4 ᠳ᠋ᠦ᠍ᠭᠡᠷ ᠰᠠᠷ᠎ᠠ ᠵᠢᠨ 25᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠨᠣᠯ᠎ᠤᠨ ᠰᠤᠷᠤᠯᠴᠠᠭ᠎ᠠ ᠵᠢᠨ ᠭᠣᠣᠯ ᠳᠤᠭᠤᠢ᠌ᠯᠠᠩ᠎ᠤᠨ ᠲᠤᠰᠬᠠᠢ ᠰᠡᠳᠦᠪᠲᠦ ᠰᠤᠷᠤᠯᠴᠠᠯᠭ᠎ᠠ ᠪᠠ 2019 ᠣᠨ᠎ᠤ ᠲᠠᠪᠤᠳᠤᠭ᠋ᠠᠷ ᠤᠳᠠᠭ᠋ᠠᠨ᠎ᠤ ᠰᠤᠷᠤᠯᠴᠠᠯᠭ᠎ᠠ ᠵᠢᠨ ᠬᠤᠷᠠᠯ᠎ᠢ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ 《ᠲᠠᠢ᠌ᠸᠠᠨ᠎ᠤ ᠠᠬ᠎ᠠ ᠳᠡᠭᠦᠦ ᠨᠠᠷ᠎ᠲᠤ ᠮᠡᠳᠡᠭᠳᠡᠬᠦ ᠪᠢᠴᠢᠭ》᠎ᠢ ᠨᠡᠢ᠌ᠲᠡᠯᠡᠭᠰᠡᠨ 40 ᠵᠢᠯ᠎ᠤᠨ ᠣᠢ ᠵᠢ ᠪᠠᠶᠠᠷᠯᠠᠨ ᠳᠤᠷᠠᠰᠬᠠᠬᠤ ᠬᠤᠷᠠᠯ ᠳᠡᠭᠡᠷᠡᠬᠢ ᠶᠠᠷᠢᠶ᠎ᠠ ᠵᠢ ᠲᠤᠰᠬᠠᠢ ᠰᠡᠳᠦᠪ ᠵᠶ᠋ᠡᠷ ᠰᠤᠷᠤᠯᠴᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠶᠠᠳᠤᠭ᠋ᠠᠷ ᠬᠤᠷᠠᠯ᠎ᠤᠨ ᠭᠠᠨᠰᠤ ᠵᠢᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ ᠦᠶ᠎ᠡ ᠵᠢᠨ ᠶᠠᠷᠢᠶ᠎ᠠ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠴᠢᠬᠤᠯᠠ ᠶᠡᠬᠡ ᠵᠦᠢ᠍ᠯᠡᠰ᠎ᠲᠤ ᠵᠢᠭ᠋ᠠᠪᠤᠷᠢ ᠠᠪᠴᠤ ᠮᠡᠳᠡᠭᠦᠯᠬᠦ ᠳᠦᠷᠢᠮ》 《ᠨᠠᠮ᠎ᠤᠨ ᠤᠯᠤᠰ ᠲᠥᠷᠥ ᠵᠢᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠰᠠᠨᠠᠯ》 ᠵᠡᠷᠭᠡ ᠪᠢᠴᠢᠭ ᠮᠠᠲ᠋ᠧᠷᠢᠶᠠᠯ᠎ᠢ ᠤᠯᠠᠮᠵᠢᠯᠠᠨ ᠰᠤᠷᠤᠯᠴᠠᠵᠠᠢ᠃
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠶᠠᠮᠤᠨ᠎ᠤ ᠳᠠᠷᠤᠭ᠎ᠠ ᠰᠢᠶᠠᠩ ᠳ᠋ᠦᠩ ᠬᠤᠷᠠᠯ᠎ᠢ ᠡᠷᠬᠢᠯᠡᠭᠰᠡᠨ᠎ᠤ ᠬᠠᠮᠲᠤ ᠶᠠᠷᠢᠶ᠎ᠠ ᠲᠠᠯᠪᠢᠪᠠ᠃
ᠰᠢᠶᠠᠩ ᠳ᠋ᠦᠩ ᠵᠢᠭ᠋ᠠᠬᠤ᠎ᠳᠤ᠎ᠪᠠᠨ᠂ ᠤᠯᠤᠰ ᠲᠥᠷᠥ ᠵᠢᠨ ᠵᠣᠭᠰᠣᠴᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠶᠡᠷᠦᠩᠬᠡᠢ ᠱᠦᠵᠢ ᠰᠢ ᠵᠢᠨ ᠫᠢᠩ᠎ᠤᠨ ᠭᠠᠨᠰᠤ ᠵᠢᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠬᠢᠨᠠᠮᠠᠭ᠋ᠠᠢ ᠰᠤᠷᠤᠯᠴᠠᠬᠤ ᠵᠢᠨ ᠬᠠᠮᠲᠤ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠬᠠᠷᠢᠭᠤᠴᠠᠯᠭ᠎ᠠ᠎ᠪᠠᠨ ᠴᠢᠩᠭ᠋ᠠᠷᠠᠭᠤᠯᠤᠨ᠂ ᠶᠠᠳᠠᠭᠤ᠎ᠠᠴᠠ ᠠᠩᠭᠢᠵᠢᠷᠠᠭᠤᠯᠤᠨ ᠰᠢᠪᠲᠤᠯᠤᠯᠲᠠ ᠬᠢᠬᠦ ᠠᠵᠢᠯ ᠵᠶ᠋ᠠᠷ ᠴᠢᠬᠤᠯᠠ ᠤᠯᠤᠰ ᠲᠥᠷᠥ ᠵᠢᠨ ᠡᠭᠦᠷᠭᠡ ᠪᠣᠯᠭ᠋ᠠᠵᠤ᠂ ᠲᠢᠩᠬᠢᠮ᠎ᠤᠨ ᠰᠢᠰᠲ᠋ᠧᠮ᠎ᠤᠨ᠎ᠬᠢᠨ᠎ᠤ ᠴᠡᠭ ᠲᠣᠭᠲᠠᠭ᠋ᠠᠨ ᠬᠠᠪᠰᠤᠷᠤᠨ ᠲᠡᠳᠬᠦᠬᠦ ᠪᠠ ᠣᠷᠣᠨ ᠪᠦᠰᠡ᠎ᠪᠠᠷ ᠬᠠᠪᠰᠤᠷᠤᠨ ᠲᠡᠳᠬᠦᠬᠦ ᠠᠵᠢᠯ᠎ᠢ ᠯᠠᠪᠳᠠᠭᠤᠨ ᠪᠠᠲᠤᠲᠠᠢ ᠪᠠᠷ ᠰᠠᠢ᠌ᠲᠤ ᠬᠢᠵᠦ᠂ ᠶᠠᠳᠠᠭᠤ᠎ᠠᠴᠠ ᠠᠩᠭᠢᠵᠢᠷᠠᠭᠤᠯᠤᠨ ᠰᠢᠪᠲᠤᠯᠤᠯᠲᠠ ᠬᠢᠬᠦ ᠡᠯ᠎ᠡ ᠵᠦᠢ᠍ᠯ᠎ᠤᠨ ᠡᠭᠦᠷᠭᠡ ᠵᠢ ᠲᠡᠷᠡ ᠶᠣᠰᠣᠭ᠋ᠠᠷ᠎ᠨᠢ ᠪᠡᠶᠡᠯᠡᠭᠦᠯᠬᠦ ᠬᠡᠷᠡᠭᠲᠡᠢ ᠭᠡᠵᠡᠢ᠃
ᠰᠢᠶᠠᠩ ᠳ᠋ᠦᠩ ᠴᠢᠬᠤᠯᠠᠴᠢᠯᠠᠬᠤ᠎ᠳᠤ᠎ᠪᠠᠨ᠂ ᠶᠡᠷᠦᠩᠬᠡᠢ ᠱᠦᠵᠢ ᠰᠢ ᠵᠢᠨ ᠫᠢᠩ᠎ᠤᠨ 《ᠲᠠᠢ᠌ᠸᠠᠨ᠎ᠤ ᠠᠬ᠎ᠠ ᠳᠡᠭᠦᠦ ᠨᠠᠷ᠎ᠲᠤ ᠮᠡᠳᠡᠭᠳᠡᠬᠦ ᠪᠢᠴᠢᠭ》᠎ᠢ ᠨᠡᠢ᠌ᠲᠡᠯᠡᠭᠰᠡᠨ 40 ᠵᠢᠯ᠎ᠤᠨ ᠣᠢ ᠵᠢ ᠪᠠᠶᠠᠷᠯᠠᠨ ᠳᠤᠷᠠᠰᠬᠠᠬᠤ ᠬᠤᠷᠠᠯ ᠳᠡᠭᠡᠷᠡᠬᠢ ᠶᠠᠷᠢᠶ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶ᠎ᠠ ᠵᠢᠨ ᠲᠠᠢ᠌ᠸᠠᠨ᠎ᠳᠠᠬᠢ ᠠᠵᠢᠯ᠎ᠤᠨ ᠲᠥᠷᠥ ᠵᠢᠨ ᠪᠣᠳᠣᠯᠭ᠎ᠠ ᠴᠢᠭᠯᠡᠯᠲᠡ ᠪᠠ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ᠎ᠲᠠᠢ ᠦᠨᠡᠨ ᠬᠦ᠌ ᠨᠢᠭᠡᠳᠦᠯᠲᠡᠢ ᠪᠠᠢ᠌ᠯᠭ᠋ᠠᠵᠤ᠂ ᠠᠵᠢᠯ᠎ᠤᠨ ᠪᠠᠢ᠌ᠷᠢ᠎ᠳᠤ᠎ᠪᠠᠨ ᠰᠠᠭᠤᠷᠢᠯᠠᠨ ᠲᠤᠬᠠᠢ᠌ᠯᠠᠭᠰᠠᠨ ᠠᠵᠢᠯ ᠵᠶ᠋ᠠᠨ ᠰᠠᠢ᠌ᠲᠤᠷ ᠬᠢᠵᠦ᠂ ᠳᠤᠮᠳᠠᠳᠤ ᠤᠯᠤᠰ᠎ᠤᠨ ᠬᠦᠰᠡᠯ ᠵᠡᠭᠦᠳᠦ ᠵᠢ ᠬᠠᠮᠲᠤ᠎ᠪᠠᠷ ᠲᠡᠷᠭᠡᠯᠰᠢᠭᠦᠯᠬᠦ ᠰᠢᠨ᠎ᠡ ᠠᠶᠠᠨ᠎ᠳᠤ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠠᠨ ᠦᠵᠡᠭᠦᠯᠬᠦ ᠬᠡᠷᠡᠭᠲᠡᠢ ᠭᠡᠵᠡᠢ᠃
ᠰᠢᠶᠠᠩ ᠳ᠋ᠦᠩ ᠱᠠᠭ᠋ᠠᠷᠳᠠᠬᠤ᠎ᠳᠤ᠎ᠪᠠᠨ᠂ ᠶᠡᠷᠦᠩᠬᠡᠢ ᠱᠦᠵᠢ ᠰᠢ ᠵᠢᠨ ᠫᠢᠩ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠤᠯᠤᠰ ᠲᠥᠷᠥ ᠵᠢᠨ ᠲᠣᠪᠴᠢᠶᠠᠨ᠎ᠤ ᠠᠷᠪᠠᠨ ᠬᠣᠶᠠᠳᠤᠭ᠋ᠠᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠵᠢᠨ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠬᠢᠨᠠᠮᠠᠭ᠋ᠠᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠴᠠᠭ᠎ᠤᠨ ᠪᠠᠢ᠌ᠳᠠᠯ ᠳᠣᠣᠷᠠᠬᠢ ᠨᠠᠮ᠎ᠤᠨ ᠰᠣᠨᠢᠨ ᠮᠡᠳᠡᠭᠡ ᠶᠠᠷᠢᠶ᠎ᠠ ᠬᠡᠯᠡᠯᠴᠡᠭᠡᠨ᠎ᠤ ᠠᠵᠢᠯ᠎ᠢ ᠤᠯᠠᠮ ᠨᠢᠭᠡ ᠠᠯᠬᠤᠮ ᠰᠠᠢ᠌ᠲᠤᠷ ᠬᠢᠵᠦ᠂ ᠦᠵᠡᠯ ᠰᠠᠨᠠᠭ᠋ᠠᠨ᠎ᠤ ᠬᠡᠯᠪᠡᠷᠢ ᠵᠢᠨ ᠠᠵᠢᠯ᠎ᠤᠨ ᠤᠳᠤᠷᠢᠳᠬᠤ ᠡᠷᠬᠡ ᠵᠢ ᠯᠠᠪᠳᠠᠭᠤᠨ ᠪᠠᠲᠤᠲᠠᠢ ᠡᠵᠡᠮᠳᠡᠨ᠂ ᠦᠵᠡᠯ ᠰᠠᠨᠠᠭ᠋ᠠᠨ᠎ᠤ ᠬᠡᠯᠪᠡᠷᠢ ᠵᠢᠨ ᠠᠮᠤᠷ ᠲᠦᠪᠰᠢᠨ᠎ᠢ ᠦᠨᠡᠨ ᠬᠦ᠌ ᠬᠠᠮᠠᠭ᠋ᠠᠯᠠᠵᠤ᠂ ᠰᠢᠨ᠎ᠡ ᠳᠤᠮᠳᠠᠳᠤ ᠤᠯᠤᠰ ᠪᠠᠢ᠌ᠭᠤᠯᠤᠭᠳᠠᠭᠰᠠᠨ 70 ᠵᠢᠯ᠎ᠤᠨ ᠣᠢ ᠵᠢ ᠪᠠᠶᠠᠷᠯᠠᠨ ᠪᠡᠯᠭᠡᠯᠡᠬᠦ᠎ᠳᠤ ᠰᠠᠢ᠌ᠨ ᠰᠠᠢ᠌ᠬᠠᠨ ᠶᠠᠷᠢᠶ᠎ᠠ ᠬᠡᠯᠡᠯᠴᠡᠭᠡᠨ᠎ᠤ ᠣᠷᠴᠢᠨ ᠠᠬᠤᠢ ᠵᠢ ᠪᠣᠢ ᠪᠣᠯᠭ᠋ᠠᠬᠤ ᠬᠡᠷᠡᠭᠲᠡᠢ ᠭᠡᠵᠡᠢ᠃
ᠰᠢᠶᠠᠩ ᠳ᠋ᠦᠩ ᠴᠢᠬᠤᠯᠠᠴᠢᠯᠠᠬᠤ᠎ᠳᠤ᠎ᠪᠠᠨ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠴᠢᠬᠤᠯᠠ ᠶᠡᠬᠡ ᠵᠦᠢ᠍ᠯᠡᠰ᠎ᠲᠤ ᠵᠢᠭ᠋ᠠᠪᠤᠷᠢ ᠠᠪᠴᠤ ᠮᠡᠳᠡᠭᠦᠯᠬᠦ ᠳᠦᠷᠢᠮ》 ᠪᠠ 《ᠨᠠᠮ᠎ᠤᠨ ᠤᠯᠤᠰ ᠲᠥᠷᠥ ᠵᠢᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠰᠠᠨᠠᠯ》᠎ᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠢᠩᠬᠢᠮ᠎ᠤᠨ ᠰᠢᠰᠲ᠋ᠧᠮ᠎ᠤᠨ᠎ᠬᠢᠨ᠎ᠤ ᠡᠯ᠎ᠡ ᠶᠡᠷᠦᠩᠬᠡᠢ ᠨᠠᠮ᠎ᠤᠨ ᠡᠭᠦᠷ (ᠨᠠᠮ᠎ᠤᠨ ᠡᠭᠦᠷ)᠎ᠤᠨ᠎ᠬᠢᠨ 《ᠭᠤᠷᠪᠠᠨ ᠬᠤᠷᠠᠯ ᠨᠢᠭᠡ ᠬᠢᠴᠢᠶᠡᠯ》᠂ ᠨᠠᠮ᠎ᠤᠨ ᠳᠤᠭᠤᠢ᠌ᠯᠠᠩ᠎ᠤᠨ ᠰᠤᠷᠤᠯᠴᠠᠯᠭ᠎ᠠ᠂ ᠨᠠᠮ᠎ᠤᠨ ᠡᠭᠦᠷ᠎ᠤᠨ ᠠᠵᠢᠯ ᠪᠠ ᠰᠤᠷᠤᠯᠴᠠᠯᠭ᠎ᠠ᠎ᠪᠠᠷ ᠤᠯᠤᠰ ᠵᠶ᠋ᠠᠨ ᠬᠦᠴᠦᠷᠬᠡᠭᠵᠢᠭᠦᠯᠬᠦ APP ᠵᠡᠷᠭᠡ ᠠᠷᠭ᠎ᠠ ᠵᠠᠮ᠎ᠢ ᠭᠦᠢ᠍ᠴᠡᠳ ᠠᠰᠢᠭᠯᠠᠵᠤ᠂ ᠨᠠᠮ᠎ᠤᠨ ᠡᠭᠦᠷ᠎ᠤᠨ ᠬᠠᠮᠲᠤ ᠵᠢᠨ ᠰᠤᠷᠤᠯᠴᠠᠯᠭ᠎ᠠ ᠵᠢ ᠵᠣᠬᠢᠶᠠᠨ ᠪᠠᠢ᠌ᠭᠤᠯᠬᠤ᠂ ᠳᠤᠭᠤᠢ᠌ᠯᠠᠩ᠎ᠤᠨ ᠶᠠᠷᠢᠯᠴᠠᠯᠭ᠎ᠠ ᠵᠢ ᠥᠷᠨᠢᠭᠦᠯᠬᠦ ᠪᠠ ᠬᠤᠪᠢ ᠬᠥᠮᠥᠨ ᠥᠪᠡᠰᠦᠪᠡᠨ ᠰᠤᠷᠤᠯᠴᠠᠬᠤ ᠵᠡᠷᠭᠡ ᠬᠡᠯᠪᠡᠷᠢ᠎ᠪᠠᠷ ᠳᠠᠮᠵᠢᠭᠤᠯᠤᠨ᠂ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠵᠢ ᠦᠨᠡᠨ ᠬᠦ᠌ ᠰᠠᠢ᠌ᠲᠤᠷ ᠠᠳᠬᠤᠵᠤ᠂ ᠪᠠᠢ᠌ᠭᠤᠯᠭ᠎ᠠ ᠵᠢᠨ ᠨᠠᠮ᠎ᠤᠨ ᠬᠣᠷᠢᠶ᠎ᠠ ᠵᠢᠨ᠎ᠬᠢᠨ 《ᠳᠦᠷᠢᠮ》 ᠪᠠ 《ᠰᠠᠨᠠᠯ》᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠢ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠠᠵᠢᠯ᠎ᠤᠨ ᠰᠢᠯᠭ᠋ᠠᠨ ᠬᠢᠨᠠᠯᠲᠠ᠎ᠳᠤ ᠣᠷᠣᠭᠤᠯᠤᠨ᠂ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠵᠢ ᠴᠢᠩᠭ᠋ᠠᠳᠬᠠᠵᠤ᠂ ᠪᠣᠳᠠᠲᠠᠢ᠎ᠳᠤ ᠨᠠᠢ᠌ᠳᠠᠪᠤᠷᠢᠵᠢᠭᠤᠯᠬᠤ ᠵᠢ ᠪᠠᠲᠤᠯᠠᠬᠤ ᠬᠡᠷᠡᠭᠲᠡᠢ ᠭᠡᠵᠡᠢ᠃
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠵᠢᠯ᠎ᠤᠨ ᠪᠠᠢ᠌ᠷᠢ᠎ᠳᠤ᠎ᠪᠠᠨ ᠪᠠᠢ᠌ᠭ᠎ᠠ ᠤᠳᠤᠷᠢᠳᠤᠯᠭ᠎ᠠ ᠨᠠᠷ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠵᠤ ᠬᠢᠨᠠᠨ ᠪᠠᠢ᠌ᠴᠠᠭ᠋ᠠᠬᠤ ᠳᠤᠭᠤᠢ᠌ᠯᠠᠩ᠂ ᠲᠢᠩᠬᠢᠮ᠎ᠤᠨ ᠪᠠᠢ᠌ᠭᠤᠯᠭ᠎ᠠ ᠵᠢᠨ ᠡᠯ᠎ᠡ ᠭᠠᠵᠠᠷ ᠲᠠᠰᠤᠭ᠂ ᠬᠠᠷᠢᠶᠠᠯᠠᠭᠳᠠᠬᠤ ᠠᠵᠢᠯ ᠦᠢ᠍ᠯᠡᠰ᠎ᠤᠨ ᠨᠢᠭᠡᠴᠢ ᠵᠢᠨ ᠬᠠᠷᠢᠭᠤᠴᠠᠯᠭ᠋ᠠᠲᠠᠳ ᠬᠤᠷᠠᠯ᠎ᠳᠤ ᠣᠷᠣᠯᠴᠠᠵᠠᠢ᠃

ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠨᠣᠯ᠎ᠤᠨ ᠰᠤᠷᠤᠯᠴᠠᠯᠭ᠎ᠠ ᠵᠢᠨ ᠭᠣᠣᠯ ᠳᠤᠭᠤᠢ᠌ᠯᠠᠩ᠎ᠤᠨ ᠲᠤᠰᠬᠠᠢ ᠰᠡᠳᠦᠪᠲᠦ ᠰᠤᠷᠤᠯᠴᠠᠯᠭ᠎ᠠ ᠪᠠ 2019 ᠣᠨ᠎ᠤ ᠲᠠᠪᠤᠳᠤᠭ᠋ᠠᠷ ᠤᠳᠠᠭ᠋ᠠᠨ᠎ᠤ ᠰᠤᠷᠤᠯᠴᠠᠯᠭ᠎ᠠ ᠵᠢᠨ ᠬᠤᠷᠠᠯ᠎ᠢ ᠬᠤᠷᠠᠯᠳᠤᠭᠤᠯᠵᠤ ᠪᠠᠢ᠌ᠨ᠎ᠠ