ᠡᠪᠯᠡᠯ᠎ᠤᠨ ᠭᠡᠰᠢᠭᠦᠨ ᠵᠠᠯᠠᠭᠤᠴᠤᠳ᠎ᠤᠨ ᠵᠣᠬᠢᠶᠠᠨ ᠪᠠᠢ᠌ᠭᠤᠯᠤᠯᠲᠠ ᠵᠢᠨ ᠴᠣᠭᠴᠠᠯᠠᠯᠲᠠ ᠪᠠ ᠡᠪᠯᠡᠯ᠎ᠤᠨ ᠭᠡᠰᠢᠭᠦᠨ ᠵᠠᠯᠠᠭᠤᠴᠤᠳ᠎ᠤᠨ ᠠᠵᠢᠯ᠎ᠢ ᠬᠦᠴᠦᠯᠡᠨ ᠴᠢᠩᠭ᠋ᠠᠳᠬᠠᠵᠤ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠡᠪᠯᠡᠯ᠎ᠤᠨ ᠬᠣᠷᠢᠶ᠎ᠠ ᠵᠢᠨ ᠬᠤᠭᠤᠴᠠᠭ᠎ᠠ ᠰᠣᠯᠢᠬᠤ ᠠᠵᠢᠯ᠎ᠢ ᠦᠨᠡᠨ ᠬᠦ᠌ ᠰᠠᠢ᠌ᠲᠤᠷ ᠬᠢᠬᠦ ᠵᠢᠨ ᠲᠤᠰᠠᠳᠠ᠂ 4 ᠳ᠋ᠦ᠍ᠭᠡᠷ ᠰᠠᠷ᠎ᠠ ᠵᠢᠨ 28᠎ᠤ ᠦᠳᠡ ᠵᠢᠨ ᠡᠮᠦᠨ᠎ᠡ᠂ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠬᠣᠷᠢᠶ᠎ᠠ᠎ᠠᠴᠠ ᠠᠩᠬᠠᠳᠤᠭ᠋ᠠᠷ ᠤᠳᠠᠭ᠋ᠠᠨ᠎ᠤ ᠡᠪᠯᠡᠯ᠎ᠤᠨ ᠭᠡᠰᠢᠭᠦᠳ᠎ᠤᠨ ᠶᠡᠬᠡ ᠬᠤᠷᠠᠯ ᠵᠢᠴᠢ ᠡᠪᠯᠡᠯ᠎ᠤᠨ ᠭᠡᠰᠢᠭᠦᠨ ᠵᠠᠯᠠᠭᠤᠴᠤᠳ᠎ᠤᠨ ᠠᠵᠢᠯ᠎ᠢ ᠠᠬᠢᠭᠤᠯᠬᠤ ᠬᠤᠷᠠᠯ᠎ᠢ ᠬᠤᠷᠠᠯᠳᠤᠭᠤᠯᠵᠠᠢ᠃
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ᠂ ᠪᠠᠢ᠌ᠭᠤᠯᠭ᠎ᠠ ᠵᠢᠨ ᠨᠠᠮ᠎ᠤᠨ ᠬᠣᠷᠢᠶ᠎ᠠ ᠵᠢᠨ ᠱᠦᠵᠢ ᠵᠠᠩ ᠬᠤᠢ ᠢᠦᠢ ᠬᠤᠷᠠᠯ᠎ᠳᠤ ᠣᠷᠣᠯᠴᠠᠭᠰᠠᠨ᠎ᠤ ᠬᠠᠮᠲᠤ ᠶᠠᠷᠢᠶ᠎ᠠ ᠲᠠᠯᠪᠢᠨ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢ᠌ᠭᠤᠯᠭ᠎ᠠ ᠵᠢᠨ ᠡᠪᠯᠡᠯ᠎ᠤᠨ ᠠᠵᠢᠯ ᠤᠨ ᠬᠣᠷᠢᠶ᠎ᠠ ᠵᠢᠨ ᠱᠦᠵᠢ ᠭᠧ ᡁᠢ ᠮᠢᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠪᠠᠢ᠌ᠭᠤᠯᠭ᠎ᠠ ᠵᠢᠨ ᠨᠠᠮ᠎ᠤᠨ ᠬᠣᠷᠢᠶ᠎ᠠ ᠵᠢᠨ ᠵᠠᠯᠠᠭᠤᠴᠤᠳ᠎ᠤᠨ ᠭᠡᠰᠢᠭᠦᠨ ᠶᠢᠨ ᠱᠦ᠍ ᠭᠠᠩ ᠬᠤᠷᠠᠯ᠎ᠢ ᠡᠷᠬᠢᠯᠡᠪᠡ᠃ ᠡᠮᠡᠭᠲᠡᠢ᠌ᠴᠦᠳ᠎ᠤᠨ ᠭᠡᠰᠢᠭᠦᠨ ᠲᠢᠶᠠᠨ ᠶᠦᠩ ᠯᠢ᠂ ᠤᠬᠠᠭᠤᠯᠬᠤ ᠭᠡᠰᠢᠭᠦᠨ ᠠᠶᠤᠩᠭ᠎ᠠ᠂ ᠰᠣᠶᠣᠯ ᠪᠡᠶ᠎ᠡ ᠵᠢᠨ ᠲᠠᠮᠢᠷ᠎ᠤᠨ ᠭᠡᠰᠢᠭᠦᠨ ᠫᠠᠨ ᠴᠢᠩ ᠶᠦᠨ᠂ ᠪᠠᠢ᠌ᠭᠤᠯᠭ᠎ᠠ ᠵᠢᠨ ᠨᠠᠮ᠎ᠤᠨ ᠬᠣᠷᠢᠶ᠎ᠠ ᠵᠢᠨ ᠬᠠᠷᠢᠭᠤᠴᠠᠯᠭ᠋ᠠᠲᠠᠨ ᠯᠢ ᠣᠤ ᠵᠢᠴᠢ ᠲᠢᠩᠬᠢᠮ᠎ᠤᠨ ᠰᠢᠰᠲ᠋ᠧᠮ᠎ᠤᠨ᠎ᠬᠢᠨ᠎ᠤ ᠡᠪᠯᠡᠯ᠎ᠤᠨ ᠭᠡᠰᠢᠭᠦᠨ ᠺᠠᠳ᠋ᠷ᠂ ᠡᠪᠯᠡᠯ᠎ᠤᠨ ᠭᠡᠰᠢᠭᠦᠨ ᠵᠠᠯᠠᠭᠤᠴᠤᠳ ᠨᠡᠢ᠌ᠲᠡ 130 ᠭᠠᠷᠤᠢ ᠬᠥᠮᠥᠨ ᠬᠤᠷᠠᠯ᠎ᠳᠤ ᠣᠷᠣᠯᠴᠠᠵᠠᠢ᠃
ᠭᠧ ᡁᠢ ᠮᠢᠨ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠡᠪᠯᠡᠯ᠎ᠤᠨ ᠬᠣᠷᠢᠶ᠎ᠠ ᠵᠢᠨ ᠣᠢ᠌ᠷ᠎ᠠ ᠵᠢᠨ ᠵᠢᠯ᠎ᠤᠳ᠎ᠲᠤ ᠬᠢᠭᠰᠡᠨ ᠠᠵᠢᠯ᠎ᠢ ᠭᠦᠢ᠍ᠴᠡᠳ ᠨᠤᠲᠠᠯᠠᠨ᠂ ᠰᠢᠨ᠎ᠡ ᠴᠠᠭ ᠦᠶ᠎ᠡ᠎ᠳᠤ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠵᠢᠨ ᠴᠢᠬᠤᠯᠠ ᠠᠴᠢ ᠬᠣᠯᠪᠣᠭᠳᠠᠯ᠎ᠢ ᠭᠦᠨᠵᠡᠭᠡᠢ ᠥᠭᠦᠯᠡᠨ ᠲᠠᠢ᠌ᠯᠪᠤᠷᠢᠯᠠᠵᠤ᠂ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠦᠨ ᠵᠠᠯᠠᠭᠤᠴᠤᠳ᠎ᠲᠠᠢ ᠪᠦᠯᠬᠦᠮᠳᠡᠨ ᠨᠢᠭᠲᠠᠷᠠᠵᠤ ᠨᠠᠮ ᠵᠶ᠋ᠠᠨ᠎ᠲᠠᠭᠠᠨ ᠤᠷᠤᠭᠰᠢᠯᠠᠬᠤ᠂ ᠬᠦᠰᠡᠯᠡᠩ ᠢᠲᠡᠭᠡᠯ ᠵᠣᠷᠢᠭ ᠵᠶ᠋ᠠᠨ ᠪᠠᠲᠤᠳᠬᠠᠨ ᠴᠠᠭ ᠦᠶ᠎ᠡ ᠵᠢᠨ ᠬᠦᠨᠳᠦ ᠡᠭᠦᠷᠭᠡ ᠵᠢ ᠵᠣᠷᠢᠭᠲᠠᠢ ᠡᠭᠦᠷᠭᠡᠯᠡᠬᠦ᠂ ᠵᠠᠯᠠᠭᠤ ᠨᠠᠰᠤ᠎ᠪᠠᠨ ᠨᠠᠨᠳᠢᠩᠨᠠᠨ ᠬᠠᠳᠠᠨ ᠴᠠᠭ᠋ᠠᠷᠠᠭᠰᠠᠨ ᠡᠷᠳᠡᠮ ᠴᠢᠳᠠᠪᠤᠷᠢ ᠵᠢ ᠡᠵᠡᠮᠰᠢᠬᠦ᠂ ᠬᠥᠭᠥᠷᠭᠡ ᠬᠣᠯᠪᠣᠭ᠋ᠠᠰᠤ ᠵᠢ ᠪᠠᠲᠤ ᠴᠣᠭᠴᠠᠯᠠᠨ ᠵᠠᠯᠠᠭᠤᠴᠤᠳ᠎ᠤᠨ ᠬᠥᠷᠲᠡᠭᠡᠮᠵᠢᠲᠦ ᠲᠥᠷᠥᠭᠳᠡᠯ᠎ᠢ ᠴᠢᠩᠭ᠋ᠠᠷᠠᠭᠤᠯᠬᠤ᠂ ᠡᠪᠯᠡᠯ᠎ᠢ ᠴᠢᠩᠭ᠎ᠠ ᠵᠠᠰᠠᠬᠤ ᠵᠢ ᠪᠠᠷᠢᠮᠲᠠᠯᠠᠬᠤ᠂ ᠠᠵᠢᠯ᠎ᠤᠨ ᠭᠣᠣᠯᠳᠠᠯᠭ᠎ᠠ ᠵᠶ᠋ᠠᠨ ᠳᠣᠷᠣᠭᠰᠢᠯᠠᠭᠤᠯᠵᠤ ᠦᠨᠳᠦᠰᠦᠨ ᠱᠠᠲᠤᠨ᠎ᠤ ᠪᠠᠢ᠌ᠭᠤᠯᠤᠯᠲᠠ ᠵᠢ ᠴᠢᠩᠭ᠋ᠠᠳᠬᠠᠬᠤ ᠵᠡᠷᠭᠡ ᠲᠠᠪᠤᠨ ᠲᠠᠯ᠎ᠠ ᠵᠢᠨ ᠬᠦᠰᠡᠯ ᠱᠠᠭ᠋ᠠᠷᠳᠠᠯᠭ᠎ᠠ ᠵᠢ ᠳᠤᠷᠠᠳᠤᠨ ᠭᠠᠷᠭ᠋ᠠᠵᠤ᠂ ᠮᠠᠨ᠎ᠤ ᠣᠳᠣᠬᠠᠨ ᠪᠠ ᠬᠣᠢ᠌ᠰᠢᠳᠠ ᠵᠢᠨ ᠨᠢᠭᠡ ᠬᠡᠰᠡᠭ ᠬᠤᠭᠤᠴᠠᠭ᠋ᠠᠨ᠎ᠤ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠠᠵᠢᠯ᠎ᠢ ᠰᠠᠢ᠌ᠲᠤᠷ ᠬᠢᠬᠦ᠎ᠳᠤ ᠴᠢᠷᠮᠠᠢ᠌ᠨ ᠤᠷᠤᠭᠰᠢᠯᠠᠬᠤ ᠴᠢᠭᠯᠡᠯ᠎ᠢ ᠵᠢᠭ᠋ᠠᠨ ᠲᠣᠳᠣᠷᠬᠠᠢ᠌ᠯᠠᠵᠠᠢ᠃
ᠵᠠᠩ ᠬᠤᠢ ᠢᠦᠢ 《ᠵᠠᠯᠠᠭᠤᠴᠤᠳ᠎ᠲᠠᠢ ᠪᠦᠯᠬᠦᠮᠳᠡᠨ ᠨᠢᠭᠲᠠᠷᠠᠬᠤ᠂ ᠶᠡᠬᠡ ᠲᠠᠯ᠎ᠠ᠎ᠳᠤ ᠦᠢ᠍ᠯᠡᠴᠢᠯᠡᠬᠦ᠂ ᠬᠥᠭᠥᠷᠭᠡ ᠬᠣᠯᠪᠣᠭ᠋ᠠᠰᠤ ᠪᠣᠯᠬᠤ᠂ ᠡᠪᠯᠡᠯ᠎ᠢ ᠴᠢᠩᠭ᠎ᠠ ᠵᠠᠰᠠᠬᠤ》 ᠭᠡᠬᠦ ᠳᠥᠷᠪᠡᠨ ᠲᠠᠯ᠎ᠠ ᠵᠢᠨ ᠠᠵᠢᠯ᠎ᠤᠨ ᠪᠠᠢ᠌ᠷᠢᠯᠠᠭᠤᠯᠤᠯᠲᠠ ᠵᠢᠨ ᠲᠣᠭᠣᠷᠢᠨ᠎ᠳᠤ᠂ ᠲᠢᠩᠬᠢᠮ᠎ᠤᠨ ᠰᠢᠰᠲ᠋ᠧᠮ᠎ᠤᠨ᠎ᠬᠢᠨ᠎ᠤ ᠡᠪᠯᠡᠯ᠎ᠤᠨ ᠭᠡᠰᠢᠭᠦᠨ ᠵᠠᠯᠠᠭᠤᠴᠤᠳ᠎ᠤᠨ ᠠᠵᠢᠯ᠎ᠳᠤ ᠳᠥᠷᠪᠡᠨ ᠲᠠᠯ᠎ᠠ ᠵᠢᠨ ᠰᠠᠨᠠᠯ ᠳᠤᠷᠠᠳᠪᠠ᠄ ᠨᠢᠭᠡ᠎ᠳᠤ᠂ ᠤᠯᠤᠰ ᠲᠥᠷᠥ ᠵᠢᠨ ᠵᠣᠭᠰᠣᠴᠠ᠎ᠪᠠᠨ ᠦᠨᠡᠨ ᠬᠦ᠌ ᠳᠡᠭᠡᠭᠰᠢᠯᠡᠭᠦᠯᠦᠨ᠂ ᠠᠵᠢᠯ᠎ᠤᠨ ᠬᠠᠷᠢᠭᠤᠴᠠᠯᠭ᠋ᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ᠎ᠪᠠᠨ ᠴᠢᠩᠭ᠋ᠠᠷᠠᠭᠤᠯᠬᠤ ᠬᠡᠷᠡᠭᠲᠡᠢ᠃ ᠬᠣᠶᠠᠷ᠎ᠲᠤ᠂ ᠡᠪᠯᠡᠯ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠵᠢ ᠪᠠᠷᠢᠮᠲᠠᠯᠠᠵᠤ᠂ ᠨᠠᠮ᠎ᠤᠨ ᠵᠠᠯᠠᠭᠤᠴᠤᠳ ᠣᠯᠠᠨ ᠲᠦᠮᠡᠨ᠎ᠤ ᠠᠵᠢᠯ᠎ᠤᠨ ᠰᠠᠭᠤᠷᠢ ᠵᠢ ᠪᠠᠲᠤ ᠴᠣᠭᠴᠠᠯᠠᠬᠤ ᠬᠡᠷᠡᠭᠲᠡᠢ᠃ ᠭᠤᠷᠪᠠ᠎ᠳᠤ᠂ ᠵᠠᠯᠠᠭᠤᠴᠤᠳ᠎ᠲᠠᠢ ᠦᠨᠡᠨᠴᠢ᠎ᠪᠠᠷ ᠬᠠᠷᠢᠯᠴᠠᠨ ᠦᠢ᠍ᠯᠡᠴᠢᠯᠡᠵᠦ᠂ ᠵᠠᠯᠠᠭᠤᠴᠤᠳ᠎ᠲᠤ ᠥᠰᠦᠯᠲᠡ ᠪᠣᠢ᠌ᠵᠢᠯᠲᠠ ᠵᠢᠨ ᠲᠠᠪᠴᠠᠩ ᠪᠠᠢ᠌ᠭᠤᠯᠵᠤ ᠥᠭᠬᠦ ᠬᠡᠷᠡᠭᠲᠡᠢ᠃ ᠳᠥᠷᠪᠡ᠎ᠳᠤ᠂ ᠭᠣᠣᠯ ᠡᠭᠦᠷᠭᠡ ᠵᠢᠨ ᠲᠣᠭᠣᠷᠢᠨ᠎ᠳᠤ ᠭᠣᠣᠯᠳᠠᠯᠭ᠎ᠠ᠎ᠪᠠᠨ ᠲᠣᠪᠣᠢ᠌ᠯᠭ᠋ᠠᠵᠤ᠂ ᠬᠤᠪᠢᠰᠤᠯᠲᠠ ᠬᠥᠭᠵᠢᠯᠲᠡ ᠵᠢ ᠠᠬᠢᠭᠤᠯᠬᠤ ᠠᠮᠢᠳᠤ ᠬᠦᠴᠦᠨ ᠴᠡᠷᠢᠭ ᠪᠣᠯᠬᠤ ᠬᠡᠷᠡᠭᠲᠡᠢ᠃ ᠡᠭᠦᠨ᠎ᠤ ᠬᠠᠮᠲᠤ ᠡᠪᠯᠡᠯ᠎ᠤᠨ ᠭᠡᠰᠢᠭᠦᠨ ᠵᠠᠯᠠᠭᠤᠴᠤᠳ᠎ᠲᠤ ᠠᠩᠬᠠᠨ᠎ᠤ ᠵᠣᠷᠢᠯᠲᠠ᠎ᠪᠠᠨ ᠥᠯᠥ ᠮᠠᠷᠲᠠᠨ ᠨᠠᠮ ᠵᠶ᠋ᠠᠷ᠎ᠲᠠᠭᠠᠨ ᠤᠷᠤᠭᠰᠢᠯᠠᠬᠤ ᠬᠡᠷᠡᠭᠲᠡᠢ; ᠡᠷᠳᠡᠮ ᠴᠢᠳᠠᠪᠤᠷᠢ ᠵᠢ ᠡᠵᠡᠮᠰᠢᠨ ᠴᠢᠳᠠᠮᠠᠭ᠋ᠠᠢ᠎ᠪᠠᠷ ᠦᠢ᠍ᠯᠡᠰ ᠪᠣᠰᠬᠠᠬᠤ ᠬᠡᠷᠡᠭᠲᠡᠢ; ᠴᠠᠭ ᠦᠶ᠎ᠡ᠎ᠲᠠᠢ ᠴᠤᠭ ᠵᠶ᠋ᠠᠷ ᠤᠷᠤᠭᠰᠢᠯᠠᠨ ᠵᠣᠷᠢᠭᠲᠠᠢ᠎ᠪᠠᠷ ᠰᠢᠨ᠎ᠡ ᠵᠢ ᠡᠭᠦᠳᠬᠦ ᠬᠡᠷᠡᠭᠲᠡᠢ; ᠮᠣᠷᠠᠯ ᠰᠤᠷᠲᠠᠯ᠎ᠢ ᠡᠷᠬᠢᠮᠯᠡᠨ ᠬᠣᠷᠢᠭ᠎ᠠ ᠱᠤᠭᠤᠮ᠎ᠢ ᠰᠠᠬᠢᠬᠤ ᠬᠡᠷᠡᠭᠲᠡᠢ ᠭᠡᠬᠦ ᠳᠥᠷᠪᠡᠨ ᠲᠠᠯ᠎ᠠ ᠵᠢᠨ ᠬᠦᠰᠡᠯ ᠱᠠᠭ᠋ᠠᠷᠳᠠᠯᠭ᠎ᠠ ᠲᠠᠯᠪᠢᠵᠠᠢ᠃
ᠵᠠᠩ ᠬᠤᠢ ᠢᠦᠢ ᠵᠢᠭ᠋ᠠᠬᠤ᠎ᠳᠤ᠎ᠪᠠᠨ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠰᠢᠰᠲ᠋ᠧᠮ᠎ᠤᠨ᠎ᠬᠢᠨ᠎ᠤ ᠡᠪᠯᠡᠯ᠎ᠤᠨ ᠭᠡᠰᠢᠭᠦᠨ ᠵᠠᠯᠠᠭᠤᠴᠤᠳ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ ᠵᠢᠨ ᠲᠣᠭᠣᠷᠢᠨ᠎ᠳᠤ ᠨᠢᠭᠲᠠᠷᠠᠨ ᠪᠦᠯᠬᠦᠮᠳᠡᠵᠦ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠨ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ ᠪᠠ ᠳᠡᠭᠡᠳᠦ ᠱᠠᠲᠤᠨ᠎ᠤ ᠡᠪᠯᠡᠯ᠎ᠤᠨ ᠵᠣᠬᠢᠶᠠᠨ ᠪᠠᠢ᠌ᠭᠤᠯᠤᠯᠲᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢᠨ᠎ᠡ ᠵᠢ ᠡᠭᠦᠳᠦᠨ ᠨᠡᠭᠡᠭᠡᠯᠲᠡ ᠬᠢᠵᠦ᠂ ᠡᠷᠡᠰ ᠰᠢᠭᠤᠷᠬᠠᠢ᠎ᠪᠠᠷ ᠤᠷᠤᠭᠰᠢᠯᠠᠨ ᠳᠠᠪᠰᠢᠵᠤ᠂ ᠰᠢᠷᠭ᠋ᠠᠭᠤ ᠬᠠᠲᠠᠭᠤᠵᠢᠯᠲᠠᠢ᠎ᠪᠠᠷ ᠴᠢᠷᠮᠠᠢ᠌ᠨ ᠠᠵᠢᠯᠯᠠᠵᠤ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠡᠪ ᠬᠠᠮᠲᠤ ᠵᠠᠯᠠᠭᠤᠴᠤᠳ᠎ᠤᠨ ᠡᠪᠯᠡᠯ ᠪᠠ ᠵᠠᠯᠠᠭᠤᠴᠤᠳ᠎ᠤᠨ ᠠᠵᠢᠯ᠎ᠤᠨ ᠰᠢᠨ᠎ᠡ ᠪᠠᠢ᠌ᠳᠠᠯ᠎ᠢ ᠴᠢᠷᠮᠠᠢ᠌ᠨ ᠪᠣᠢ ᠪᠣᠯᠭ᠋ᠠᠵᠤ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠰᠠᠢ᠌ᠲᠤᠷ ᠬᠢᠵᠦ᠂ ᠡᠬᠡ ᠤᠯᠤᠰ᠎ᠤᠨ ᠤᠮᠠᠷᠠᠲᠤ ᠵᠢᠨ ᠡᠨᠡ ᠬᠦ᠌ ᠦᠵᠡᠰᠬᠦᠯᠡᠩᠲᠦ ᠰᠠᠢ᠌ᠬᠠᠨ ᠦᠵᠡᠮᠵᠢ ᠵᠢᠨ ᠣᠷᠣᠨ᠎ᠢ ᠰᠠᠬᠢᠨ ᠬᠠᠮᠠᠭ᠋ᠠᠯᠠᠬᠤ ᠠᠮᠢᠳᠤᠯᠢᠭ ᠪᠣᠳᠠᠲᠠᠢ ᠦᠢ᠍ᠯᠡᠳᠦᠯᠭᠡ ᠳᠤᠮᠳᠠ ᠵᠠᠯᠠᠭᠤ ᠨᠠᠰᠤᠨ᠎ᠤ ᠬᠦᠰᠡᠯ ᠵᠡᠭᠦᠳᠦ᠎ᠪᠠᠨ ᠲᠡᠷᠭᠡᠯᠰᠢᠭᠦᠯᠦᠨ᠂ ᠵᠠᠯᠠᠭᠤ ᠨᠠᠰᠤᠨ᠎ᠤ ᠣᠶᠣᠨ ᠴᠢᠳᠠᠯ ᠵᠶ᠋ᠠᠨ ᠨᠡᠮᠡᠷᠢᠯᠡᠵᠦ᠂ ᠵᠠᠯᠠᠭᠤ ᠨᠠᠰᠤᠨ᠎ᠤ ᠴᠣᠭ ᠵᠣᠯᠢ᠎ᠪᠠᠨ ᠢᠯᠡᠷᠡᠭᠦᠯᠵᠦ᠂ ᠴᠠᠭ ᠦᠶ᠎ᠡ ᠵᠢᠨ ᠱᠠᠭ᠋ᠠᠷᠳᠠᠯᠭ᠎ᠠ᠎ᠳᠤ ᠨᠡᠢ᠌ᠴᠡᠭᠰᠡᠨ ᠴᠣ᠋ ᠰᠢᠨ᠎ᠡ ᠦᠷ᠎ᠡ ᠪᠦᠲᠦᠮᠵᠢ ᠵᠢ ᠡᠭᠦᠳᠬᠦ ᠬᠡᠷᠡᠭᠲᠡᠢ ᠭᠡᠵᠡᠢ᠃
ᠬᠤᠷᠠᠯ᠎ᠠᠴᠠ ᠴᠢᠬᠤᠯᠠᠴᠢᠯᠠᠬᠤ᠎ᠳᠤ᠎ᠪᠠᠨ᠂ ᠡᠪᠯᠡᠯ᠎ᠤᠨ ᠭᠡᠰᠢᠭᠦᠳ᠎ᠤᠨ ᠶᠡᠬᠡ ᠬᠤᠷᠠᠯ᠎ᠢ ᠬᠤᠷᠠᠯᠳᠤᠭᠤᠯᠤᠭᠰᠠᠨ᠎ᠨᠢ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ᠎ᠤ ᠡᠪᠯᠡᠯ᠎ᠤᠨ ᠭᠡᠰᠢᠭᠦᠨ ᠵᠠᠯᠠᠭᠤᠴᠤᠳ᠎ᠤᠨ ᠤᠯᠤᠰ ᠲᠥᠷᠥ ᠵᠢᠨ ᠠᠮᠢᠳᠤᠷᠠᠯ᠎ᠳᠠᠬᠢ ᠨᠢᠭᠡᠨ ᠲᠣᠮᠣ ᠶᠠᠪᠤᠳᠠᠯ ᠪᠠᠢ᠌ᠵᠤ᠂ ᠪᠦᠬᠦ ᠡᠪᠯᠡᠯ᠎ᠤᠨ ᠭᠡᠰᠢᠭᠦᠨ ᠵᠠᠯᠠᠭᠤᠴᠤᠳ᠎ᠢ ᠤᠯᠠᠮ ᠨᠢᠭᠡ ᠠᠯᠬᠤᠮ ᠳᠠᠢ᠌ᠴᠢᠯᠠᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠪᠠ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ ᠪᠠ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠤᠳᠠᠭ᠋ᠠᠨ ᠳᠠᠭ᠋ᠠᠭ᠋ᠠᠮᠠᠭ᠋ᠠᠢ ᠳᠠᠢ᠌ᠯᠠᠯᠳᠤᠭ᠋ᠠᠨ᠎ᠢ ᠰᠠᠢ᠌ᠲᠤᠷ ᠬᠢᠬᠦ᠎ᠳᠤ ᠣᠶᠣᠨ ᠬᠦᠴᠦᠨ ᠵᠶ᠋ᠡᠨ ᠲᠥᠪᠯᠡᠷᠡᠭᠦᠯᠵᠦ᠂ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠢ ᠪᠦᠲᠦᠭᠡᠨ ᠪᠠᠢ᠌ᠭᠤᠯᠬᠤ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ᠎ᠳᠤ ᠲᠤᠢ᠌ᠯ᠎ᠤᠨ ᠴᠢᠬᠤᠯᠠ ᠠᠴᠢ ᠬᠣᠯᠪᠣᠭᠳᠠᠯ᠎ᠲᠠᠢ ᠪᠠᠢ᠌ᠳᠠᠭ᠃ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠥᠷᠭᠡᠨ ᠣᠯᠠᠨ ᠡᠪᠯᠡᠯ᠎ᠤᠨ ᠭᠡᠰᠢᠭᠦᠨ ᠵᠠᠯᠠᠭᠤᠴᠤᠳ ᠶᠠᠷᠢᠶᠠᠨ᠎ᠤ ᠵᠣᠷᠢᠭ ᠰᠠᠨᠠᠭ᠎ᠠ ᠵᠢ ᠬᠢᠨᠠᠮᠠᠭ᠋ᠠᠢ ᠰᠤᠷᠤᠯᠴᠠᠨ ᠭᠦᠨᠵᠡᠭᠡᠢ ᠣᠢ᠌ᠯᠠᠭ᠋ᠠᠵᠤ᠂ 《ᠳᠥᠷᠪᠡᠨ ᠵᠦᠢ᠍ᠯ᠎ᠤᠨ ᠦᠵᠡᠯ ᠤᠬᠠᠮᠰᠠᠷ》 ᠵᠶ᠋ᠠᠨ ᠤᠯᠠᠮ ᠨᠢᠭᠡ ᠠᠯᠬᠤᠮ ᠴᠢᠩᠭ᠋ᠠᠳᠬᠠᠨ᠂ 《ᠳᠥᠷᠪᠡᠨ ᠲᠠᠯ᠎ᠠ ᠵᠢᠨ ᠢᠲᠡᠭᠡᠯ》 ᠵᠶ᠋ᠡᠨ ᠪᠠᠲᠤᠳᠬᠠᠵᠤ᠂ ᠡᠪᠯᠡᠯ᠎ᠤᠨ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠣᠷᠣᠨ᠎ᠤ ᠡᠪᠯᠡᠯ᠎ᠤᠨ ᠬᠣᠷᠢᠶ᠎ᠠ᠂ ᠰᠢᠭᠤᠳ ᠬᠠᠷᠢᠶ᠎ᠠ ᠪᠠᠢ᠌ᠭᠤᠯᠭ᠎ᠠ ᠵᠢᠨ ᠡᠪᠯᠡᠯ᠎ᠤᠨ ᠠᠵᠢᠯ᠎ᠤᠨ ᠬᠣᠷᠢᠶ᠎ᠠ ᠵᠢᠴᠢ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠡᠪ ᠬᠠᠮᠲᠤ ᠵᠠᠯᠠᠭᠤᠴᠤᠳ᠎ᠤᠨ ᠡᠪᠯᠡᠯ ᠪᠠ ᠵᠠᠯᠠᠭᠤᠴᠤᠳ᠎ᠤᠨ ᠠᠵᠢᠯ᠎ᠤᠨ ᠲᠤᠬᠠᠢ ᠡᠯ᠎ᠡ ᠵᠦᠢ᠍ᠯ᠎ᠤᠨ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠡᠷᠡᠰ ᠭᠤᠢ᠌ᠪᠢᠰᠢ ᠦᠭᠡᠢ᠎ᠪᠠᠷ ᠰᠠᠢ᠌ᠲᠤᠷ ᠲᠤᠭᠤᠰᠢᠯᠠᠭᠤᠯᠵᠤ᠂ ᠭᠧ ᠱᠦᠵᠢ ᠪᠣᠯᠣᠨ ᠵᠠᠩ ᠱᠦᠵᠢ ᠵᠢᠨ ᠶᠠᠷᠢᠶᠠᠨ᠎ᠤ ᠵᠣᠷᠢᠭ ᠰᠠᠨᠠᠭ᠎ᠠ ᠪᠠ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ ᠲᠡᠷᠡ ᠶᠣᠰᠣᠭ᠋ᠠᠷ᠎ᠨᠢ ᠰᠠᠢ᠌ᠲᠤᠷ ᠨᠠᠢ᠌ᠳᠠᠪᠤᠷᠢᠵᠢᠭᠤᠯᠵᠤ᠂ ᠬᠦᠰᠡᠯᠡᠩ ᠢᠲᠡᠭᠡᠯ ᠵᠣᠷᠢᠭ ᠵᠶ᠋ᠠᠨ ᠪᠠᠲᠤᠳᠬᠠᠨ᠂ ᠴᠠᠭ ᠦᠶ᠎ᠡ ᠵᠢᠨ ᠬᠦᠨᠳᠦ ᠡᠭᠦᠷᠭᠡ ᠵᠢ ᠵᠣᠷᠢᠭᠲᠠᠢ ᠡᠭᠦᠷᠭᠡᠯᠡᠵᠦ᠂ ᠬᠠᠳᠠᠨ ᠴᠠᠭ᠋ᠠᠷᠠᠭᠰᠠᠨ ᠡᠷᠳᠡᠮ ᠴᠢᠳᠠᠪᠤᠷᠢ ᠵᠢ ᠡᠵᠡᠮᠰᠢᠨ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠰᠠᠢ᠌ᠲᠤᠷ ᠬᠢᠵᠦ᠂ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠢ ᠪᠦᠲᠦᠭᠡᠨ ᠪᠠᠢ᠌ᠭᠤᠯᠬᠤ ᠦᠢ᠍ᠯᠡᠳᠦᠯᠭᠡ ᠵᠢᠨ ᠳᠤᠮᠳᠠ ᠤᠬᠠᠮᠰᠠᠷ᠎ᠠᠴᠠ᠎ᠪᠠᠨ ᠦᠢ᠍ᠯᠡᠰ ᠪᠦᠲᠦᠭᠡᠨ ᠵᠢᠳᠬᠦᠯ ᠵᠶ᠋ᠡᠨ ᠨᠡᠮᠡᠷᠢᠯᠡᠵᠦ᠂ ᠦᠨᠡᠨ ᠪᠣᠳᠠᠲᠠᠢ ᠠᠵᠢᠯ᠎ᠤᠨ ᠦᠷ᠎ᠡ ᠪᠦᠲᠦᠮᠵᠢ᠎ᠪᠠᠷ ᠵᠶ᠋ᠡᠨ 《ᠬᠣᠶᠠᠷ᠎ᠢ ᠬᠠᠮᠠᠭ᠋ᠠᠯᠠᠬᠤ》 ᠵᠢ ᠦᠢ᠍ᠯᠡᠳᠦᠯᠭᠡᠵᠢᠭᠦᠯᠬᠦ ᠬᠡᠷᠡᠭᠲᠡᠢ ᠭᠡᠵᠡᠢ᠃
ᠬᠤᠷᠠᠯ ᠳᠡᠭᠡᠷ᠎ᠡ᠂ ᠪᠦᠬᠦ ᠬᠤᠷᠠᠯ᠎ᠳᠤ ᠣᠷᠣᠯᠴᠠᠭᠴᠢ᠎ᠠᠴᠠ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠰᠦᠯᠳᠡ ᠳᠠᠭᠤᠤ》 ᠵᠢ ᠳᠠᠭᠤᠯᠠᠨ᠂ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠠᠵᠢᠯ᠎ᠤᠨ ᠢᠯᠡᠳᠬᠡᠯ᠎ᠢ ᠬᠢᠨᠠᠨ ᠵᠥᠪᠯᠡᠭᠰᠡᠨ᠎ᠤ ᠬᠠᠮᠲᠤ᠂ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠩᠬᠠᠳᠤᠭ᠋ᠠᠷ ᠬᠤᠭᠤᠴᠠᠭ᠋ᠠᠨ᠎ᠤ ᠬᠣᠷᠢᠶ᠎ᠠ ᠵᠢᠨ ᠭᠡᠰᠢᠭᠦᠳ᠎ᠢ ᠰᠣᠩᠭᠣᠨ ᠭᠠᠷᠭ᠋ᠠᠵᠠᠢ᠃

ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠬᠣᠷᠢᠶ᠎ᠠ᠎ᠠᠴᠠ ᠠᠩᠬᠠᠳᠤᠭ᠋ᠠᠷ ᠤᠳᠠᠭ᠋ᠠᠨ᠎ᠤ ᠡᠪᠯᠡᠯ᠎ᠤᠨ ᠭᠡᠰᠢᠭᠦᠳ᠎ᠤᠨ ᠶᠡᠬᠡ ᠬᠤᠷᠠᠯ ᠵᠢᠴᠢ ᠡᠪᠯᠡᠯ᠎ᠤᠨ ᠭᠡᠰᠢᠭᠦᠨ ᠵᠠᠯᠠᠭᠤᠴᠤᠳ᠎ᠤᠨ ᠠᠵᠢᠯ᠎ᠢ ᠠᠬᠢᠭᠤᠯᠬᠤ ᠬᠤᠷᠠᠯ᠎ᠢ ᠬᠤᠷᠠᠯᠳᠤᠭᠤᠯᠵᠤ ᠪᠠᠢ᠌ᠨ᠎ᠠ

ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ᠂ ᠪᠠᠢ᠌ᠭᠤᠯᠭ᠎ᠠ ᠵᠢᠨ ᠨᠠᠮ᠎ᠤᠨ ᠬᠣᠷᠢᠶ᠎ᠠ ᠵᠢᠨ ᠱᠦᠵᠢ ᠵᠠᠩ ᠬᠤᠢ ᠢᠦᠢ ᠬᠤᠷᠠᠯ᠎ᠳᠤ ᠣᠷᠣᠯᠴᠠᠭᠰᠠᠨ᠎ᠤ ᠬᠠᠮᠲᠤ ᠶᠠᠷᠢᠶ᠎ᠠ ᠲᠠᠯᠪᠢᠵᠤ ᠪᠠᠢ᠌ᠨ᠎ᠠ

ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢ᠌ᠭᠤᠯᠭ᠎ᠠ ᠵᠢᠨ ᠡᠪᠯᠡᠯ᠎ᠤᠨ ᠠᠵᠢᠯ᠎ᠤᠨ ᠬᠣᠷᠢᠶ᠎ᠠ ᠵᠢᠨ ᠱᠦᠵᠢ ᠭᠧ ᡁᠢ ᠮᠢᠨ ᠶᠠᠷᠢᠶ᠎ᠠ ᠲᠠᠯᠪᠢᠵᠤ ᠪᠠᠢ᠌ᠨ᠎ᠠ

ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠪᠠᠢ᠌ᠭᠤᠯᠭ᠎ᠠ ᠵᠢᠨ ᠨᠠᠮ᠎ᠤᠨ ᠬᠣᠷᠢᠶ᠎ᠠ ᠵᠢᠨ ᠵᠠᠯᠠᠭᠤᠴᠤᠳ᠎ᠤᠨ ᠭᠡᠰᠢᠭᠦᠨ ᠶᠢᠨ ᠱᠦ᠍ ᠭᠠᠩ ᠬᠤᠷᠠᠯ᠎ᠢ ᠡᠷᠬᠢᠯᠡᠵᠦ ᠪᠠᠢ᠌ᠨ᠎ᠠ


ᠪᠦᠬᠦ ᠬᠤᠷᠠᠯ᠎ᠳᠤ ᠣᠷᠣᠯᠴᠠᠭᠴᠢ᠎ᠠᠴᠠ ᠬᠠᠮᠲᠤ᠎ᠪᠠᠷ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠰᠦᠯᠳᠡ ᠳᠠᠭᠤᠤ》 ᠵᠢ ᠳᠠᠭᠤᠯᠠᠵᠤ ᠪᠠᠢ᠌ᠨ᠎ᠠ

ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠪᠠᠢ᠌ᠭᠤᠯᠭ᠎ᠠ ᠵᠢᠨ ᠨᠠᠮ᠎ᠤᠨ ᠬᠣᠷᠢᠶ᠎ᠠ ᠵᠢᠨ ᠺᠦᠩ ᠰᠢᠶᠣᠣ ᠶᠠᠨ ᠮᠡᠳᠡᠭᠦᠯᠦᠯᠲᠡ ᠬᠢᠵᠦ ᠪᠠᠢ᠌ᠨ᠎ᠠ

ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠩᠬᠠᠳᠤᠭ᠋ᠠᠷ ᠬᠤᠭᠤᠴᠠᠭ᠋ᠠᠨ᠎ᠤ ᠬᠣᠷᠢᠶ᠎ᠠ ᠵᠢᠨ ᠭᠡᠰᠢᠭᠦᠳ᠎ᠢ ᠰᠣᠩᠭᠣᠵᠤ ᠪᠠᠢ᠌ᠨ᠎ᠠ