ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠵᠢᠷᠤᠬᠲᠦ᠍ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠨᠣᠯ᠎ᠤᠨ ᠰᠤᠷᠤᠯᠴᠠᠯᠭ᠎ᠠ ᠵᠢᠨ ᠭᠣᠣᠯ ᠳᠤᠭᠤᠢ᠌ᠯᠠᠩ᠎ᠤᠨ 2019 ᠣᠨ᠎ᠤ ᠵᠢᠷᠭᠤᠳᠤᠭ᠋ᠠᠷ ᠤᠳᠠᠭ᠋ᠠᠨ᠎ᠤ ᠰᠤᠷᠤᠯᠴᠠᠯᠭ᠎ᠠ ᠵᠢᠨ ᠬᠤᠷᠠᠯ᠎ᠢ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2019-05-14

     5 ᠳ᠋ᠤᠭ᠋ᠠᠷ ᠰᠠᠷ᠎ᠠ ᠵᠢᠨ 10᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠨᠣᠯ᠎ᠤᠨ ᠰᠤᠷᠤᠯᠴᠠᠭ᠎ᠠ ᠵᠢᠨ ᠭᠣᠣᠯ ᠳᠤᠭᠤᠢ᠌ᠯᠠᠩ᠎ᠤᠨ 2019 ᠣᠨ᠎ᠤ ᠵᠢᠷᠭᠤᠳᠤᠭ᠋ᠠᠷ ᠤᠳᠠᠭ᠋ᠠᠨ᠎ᠤ ᠰᠤᠷᠤᠯᠴᠠᠯᠭ᠎ᠠ ᠵᠢᠨ ᠬᠤᠷᠠᠯ᠎ᠢ ᠬᠤᠷᠠᠯᠳᠤᠭᠤᠯᠵᠤ᠂ ᠰᠢ ᠵᠢᠨ ᠫᠢᠩ᠂ ᠵᠤᠤ ᠯᠧ ᠵᠢᠢ ᠵᠢᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶ᠎ᠠ ᠵᠢᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠵᠢᠨ ᠭᠤᠷᠪᠠᠳᠤᠭ᠋ᠠᠷ ᠪᠦᠭᠦᠳᠡ ᠬᠤᠷᠠᠯ ᠳᠡᠭᠡᠷᠡᠬᠢ ᠶᠠᠷᠢᠶ᠎ᠠ ᠪᠠ ᠢᠯᠡᠳᠬᠡᠯ᠂ ᠪᠦᠬᠦ ᠤᠯᠤᠰ᠎ᠤᠨ ᠤᠬᠠᠭᠤᠯᠬᠤ ᠬᠡᠯᠲᠡᠰ᠎ᠤᠨ ᠳᠠᠷᠤᠭ᠎ᠠ ᠵᠢᠨ ᠬᠤᠷᠠᠯ᠎ᠤᠨ ᠵᠣᠷᠢᠭ ᠰᠠᠨᠠᠭ᠎ᠠ᠂ ᠯᠢ ᠵᠢᠢ ᠡᠾᠧᠩ᠂ ᠯᠢᠦ ᠴᠢ ᠹᠠᠨ᠎ᠤ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠵᠢᠨ ᠠᠷᠪᠠᠳᠤᠭ᠋ᠠᠷ ᠬᠤᠭᠤᠴᠠᠭ᠋ᠠᠨ᠎ᠤ ᠲᠠᠪᠤᠳᠤᠭ᠋ᠠᠷ ᠪᠦᠭᠦᠳᠡ ᠬᠤᠷᠠᠯ ᠳᠡᠭᠡᠷᠡᠬᠢ ᠶᠠᠷᠢᠶᠠᠨ᠎ᠤ ᠵᠣᠷᠢᠭ ᠰᠠᠨᠠᠭ᠎ᠠ᠂ ᠪᠦᠬᠦ ᠤᠯᠤᠰ᠎ᠤᠨ ᠵᠠᠬᠢᠳᠠᠯ ᠰᠤᠷᠪᠤᠯᠵᠢᠯᠠᠯ᠎ᠤᠨ ᠰᠢᠰᠲ᠋ᠧᠮ᠎ᠤᠨ᠎ᠬᠢᠨ᠎ᠤ ᠲᠧᠯᠸᠢᠰ ᠬᠤᠷᠠᠯ᠎ᠤᠨ ᠵᠣᠷᠢᠭ ᠰᠠᠨᠠᠭ᠎ᠠ ᠪᠠ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠠᠵᠢᠯ᠎ᠤᠨ ᠳᠦᠷᠢᠮ》᠎ᠢ ᠭᠣᠣᠯᠳᠠᠯᠭ᠎ᠠ᠎ᠲᠠᠢ᠎ᠪᠠᠷ ᠰᠤᠷᠤᠯᠴᠠᠨ ᠤᠯᠠᠮᠵᠢᠯᠠᠵᠠᠢ᠃
      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠶᠠᠮᠤᠨ᠎ᠤ ᠳᠠᠷᠤᠭ᠎ᠠ ᠰᠢᠶᠠᠩ ᠳ᠋ᠦᠩ ᠰᠤᠷᠤᠯᠴᠠᠨ ᠲᠤᠭᠤᠰᠢᠯᠠᠭᠤᠯᠵᠤ ᠨᠠᠢ᠌ᠳᠠᠪᠤᠷᠢᠵᠢᠭᠤᠯᠬᠤ ᠠᠵᠢᠯ᠎ᠤᠨ ᠲᠤᠬᠠᠢ ᠪᠠᠢ᠌ᠷᠢᠯᠠᠭᠤᠯᠤᠯᠲᠠ ᠬᠢᠪᠡ᠃ ᠨᠢᠭᠡ᠎ᠳᠤ᠂ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶ᠎ᠠ ᠵᠢᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠵᠢᠨ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠵᠢᠨ ᠠᠷᠪᠠᠳᠤᠭ᠋ᠠᠷ ᠬᠤᠭᠤᠴᠠᠭ᠋ᠠᠨ᠎ᠤ ᠲᠠᠪᠤᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠠᠴᠠ ᠨᠠᠭ᠋ᠠᠰᠢᠬᠢ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠠᠵᠢᠯ᠎ᠳᠤ ᠣᠯᠣᠭᠰᠠᠨ ᠴᠢᠬᠤᠯᠠ ᠶᠡᠬᠡ ᠦᠷ᠎ᠡ ᠪᠦᠲᠦᠭᠡᠯ᠎ᠢ ᠭᠦᠨᠵᠡᠭᠡᠢ ᠲᠠᠨᠢᠨ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠢᠲᠡᠭᠡᠯ ᠵᠣᠷᠢᠭ ᠵᠶ᠋ᠠᠨ ᠤᠯᠠᠮ ᠨᠢᠭᠡ ᠠᠯᠬᠤᠮ ᠪᠠᠲᠤᠳᠬᠠᠵᠤ᠂ ᠥᠭᠡᠷᠡᠴᠢᠯᠡᠯᠲᠡ ᠨᠡᠭᠡᠭᠡᠯᠲᠡ ᠬᠢᠭᠰᠡᠨ 40 ᠵᠢᠯ᠎ᠤᠨ ᠲᠤᠷᠰᠢᠬᠢ ᠨᠠᠮ᠎ᠢ ᠬᠠᠮᠢᠶᠠᠷᠤᠨ ᠨᠠᠮ᠎ᠢ ᠵᠠᠰᠠᠭᠰᠠᠨ ᠬᠣᠪᠣᠷ ᠨᠠᠨᠳᠢᠨ ᠲᠤᠷᠰᠢᠯᠭ᠎ᠠ ᠵᠢ ᠭᠦᠨᠵᠡᠭᠡᠢ ᠣᠢ᠌ᠯᠠᠭ᠋ᠠᠵᠤ᠂ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ ᠵᠢᠨ ᠲᠠᠯ᠎ᠠ᠎ᠪᠠᠷ ᠦᠨᠡᠨ ᠬᠦ᠌ 《ᠳᠥᠷᠪᠡᠨ ᠵᠦᠢ᠍ᠯ᠎ᠤᠨ ᠦᠵᠡᠯ ᠤᠬᠠᠮᠰᠠᠷ》᠎ᠢ ᠪᠣᠢ ᠪᠣᠯᠭ᠋ᠠᠨ᠂ 《ᠳᠥᠷᠪᠡᠨ ᠲᠠᠯ᠎ᠠ ᠵᠢᠨ ᠢᠲᠡᠭᠡᠯ》 ᠵᠶ᠋ᠡᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠭᠦᠢ᠍ᠴᠡᠳᠬᠡᠬᠦ ᠬᠡᠷᠡᠭᠲᠡᠢ᠃ ᠬᠣᠶᠠᠷ᠎ᠲᠤ᠂ ᠤᠯᠤᠰ ᠲᠥᠷᠥ ᠵᠢᠨ ᠵᠣᠭᠰᠣᠴᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠠᠵᠢᠯ᠎ᠤᠨ ᠳᠦᠷᠢᠮ》᠎ᠢ ᠬᠢᠨᠠᠮᠠᠭ᠋ᠠᠢ ᠰᠤᠷᠤᠯᠴᠠᠨ ᠲᠤᠭᠤᠰᠢᠯᠠᠭᠤᠯᠵᠤ᠂ ᠣᠨᠴᠠᠭ᠋ᠠᠢ᠌ᠯᠠᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠳ 《ᠳᠦᠷᠢᠮ》᠎ᠢ ᠬᠢᠨᠠᠮᠠᠭ᠋ᠠᠢ ᠰᠤᠷᠤᠯᠴᠠᠨ ᠣᠢ᠌ᠯᠠᠭ᠋ᠠᠬᠤ ᠪᠠ ᠰᠠᠢ᠌ᠲᠤᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ 《ᠳᠦᠷᠢᠮ》᠎ᠢ ᠲᠤᠭᠤᠰᠢᠯᠠᠭᠤᠯᠤᠨ ᠬᠡᠷᠡᠭᠵᠢᠭᠦᠯᠬᠦ ᠴᠢᠳᠠᠪᠤᠷᠢ ᠪᠠ ᠬᠢᠷᠢ ᠲᠦᠪᠰᠢᠨ ᠵᠶ᠋ᠡᠨ ᠴᠢᠩᠭ᠋ᠠᠷᠠᠭᠤᠯᠵᠤ᠂ ᠰᠢᠨ᠎ᠡ ᠴᠠᠭ᠎ᠤᠨ ᠪᠠᠢ᠌ᠳᠠᠯ ᠳᠣᠣᠷᠠᠬᠢ ᠨᠠᠮ᠎ᠤᠨ ᠤᠳᠤᠷᠢᠳᠬᠤ ᠳᠤᠭᠤᠢ᠌ᠯᠠᠩ᠎ᠤᠨ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠨ ᠰᠠᠢ᠌ᠵᠢᠷᠠᠭᠤᠯᠵᠤ᠂ ᠨᠠᠮ᠎ᠤᠨ ᠤᠳᠤᠷᠢᠳᠬᠤ ᠭᠣᠣᠯᠯᠠᠭᠴᠢ ᠵᠢᠨ ᠦᠢ᠍ᠯᠡᠳᠦᠯ᠎ᠢ ᠨᠡᠩ ᠰᠠᠢ᠌ᠲᠤᠷ ᠪᠠᠳᠠᠷᠠᠭᠤᠯᠬᠤ ᠬᠡᠷᠡᠭᠲᠡᠢ᠃ ᠭᠤᠷᠪᠠ᠎ᠳᠤ᠂ ᠸᠠᠩ ᠬᠤ᠌ ᠨᠢᠩ᠂ ᠬᠤᠸᠠᠩ ᠺᠦᠨ ᠮᠢᠩ᠎ᠤᠨ ᠪᠦᠬᠦ ᠤᠯᠤᠰ᠎ᠤᠨ ᠤᠬᠠᠭᠤᠯᠬᠤ ᠬᠡᠯᠲᠡᠰ᠎ᠤᠨ ᠳᠠᠷᠤᠭ᠎ᠠ ᠵᠢᠨ ᠬᠤᠷᠠᠯ ᠳᠡᠭᠡᠷᠡᠬᠢ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠵᠣᠷᠢᠭ ᠰᠠᠨᠠᠭ᠎ᠠ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠪᠠ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠠᠬᠢ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢᠨ ᠭᠣᠣᠯ ᠱᠤᠭᠤᠮ᠎ᠤᠨ ᠲᠣᠭᠣᠷᠢᠨ᠎ᠳᠤ ᠴᠢᠩᠭ᠎ᠠ ᠨᠢᠭᠲᠠᠷᠠᠵᠤ᠂ ᠡᠨᠡ ᠵᠢᠯ᠎ᠤᠨ ᠴᠢᠬᠤᠯᠠ ᠴᠠᠭ ᠪᠠ ᠵᠠᠩᠭᠢᠶᠠᠰᠤ᠎ᠲᠠᠢ ᠤᠶᠠᠯᠳᠤᠭᠤᠯᠤᠨ᠂ ᠬᠣᠯᠪᠣᠭᠳᠠᠯ ᠪᠦᠬᠦᠢ ᠤᠬᠠᠭᠤᠯᠭ᠎ᠠ ᠦᠵᠡᠯ ᠰᠠᠨᠠᠭ᠋ᠠᠨ᠎ᠤ ᠠᠵᠢᠯ᠎ᠢ ᠯᠠᠪᠳᠠᠭᠤᠨ ᠪᠠᠲᠤᠲᠠᠢ᠎ᠪᠠᠷ ᠰᠠᠢ᠌ᠲᠤᠷ ᠬᠢᠬᠦ ᠬᠡᠷᠡᠭᠲᠡᠢ᠃ ᠳᠥᠷᠪᠡ᠎ᠳᠤ᠂ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ᠎ᠪᠠᠨ ᠴᠢᠩᠭ᠋ᠠᠷᠠᠭᠤᠯᠤᠨ᠂ ᠶᠡᠷᠦᠩᠬᠡᠢ ᠱᠦᠵᠢ ᠰᠢ ᠵᠢᠨ ᠫᠢᠩ᠎ᠤᠨ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠱᠠᠭ᠋ᠠᠷᠳᠠᠯᠭ᠎ᠠ ᠪᠠ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠬᠠᠮᠢᠶ᠎ᠠ ᠪᠦᠬᠦᠢ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠣᠯᠠᠨ ᠲᠦᠮᠡᠨ᠎ᠲᠠᠢ ᠨᠢᠭᠲᠠ ᠬᠠᠷᠢᠯᠴᠠᠬᠤ ᠪᠠ ᠥᠭᠡᠷᠡᠴᠢᠯᠡᠯᠲᠡ ᠬᠥᠭᠵᠢᠯᠲᠡ ᠲᠣᠭᠲᠠᠭᠤᠨ᠎ᠢ ᠬᠠᠮᠠᠭ᠋ᠠᠯᠠᠬᠤ ᠵᠢᠨ ᠴᠢᠬᠤᠯᠠ ᠦᠢ᠍ᠯᠡᠳᠦᠯ᠎ᠢ ᠭᠦᠨᠵᠡᠭᠡᠢ ᠲᠠᠨᠢᠵᠤ᠂ ᠣᠯᠠᠨ ᠲᠦᠮᠡᠨ᠎ᠤ ᠵᠣᠭᠰᠣᠯᠲᠠ᠎ᠢ ᠪᠠᠷᠢᠮᠲᠠᠯᠠᠨ᠂ ᠣᠯᠠᠨ ᠲᠦᠮᠡᠨ᠎ᠤ ᠠᠰᠢᠭ ᠲᠤᠰᠠ ᠵᠢ ᠬᠠᠮᠠᠭ᠋ᠠᠯᠠᠵᠤ᠂ ᠣᠯᠠᠨ ᠲᠦᠮᠡᠨ᠎ᠤ ᠬᠦᠰᠡᠯ ᠱᠠᠭ᠋ᠠᠷᠳᠠᠯᠭ᠎ᠠ ᠵᠢ ᠠᠩᠬᠠᠷᠤᠨ᠂ ᠣᠯᠠᠨ ᠲᠦᠮᠡᠨ᠎ᠤ ᠠᠩᠬᠠᠷᠤᠨ ᠬᠠᠯᠠᠮᠵᠢᠯᠠᠵᠤ ᠪᠠᠢ᠌ᠭ᠎ᠠ ᠠᠰᠠᠭᠤᠳᠠᠯ᠎ᠳᠤ ᠴᠠᠭ ᠲᠤᠬᠠᠢ᠎ᠳᠤ᠎ᠨᠢ ᠰᠠᠨᠠᠭ᠋ᠠᠴᠢᠯᠠᠭ᠎ᠠ᠎ᠠᠴᠠ᠎ᠪᠠᠨ ᠬᠠᠷᠢᠭᠤ ᠲᠤᠰᠬᠠᠵᠤ᠂ ᠣᠯᠠᠨ ᠲᠦᠮᠡᠨ᠎ᠤ ᠠᠵᠢᠯ ᠪᠠ ᠵᠠᠬᠢᠳᠠᠯ ᠰᠤᠷᠪᠤᠯᠵᠢᠯᠠᠯ᠎ᠤᠨ ᠠᠵᠢᠯ᠎ᠢ ᠰᠠᠢ᠌ᠲᠤᠷ ᠬᠢᠬᠦ ᠬᠡᠷᠡᠭᠲᠡᠢ᠃
      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠰᠢᠶᠠᠩ ᠳ᠋ᠦᠩ ᠬᠤᠷᠠᠯ᠎ᠢ ᠡᠷᠬᠢᠯᠡᠵᠦ᠂ ᠠᠵᠢᠯ᠎ᠤᠨ ᠪᠠᠢ᠌ᠷᠢ᠎ᠳᠤ᠎ᠪᠠᠨ ᠪᠠᠢ᠌ᠭ᠎ᠠ ᠤᠳᠤᠷᠢᠳᠤᠯᠭ᠎ᠠ ᠨᠠᠷ᠂ ᠲᠢᠩᠬᠢᠮ᠎ᠤᠨ ᠪᠠᠢ᠌ᠭᠤᠯᠭ᠎ᠠ ᠵᠢᠨ ᠡᠯ᠎ᠡ ᠭᠠᠵᠠᠷ ᠲᠠᠰᠤᠭ᠂ ᠬᠠᠷᠢᠶᠠᠯᠠᠭᠳᠠᠬᠤ ᠠᠵᠢᠯ ᠦᠢ᠍ᠯᠡᠰ᠎ᠤᠨ ᠨᠢᠭᠡᠴᠢ ᠵᠢᠨ ᠬᠠᠷᠢᠭᠤᠴᠠᠯᠭ᠋ᠠᠲᠠᠳ ᠲᠤᠰ ᠤᠳᠠᠭ᠋ᠠᠨ᠎ᠤ ᠰᠤᠷᠤᠯᠴᠠᠯᠭ᠎ᠠ ᠵᠢᠨ ᠬᠤᠷᠠᠯ᠎ᠳᠤ ᠣᠷᠣᠯᠴᠠᠵᠠᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ 2019 ᠣᠨ᠎ᠤ ᠪᠦᠬᠦ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠬᠡᠷᠡᠭᠵᠢᠭᠦᠯᠬᠦ ᠶᠡᠬᠡ ᠪᠣᠯᠪᠠᠰᠤᠷᠠᠭᠤᠯᠤᠯ᠎ᠤᠨ ᠠᠵᠢᠯᠯᠠᠭ᠎ᠠ ᠵᠢᠨ ᠳᠠᠢ᠌ᠴᠢᠯᠠᠨ ᠪᠠᠢ᠌ᠷᠢᠯᠠᠭᠤᠯᠬᠤ ᠲᠧᠯᠸᠢᠰ ᠬᠤᠷᠠᠯ᠎ᠢ ᠬᠤᠷᠠᠯᠳᠤᠭᠤᠯᠪᠠ
ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠠᠴᠠ 2019 ᠣᠨ᠎ᠤ ᠨᠢᠭᠡᠳᠦᠭᠡᠷ ᠤᠯᠠᠷᠢᠯ᠎ᠤᠨ ᠤᠰᠤᠨ᠎ᠤ ᠣᠷᠴᠢᠨ ᠲᠣᠭᠣᠷᠢᠨ᠎ᠨᠢ ᠪᠠᠷᠢᠮᠵᠢᠶ᠎ᠠ᠎ᠳᠤ ᠬᠦᠷᠬᠦ ᠲᠠᠯ᠎ᠠ᠎ᠪᠠᠷ ᠬᠣᠴᠣᠷᠤᠩᠭᠤᠢ ᠭᠠᠵᠠᠷ ᠣᠷᠣᠨ᠎ᠤ ᠠᠵᠢᠯ᠎ᠤᠨ ᠲᠣᠬᠢᠷᠠᠭᠤᠯᠤᠯᠲᠠ ᠵᠢᠨ ᠬᠤᠷᠠᠯ᠎ᠢ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠵᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠨᠠᠮ᠎ᠤᠨ ᠡᠭᠦᠷ᠂ ᠠᠯᠪᠠᠨ ᠭᠡᠷ᠎ᠤᠨ ᠨᠠᠮ᠎ᠤᠨ ᠡᠭᠦᠷ᠂ ᠪᠠᠢ᠌ᠭᠤᠯᠭ᠎ᠠ ᠵᠢᠨ ᠨᠠᠮ᠎ᠤᠨ ᠬᠣᠷᠢᠶ᠎ᠠ ᠵᠢᠨ ᠨᠠᠮ᠎ᠤᠨ ᠡᠭᠦᠷ ᠬᠣᠯᠪᠣᠭ᠋ᠠᠯᠠᠵᠤ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠠᠴᠠ ᠣᠽᠣᠨ᠎ᠤ ᠳᠠᠪᠬᠤᠷᠭ᠎ᠠ ᠵᠢ ᠬᠣᠷᠣᠭᠳᠠᠭᠤᠯᠬᠤ ᠪᠣᠳᠠᠰ᠎ᠢ ᠲᠠᠶᠠᠭᠳᠠᠭᠤᠯᠬᠤ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠰᠦᠯᠵᠢᠶᠡᠨ᠎ᠤ ᠠᠮᠤᠷ ᠲᠦᠪᠰᠢᠨ ᠬᠢᠭᠡᠳ ᠮᠡᠳᠡᠭᠡ ᠵᠠᠩᠭᠢᠵᠢᠯᠲᠠ ᠵᠢᠨ ᠤᠳᠤᠷᠢᠳᠬᠤ ᠳᠤᠭᠤᠢ᠌ᠯᠠᠩ᠎ᠤᠨ ᠲᠤᠰᠬᠠᠢ ᠰᠡᠳᠦᠪᠲᠦ ᠬᠤᠷᠠᠯ᠎ᠢ ᠬᠤᠷᠠᠯᠳᠤᠭᠤᠯᠪᠠ
 
             蒙ICP备05000248号