᠢ ᠡᠷᠬᠢᠯᠡᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠲᠥᠪ᠎ᠤᠨ ᠶᠠᠳᠠᠭᠤ᠎ᠠᠴᠠ ᠠᠩᠭᠢᠵᠢᠷᠠᠭᠤᠯᠤᠨ ᠰᠢᠪᠲᠤᠯᠤᠯᠲᠠ ᠬᠢᠬᠦ ᠵᠢ ᠲᠤᠰᠬᠠᠢ ᠵᠦᠢ᠍ᠯ ᠵᠶ᠋ᠡᠷ ᠲᠣᠭᠣᠷᠢᠨ ᠪᠠᠢ᠌ᠴᠠᠭ᠋ᠠᠵᠤ ᠴᠡᠭᠴᠡᠯᠡᠨ ᠥᠭᠡᠷᠡᠴᠢᠯᠡᠵᠦ ᠨᠠᠢ᠌ᠳᠠᠪᠤᠷᠢᠵᠢᠭᠤᠯᠬᠤ ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ᠎ᠤᠨ ᠬᠤᠷᠠᠯ᠎ᠤᠨ ᠭᠣᠣᠯ ᠳᠤᠭᠤᠢ᠌ᠯᠠᠩ (ᠥᠷᠭᠡᠳᠬᠡᠭᠰᠡᠨ)᠎ᠤᠨ ᠰᠤᠷᠤᠯᠴᠠᠨ ᠶᠠᠷᠢᠯᠴᠠᠬᠤ ᠬᠤᠷᠠᠯ᠎ᠢ ᠬᠤᠷᠠᠯᠳᠤᠭᠤᠯᠪᠠ
ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠰᠣᠨᠢᠨ᠎ᠤ ᠥᠪᠥᠷ ᠮᠣᠩᠭᠣᠯ᠎ᠳᠤ ᠰᠠᠭᠤᠭ᠎ᠠ ᠰᠤᠷᠪᠤᠯᠵᠢᠯᠠᠭᠴᠢ ᠵᠢᠨ ᠥᠷᠲᠡᠭᠡ ᠵᠢᠨ᠎ᠬᠢᠨ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠢᠳᠡᠪᠬᠢᠲᠡᠢ ᠦᠢ᠍ᠯᠡᠳᠦᠯᠭᠡᠵᠢᠭᠦᠯᠵᠦ ᠦᠨᠳᠦᠰᠦᠨ ᠱᠠᠲᠤᠨ᠎ᠳᠤ ᠭᠦᠨᠵᠡᠭᠡᠢ᠌ᠷᠡᠨ ᠰᠤᠷᠪᠤᠯᠵᠢᠯᠠᠨ ᠮᠡᠳᠡᠭᠡᠯᠡᠪᠡ
ᠮᠠᠨ᠎ᠤ ᠣᠷᠣᠨ ᠤᠰᠤ ᠰᠢᠢ᠍ᠳᠪᠦᠷᠢᠯᠡᠬᠦ ᠵᠢᠴᠢ ᠭᠦᠸᠧᠯᠦ ᠵᠢᠨ ᠠᠵᠢᠯ ᠲᠥᠷᠥᠯ᠎ᠤᠨ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠭᠤᠶᠤᠴᠢᠯᠠᠬᠤ ᠵᠢ ᠬᠢᠨᠠᠨ ᠬᠠᠷᠭᠤᠭᠤᠯᠬᠤ ᠪᠣᠯᠪᠠᠰᠤᠷᠠᠭᠤᠯᠤᠯ᠎ᠢ ᠥᠷᠨᠢᠭᠦᠯᠪᠡ
 
             蒙ICP备05000248号