ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠵᠢᠷᠤᠬᠲᠦ᠍ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠲᠥᠪ᠎ᠤᠨ ᠶᠠᠳᠠᠭᠤ᠎ᠠᠴᠠ ᠠᠩᠭᠢᠵᠢᠷᠠᠭᠤᠯᠤᠨ ᠰᠢᠪᠲᠤᠯᠤᠯᠲᠠ ᠬᠢᠬᠦ ᠵᠢ ᠲᠤᠰᠬᠠᠢ ᠵᠦᠢ᠍ᠯ ᠵᠶ᠋ᠡᠷ ᠲᠣᠭᠣᠷᠢᠨ ᠪᠠᠢ᠌ᠴᠠᠭ᠋ᠠᠵᠤ ᠴᠡᠭᠴᠡᠯᠡᠨ ᠥᠭᠡᠷᠡᠴᠢᠯᠡᠵᠦ ᠨᠠᠢ᠌ᠳᠠᠪᠤᠷᠢᠵᠢᠭᠤᠯᠬᠤ ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ᠎ᠤᠨ ᠬᠤᠷᠠᠯ᠎ᠤᠨ ᠭᠣᠣᠯ ᠳᠤᠭᠤᠢ᠌ᠯᠠᠩ (ᠥᠷᠭᠡᠳᠬᠡᠭᠰᠡᠨ)᠎ᠤᠨ ᠰᠤᠷᠤᠯᠴᠠᠨ ᠶᠠᠷᠢᠯᠴᠠᠬᠤ ᠬᠤᠷᠠᠯ᠎ᠢ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2019-03-25

      《ᠲᠥᠪ᠎ᠤᠨ ᠶᠠᠳᠠᠭᠤ᠎ᠠᠴᠠ ᠠᠩᠭᠢᠵᠢᠷᠠᠭᠤᠯᠤᠨ ᠰᠢᠪᠲᠤᠯᠤᠯᠲᠠ ᠬᠢᠬᠦ ᠵᠢ ᠲᠤᠰᠬᠠᠢ ᠵᠦᠢ᠍ᠯ ᠵᠶ᠋ᠠᠷ ᠲᠣᠭᠣᠷᠢᠨ ᠪᠠᠢ᠌ᠴᠠᠭ᠋ᠠᠵᠤ ᠴᠡᠭᠴᠡᠯᠡᠨ ᠥᠭᠡᠷᠡᠴᠢᠯᠡᠵᠦ ᠨᠠᠢ᠌ᠳᠠᠪᠤᠷᠢᠵᠢᠭᠤᠯᠬᠤ ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ᠎ᠤᠨ ᠬᠤᠷᠠᠯ᠎ᠢ ᠬᠢᠨᠠᠮᠠᠭ᠋ᠠᠢ᠎ᠪᠠᠷ ᠰᠠᠢ᠌ᠲᠤᠷ ᠬᠤᠷᠠᠯᠳᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠵᠢᠨ ᠪᠠᠢ᠌ᠭᠤᠯᠭ᠎ᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠵᠣᠬᠢᠶᠠᠨ ᠪᠠᠢ᠌ᠭᠤᠯᠬᠤ ᠬᠡᠯᠲᠡᠰ᠎ᠤᠨ ᠮᠡᠳᠡᠭᠳᠡᠯ》᠎ᠤᠨ ᠱᠠᠭ᠋ᠠᠷᠳᠠᠯᠭ᠎ᠠ ᠪᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠲᠥᠪ᠎ᠤᠨ ᠶᠠᠳᠠᠭᠤ᠎ᠠᠴᠠ ᠠᠩᠭᠢᠵᠢᠷᠠᠭᠤᠯᠤᠨ ᠰᠢᠪᠲᠤᠯᠤᠯᠲᠠ ᠬᠢᠬᠦ ᠵᠢ ᠲᠤᠰᠬᠠᠢ ᠵᠦᠢ᠍ᠯ ᠵᠶ᠋ᠠᠷ ᠲᠣᠭᠣᠷᠢᠨ ᠪᠠᠢ᠌ᠴᠠᠭ᠋ᠠᠵᠤ ᠴᠡᠭᠴᠡᠯᠡᠨ ᠥᠭᠡᠷᠡᠴᠢᠯᠡᠵᠦ ᠨᠠᠢ᠌ᠳᠠᠪᠤᠷᠢᠵᠢᠭᠤᠯᠬᠤ ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ᠎ᠤᠨ ᠬᠤᠷᠠᠯ᠎ᠢ ᠬᠡᠷᠡᠭᠵᠢᠭᠦᠯᠬᠦ ᠲᠥᠰᠥᠯ》᠎ᠤᠨ ᠲᠣᠬᠢᠷᠠᠭᠤᠯᠤᠯᠲᠠ ᠶᠣᠰᠣᠭ᠋ᠠᠷ᠂ 3 ᠳ᠋ᠤᠭ᠋ᠠᠷ ᠰᠠᠷ᠎ᠠ ᠵᠢᠨ 18᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠲᠥᠪ᠎ᠤᠨ ᠶᠠᠳᠠᠭᠤ᠎ᠠᠴᠠ ᠠᠩᠭᠢᠵᠢᠷᠠᠭᠤᠯᠤᠨ ᠰᠢᠪᠲᠤᠯᠤᠯᠲᠠ ᠬᠢᠬᠦ ᠵᠢ ᠲᠤᠰᠬᠠᠢ ᠵᠦᠢ᠍ᠯ ᠵᠶ᠋ᠠᠷ ᠲᠣᠭᠣᠷᠢᠨ ᠪᠠᠢ᠌ᠴᠠᠭ᠋ᠠᠵᠤ ᠴᠡᠭᠴᠡᠯᠡᠨ ᠥᠭᠡᠷᠡᠴᠢᠯᠡᠵᠦ ᠨᠠᠢ᠌ᠳᠠᠪᠤᠷᠢᠵᠢᠭᠤᠯᠬᠤ ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ᠎ᠤᠨ   ᠬᠤᠷᠠᠯ᠎ᠤᠨ   ᠭᠣᠣᠯ ᠳᠤᠭᠤᠢ᠌ᠯᠠᠩ (ᠥᠷᠭᠡᠳᠬᠡᠭᠰᠡᠨ)᠎ᠤᠨ   ᠰᠤᠷᠤᠯᠴᠠᠨ ᠶᠠᠷᠢᠯᠴᠠᠬᠤ ᠬᠤᠷᠠᠯ᠎ᠢ ᠬᠤᠷᠠᠯᠳᠤᠭᠤᠯᠵᠠᠢ᠃
      ᠬᠤᠷᠠᠯ᠎ᠠᠴᠠ ᠶᠡᠷᠦᠩᠬᠡᠢ ᠱᠦᠵᠢ ᠰᠢ ᠵᠢᠨ ᠫᠢᠩ᠎ᠤᠨ ᠲᠥᠪ᠎ᠤᠨ ᠶᠠᠳᠠᠭᠤ ᠵᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ᠎ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ᠂ ᠶᠡᠷᠦᠩᠬᠡᠢ ᠱᠦᠵᠢ ᠰᠢ ᠵᠢᠨ ᠫᠢᠩ᠎ᠤᠨ ᠲᠥᠪ ᠬᠣᠷᠢᠶ᠎ᠠ ᠵᠢᠨ ᠤᠯᠤᠰ ᠲᠥᠷᠥ ᠵᠢᠨ ᠲᠣᠪᠴᠢᠶᠠᠨ᠎ᠤ ᠪᠠᠢ᠌ᠩᠭᠤ ᠵᠢᠨ ᠬᠤᠷᠠᠯ ᠳᠡᠭᠡᠷ᠎ᠡ ᠲᠥᠪ᠎ᠤᠨ ᠶᠠᠳᠠᠭᠤ᠎ᠠᠴᠠ ᠠᠩᠭᠢᠵᠢᠷᠠᠭᠤᠯᠤᠨ ᠰᠢᠪᠲᠤᠯᠤᠯᠲᠠ ᠬᠢᠬᠦ ᠵᠢ ᠲᠤᠰᠬᠠᠢ ᠵᠦᠢ᠍ᠯ ᠵᠶ᠋ᠠᠷ ᠲᠣᠭᠣᠷᠢᠨ ᠪᠠᠢ᠌ᠴᠠᠭ᠋ᠠᠭᠰᠠᠨ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠵᠢᠨ ᠫᠢᠩ᠎ᠤᠨ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠨᠢᠭᠡᠳᠦᠭᠡᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠡᠯᠬᠦ᠎ᠳᠤ ᠣᠷᠣᠯᠴᠠᠬᠤ ᠦᠶ᠎ᠡ ᠵᠢᠨ 《ᠶᠠᠳᠠᠭᠤ᠎ᠠᠴᠠ ᠠᠩᠭᠢᠵᠢᠷᠠᠭᠤᠯᠤᠨ ᠰᠢᠪᠲᠤᠯᠤᠯᠲᠠ ᠬᠢᠬᠦ ᠵᠢ ᠯᠠᠪᠳᠠᠭᠤᠨ ᠪᠠᠲᠤᠲᠠᠢ ᠠᠬᠢᠭᠤᠯᠬᠤ》 ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠡᠷᠭᠡ ᠴᠢᠬᠤᠯᠠ ᠠᠭᠤᠯᠭ᠎ᠠ ᠵᠢ ᠤᠯᠠᠮᠵᠢᠯᠠᠨ ᠰᠤᠷᠤᠯᠴᠠᠵᠠᠢ᠃
      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠤᠳᠤᠷᠢᠳᠬᠤ ᠪᠠᠭ᠎ᠤᠨ ᠭᠡᠰᠢᠭᠦᠳ ᠲᠤᠰ ᠤᠳᠠᠭ᠋ᠠᠨ᠎ᠤ ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ᠎ᠤᠨ ᠬᠤᠷᠠᠯ᠎ᠤᠨ ᠭᠣᠣᠯ ᠰᠡᠳᠦᠪ᠎ᠤᠨ ᠲᠣᠭᠣᠷᠢᠨ᠎ᠳᠤ ᠶᠠᠷᠢᠯᠴᠠᠨ ᠰᠣᠯᠢᠯᠴᠠᠵᠠᠢ᠃
      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠳᠤᠭᠤᠢ᠌ᠯᠠᠩ᠂ ᠲᠢᠩᠬᠢᠮ᠎ᠤᠨ ᠪᠠᠢ᠌ᠭᠤᠯᠭ᠎ᠠ ᠵᠢᠨ ᠡᠯ᠎ᠡ ᠭᠠᠵᠠᠷ ᠲᠠᠰᠤᠭ᠂ ᠬᠠᠷᠢᠶᠠᠯᠠᠭᠳᠠᠬᠤ ᠠᠵᠢᠯ ᠦᠢ᠍ᠯᠡᠰ᠎ᠤᠨ ᠨᠢᠭᠡᠴᠢ ᠵᠢᠨ ᠭᠣᠣᠯ ᠬᠠᠷᠢᠭᠤᠴᠠᠯᠭ᠋ᠠᠲᠠᠳ ᠬᠤᠷᠠᠯ᠎ᠳᠤ ᠣᠷᠣᠯᠴᠠᠵᠠᠢ᠃


   

      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠲᠥᠪ᠎ᠤᠨ ᠶᠠᠳᠠᠭᠤ᠎ᠠᠴᠠ ᠠᠩᠭᠢᠵᠢᠷᠠᠭᠤᠯᠤᠨ ᠰᠢᠪᠲᠤᠯᠤᠯᠲᠠ ᠬᠢᠬᠦ ᠵᠢ ᠲᠤᠰᠬᠠᠢ ᠵᠦᠢ᠍ᠯ ᠵᠶ᠋ᠠᠷ ᠲᠣᠭᠣᠷᠢᠨ ᠪᠠᠢ᠌ᠴᠠᠭ᠋ᠠᠵᠤ ᠴᠡᠭᠴᠡᠯᠡᠨ ᠥᠭᠡᠷᠡᠴᠢᠯᠡᠵᠦ ᠨᠠᠢ᠌ᠳᠠᠪᠤᠷᠢᠵᠢᠭᠤᠯᠬᠤ ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ᠎ᠤᠨ ᠬᠤᠷᠠᠯ᠎ᠤᠨ ᠭᠣᠣᠯ ᠳᠤᠭᠤᠢ᠌ᠯᠠᠩ (ᠥᠷᠭᠡᠳᠬᠡᠭᠰᠡᠨ)᠎ᠤᠨ ᠰᠤᠷᠤᠯᠴᠠᠨ ᠶᠠᠷᠢᠯᠴᠠᠬᠤ ᠬᠤᠷᠠᠯ᠎ᠢ ᠬᠤᠷᠠᠯᠳᠤᠭᠤᠯᠵᠤ ᠪᠠᠢ᠌ᠨ᠎ᠠ

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠰᠣᠨᠢᠨ᠎ᠤ ᠥᠪᠥᠷ ᠮᠣᠩᠭᠣᠯ᠎ᠳᠤ ᠰᠠᠭᠤᠭ᠎ᠠ ᠰᠤᠷᠪᠤᠯᠵᠢᠯᠠᠭᠴᠢ ᠵᠢᠨ ᠥᠷᠲᠡᠭᠡ ᠵᠢᠨ᠎ᠬᠢᠨ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠢᠳᠡᠪᠬᠢᠲᠡᠢ ᠦᠢ᠍ᠯᠡᠳᠦᠯᠭᠡᠵᠢᠭᠦᠯᠵᠦ ᠦᠨᠳᠦᠰᠦᠨ ᠱᠠᠲᠤᠨ᠎ᠳᠤ ᠭᠦᠨᠵᠡᠭᠡᠢ᠌ᠷᠡᠨ ᠰᠤᠷᠪᠤᠯᠵᠢᠯᠠᠨ ᠮᠡᠳᠡᠭᠡᠯᠡᠪᠡ
ᠮᠠᠨ᠎ᠤ ᠣᠷᠣᠨ ᠤᠰᠤ ᠰᠢᠢ᠍ᠳᠪᠦᠷᠢᠯᠡᠬᠦ ᠵᠢᠴᠢ ᠭᠦᠸᠧᠯᠦ ᠵᠢᠨ ᠠᠵᠢᠯ ᠲᠥᠷᠥᠯ᠎ᠤᠨ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠭᠤᠶᠤᠴᠢᠯᠠᠬᠤ ᠵᠢ ᠬᠢᠨᠠᠨ ᠬᠠᠷᠭᠤᠭᠤᠯᠬᠤ ᠪᠣᠯᠪᠠᠰᠤᠷᠠᠭᠤᠯᠤᠯ᠎ᠢ ᠥᠷᠨᠢᠭᠦᠯᠪᠡ
ᠪᠡᠶᠡᠯᠡᠭᠦᠯᠬᠦ ᠴᠠᠭ᠎ᠤᠨ ᠬᠢᠵᠠᠭ᠋ᠠᠷ ᠪᠠ ᠬᠠᠷᠢᠭᠤᠴᠠᠬᠤ ᠬᠥᠮᠥᠨ᠎ᠢ ᠲᠣᠳᠣᠷᠬᠠᠢ᠌ᠯᠠᠵᠤ ᠲᠠᠢ᠌ᠭ᠎ᠠ ᠨᠠᠭᠤᠷ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠯᠲᠠ ᠵᠢᠨ ᠲᠥᠷᠥᠯ ᠵᠦᠢ᠍ᠯ᠎ᠢ ᠲᠣᠭᠲᠠᠭᠤᠨ ᠵᠶ᠋ᠠᠷ ᠠᠬᠢᠭᠤᠯᠵᠤ ᠪᠠᠢ᠌ᠨ᠎ᠠ
ᠥᠪᠡᠷᠲᠡᠭᠡᠨ ᠵᠠᠰᠠᠬᠤ ᠣᠷᠣᠨ᠎ᠠᠴᠠ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠣᠨᠢᠨ ᠮᠡᠳᠡᠭᠡ ᠨᠡᠢ᠌ᠲᠡᠯᠡᠬᠦ ᠬᠤᠷᠠᠯ᠎ᠢ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠨᠣᠯ᠎ᠤᠨ ᠰᠤᠷᠤᠯᠴᠠᠯᠭ᠎ᠠ ᠵᠢᠨ ᠭᠣᠣᠯ ᠳᠤᠭᠤᠢ᠌ᠯᠠᠩ᠎ᠤᠨ ᠲᠤᠰᠬᠠᠢ ᠰᠡᠳᠦᠪᠲᠦ ᠰᠤᠷᠤᠯᠴᠠᠯᠭ᠎ᠠ ᠪᠠ 2019 ᠣᠨ᠎ᠤ ᠲᠠᠪᠤᠳᠤᠭ᠋ᠠᠷ ᠤᠳᠠᠭ᠋ᠠᠨ᠎ᠤ ᠰᠤᠷᠤᠯᠴᠠᠯᠭ᠎ᠠ ᠵᠢᠨ ᠬᠤᠷᠠᠯ᠎ᠢ ᠬᠤᠷᠠᠯᠳᠤᠭᠤᠯᠪᠠ
 
             蒙ICP备05000248号