ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠵᠢᠷᠤᠬᠲᠦ᠍ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠭᠠᠵᠠᠷ᠎ᠤᠨ ᠳᠡᠰ᠎ᠤᠨ ᠤᠳᠤᠷᠢᠳᠬᠤ ᠺᠠᠳ᠋ᠷ᠎ᠤᠨ ᠲᠤᠰᠢᠶᠠᠯ᠎ᠳᠤ ᠭᠠᠷᠬᠤ ᠴᠢᠭᠴᠢ ᠵᠠᠰᠠᠭ᠎ᠤᠨ ᠶᠠᠷᠢᠯᠴᠠᠭ᠋ᠠᠨ᠎ᠤ ᠬᠤᠷᠠᠯ ᠵᠢᠴᠢ ᠨᠠᠮ᠎ᠤᠨ ᠰᠤᠷᠲᠠᠯ ᠴᠢᠭᠴᠢ ᠵᠠᠰᠠᠭ᠎ᠤᠨ ᠪᠠᠢ᠌ᠭᠤᠯᠤᠯᠲᠠ ᠵᠢᠨ ᠬᠠᠷᠢᠭᠤᠴᠠᠯᠭ᠎ᠠ ᠵᠢᠨ ᠪᠢᠴᠢᠭ᠎ᠲᠤ ᠭᠠᠷ᠎ᠤᠨ ᠦᠰᠦᠭ ᠵᠢᠷᠤᠬᠤ ᠶᠣᠰᠣᠯᠠᠯ᠎ᠢ ᠡᠷᠬᠢᠯᠡᠨ ᠶᠠᠪᠤᠭᠤᠯᠪᠠ
ᠨᠡᠶ᠋ᠢᠲᠡᠯᠡᠭᠰᠡᠨ ᠴᠠᠭ᠄ 2019-05-10

      ᠴᠢᠭᠴᠢ ᠵᠠᠰᠠᠭ᠎ᠤᠨ ᠶᠠᠷᠢᠯᠴᠠᠭ᠋ᠠᠨ᠎ᠤ ᠳᠦᠷᠢᠮ᠎ᠢ ᠬᠢᠨᠠᠮᠠᠭ᠋ᠠᠢ ᠨᠠᠢ᠌ᠳᠠᠪᠤᠷᠢᠵᠢᠭᠤᠯᠤᠨ᠂ ᠨᠠᠮ᠎ᠤᠨ ᠰᠤᠷᠲᠠᠯ ᠴᠢᠭᠴᠢ ᠵᠠᠰᠠᠭ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠵᠢ ᠭᠦᠨᠵᠡᠭᠡᠢ ᠠᠬᠢᠭᠤᠯᠬᠤ ᠵᠢᠨ ᠲᠤᠰᠠᠳᠠ᠂ 5 ᠳ᠋ᠤᠭ᠋ᠠᠷ ᠰᠠᠷ᠎ᠠ ᠵᠢᠨ 8᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠭᠠᠵᠠᠷ᠎ᠤᠨ ᠳᠡᠰ᠎ᠤᠨ ᠤᠳᠤᠷᠢᠳᠬᠤ ᠺᠠᠳ᠋ᠷ᠎ᠤᠨ ᠲᠤᠰᠢᠶᠠᠯ᠎ᠳᠤ ᠭᠠᠷᠬᠤ ᠴᠢᠭᠴᠢ ᠵᠠᠰᠠᠭ᠎ᠤᠨ ᠶᠠᠷᠢᠯᠴᠠᠭ᠋ᠠᠨ᠎ᠤ ᠬᠤᠷᠠᠯ ᠵᠢᠴᠢ ᠨᠠᠮ᠎ᠤᠨ ᠰᠤᠷᠲᠠᠯ ᠴᠢᠭᠴᠢ ᠵᠠᠰᠠᠭ᠎ᠤᠨ ᠪᠠᠢ᠌ᠭᠤᠯᠤᠯᠲᠠ ᠵᠢᠨ ᠬᠠᠷᠢᠭᠤᠴᠠᠯᠭ᠎ᠠ ᠵᠢᠨ ᠪᠢᠴᠢᠭ᠎ᠲᠤ ᠭᠠᠷ᠎ᠤᠨ ᠦᠰᠦᠭ ᠵᠢᠷᠤᠬᠤ ᠶᠣᠰᠣᠯᠠᠯ᠎ᠢ ᠡᠷᠬᠢᠯᠡᠨ ᠶᠠᠪᠤᠭᠤᠯᠵᠠᠢ᠃


      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠰᠢᠶᠠᠩ ᠳ᠋ᠦᠩ ᠬᠤᠷᠠᠯ᠎ᠳᠤ ᠣᠷᠣᠯᠴᠠᠭᠰᠠᠨ᠎ᠤ ᠬᠠᠮᠲᠤ ᠶᠠᠷᠢᠶ᠎ᠠ ᠲᠠᠯᠪᠢᠨ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠵᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠳᠠᠷᠤᠭ᠎ᠠ ᠶᠠᠩ ᠸᠧᠨ ᠮᠢᠩ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠡᠳ᠋ ᠳᠠᠷᠤᠭ᠎ᠠ ᠵᠠᠩ ᠬᠤᠢ ᠢᠦᠢ ᠬᠤᠷᠠᠯ᠎ᠢ ᠡᠷᠬᠢᠯᠡᠭᠰᠡᠨ᠎ᠤ ᠬᠠᠮᠲᠤ ᠳ᠋ᠦᠩᠨᠡᠯᠲᠡ ᠵᠢᠨ ᠶᠠᠷᠢᠶ᠎ᠠ ᠲᠠᠯᠪᠢᠵᠠᠢ᠃
      ᠲᠢᠩᠬᠢᠮ᠎ᠤᠨ ᠳᠠᠷᠤᠭ᠎ᠠ ᠰᠢᠶᠠᠩ ᠳ᠋ᠦᠩ ᠵᠢᠭ᠋ᠠᠬᠤ᠎ᠳᠤ᠎ᠪᠠᠨ᠂ ᠰᠢᠨ᠎ᠡ᠎ᠪᠠᠷ ᠲᠤᠰᠢᠶᠠᠯ᠎ᠳᠤ ᠭᠠᠷᠤᠭᠰᠠᠨ ᠨᠥᠬᠥᠳ ᠪᠣᠯ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠢ ᠵᠣᠬᠢᠶᠠᠨ ᠪᠠᠢ᠌ᠭᠤᠯᠤᠭᠰᠠᠨ᠎ᠤ ᠳᠠᠷᠠᠭ᠋ᠠᠬᠢ ᠠᠩᠬᠠᠳᠠᠭᠴᠢ ᠪᠦᠯᠦᠭ ᠲᠤᠰᠢᠶᠠᠯ᠎ᠳᠤ ᠭᠠᠷᠤᠭᠰᠠᠨ ᠳᠣᠲᠣᠭ᠋ᠠᠳᠤ᠎ᠳᠤ᠎ᠪᠠᠨ ᠲᠣᠬᠢᠷᠠᠭᠤᠯᠤᠭᠰᠠᠨ ᠭᠠᠵᠠᠷ ᠲᠠᠰᠤᠭ᠎ᠤᠨ ᠬᠠᠷᠢᠭᠤᠴᠠᠯᠭ᠋ᠠᠲᠠᠳ ᠪᠠᠢ᠌ᠵᠤ᠂ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠣᠯᠠᠨ ᠵᠢᠯ᠎ᠤᠨ ᠬᠥᠮᠥᠵᠢᠯ ᠪᠣᠯᠪᠠᠰᠤᠷᠠᠭᠤᠯᠤᠯ ᠪᠠ ᠬᠤᠪᠢ ᠬᠥᠮᠥᠨ᠎ᠤ ᠤᠷᠲᠤ ᠬᠤᠭᠤᠴᠠᠭ᠋ᠠᠨ᠎ᠤ ᠴᠢᠷᠮᠠᠢ᠌ᠯᠭ᠎ᠠ᠎ᠪᠠᠷ ᠳᠠᠮᠵᠢᠨ᠂ ᠡᠯ᠎ᠡ ᠲᠠᠯ᠎ᠠ ᠵᠢᠨ ᠢᠯᠡᠷᠡᠯ ᠵᠶ᠋ᠡᠷ ᠰᠢᠯᠢᠳᠡᠭ᠂ ᠣᠯᠠᠨ ᠲᠦᠮᠡᠨ᠎ᠤ ᠵᠥᠪᠰᠢᠶᠡᠷᠡᠯ ᠨᠤᠲᠠᠯᠠᠯᠲᠠ ᠵᠢ ᠣᠯᠵᠤ᠂ ᠨᠠᠮ᠎ᠤᠨ ᠤᠳᠤᠷᠢᠳᠬᠤ ᠳᠤᠭᠤᠢ᠌ᠯᠠᠩ᠎ᠤᠨ ᠢᠲᠡᠭᠡᠨ ᠨᠠᠢ᠌ᠳᠠᠵᠤ ᠪᠠᠢ᠌ᠭ᠎ᠠ ᠨᠥᠬᠥᠳ ᠪᠣᠯᠣᠨ᠎ᠠ᠃ ᠣᠯᠠᠨ ᠵᠶ᠋ᠠᠷ ᠵᠶ᠋ᠠᠨ ᠠᠵᠢᠯ᠎ᠤᠨ ᠪᠠᠢ᠌ᠷᠢ ᠪᠠ ᠴᠠᠭ ᠮᠥᠴᠡ ᠵᠢ ᠡᠷᠬᠢᠮᠨᠡᠨ ᠨᠠᠨᠳᠢᠩᠨᠠᠵᠤ᠂ ᠵᠣᠬᠢᠶᠠᠨ ᠪᠠᠢ᠌ᠭᠤᠯᠤᠯᠲᠠ ᠪᠠ ᠣᠯᠠᠨ ᠲᠦᠮᠡᠨ᠎ᠤ ᠢᠲᠡᠭᠡᠯ ᠬᠦᠰᠡᠯ᠎ᠢ ᠬᠥᠰᠡᠷᠳᠡᠭᠦᠯᠬᠦ ᠦᠭᠡᠢ᠎ᠪᠠᠷ᠂ ᠰᠢᠨ᠎ᠡ ᠠᠵᠢᠯ᠎ᠤᠨ ᠪᠠᠢ᠌ᠷᠢ ᠳᠡᠭᠡᠷ᠎ᠡ᠎ᠪᠠᠨ᠂ ᠵᠣᠬᠢᠶᠠᠨ ᠪᠠᠢ᠌ᠭᠤᠯᠤᠯᠲᠠ ᠪᠠ ᠣᠯᠠᠨ ᠲᠦᠮᠡᠨ᠎ᠤ ᠢᠲᠡᠭᠡᠯ ᠨᠠᠢ᠌ᠳᠠᠯᠭ᠎ᠠ ᠵᠢ ᠬᠠᠷᠢᠭᠤᠴᠠᠯᠭ᠎ᠠ ᠪᠣᠯᠭ᠋ᠠᠨ ᠤᠯᠠᠷᠢᠭᠤᠯᠤᠨ᠂ ᠡᠭᠦᠷᠭᠡ ᠬᠠᠷᠢᠭᠤᠴᠠᠯᠭ᠎ᠠ᠎ᠪᠠᠨ ᠴᠢᠩ ᠦᠨᠡᠨᠴᠢ᠎ᠪᠠᠷ ᠭᠦᠢ᠍ᠴᠡᠳᠬᠡᠵᠦ᠂ ᠤᠯᠤᠰ ᠲᠥᠷᠥ ᠵᠢᠨ ᠲᠠᠯ᠎ᠠ᠎ᠪᠠᠷ ᠠᠷᠢᠭᠤᠨ ᠴᠢᠭᠴᠢ᠂ ᠠᠵᠢᠯ᠎ᠳᠤ᠎ᠪᠠᠨ ᠰᠢᠭᠤᠷᠬᠠᠢ᠂ ᠰᠤᠷᠤᠯᠴᠠᠯᠭ᠎ᠠ ᠵᠢᠨ ᠲᠠᠯ᠎ᠠ᠎ᠪᠠᠷ ᠢᠳᠡᠪᠬᠢᠲᠡᠢ᠂ ᠶᠣᠰᠣ ᠮᠣᠷᠠᠯ᠎ᠲᠠᠢ ᠪᠥᠭᠡᠳ ᠰᠠᠬᠢᠯᠭ᠎ᠠ ᠳᠦᠷᠢᠮ᠎ᠲᠠᠢ᠂ ᠣᠯᠠᠨ ᠲᠦᠮᠡᠨ᠎ᠤ ᠢᠲᠡᠭᠡᠮᠵᠢᠲᠡᠢ ᠬᠥᠮᠥᠨ ᠪᠣᠯᠵᠤ᠂ ᠠᠵᠢᠯ᠎ᠤᠨ ᠰᠢᠨ᠎ᠡ ᠦᠷ᠎ᠡ ᠪᠦᠲᠦᠮᠵᠢ᠎ᠪᠠᠷ ᠣᠯᠠᠨ ᠲᠦᠮᠡᠨ ᠪᠠ ᠵᠣᠬᠢᠶᠠᠨ ᠪᠠᠢ᠌ᠭᠤᠯᠤᠯᠲᠠ ᠵᠢᠨ ᠢᠲᠡᠭᠡᠯ ᠨᠠᠢ᠌ᠳᠠᠯᠭ᠎ᠠ ᠵᠢ ᠭᠦᠢ᠍ᠴᠡᠳᠬᠡᠬᠦ ᠬᠡᠷᠡᠭᠲᠡᠢ ᠭᠡᠵᠡᠢ᠃


      ᠰᠢᠶᠠᠩ ᠳ᠋ᠦᠩ ᠱᠠᠭ᠋ᠠᠷᠳᠠᠬᠤ᠎ᠳᠤ᠎ᠪᠠᠨ᠂ ᠡᠭᠦᠨ᠎ᠠᠴᠠ ᠬᠣᠢ᠌ᠰᠢᠳᠠ ᠵᠢᠨ ᠠᠵᠢᠯ᠎ᠳᠤ᠎ᠪᠠᠨ᠂ ᠤᠯᠤᠰ ᠲᠥᠷᠥ ᠵᠢ ᠡᠷᠬᠢᠮᠯᠡᠨ᠂ ᠶᠡᠬᠡ ᠲᠠᠯ᠎ᠠ ᠵᠢ ᠪᠣᠳᠣᠯᠬᠢᠯᠠᠬᠤ ᠲᠠᠯ᠎ᠠ᠎ᠪᠠᠷ ᠥᠯᠢᠭᠡᠷ ᠳᠠᠭᠤᠷᠢᠶᠠᠯ ᠪᠣᠯᠵᠤ᠂ ᠬᠦᠰᠡᠯᠡᠩ ᠢᠲᠡᠭᠡᠯ ᠵᠣᠷᠢᠭ ᠵᠶ᠋ᠠᠨ ᠪᠠᠲᠤᠳᠬᠠᠨ᠂ 《ᠳᠥᠷᠪᠡᠨ ᠵᠦᠢ᠍ᠯ᠎ᠤᠨ ᠦᠵᠡᠯ ᠤᠬᠠᠮᠰᠠᠷ》᠎ᠢ ᠯᠠᠪᠳᠠᠭᠤᠨ ᠪᠠᠲᠤᠲᠠᠢ ᠪᠣᠢ ᠪᠣᠯᠭ᠋ᠠᠵᠤ᠂ 《ᠳᠥᠷᠪᠡᠨ ᠲᠠᠯ᠎ᠠ ᠵᠢᠨ ᠢᠲᠡᠭᠡᠯ》 ᠵᠶ᠋ᠡᠨ ᠦᠨᠡᠨ ᠬᠦ᠌ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠭᠦᠢ᠍ᠴᠡᠳᠬᠡᠵᠦ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠡᠷᠡᠰ ᠭᠤᠢ᠌ᠪᠢᠰᠢ ᠦᠭᠡᠢ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠨᠠᠮ᠎ᠤᠨ ᠲᠥᠪ ᠬᠣᠷᠢᠶ᠎ᠠ ᠵᠢᠨ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ ᠪᠣᠳᠠᠲᠠᠢ ᠰᠡᠳᠬᠢᠮᠵᠢ ᠪᠠ ᠠᠷᠭ᠎ᠠ ᠬᠡᠮᠵᠢᠶ᠎ᠡ᠎ᠳᠤ᠎ᠪᠠᠨ ᠨᠠᠢ᠌ᠳᠠᠪᠤᠷᠢᠵᠢᠭᠤᠯᠤᠨ᠂ ᠪᠣᠳᠠᠲᠠᠢ ᠠᠵᠢᠯ᠎ᠤᠨ ᠳᠤᠮᠳᠠ᠎ᠪᠠᠨ ᠨᠠᠢ᠌ᠳᠠᠪᠤᠷᠢᠵᠢᠭᠤᠯᠬᠤ ᠬᠡᠷᠡᠭᠲᠡᠢ᠃ ᠤᠷᠢᠳ ᠵᠶ᠋ᠠᠷ ᠰᠤᠷᠤᠯᠴᠠᠨ᠂ ᠲᠦᠷᠦᠭᠦᠯᠡᠨ ᠬᠢᠬᠦ ᠲᠠᠯ᠎ᠠ᠎ᠪᠠᠷ ᠥᠯᠢᠭᠡᠷ ᠳᠠᠭᠤᠷᠢᠶᠠᠯ ᠪᠣᠯᠵᠤ᠂ ᠰᠤᠷᠤᠯᠴᠠᠭ᠎ᠠ᠎ᠪᠠᠷ ᠨᠢᠭᠡ ᠵᠦᠢ᠍ᠯ᠎ᠤᠨ ᠤᠯᠤᠰ ᠲᠥᠷᠥ ᠵᠢᠨ ᠬᠠᠷᠢᠭᠤᠴᠠᠯᠭ᠎ᠠ᠂ ᠨᠢᠭᠡ ᠵᠦᠢ᠍ᠯ᠎ᠤᠨ ᠠᠮᠢᠳᠤᠷᠠᠯ᠎ᠤᠨ ᠠᠷᠭ᠎ᠠ ᠬᠡᠯᠪᠡᠷᠢ᠂ ᠨᠢᠭᠡ ᠵᠦᠢ᠍ᠯ᠎ᠤᠨ ᠵᠣᠷᠢᠭ ᠰᠠᠨᠠᠭ᠎ᠠ ᠵᠢᠨ ᠬᠥᠭᠡᠭᠡᠴᠡᠯᠳᠦᠯ ᠪᠣᠯᠭ᠋ᠠᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠪᠠ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠪᠠ ᠶᠡᠷᠦᠩᠬᠡᠢ ᠱᠦᠵᠢ ᠰᠢ ᠵᠢᠨ ᠫᠢᠩ᠎ᠤᠨ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠨᠢᠭᠡᠳᠦᠭᠡᠷ᠂ ᠬᠣᠶᠠᠳᠤᠭ᠋ᠠᠷ ᠶᠡᠬᠡ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠵᠤ᠂ ᠠᠮᠢ ᠠᠬᠤᠢ ᠵᠢᠨ ᠣᠷᠴᠢᠨ ᠲᠣᠭᠣᠷᠢᠨ᠎ᠤ ᠬᠦᠷᠢᠶ᠎ᠡ ᠴᠠᠷᠠᠭ᠎ᠠ ᠵᠢᠨ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠂ ᠲᠤᠬᠠᠢ᠌ᠯᠠᠭᠰᠠᠨ ᠠᠵᠢᠯ᠎ᠤᠨ ᠮᠡᠳᠡᠯᠭᠡ ᠵᠢ ᠭᠦᠨᠵᠡᠭᠡᠢ ᠰᠤᠷᠤᠯᠴᠠᠵᠤ᠂ ᠰᠤᠷᠤᠯᠴᠠᠵᠤ ᠬᠡᠷᠡᠭᠯᠡᠬᠦ ᠵᠢ ᠬᠠᠷᠢᠯᠴᠠᠨ ᠤᠶᠠᠯᠳᠤᠭᠤᠯᠤᠨ ᠠᠬᠢᠭᠤᠯᠵᠤ᠂ ᠬᠠᠳᠠᠨ ᠴᠠᠭ᠋ᠠᠷᠠᠭᠰᠠᠨ ᠤᠯᠤᠰ ᠲᠥᠷᠥ ᠵᠢᠨ ᠬᠡᠪ ᠴᠢᠨᠠᠷ ᠪᠠ ᠲᠤᠬᠠᠢ᠌ᠯᠠᠭᠰᠠᠨ ᠠᠵᠢᠯ᠎ᠤᠨ ᠡᠷᠳᠡᠮ ᠴᠢᠳᠠᠪᠤᠷᠢ ᠵᠢ ᠳᠠᠪᠲᠠᠨ ᠪᠣᠯᠪᠠᠰᠤᠷᠠᠭᠤᠯᠬᠤ ᠬᠡᠷᠡᠭᠲᠡᠢ; ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠨ᠂ ᠰᠠᠨᠠᠭ᠋ᠠᠴᠢᠯᠠᠭ᠎ᠠ᠎ᠠᠴᠠ᠎ᠪᠠᠨ ᠴᠢᠷᠮᠠᠢ᠌ᠨ ᠠᠵᠢᠯᠯᠠᠬᠤ ᠲᠠᠯ᠎ᠠ᠎ᠪᠠᠷ ᠥᠯᠢᠭᠡᠷ ᠳᠠᠭᠤᠷᠢᠶᠠᠯ ᠪᠣᠯᠵᠤ᠂ ᠠᠵᠢᠯ᠎ᠤᠨ ᠬᠠᠷᠠᠭ᠋ᠠᠰᠤ᠎ᠪᠠᠨ ᠣᠨᠣᠪᠴᠢᠲᠠᠢ ᠡᠷᠢᠨ᠂ ᠠᠵᠢᠯ᠎ᠤᠨ ᠰᠡᠳᠬᠢᠮᠵᠢ᠎ᠪᠠᠨ ᠲᠡᠭᠦᠯᠳᠡᠷᠵᠢᠭᠦᠯᠵᠦ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠢ᠌ᠭ᠋ᠠᠳ ᠨᠠᠢ᠌ᠳᠠᠪᠤᠷᠢᠵᠢᠭᠤᠯᠤᠯᠲᠠ ᠵᠢ ᠪᠦᠬᠦ ᠬᠦᠴᠦᠨ ᠵᠶ᠋ᠡᠷ ᠠᠬᠢᠭᠤᠯᠵᠤ᠂ ᠡᠯ᠎ᠡ ᠵᠦᠢ᠍ᠯ᠎ᠤᠨ ᠠᠵᠢᠯ ᠵᠶ᠋ᠠᠨ ᠠᠪᠴᠠᠯᠳᠤᠭᠤᠯᠤᠨ ᠵᠣᠯᠭ᠋ᠠᠯᠳᠤᠭᠤᠯᠵᠤ᠂ ᠲᠣᠭᠲᠠᠭᠤᠨ ᠵᠶ᠋ᠠᠷ ᠶᠠᠪᠤᠭᠳᠠᠭᠤᠯᠬᠤ ᠵᠢ ᠪᠠᠲᠤᠯᠠᠬᠤ ᠬᠡᠷᠡᠭᠲᠡᠢ; ᠶᠣᠰᠣ ᠳᠦᠷᠢᠮ᠎ᠢ ᠣᠢ᠌ᠯᠠᠭ᠋ᠠᠵᠤ᠂ ᠰᠠᠬᠢᠯᠭ᠎ᠠ ᠪᠠᠲᠤ ᠵᠢ ᠰᠠᠬᠢᠬᠤ ᠲᠠᠯ᠎ᠠ᠎ᠪᠠᠷ ᠥᠯᠢᠭᠡᠷ ᠳᠠᠭᠤᠷᠢᠶᠠᠯ ᠪᠣᠯᠵᠤ᠂ ᠰᠠᠬᠢᠯᠭ᠎ᠠ ᠪᠠᠲᠤ ᠵᠢᠨ ᠪᠠᠢ᠌ᠭᠤᠯᠤᠯᠲᠠ ᠵᠢ ᠴᠢᠩᠭ᠋ᠠᠳᠬᠠᠨ᠂ ᠰᠠᠬᠢᠯᠭ᠎ᠠ ᠪᠠᠲᠤ ᠵᠢ ᠰᠠᠬᠢᠵᠤ ᠶᠣᠰᠣ ᠳᠦᠷᠢᠮ᠎ᠢ ᠣᠢ᠌ᠯᠭ᠋ᠠᠬᠤ ᠵᠢ ᠨᠡᠩ ᠴᠢᠬᠤᠯᠠ ᠪᠠᠢ᠌ᠷᠢᠨ᠎ᠳᠤ ᠲᠠᠯᠪᠢᠬᠤ ᠬᠡᠷᠡᠭᠲᠡᠢ ᠭᠡᠵᠡᠢ᠃


    ᠶᠠᠩ ᠸᠧᠨ ᠮᠢᠩ ᠶᠠᠷᠢᠶᠠᠨ᠎ᠳᠤ᠎ᠪᠠᠨ᠂ ᠤᠳᠤᠷᠢᠳᠬᠤ ᠺᠠᠳ᠋ᠷᠴᠤᠳ ᠡᠩ ᠲᠡᠷᠢᠭᠦᠨ᠎ᠳᠤ ᠡᠷᠬᠡᠪᠰᠢ ᠤᠯᠤᠰ ᠲᠥᠷᠥ ᠵᠢ ᠡᠷᠬᠢᠮᠯᠡᠨ᠂ ᠨᠠᠮ᠎ᠳᠤ᠎ᠪᠠᠨ ᠦᠨᠡᠨᠴᠢ ᠰᠢᠳᠤᠷᠭᠤ᠎ᠪᠠᠷ ᠵᠢᠳᠬᠦᠵᠦ᠂ ᠤᠯᠤᠰ ᠲᠥᠷᠥ ᠵᠢᠨ ᠰᠤᠷᠤᠯᠴᠠᠭ᠎ᠠ᠎ᠪᠠᠨ ᠲᠠᠰᠤᠷᠠᠯᠲᠠ ᠦᠭᠡᠢ ᠴᠢᠩᠭ᠋ᠠᠳᠬᠠᠨ᠂ ᠨᠠᠮ᠎ᠤᠨ ᠱᠤᠭᠤᠮ ᠴᠢᠭᠯᠡᠯᠲᠡ ᠲᠥᠷᠥ ᠵᠢᠨ ᠪᠣᠳᠣᠯᠭ᠎ᠠ ᠵᠢ ᠲᠦᠷᠦᠭᠦᠯᠡᠨ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠬᠡᠷᠡᠭᠲᠡᠢ; ᠡᠭᠦᠷᠭᠡ ᠬᠠᠷᠢᠭᠤᠴᠠᠯᠭ᠎ᠠ ᠵᠢ ᠵᠣᠷᠢᠭᠲᠠᠢ ᠡᠭᠦᠷᠭᠡᠯᠡᠨ᠂ ᠥᠯᠢᠭᠡᠷ ᠳᠠᠭᠤᠷᠢᠶᠠᠯ ᠪᠣᠯᠵᠤ᠂ 《ᠨᠢᠭᠡ ᠠᠵᠢᠯ᠎ᠤᠨ ᠪᠠᠢ᠌ᠷᠢ᠎ᠳᠤ ᠳᠠᠪᠬᠤᠷ ᠬᠠᠷᠢᠭᠤᠴᠠᠯᠭ᠎ᠠ ᠡᠭᠦᠷᠭᠡᠯᠡᠬᠦ》 ᠵᠢ ᠰᠠᠢ᠌ᠲᠤᠷ ᠭᠦᠢ᠍ᠴᠡᠳᠬᠡᠵᠦ᠂ ᠭᠣᠣᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠤᠨ ᠴᠢᠩᠭ᠋ᠠᠳᠬᠠᠬᠤ ᠲᠠᠯ᠎ᠠ᠎ᠪᠠᠷ ᠬᠦᠴᠦ ᠵᠠᠷᠤᠴᠠᠭᠤᠯᠤᠨ᠂ ᠠᠵᠢᠯ᠎ᠤᠨ ᠣᠪᠣᠷ ᠰᠤᠷᠲᠠᠯ ᠵᠶ᠋ᠠᠨ ᠲᠠᠰᠤᠷᠠᠯᠲᠠ ᠦᠭᠡᠢ ᠰᠠᠢ᠌ᠵᠢᠷᠠᠭᠤᠯᠵᠤ᠂ ᠤᠯᠤᠰ ᠲᠥᠷᠥ ᠵᠢᠨ ᠠᠮᠵᠢᠯᠲᠠ ᠵᠢᠨ ᠦᠵᠡᠯᠲᠡ᠎ᠪᠠᠨ ᠲᠥᠪ ᠪᠣᠯᠭ᠋ᠠᠬᠤ ᠬᠡᠷᠡᠭᠲᠡᠢ; ᠶᠣᠰᠣ ᠳᠦᠷᠢᠮ᠎ᠠᠴᠠ ᠪᠢᠰᠢᠷᠡᠨ ᠵᠢᠷᠦᠬᠡᠰᠢᠶᠡᠬᠦ ᠦᠵᠡᠯ ᠰᠠᠨᠠᠭ᠎ᠠ ᠵᠢ ᠪᠣᠢ ᠪᠣᠯᠭ᠋ᠠᠨ᠂ ᠡᠷᠬᠡ᠎ᠪᠠᠨ ᠵᠥᠪ ᠵᠶ᠋ᠡᠷ ᠬᠡᠷᠡᠭᠵᠢᠭᠦᠯᠵᠦ᠂ ᠠᠷᠠᠳ ᠲᠦᠮᠡᠨ᠎ᠠᠴᠠ ᠵᠢᠷᠦᠬᠡᠰᠢᠶᠡᠨ᠂ ᠠᠷᠠᠳ ᠲᠦᠮᠡᠨ᠎ᠳᠤ ᠦᠢ᠍ᠯᠡᠴᠢᠯᠡᠵᠦ᠂ ᠵᠣᠬᠢᠶᠠᠨ ᠪᠠᠢ᠌ᠭᠤᠯᠤᠯᠲᠠ᠎ᠠᠴᠠ ᠵᠢᠷᠦᠬᠡᠰᠢᠶᠡᠨ᠂ ᠵᠣᠬᠢᠶᠠᠨ ᠪᠠᠢ᠌ᠭᠤᠯᠤᠯᠲᠠ ᠵᠢᠨ ᠦᠵᠡᠯᠲᠡ᠎ᠪᠠᠨ ᠤᠬᠠᠮᠰᠠᠷ᠎ᠠᠴᠠ᠎ᠪᠠᠨ ᠴᠢᠩᠭ᠋ᠠᠷᠠᠭᠤᠯᠵᠤ᠂ ᠬᠠᠤᠯᠢ ᠰᠠᠬᠢᠯᠭ᠎ᠠ᠎ᠠᠴᠠ ᠵᠢᠷᠦᠬᠡᠰᠢᠶᠡᠨ᠂ ᠰᠠᠬᠢᠯᠭ᠎ᠠ ᠪᠠᠲᠤ ᠵᠢ ᠵᠢᠷᠤᠮᠯᠠᠨ ᠬᠠᠤᠯᠢ ᠴᠠᠭ᠋ᠠᠵᠠ ᠵᠢ ᠰᠠᠬᠢᠬᠤ ᠵᠢ ᠤᠬᠠᠮᠰᠠᠷ᠎ᠠᠴᠠ᠎ᠪᠠᠨ ᠭᠦᠢ᠍ᠴᠡᠳᠬᠡᠬᠦ ᠬᠡᠷᠡᠭᠲᠡᠢ ᠭᠡᠵᠦ ᠱᠠᠭ᠋ᠠᠷᠳᠠᠵᠠᠢ᠃


      ᠵᠠᠩ ᠬᠤᠢ ᠢᠦᠢ ᠳ᠋ᠦᠩᠨᠡᠯᠲᠡ ᠵᠢᠨ ᠶᠠᠷᠢᠶᠠᠨ᠎ᠳᠤ᠎ᠪᠠᠨ᠂ ᠰᠢᠨ᠎ᠡ᠎ᠪᠠᠷ ᠲᠤᠰᠢᠶᠠᠯ᠎ᠳᠤ ᠭᠠᠷᠤᠭᠰᠠᠨ ᠤᠳᠤᠷᠢᠳᠬᠤ ᠺᠠᠳ᠋ᠷᠴᠤᠳ ᠨᠠᠮᠴᠢ ᠴᠢᠨᠠᠷ᠎ᠤᠨ ᠬᠡᠪ ᠪᠣᠯᠪᠠᠰᠤᠷᠠᠯ ᠵᠶ᠋ᠠᠨ ᠲᠦᠷᠦᠭᠦᠯᠡᠨ ᠴᠢᠩᠭ᠋ᠠᠳᠬᠠᠵᠤ᠂ ᠣᠨᠣᠯ ᠵᠶ᠋ᠠᠷ ᠵᠡᠪᠰᠡᠭᠯᠡᠬᠦ ᠵᠢ ᠦᠨᠡᠨ ᠬᠦ᠌ ᠴᠢᠩᠭ᠋ᠠᠳᠬᠠᠨ᠂ ᠰᠤᠷᠤᠯᠴᠠᠯᠭ᠎ᠠ ᠵᠢᠨ ᠤᠬᠠᠮᠰᠠᠷᠲᠤ ᠴᠢᠨᠠᠷ ᠪᠠ ᠰᠠᠨᠠᠭ᠋ᠠᠴᠢᠯᠠᠭ᠋ᠠᠲᠤ ᠴᠢᠨᠠᠷ ᠵᠶ᠋ᠠᠨ ᠴᠢᠩᠭ᠋ᠠᠷᠠᠭᠤᠯᠬᠤ ᠬᠡᠷᠡᠭᠲᠡᠢ; ᠰᠢᠯᠢᠳᠡᠭ ᠣᠪᠣᠷ ᠰᠤᠷᠲᠠᠯ᠎ᠢ ᠲᠦᠷᠦᠭᠦᠯᠡᠨ ᠪᠠᠳᠠᠷᠠᠭᠤᠯᠵᠤ᠂ ᠤᠬᠠᠮᠰᠠᠷ᠎ᠠᠴᠠ᠎ᠪᠠᠨ ᠦᠢ᠍ᠯᠡᠳᠦᠯᠭᠡᠵᠢᠭᠦᠯᠵᠦ᠂ ᠳᠡᠭᠡᠳᠦ ᠱᠠᠲᠤ᠎ᠨᠢ ᠳᠣᠣᠷᠠᠳᠤ ᠱᠠᠲᠤ᠎ᠪᠠᠨ ᠳᠠᠢ᠌ᠴᠢᠯᠠᠬᠤ ᠬᠡᠷᠡᠭᠲᠡᠢ; ᠲᠥᠪ ᠭᠣᠣᠯᠴᠢ ᠪᠥᠭᠡᠳ ᠠᠷᠢᠭᠤᠨ ᠴᠢᠭᠴᠢ ᠪᠠᠢ᠌ᠬᠤ ᠵᠢ ᠲᠦᠷᠦᠭᠦᠯᠡᠨ ᠪᠠᠲᠤᠯᠠᠵᠤ᠂ ᠨᠠᠮ᠎ᠤᠨ ᠰᠤᠷᠲᠠᠯ ᠴᠢᠭᠴᠢ ᠵᠠᠰᠠᠭ᠎ᠤᠨ ᠪᠠᠢ᠌ᠭᠤᠯᠤᠯᠲᠠ ᠵᠢᠨ ᠬᠠᠷᠢᠭᠤᠴᠠᠯᠭ᠎ᠠ ᠵᠢᠨ ᠳᠦᠷᠢᠮ᠎ᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ 《ᠨᠢᠭᠡ ᠠᠵᠢᠯ᠎ᠤᠨ ᠪᠠᠢ᠌ᠷᠢ᠎ᠳᠤ ᠳᠠᠪᠬᠤᠷ ᠬᠠᠷᠢᠭᠤᠴᠠᠯᠭ᠎ᠠ ᠡᠭᠦᠷᠭᠡᠯᠡᠬᠦ》 ᠵᠢ ᠰᠠᠢ᠌ᠲᠤᠷ ᠭᠦᠢ᠍ᠴᠡᠳᠬᠡᠨ᠂ ᠰᠢᠨ᠎ᠡ ᠠᠵᠢᠯ᠎ᠤᠨ ᠪᠠᠢ᠌ᠷᠢ᠎ᠪᠠᠨ ᠡᠷᠬᠢᠮᠨᠡᠨ ᠨᠠᠨᠳᠢᠩᠨᠠᠵᠤ᠂ ᠡᠭᠦᠷᠭᠡ ᠬᠠᠷᠢᠭᠤᠴᠠᠯᠭ᠎ᠠ ᠵᠢ ᠵᠣᠷᠢᠭᠲᠠᠢ ᠡᠭᠦᠷᠭᠡᠯᠡᠵᠦ᠂ ᠠᠷᠢᠭᠤᠨ ᠴᠢᠭᠴᠢ᠎ᠪᠠᠷ ᠥᠪᠡᠷ᠎ᠢ᠎ᠪᠠᠨ ᠱᠠᠭ᠋ᠠᠷᠳᠠᠨ᠂ ᠠᠷᠢᠭᠤᠨ ᠴᠡᠪᠡᠷ ᠨᠠᠮᠴᠢ ᠴᠢᠨᠠᠷ᠎ᠤᠨ ᠬᠡᠪ ᠪᠣᠯᠪᠠᠰᠤᠷᠠᠯ᠂ ᠰᠠᠢ᠌ᠨ ᠰᠠᠢ᠌ᠬᠠᠨ ᠵᠣᠷᠢᠭ ᠰᠠᠨᠠᠭ᠋ᠠᠨ᠎ᠤ ᠪᠠᠢ᠌ᠳᠠᠯ᠂ ᠠᠵᠢᠯ᠎ᠤᠨ ᠰᠢᠯᠢᠳᠡᠭ ᠦᠷ᠎ᠡ ᠪᠦᠲᠦᠮᠵᠢ᠎ᠪᠠᠷ ᠵᠶ᠋ᠠᠨ ᠵᠣᠬᠢᠶᠠᠨ ᠪᠠᠢ᠌ᠭᠤᠯᠤᠯᠲᠠ ᠵᠢᠨ ᠬᠦᠰᠡᠯ ᠨᠠᠢ᠌ᠳᠠᠯᠭ᠎ᠠ ᠵᠢ ᠭᠦᠢ᠍ᠴᠡᠳᠬᠡᠵᠦ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠰᠠᠢ᠌ᠲᠤᠷ ᠬᠢᠵᠦ᠂ ᠡᠬᠡ ᠤᠯᠤᠰ᠎ᠤᠨ ᠤᠮᠠᠷᠠᠲᠤ ᠵᠢᠨ ᠦᠵᠡᠰᠬᠦᠯᠡᠩᠲᠦ ᠰᠠᠢ᠌ᠬᠠᠨ ᠦᠵᠡᠮᠵᠢ ᠵᠢᠨ ᠣᠷᠣᠨ᠎ᠢ ᠰᠠᠬᠢᠨ ᠬᠠᠮᠠᠭ᠋ᠠᠯᠠᠬᠤ ᠠᠮᠢᠳᠤᠯᠢᠭ ᠪᠣᠳᠠᠲᠠᠢ ᠦᠢ᠍ᠯᠡᠳᠦᠯᠭᠡ ᠵᠢᠨ ᠳᠤᠮᠳᠠ ᠰᠢᠨ᠎ᠡ ᠦᠷ᠎ᠡ ᠪᠦᠲᠦᠮᠵᠢ ᠣᠯᠵᠤ᠂ ᠰᠢᠨ᠎ᠡ ᠬᠤᠪᠢ ᠨᠡᠮᠡᠷᠢ᠎ᠪᠠᠨ ᠬᠠᠨᠳᠢᠪᠯᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠬᠤᠷᠠᠯ ᠳᠡᠭᠡᠷ᠎ᠡ ᠨᠠᠮ᠎ᠤᠨ ᠰᠤᠷᠲᠠᠯ ᠴᠢᠭᠴᠢ ᠵᠠᠰᠠᠭ᠎ᠤᠨ ᠪᠠᠢ᠌ᠭᠤᠯᠤᠯᠲᠠ ᠵᠢᠨ ᠬᠠᠷᠢᠭᠤᠴᠠᠯᠭ᠎ᠠ ᠵᠢᠨ ᠪᠢᠴᠢᠭ᠎ᠲᠤ ᠭᠠᠷ᠎ᠤᠨ ᠦᠰᠦᠭ ᠵᠢᠷᠤᠵᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠵᠢᠯᠲᠠᠨ᠎ᠤ ᠶᠠᠪᠤᠳᠠᠯ᠎ᠤᠨ ᠭᠠᠵᠠᠷ᠎ᠤᠨ ᠳᠠᠷᠤᠭ᠎ᠠ ᠤᠯᠠᠭ᠋ᠠᠨ ᠲᠢᠩᠬᠢᠮ᠎ᠤᠨ ᠪᠠᠢ᠌ᠭᠤᠯᠭ᠎ᠠ ᠵᠢᠨ ᠳᠣᠲᠣᠭ᠋ᠠᠳᠤ᠎ᠳᠤ᠎ᠪᠠᠨ ᠲᠣᠬᠢᠷᠠᠭᠤᠯᠤᠭᠰᠠᠨ ᠭᠠᠵᠠᠷ ᠲᠠᠰᠤᠭ᠎ᠤᠨ ᠭᠠᠵᠠᠷ᠎ᠤᠨ ᠳᠡᠰ᠎ᠤᠨ ᠤᠳᠤᠷᠢᠳᠬᠤ ᠺᠠᠳ᠋ᠷ᠎ᠤᠨ ᠲᠤᠰᠢᠶᠠᠯ᠎ᠳᠤ ᠭᠠᠷᠬᠤ ᠲᠤᠬᠠᠢ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠢᠴᠢᠭ ᠮᠠᠲ᠋ᠧᠷᠢᠶᠠᠯ᠎ᠢ ᠵᠠᠷᠯᠠᠨ ᠤᠩᠰᠢᠵᠤ᠂ ᠠᠵᠢᠯ᠎ᠤᠨ ᠪᠠᠢ᠌ᠷᠢ ᠡᠭᠡᠯᠵᠢᠯᠡᠨ ᠰᠣᠯᠢᠯᠴᠠᠬᠤ ᠭᠠᠵᠠᠷ᠎ᠤᠨ ᠳᠡᠰ᠎ᠤᠨ ᠺᠠᠳ᠋ᠷᠴᠤᠳ᠎ᠤᠨ ᠲᠥᠯᠥᠭᠡᠯᠡᠭᠴᠢ ᠪᠠ ᠰᠢᠨ᠎ᠡ᠎ᠪᠠᠷ ᠲᠤᠰᠢᠶᠠᠯ᠎ᠳᠤ ᠭᠠᠷᠤᠭᠰᠠᠨ ᠭᠠᠵᠠᠷ᠎ᠤᠨ ᠳᠡᠰ᠎ᠤᠨ ᠺᠠᠳ᠋ᠷ᠎ᠠᠴᠠ ᠣᠪᠣᠷ ᠵᠶ᠋ᠠᠨ ᠢᠯᠡᠳᠬᠡᠬᠦ ᠦᠭᠡ ᠬᠡᠯᠡᠵᠡᠢ᠃
      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠵᠢᠯ᠎ᠤᠨ ᠪᠠᠢ᠌ᠷᠢ᠎ᠳᠤ᠎ᠪᠠᠨ ᠪᠠᠢ᠌ᠭ᠎ᠠ ᠤᠳᠤᠷᠢᠳᠤᠯᠭ᠎ᠠ ᠨᠠᠷ᠂ ᠲᠢᠩᠬᠢᠮ᠎ᠤᠨ ᠪᠠᠢ᠌ᠭᠤᠯᠭ᠎ᠠ ᠵᠢᠨ ᠳᠡᠳ᠋ ᠭᠠᠵᠠᠷ᠎ᠤᠨ ᠳᠡᠰ᠎ᠠᠴᠠ ᠳᠡᠭᠡᠭᠰᠢᠬᠢ ᠺᠠᠳ᠋ᠷᠴᠤᠳ᠂ ᠲᠢᠩᠬᠢᠮ᠎ᠤᠨ ᠬᠠᠷᠢᠶᠠᠯᠠᠭᠳᠠᠬᠤ ᠠᠵᠢᠯ ᠦᠢ᠍ᠯᠡᠰ᠎ᠤᠨ ᠨᠢᠭᠡᠴᠢ ᠵᠢᠨ ᠭᠣᠣᠯ ᠬᠠᠷᠢᠭᠤᠴᠠᠯᠭ᠋ᠠᠲᠠᠳ ᠬᠤᠷᠠᠯ᠎ᠳᠤ ᠣᠷᠣᠯᠴᠠᠵᠠᠢ᠃


     



    ᠨᠠᠮ᠎ᠤᠨ ᠰᠤᠷᠲᠠᠯ ᠴᠢᠭᠴᠢ ᠵᠠᠰᠠᠭ᠎ᠤᠨ ᠪᠠᠢ᠌ᠭᠤᠯᠤᠯᠲᠠ ᠵᠢᠨ ᠬᠠᠷᠢᠭᠤᠴᠠᠯᠭ᠎ᠠ ᠵᠢᠨ ᠪᠢᠴᠢᠭ᠎ᠲᠤ ᠭᠠᠷ᠎ᠤᠨ ᠦᠰᠦᠭ ᠵᠢᠷᠤᠵᠤ ᠪᠠᠢ᠌ᠨ᠎ᠠ


      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠵᠢᠯᠲᠠᠨ᠎ᠤ ᠶᠠᠪᠤᠳᠠᠯ᠎ᠤᠨ ᠭᠠᠵᠠᠷ᠎ᠤᠨ ᠳᠠᠷᠤᠭ᠎ᠠ ᠤᠯᠠᠭ᠋ᠠᠨ ᠲᠢᠩᠬᠢᠮ᠎ᠤᠨ ᠪᠠᠢ᠌ᠭᠤᠯᠭ᠎ᠠ ᠵᠢᠨ ᠳᠣᠲᠣᠭ᠋ᠠᠳᠤ᠎ᠳᠤ᠎ᠪᠠᠨ ᠲᠣᠬᠢᠷᠠᠭᠤᠯᠤᠭᠰᠠᠨ ᠭᠠᠵᠠᠷ ᠲᠠᠰᠤᠭ᠎ᠤᠨ ᠭᠠᠵᠠᠷ᠎ᠤᠨ ᠳᠡᠰ᠎ᠤᠨ ᠤᠳᠤᠷᠢᠳᠬᠤ ᠺᠠᠳ᠋ᠷ᠎ᠤᠨ ᠲᠤᠰᠢᠶᠠᠯ᠎ᠳᠤ ᠭᠠᠷᠬᠤ ᠲᠤᠬᠠᠢ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠢᠴᠢᠭ ᠮᠠᠲ᠋ᠧᠷᠢᠶᠠᠯ᠎ᠢ ᠵᠠᠷᠯᠠᠨ ᠤᠩᠰᠢᠵᠤ ᠪᠠᠢ᠌ᠨ᠎ᠠ



      ᠠᠵᠢᠯ᠎ᠤᠨ ᠪᠠᠢ᠌ᠷᠢ ᠡᠭᠡᠯᠵᠢᠯᠡᠨ ᠰᠣᠯᠢᠯᠴᠠᠬᠤ ᠭᠠᠵᠠᠷ᠎ᠤᠨ ᠳᠡᠰ᠎ᠤᠨ ᠺᠠᠳ᠋ᠷᠴᠤᠳ᠎ᠤᠨ ᠲᠥᠯᠥᠭᠡᠯᠡᠭᠴᠢ ᠪᠠ ᠰᠢᠨ᠎ᠡ᠎ᠪᠠᠷ ᠲᠤᠰᠢᠶᠠᠯ᠎ᠳᠤ ᠭᠠᠷᠤᠭᠰᠠᠨ ᠭᠠᠵᠠᠷ᠎ᠤᠨ ᠳᠡᠰ᠎ᠤᠨ ᠺᠠᠳ᠋ᠷ᠎ᠠᠴᠠ ᠣᠪᠣᠷ ᠵᠶ᠋ᠠᠨ ᠢᠯᠡᠳᠬᠡᠬᠦ ᠦᠭᠡ ᠶᠠᠷᠢᠵᠤ ᠪᠠᠢ᠌ᠨ᠎ᠠ

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠨᠣᠯ᠎ᠤᠨ ᠰᠤᠷᠤᠯᠴᠠᠯᠭ᠎ᠠ ᠵᠢᠨ ᠭᠣᠣᠯ ᠳᠤᠭᠤᠢ᠌ᠯᠠᠩ᠎ᠤᠨ 2019 ᠣᠨ᠎ᠤ ᠵᠢᠷᠭᠤᠳᠤᠭ᠋ᠠᠷ ᠤᠳᠠᠭ᠋ᠠᠨ᠎ᠤ ᠰᠤᠷᠤᠯᠴᠠᠯᠭ᠎ᠠ ᠵᠢᠨ ᠬᠤᠷᠠᠯ᠎ᠢ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ 2019 ᠣᠨ᠎ᠤ ᠪᠦᠬᠦ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠬᠡᠷᠡᠭᠵᠢᠭᠦᠯᠬᠦ ᠶᠡᠬᠡ ᠪᠣᠯᠪᠠᠰᠤᠷᠠᠭᠤᠯᠤᠯ᠎ᠤᠨ ᠠᠵᠢᠯᠯᠠᠭ᠎ᠠ ᠵᠢᠨ ᠳᠠᠢ᠌ᠴᠢᠯᠠᠨ ᠪᠠᠢ᠌ᠷᠢᠯᠠᠭᠤᠯᠬᠤ ᠲᠧᠯᠸᠢᠰ ᠬᠤᠷᠠᠯ᠎ᠢ ᠬᠤᠷᠠᠯᠳᠤᠭᠤᠯᠪᠠ
ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠠᠴᠠ 2019 ᠣᠨ᠎ᠤ ᠨᠢᠭᠡᠳᠦᠭᠡᠷ ᠤᠯᠠᠷᠢᠯ᠎ᠤᠨ ᠤᠰᠤᠨ᠎ᠤ ᠣᠷᠴᠢᠨ ᠲᠣᠭᠣᠷᠢᠨ᠎ᠨᠢ ᠪᠠᠷᠢᠮᠵᠢᠶ᠎ᠠ᠎ᠳᠤ ᠬᠦᠷᠬᠦ ᠲᠠᠯ᠎ᠠ᠎ᠪᠠᠷ ᠬᠣᠴᠣᠷᠤᠩᠭᠤᠢ ᠭᠠᠵᠠᠷ ᠣᠷᠣᠨ᠎ᠤ ᠠᠵᠢᠯ᠎ᠤᠨ ᠲᠣᠬᠢᠷᠠᠭᠤᠯᠤᠯᠲᠠ ᠵᠢᠨ ᠬᠤᠷᠠᠯ᠎ᠢ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠵᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠨᠠᠮ᠎ᠤᠨ ᠡᠭᠦᠷ᠂ ᠠᠯᠪᠠᠨ ᠭᠡᠷ᠎ᠤᠨ ᠨᠠᠮ᠎ᠤᠨ ᠡᠭᠦᠷ᠂ ᠪᠠᠢ᠌ᠭᠤᠯᠭ᠎ᠠ ᠵᠢᠨ ᠨᠠᠮ᠎ᠤᠨ ᠬᠣᠷᠢᠶ᠎ᠠ ᠵᠢᠨ ᠨᠠᠮ᠎ᠤᠨ ᠡᠭᠦᠷ ᠬᠣᠯᠪᠣᠭ᠋ᠠᠯᠠᠵᠤ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠠᠴᠠ ᠣᠽᠣᠨ᠎ᠤ ᠳᠠᠪᠬᠤᠷᠭ᠎ᠠ ᠵᠢ ᠬᠣᠷᠣᠭᠳᠠᠭᠤᠯᠬᠤ ᠪᠣᠳᠠᠰ᠎ᠢ ᠲᠠᠶᠠᠭᠳᠠᠭᠤᠯᠬᠤ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ
 
             蒙ICP备05000248号