ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠢᠭᠡᠳᠦᠯᠲᠡᠢ ᠪᠠᠢ᠌ᠷᠢᠯᠠᠭᠤᠯᠤᠯᠲᠠ ᠶᠣᠰᠣᠭ᠋ᠠᠷ᠂ 2019 ᠣᠨ᠎ᠤ ᠪᠦᠬᠦ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠬᠡᠷᠡᠭᠵᠢᠭᠦᠯᠬᠦ ᠶᠡᠬᠡ ᠮᠥᠷᠥᠢ᠌ᠴᠡᠭᠡᠨ᠎ᠤ ᠠᠵᠢᠯᠯᠠᠭ᠎ᠠ ᠵᠢ ᠭᠦᠨᠵᠡᠭᠡᠢ ᠥᠷᠨᠢᠭᠦᠯᠦᠨ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠡᠩᠨᠡᠭᠡᠨ᠎ᠤ ᠪᠠᠢ᠌ᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠬᠠᠤᠯᠢ ᠬᠡᠷᠡᠭᠵᠢᠭᠦᠯᠬᠦ ᠠᠵᠢᠯᠲᠠᠳ᠎ᠤᠨ ᠬᠡᠪ ᠴᠢᠨᠠᠷ᠎ᠢ ᠳᠡᠭᠡᠭᠰᠢᠯᠡᠭᠦᠯᠦᠨ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠬᠡᠷᠡᠭᠵᠢᠭᠦᠯᠬᠦ ᠦᠢ᠍ᠯᠡ ᠠᠵᠢᠯᠯᠠᠭ᠎ᠠ ᠵᠢ ᠵᠢᠷᠤᠮᠵᠢᠭᠤᠯᠵᠤ᠂ ᠬᠠᠤᠯᠢ ᠬᠡᠷᠡᠭᠵᠢᠭᠦᠯᠬᠦ ᠬᠢᠷᠢ ᠲᠦᠪᠰᠢᠨ᠎ᠢ ᠳᠡᠭᠡᠭᠰᠢᠯᠡᠭᠦᠯᠬᠦ ᠵᠢᠨ ᠲᠤᠰᠠᠳᠠ᠂ 5 ᠳ᠋ᠤᠭ᠋ᠠᠷ ᠰᠠᠷ᠎ᠠ ᠵᠢᠨ 10᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ 2019 ᠣᠨ᠎ᠤ ᠪᠦᠬᠦ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠬᠡᠷᠡᠭᠵᠢᠭᠦᠯᠬᠦ ᠶᠡᠬᠡ ᠪᠣᠯᠪᠠᠰᠤᠷᠠᠭᠤᠯᠤᠯ᠎ᠤᠨ ᠠᠵᠢᠯᠯᠠᠭ᠎ᠠ ᠵᠢᠨ ᠳᠠᠢ᠌ᠴᠢᠯᠠᠨ ᠪᠠᠢ᠌ᠷᠢᠯᠠᠭᠤᠯᠬᠤ ᠲᠧᠯᠸᠢᠰ ᠬᠤᠷᠠᠯ᠎ᠢ ᠬᠤᠷᠠᠯᠳᠤᠭᠤᠯᠵᠠᠢ᠃
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠳᠡᠳ᠋ ᠳᠠᠷᠤᠭ᠎ᠠ ᠬᠤᠤ ᠴᠢᠩ ᠸᠧᠨ ᠳᠠᠢ᠌ᠴᠢᠯᠠᠨ ᠪᠠᠢ᠌ᠷᠢᠯᠠᠭᠤᠯᠬᠤ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠲᠣᠪᠴᠢᠶᠠᠨ᠎ᠤ ᠳᠠᠷᠤᠭ᠎ᠠ ᠵᠠᠩ ᠭᠠᠩ ᠬᠤᠷᠠᠯ᠎ᠢ ᠡᠷᠬᠢᠯᠡᠵᠡᠢ᠃
ᠬᠤᠤ ᠴᠢᠩ ᠸᠧᠨ ᠵᠢᠭ᠋ᠠᠬᠤ᠎ᠳᠤ᠎ᠪᠠᠨ᠂ ᠲᠤᠰ ᠤᠳᠠᠭ᠋ᠠᠨ᠎ᠤ ᠬᠤᠷᠠᠯ᠎ᠤᠨ ᠭᠣᠣᠯ ᠡᠭᠦᠷᠭᠡ ᠪᠣᠯ ᠪᠦᠬᠦ ᠣᠷᠣᠨ᠎ᠤ 2019 ᠣᠨ᠎ᠤ ᠬᠠᠤᠯᠢ ᠬᠡᠷᠡᠭᠵᠢᠭᠦᠯᠬᠦ ᠶᠡᠬᠡ ᠪᠣᠯᠪᠠᠰᠤᠷᠠᠭᠤᠯᠤᠯ᠎ᠤᠨ ᠠᠵᠢᠯᠯᠠᠭ᠎ᠠ ᠵᠢ ᠲᠣᠬᠢᠷᠠᠭᠤᠯᠤᠨ ᠪᠠᠢ᠌ᠷᠢᠯᠠᠭᠤᠯᠵᠤ᠂ ᠪᠦᠬᠦ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠠᠵᠢᠯ᠎ᠢ ᠭᠦᠨᠵᠡᠭᠡᠢ ᠠᠬᠢᠭᠤᠯᠤᠨ᠂ ᠬᠠᠤᠯᠢ ᠬᠡᠷᠡᠭᠵᠢᠭᠦᠯᠬᠦ ᠠᠵᠢᠯᠲᠠᠳ᠎ᠤᠨ ᠴᠢᠳᠠᠪᠤᠷᠢ ᠪᠠ ᠮᠡᠷᠭᠡᠵᠢᠯ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠠᠤᠯᠢ ᠬᠡᠷᠡᠭᠵᠢᠭᠦᠯᠬᠦ ᠠᠵᠢᠯ᠎ᠤᠨ ᠬᠢᠷᠢ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠵᠦ᠂ ᠪᠦᠬᠦ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠷᠦᠩᠬᠡᠢ᠌ᠯᠡᠭᠰᠡᠨ ᠬᠠᠤᠯᠢ ᠬᠡᠷᠡᠭᠵᠢᠭᠦᠯᠬᠦ ᠡᠩᠨᠡᠭᠡᠨ᠎ᠤ ᠪᠠᠢ᠌ᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ᠎ᠳᠤ ᠰᠠᠭᠤᠷᠢ ᠲᠠᠯᠪᠢᠨ᠎ᠠ᠃ ᠬᠠᠤᠯᠢ ᠬᠡᠷᠡᠭᠵᠢᠭᠦᠯᠬᠦ ᠶᠡᠬᠡ ᠪᠣᠯᠪᠠᠰᠤᠷᠠᠭᠤᠯᠤᠯ᠎ᠤᠨ ᠠᠵᠢᠯᠯᠠᠭ᠎ᠠ ᠵᠢ ᠥᠷᠨᠢᠭᠦᠯᠬᠦ᠎ᠪᠠᠷ ᠳᠠᠮᠵᠢᠭᠤᠯᠤᠨ᠂ ᠮᠠᠨ᠎ᠤ ᠣᠷᠣᠨ᠎ᠤ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠡᠷᠴᠢᠮ᠎ᠢ ᠦᠷᠭᠦᠯᠵᠢᠯᠡᠨ ᠴᠢᠩᠭ᠋ᠠᠷᠠᠭᠤᠯᠵᠤ᠂ ᠬᠠᠤᠯᠢ ᠬᠡᠷᠡᠭᠵᠢᠭᠦᠯᠬᠦ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ 2018 ᠣᠨ᠎ᠳᠤ᠂ ᠪᠦᠬᠦ ᠣᠷᠣᠨ᠎ᠤ ᠡᠯ᠎ᠡ ᠱᠠᠲᠤᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠠᠯᠠᠭ᠎ᠠ ᠮᠥᠴᠢᠷ᠎ᠠᠴᠠ ᠨᠡᠢ᠌ᠲᠡ 3982 ᠬᠡᠷᠡᠭ᠎ᠲᠤ ᠵᠠᠰᠠᠭ ᠵᠠᠬᠢᠷᠭ᠋ᠠᠨ᠎ᠤ ᠲᠣᠷᠭ᠋ᠠᠭᠤᠯᠢ ᠵᠢ ᠬᠡᠷᠡᠭᠵᠢᠭᠦᠯᠦᠨ᠂ ᠲᠣᠷᠭ᠋ᠠᠭᠤᠯᠢ ᠵᠢᠨ ᠮᠥᠩᠭᠥ᠎ᠨᠢ 5.16 ᠳ᠋ᠦᠩᠰᠢᠭᠤᠷ ᠲᠥᠭᠥᠷᠢᠭ᠎ᠲᠤ ᠬᠦᠷᠴᠦ᠂ ᠲᠡᠦᠬᠡ ᠵᠢᠨ ᠬᠠᠮᠤᠭ᠎ᠤᠨ ᠥᠨᠳᠥᠷ ᠲᠡᠮᠳᠡᠭᠯᠡᠯ᠎ᠢ ᠡᠭᠦᠳᠪᠡ; ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠥᠬᠥᠷ ᠠᠷᠭ᠎ᠠ ᠵᠢ ᠲᠣᠬᠢᠷᠠᠭᠤᠯᠤᠨ ᠬᠡᠷᠡᠭᠯᠡᠭᠰᠡᠨ ᠪᠠ ᠣᠷᠴᠢᠨ ᠲᠣᠭᠣᠷᠢᠨ᠎ᠤ ᠪᠣᠬᠢᠷᠲᠤᠯ᠎ᠳᠤ ᠬᠣᠯᠪᠣᠭᠳᠠᠭᠰᠠᠨ ᠶᠠᠯᠠᠲᠤ ᠬᠡᠷᠡᠭ ᠵᠶ᠋ᠠᠷ ᠰᠡᠵᠢᠭᠯᠡᠭᠳᠡᠵᠦ ᠰᠢᠯᠵᠢᠭᠦᠯᠦᠨ ᠬᠦᠷᠭᠡᠭᠰᠡᠨ ᠨᠡᠢ᠌ᠲᠡ 687 ᠬᠡᠷᠡᠭ᠎ᠢ ᠪᠠᠢ᠌ᠴᠠᠭ᠋ᠠᠨ ᠰᠢᠢ᠍ᠳᠪᠦᠷᠢᠯᠡᠵᠦ᠂ ᠲᠡᠭᠦᠨ᠎ᠤ ᠳᠣᠲᠣᠷ᠎ᠠ ᠣᠷᠴᠢᠨ ᠲᠣᠭᠣᠷᠢᠨ᠎ᠤ ᠪᠣᠬᠢᠷᠲᠤᠯ᠎ᠳᠤ ᠬᠣᠯᠪᠣᠭᠳᠠᠭᠰᠠᠨ ᠶᠠᠯᠠᠲᠤ ᠬᠡᠷᠡᠭ ᠵᠶ᠋ᠡᠷ ᠰᠡᠵᠢᠭᠯᠡᠭᠳᠡᠵᠦ ᠰᠢᠯᠵᠢᠭᠦᠯᠦᠨ ᠬᠦᠷᠭᠡᠭᠰᠡᠨ ᠬᠡᠷᠡᠭ 36 ᠪᠠᠢ᠌ᠵᠤ᠂ ᠲᠡᠦᠬᠡ ᠵᠢᠨ ᠬᠠᠮᠤᠭ᠎ᠤᠨ ᠥᠨᠳᠥᠷ ᠲᠡᠮᠳᠡᠭᠯᠡᠯ᠎ᠢ ᠡᠭᠦᠳᠪᠡ᠃ ᠮᠠᠨ᠎ᠤ ᠣᠷᠣᠨ᠎ᠤ ᠬᠣᠰᠢᠭᠤ ᠲᠣᠭᠣᠷᠢᠭ ᠪᠦᠷᠢ᠎ᠨᠢ ᠠᠳᠠᠭ᠎ᠲᠤ᠎ᠪᠠᠨ ᠨᠢᠭᠡ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠵᠢᠨ ᠲᠥᠬᠥᠷ ᠠᠷᠭ᠎ᠠ ᠵᠢᠨ ᠬᠡᠷᠡᠭ᠎ᠢ ᠭᠦᠢ᠍ᠴᠡᠳᠬᠡᠬᠦ 《ᠲᠤᠢ᠌ᠯᠪᠤᠷᠢᠲᠠᠢ ᠤᠰᠠᠳᠬᠠᠬᠤ ᠡᠭᠦᠷᠭᠡ》 ᠵᠢ ᠪᠡᠶᠡᠯᠡᠭᠦᠯᠵᠦ᠂ ᠰᠢᠶᠠᠨ ᠪᠦᠬᠦᠨ᠎ᠳᠤ ᠬᠡᠷᠡᠭ ᠪᠠᠢ᠌ᠬᠤ ᠵᠢ ᠪᠡᠶᠡᠯᠡᠭᠦᠯᠪᠡ; 11 ᠠᠢ᠌ᠮᠠᠭ ᠬᠣᠲᠠ ᠵᠢᠨ᠎ᠬᠢᠨ ᠠᠳᠠᠭ᠎ᠲᠤ᠎ᠪᠠᠨ ᠨᠢᠭᠡ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠵᠢᠨ ᠲᠥᠬᠥᠷ ᠠᠷᠭ᠎ᠠ ᠵᠢᠨ ᠬᠡᠷᠡᠭ᠎ᠢ ᠭᠦᠢ᠍ᠴᠡᠳᠬᠡᠬᠦ 《ᠲᠤᠢ᠌ᠯᠪᠤᠷᠢᠲᠠᠢ ᠤᠰᠠᠳᠬᠠᠬᠤ ᠡᠭᠦᠷᠭᠡ》 ᠵᠢ ᠪᠡᠶᠡᠯᠡᠭᠦᠯᠪᠡ᠃ ᠣᠨᠴᠠᠭ᠋ᠠᠢ᠌ᠯᠠᠨ ᠬᠡᠷᠡᠭ᠎ᠢ ᠭᠦᠢ᠍ᠴᠡᠳᠬᠡᠭᠰᠡᠨ ᠶᠠᠰᠤ ᠴᠢᠨᠠᠷ᠎ᠨᠢ ᠢᠯᠡᠳᠲᠡ ᠳᠡᠭᠡᠭᠰᠢᠯᠡᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠠᠴᠠ ᠵᠣᠬᠢᠶᠠᠨ ᠪᠠᠢ᠌ᠭᠤᠯᠤᠭᠰᠠᠨ ᠶᠡᠬᠡ ᠪᠣᠯᠪᠠᠰᠤᠷᠠᠭᠤᠯᠤᠯ᠎ᠤᠨ ᠬᠠᠤᠯᠢ ᠬᠡᠷᠡᠭᠵᠢᠭᠦᠯᠬᠦ ᠬᠡᠷᠡᠭ᠎ᠤᠨ ᠬᠠᠭᠤᠳᠠᠰᠤ ᠵᠢ ᠬᠢᠨᠠᠨ ᠲᠣᠭᠲᠠᠭ᠋ᠠᠭᠰᠠᠨ ᠪᠠᠢ᠌ᠳᠠᠯ᠎ᠠᠴᠠ ᠦᠵᠡᠪᠡᠯ᠂ ᠡᠯ᠎ᠡ ᠭᠠᠵᠠᠷ᠎ᠤᠨ᠎ᠬᠢᠨ᠎ᠤ ᠰᠢᠢ᠍ᠳᠬᠡᠨ ᠲᠣᠷᠭ᠋ᠠᠭᠰᠠᠨ ᠪᠢᠴᠢᠭ᠎ᠨᠢ ᠨᠡᠩ ᠳᠦᠷᠢᠮᠵᠢᠭᠦᠨ᠂ ᠰᠢᠢ᠍ᠳᠬᠡᠨ ᠲᠣᠷᠭ᠋ᠠᠬᠤ ᠪᠣᠳᠠᠲᠤ ᠬᠡᠷᠡᠭ᠎ᠢ ᠮᠠᠭ᠋ᠠᠳᠯᠠᠨ ᠲᠣᠭᠲᠠᠭ᠋ᠠᠭᠰᠠᠨ᠎ᠨᠢ ᠨᠡᠩ ᠪᠤᠰᠤᠳᠴᠢ᠂ ᠬᠠᠤᠯᠢ ᠴᠠᠭ᠋ᠠᠵᠠ ᠵᠢ ᠲᠣᠬᠢᠷᠠᠭᠤᠯᠤᠨ ᠬᠡᠷᠡᠭᠯᠡᠭᠰᠡᠨ᠎ᠨᠢ ᠨᠡᠩ ᠣᠨᠣᠪᠴᠢᠲᠠᠢ᠂ ᠬᠠᠤᠯᠢ ᠬᠡᠷᠡᠭᠵᠢᠭᠦᠯᠬᠦ ᠠᠯᠬᠤᠮ ᠳᠠᠷᠠᠭ᠋ᠠᠯᠠᠯ᠎ᠨᠢ ᠨᠡᠩ ᠳᠦᠷᠢᠮᠵᠢᠯ᠎ᠲᠠᠢ᠂ ᠬᠠᠤᠯᠢ ᠬᠡᠷᠡᠭᠵᠢᠭᠦᠯᠬᠦ ᠠᠷᠭ᠎ᠠ ᠠᠪᠴᠠᠯ᠎ᠨᠢ ᠨᠡᠩ ᠪᠠᠶᠠᠯᠢᠭ ᠪᠣᠯᠵᠤ᠂ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠡᠩᠨᠡᠭᠡ ᠵᠢᠨ ᠰᠠᠢ᠌ᠨ ᠰᠠᠢ᠌ᠬᠠᠨ ᠳᠦᠷᠢ ᠲᠥᠷᠬᠦ ᠵᠢ ᠪᠣᠢ ᠪᠣᠯᠭ᠋ᠠᠪᠠ ᠭᠡᠵᠡᠢ᠃
ᠬᠤᠤ ᠴᠢᠩ ᠸᠧᠨ ᠴᠢᠬᠤᠯᠠᠴᠢᠯᠠᠬᠤ᠎ᠳᠤ᠎ᠪᠠᠨ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠬᠡᠷᠡᠭᠵᠢᠭᠦᠯᠬᠦ ᠶᠡᠬᠡ ᠪᠣᠯᠪᠠᠰᠤᠷᠠᠭᠤᠯᠤᠯ᠎ᠤᠨ ᠠᠵᠢᠯᠯᠠᠭ᠎ᠠ ᠵᠢᠨ ᠴᠢᠬᠤᠯᠠ ᠠᠴᠢ ᠬᠣᠯᠪᠣᠭᠳᠠᠯ᠎ᠢ ᠭᠦᠨᠵᠡᠭᠡᠢ ᠣᠢ᠌ᠯᠠᠭ᠋ᠠᠨ᠂ ᠬᠠᠤᠯᠢ ᠬᠡᠷᠡᠭᠵᠢᠭᠦᠯᠬᠦ ᠶᠡᠬᠡ ᠪᠣᠯᠪᠠᠰᠤᠷᠠᠭᠤᠯᠤᠯ᠎ᠤᠨ ᠠᠵᠢᠯᠯᠠᠭ᠎ᠠ ᠵᠢ ᠯᠠᠪᠳᠠᠭᠤᠨ ᠪᠠᠲᠤᠲᠠᠢ ᠥᠷᠨᠢᠭᠦᠯᠬᠦ ᠬᠡᠷᠡᠭᠲᠡᠢ᠃ ᠪᠦᠬᠦ ᠣᠷᠣᠨ᠎ᠤ ᠡᠯ᠎ᠡ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ᠎ᠬᠢᠨ ᠬᠠᠤᠯᠢ ᠬᠡᠷᠡᠭᠵᠢᠭᠦᠯᠬᠦ ᠶᠡᠬᠡ ᠪᠣᠯᠪᠠᠰᠤᠷᠠᠭᠤᠯᠤᠯ᠎ᠤᠨ ᠠᠵᠢᠯᠯᠠᠭ᠎ᠠ᠎ᠪᠠᠷ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠬᠡᠷᠡᠭᠵᠢᠭᠦᠯᠬᠦ ᠠᠵᠢᠯ᠎ᠤᠨ ᠴᠢᠬᠤᠯᠠ ᠠᠭᠤᠯᠭ᠎ᠠ ᠪᠣᠯᠭ᠋ᠠᠨ᠂ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ ᠵᠢ ᠦᠨᠡᠨ ᠬᠦ᠌ ᠴᠢᠩᠭ᠋ᠠᠳᠬᠠᠬᠤ ᠬᠡᠷᠡᠭᠲᠡᠢ; ᠡᠨᠡ ᠵᠢᠯ᠎ᠤᠨ ᠰᠢᠨ᠎ᠡ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠣᠢ᠌ᠯᠠᠭ᠋ᠠᠬᠤ ᠪᠠ ᠣᠨᠣᠪᠴᠢᠲᠠᠢ ᠡᠵᠡᠮᠳᠡᠵᠦ᠂ ᠶᠡᠬᠡ ᠪᠣᠯᠪᠠᠰᠤᠷᠠᠭᠤᠯᠤᠯ᠎ᠤᠨ ᠠᠵᠢᠯ᠎ᠢ ᠨᠠᠷᠢᠨ ᠨᠢᠭᠲᠠ ᠤᠬᠠᠭ᠋ᠠᠯᠠᠨ ᠲᠥᠯᠥᠪᠯᠡᠵᠦ᠂ ᠪᠣᠯᠪᠠᠰᠤᠷᠠᠭᠤᠯᠤᠯ᠎ᠤᠨ ᠡᠯ᠎ᠡ ᠵᠦᠢ᠍ᠯ᠎ᠤᠨ ᠱᠠᠭ᠋ᠠᠷᠳᠠᠯᠭ᠎ᠠ ᠪᠠ ᠠᠷᠭ᠎ᠠ ᠬᠡᠮᠵᠢᠶ᠎ᠡ ᠵᠢ ᠬᠠᠤᠯᠢ ᠬᠡᠷᠡᠭᠵᠢᠭᠦᠯᠬᠦ ᠶᠡᠬᠡ ᠪᠣᠯᠪᠠᠰᠤᠷᠠᠭᠤᠯᠤᠯ᠎ᠤᠨ ᠡᠯ᠎ᠡ ᠭᠣᠭᠴᠣᠭ᠎ᠠ᠂ ᠡᠯ᠎ᠡ ᠱᠠᠲᠤ ᠦᠶ᠎ᠡ᠎ᠳᠤ ᠬᠦᠷᠲᠡᠯ᠎ᠡ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠬᠠᠤᠯᠢ ᠬᠡᠷᠡᠭᠵᠢᠭᠦᠯᠬᠦ ᠶᠡᠬᠡ ᠪᠣᠯᠪᠠᠰᠤᠷᠠᠭᠤᠯᠤᠯ᠎ᠢ ᠬᠦᠴᠦᠨ᠎ᠲᠠᠢ ᠪᠥᠭᠡᠳ ᠡᠮᠬᠢ ᠵᠢᠷᠤᠮ᠎ᠲᠠᠢ ᠠᠬᠢᠭᠤᠯᠬᠤ ᠬᠡᠷᠡᠭᠲᠡᠢ; ᠪᠣᠯᠪᠠᠰᠤᠷᠠᠭᠤᠯᠤᠯ᠎ᠤᠨ ᠵᠠᠩᠭᠢᠯᠠᠭ᠎ᠠ ᠵᠢᠨ ᠭᠣᠭᠴᠣᠭ᠎ᠠ ᠵᠢ ᠠᠳᠬᠤᠨ᠂ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠭᠤᠯᠤᠯ᠎ᠤᠨ ᠠᠵᠢᠯ᠎ᠢ ᠢᠳᠡᠪᠬᠢᠲᠡᠢ ᠥᠷᠨᠢᠭᠦᠯᠬᠦ ᠬᠡᠷᠡᠭᠲᠡᠢ; ᠠᠬᠢᠴᠠ ᠵᠢᠨ ᠪᠠᠢ᠌ᠳᠠᠯ᠎ᠢ ᠲᠣᠬᠢᠷᠠᠭᠤᠯᠤᠨ ᠡᠵᠡᠮᠰᠢᠵᠦ᠂ ᠲᠤᠰᠬᠠᠢ ᠠᠵᠢᠯᠲᠠᠨ ᠵᠢᠭ᠋ᠠᠨ ᠲᠣᠭᠲᠠᠭ᠋ᠠᠵᠤ ᠶᠡᠬᠡ ᠪᠣᠯᠪᠠᠰᠤᠷᠠᠭᠤᠯᠤᠯ᠎ᠤᠨ ᠬᠤᠭᠤᠴᠠᠭ᠋ᠠᠨ᠎ᠤ ᠡᠯ᠎ᠡ ᠲᠥᠷᠥᠯ᠎ᠤᠨ ᠮᠡᠳᠡᠭᠡ ᠵᠠᠩᠭᠢ ᠵᠢ ᠮᠡᠳᠡᠭᠦᠯᠦᠨ ᠬᠦᠷᠭᠡᠬᠦ ᠵᠢᠴᠢ ᠲᠣᠬᠢᠷᠠᠭᠤᠯᠬᠤ ᠠᠵᠢᠯ᠎ᠢ ᠬᠠᠷᠢᠭᠤᠴᠠᠭᠤᠯᠵᠤ᠂ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠶᠡᠬᠡ ᠪᠣᠯᠪᠠᠰᠤᠷᠠᠭᠤᠯᠤᠯ᠎ᠤᠨ ᠠᠵᠢᠯ᠎ᠢ ᠮᠥᠷᠳᠡᠵᠦ ᠬᠢᠨᠠᠨ ᠵᠢᠯᠣᠭᠣᠳᠬᠤ ᠪᠠ ᠬᠢᠨᠠᠯᠲᠠ ᠲᠠᠯᠪᠢᠵᠤ ᠪᠠᠢ᠌ᠴᠠᠭ᠋ᠠᠬᠤ ᠵᠢ ᠴᠠᠭ ᠲᠤᠬᠠᠢᠳᠤᠨᠢ ᠵᠣᠬᠢᠶᠠᠨ ᠪᠠᠢ᠌ᠭᠤᠯᠤᠨ ᠥᠷᠨᠢᠭᠦᠯᠵᠦ᠂ ᠦᠨᠳᠦᠰᠦᠨ ᠱᠠᠲᠤᠨ᠎ᠤ ᠬᠠᠤᠯᠢ ᠬᠡᠷᠡᠭᠵᠢᠭᠦᠯᠬᠦ ᠶᠡᠬᠡ ᠪᠣᠯᠪᠠᠰᠤᠷᠠᠭᠤᠯᠤᠯ᠎ᠤᠨ ᠠᠵᠢᠯ᠎ᠤᠨ ᠠᠬᠢᠯᠲᠠ ᠵᠢᠨ ᠪᠠᠢ᠌ᠳᠠᠯ᠎ᠢ ᠴᠠᠭ ᠲᠤᠬᠠᠢᠳᠤᠨᠢ ᠣᠢ᠌ᠯᠠᠭ᠋ᠠᠨ᠂ ᠲᠤᠯᠭ᠋ᠠᠷᠠᠭᠰᠠᠨ ᠬᠦᠴᠢᠷᠳᠡᠯ ᠪᠠ ᠠᠰᠠᠭᠤᠳᠠᠯ᠎ᠢ ᠰᠢᠢ᠍ᠳᠪᠦᠷᠢᠯᠡᠵᠦ᠂ ᠠᠰᠢᠭᠲᠠᠢ ᠲᠤᠷᠰᠢᠯᠭ᠎ᠠ ᠪᠠ ᠬᠢᠳᠡᠯ᠎ᠢ ᠳᠡᠯᠭᠡᠷᠡᠭᠦᠯᠦᠨ᠂ ᠬᠠᠤᠯᠢ ᠬᠡᠷᠡᠭᠵᠢᠭᠦᠯᠬᠦ ᠶᠡᠬᠡ ᠪᠣᠯᠪᠠᠰᠤᠷᠠᠭᠤᠯᠤᠯ᠎ᠤᠨ ᠪᠣᠳᠠᠲᠤ ᠦᠷ᠎ᠡ ᠪᠦᠲᠦᠮᠵᠢ ᠣᠯᠬᠤ ᠵᠢ ᠠᠬᠢᠭᠤᠯᠬᠤ ᠬᠡᠷᠡᠭᠲᠡᠢ; ᠰᠣᠨᠢᠨ ᠮᠡᠳᠡᠭᠡᠨ᠎ᠤ ᠤᠬᠠᠭᠤᠯᠭ᠎ᠠ ᠮᠡᠳᠡᠭᠡᠯᠡᠯ᠎ᠢ ᠴᠢᠬᠤᠯᠠᠴᠢᠯᠠᠨ᠂ ᠡᠯ᠎ᠡ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ᠎ᠬᠢᠨ ᠤᠬᠠᠭᠤᠯᠭ᠎ᠠ ᠵᠢᠨ ᠡᠷᠴᠢᠮ ᠵᠶ᠋ᠡᠨ ᠴᠢᠩᠭ᠋ᠠᠷᠠᠭᠤᠯᠵᠤ᠂ ᠲᠧᠯᠸᠢᠰ᠂ ᠷᠠᠳᠢᠣ᠋᠂ ᠰᠦᠯᠵᠢᠶ᠎ᠡ᠂ ᠰᠣᠨᠢᠨ᠂ ᠵᠠᠰᠠᠭ᠎ᠤᠨ ᠣᠷᠳᠣᠨ᠎ᠤ ᠲᠠᠪᠴᠠᠩ ᠵᠡᠷᠭᠡ ᠰᠣᠨᠢᠨ ᠮᠡᠳᠡᠭᠡᠨ᠎ᠤ ᠵᠠᠭᠤᠴᠢᠯᠠᠭᠤᠷ᠎ᠢ ᠭᠦᠢ᠍ᠴᠡᠳ ᠠᠰᠢᠭᠯᠠᠨ ᠶᠡᠬᠡ ᠪᠣᠯᠪᠠᠰᠤᠷᠠᠭᠤᠯᠤᠯ᠎ᠤᠨ ᠠᠵᠢᠯᠯᠠᠭ᠎ᠠ ᠵᠢᠨ ᠤᠬᠠᠭᠤᠯᠭ᠎ᠠ ᠮᠡᠳᠡᠭᠡᠯᠡᠯ᠎ᠢ ᠰᠠᠢ᠌ᠲᠤᠷ ᠬᠢᠬᠦ ᠬᠡᠷᠡᠭᠲᠡᠢ ᠭᠡᠵᠡᠢ᠃
ᠬᠤᠤ ᠴᠢᠩ ᠸᠧᠨ ᠱᠠᠭ᠋ᠠᠷᠳᠠᠬᠤ᠎ᠳᠤ᠎ᠪᠠᠨ᠂ ᠪᠦᠬᠦ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠷᠦᠩᠬᠡᠢ᠌ᠯᠡᠭᠰᠡᠨ ᠬᠠᠤᠯᠢ ᠬᠡᠷᠡᠭᠵᠢᠭᠦᠯᠬᠦ ᠡᠩᠨᠡᠭᠡ ᠵᠢᠨ᠎ᠬᠢᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠨ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠲᠥᠪ ᠪᠠ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠢ᠍ᠯ᠎ᠤᠨ ᠪᠠᠢ᠌ᠷᠢᠯᠠᠭᠤᠯᠤᠯᠲᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠡᠮᠦᠨ᠎ᠡ ᠭᠤᠷᠪᠠᠨ ᠵᠢᠯ᠎ᠤᠨ ᠬᠠᠤᠯᠢ ᠬᠡᠷᠡᠭᠵᠢᠭᠦᠯᠬᠦ ᠶᠡᠬᠡ ᠪᠣᠯᠪᠠᠰᠤᠷᠠᠭᠤᠯᠤᠯ᠎ᠤᠨ ᠲᠤᠷᠰᠢᠯᠭ᠎ᠠ ᠵᠢ ᠬᠢᠨᠠᠮᠠᠭ᠋ᠠᠢ ᠳ᠋ᠦᠩᠨᠡᠨ᠂ ᠨᠡᠩ ᠴᠢᠷᠮᠠᠢ᠌ᠨ ᠲᠡᠮᠡᠴᠡᠵᠦ᠂ ᠯᠠᠪᠳᠠᠭᠤᠨ ᠪᠠᠲᠤᠲᠠᠢ ᠠᠵᠢᠯᠯᠠᠨ᠂ ᠡᠷᠡᠰ ᠰᠢᠭᠤᠷᠬᠠᠢ᠎ᠪᠠᠷ ᠤᠷᠤᠭᠰᠢᠯᠠᠨ ᠳᠠᠪᠰᠢᠵᠤ᠂ ᠬᠦᠴᠢᠷ᠎ᠢ ᠳᠠᠪᠠᠨ ᠰᠢᠪᠲᠤᠯᠤᠯᠲᠠ ᠬᠢᠵᠦ᠂ ᠮᠠᠨ᠎ᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠥᠨᠳᠥᠷ ᠳᠠᠷᠤᠯᠲᠠ ᠵᠢᠨ ᠪᠠᠢ᠌ᠳᠠᠯ᠎ᠢ ᠦᠷᠭᠦᠯᠵᠢᠯᠡᠨ ᠪᠠᠲᠤᠯᠠᠵᠤ᠂ ᠤᠯᠤᠰ ᠲᠥᠷᠥ ᠴᠢᠩᠭ᠎ᠠ᠂ ᠡᠷᠳᠡᠮ ᠴᠢᠳᠠᠪᠤᠷᠢ ᠥᠨᠳᠥᠷ᠂ ᠣᠪᠣᠷ ᠰᠤᠷᠲᠠᠯ ᠰᠠᠢ᠌ᠨ᠂ ᠵᠣᠷᠢᠭᠲᠠᠢ ᠬᠠᠷᠢᠭᠤᠴᠠᠯᠭ᠎ᠠ ᠡᠭᠦᠷᠭᠡᠯᠡᠬᠦ ᠨᠢᠭᠡᠨ ᠰᠠᠯᠠᠭ᠎ᠠ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠬᠡᠷᠡᠭᠵᠢᠭᠦᠯᠬᠦ ᠲᠡᠮᠦᠷ ᠴᠡᠷᠢᠭ᠎ᠢ ᠬᠦᠴᠦᠯᠡᠨ ᠪᠠᠢ᠌ᠭᠤᠯᠵᠤ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠰᠠᠢ᠌ᠲᠤᠷ ᠬᠢᠬᠦ᠎ᠳᠤ ᠢᠳᠡᠪᠬᠢᠲᠡᠢ᠎ᠪᠠᠷ ᠬᠦᠴᠦᠯᠡᠵᠦ᠂ ᠰᠢᠯᠢᠳᠡᠭ ᠬᠢᠷᠢ ᠪᠦᠲᠦᠮᠵᠢ᠎ᠪᠠᠷ ᠰᠢᠨ᠎ᠡ ᠳᠤᠮᠳᠠᠳᠤ ᠤᠯᠤᠰ ᠪᠠᠢ᠌ᠭᠤᠯᠤᠭᠳᠠᠭᠰᠠᠨ 70 ᠵᠢᠯ᠎ᠤᠨ ᠣᠢ᠎ᠳᠤ ᠪᠡᠯᠡᠭᠯᠡᠨ ᠳᠡᠪᠰᠢᠭᠦᠯᠬᠦ ᠬᠡᠷᠡᠭᠲᠡᠢ ᠭᠡᠵᠡᠢ᠃
ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠪᠠᠢ᠌ᠴᠠᠭ᠋ᠠᠬᠤ ᠲᠣᠪᠴᠢᠶ᠎ᠠ ᠵᠢᠨ ᠳᠡᠳ᠋ ᠳᠠᠷᠤᠭ᠎ᠠ ᠵᠦᠩ ᠢᠦᠢ ᠰᠢᠶᠠᠩ 2019 ᠣᠨ᠎ᠤ ᠪᠦᠬᠦ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠬᠡᠷᠡᠭᠵᠢᠭᠦᠯᠬᠦ ᠶᠡᠬᠡ ᠪᠣᠯᠪᠠᠰᠤᠷᠠᠭᠤᠯᠤᠯ᠎ᠤᠨ ᠠᠵᠢᠯᠯᠠᠭ᠎ᠠ ᠵᠢᠨ ᠬᠡᠷᠡᠭᠵᠢᠭᠦᠯᠬᠦ ᠲᠥᠰᠥᠯ᠎ᠳᠤ ᠲᠠᠢ᠌ᠯᠤᠮᠵᠢ ᠬᠢᠪᠡ; 2018 ᠣᠨ᠎ᠤ ᠪᠦᠬᠦ ᠤᠯᠤᠰ᠎ᠤᠨ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠶᠡᠬᠡ ᠪᠣᠯᠪᠠᠰᠤᠷᠠᠭᠤᠯᠤᠯ᠎ᠤᠨ ᠠᠵᠢᠯᠯᠠᠭ᠎ᠠ᠎ᠳᠤ ᠢᠯᠡᠷᠡᠯ ᠵᠶ᠋ᠡᠷ ᠲᠣᠪᠣᠢ᠌ᠮ᠎ᠠ ᠬᠠᠮᠲᠤ ᠨᠡᠢ᠌ᠲᠡ ᠵᠢᠨ ᠱᠠᠩᠨᠠᠯ ᠬᠦᠷᠲᠡᠭᠰᠡᠨ ᠤᠯᠠᠭ᠋ᠠᠨᠬᠠᠳᠠ ᠬᠣᠲᠠ ᠵᠢᠨ ᠣᠷᠴᠢᠨ ᠲᠣᠭᠣᠷᠢᠨ᠎ᠤ ᠬᠢᠨᠠᠨ ᠪᠠᠢ᠌ᠴᠠᠭ᠋ᠠᠬᠤ ᠰᠠᠯᠠᠭ᠎ᠠ ᠠᠩᠭᠢ᠂ ᠪᠤᠭᠤᠲᠤ ᠬᠣᠲᠠ ᠵᠢᠨ ᠵᠢᠦ ᠶᠤᠸᠠᠨ ᠲᠣᠭᠣᠷᠢᠭ᠎ᠤᠨ ᠣᠷᠴᠢᠨ ᠲᠣᠭᠣᠷᠢᠨ᠎ᠤ ᠬᠢᠨᠠᠨ ᠪᠠᠢ᠌ᠴᠠᠭ᠋ᠠᠬᠤ ᠶᠡᠬᠡ ᠠᠩᠭᠢ ᠵᠢᠨ ᠬᠠᠷᠢᠭᠤᠴᠠᠯᠭ᠋ᠠᠲᠠᠨ ᠵᠢᠴᠢ ᠢᠯᠡᠷᠡᠯ ᠵᠶ᠋ᠡᠷ ᠲᠣᠪᠣᠢ᠌ᠮ᠎ᠠ ᠬᠤᠪᠢ ᠬᠥᠮᠥᠨ᠎ᠤ ᠲᠥᠯᠥᠭᠡᠯᠡᠭᠴᠢ ᠪᠣᠯᠬᠤ ᠪᠤᠭᠤᠲᠤ ᠬᠣᠲᠠ ᠵᠢᠨ ᠬᠥᠨᠳᠡᠯᠡᠨ ᠲᠣᠭᠣᠷᠢᠭ᠎ᠤᠨ ᠣᠷᠴᠢᠨ ᠲᠣᠭᠣᠷᠢᠨ᠎ᠤ ᠬᠢᠨᠠᠨ ᠪᠠᠢ᠌ᠴᠠᠭ᠋ᠠᠬᠤ ᠶᠡᠬᠡ ᠠᠩᠭᠢ ᠵᠢᠨ ᠶᠠᠩ ᠲᠦᠩ ᠵᠦᠩ᠎ᠠᠴᠠ ᠲᠤᠷᠰᠢᠯᠭ᠎ᠠ᠎ᠪᠠᠨ ᠰᠣᠯᠢᠯᠴᠠᠬᠤ ᠦᠭᠡ ᠶᠠᠷᠢᠵᠠᠢ᠃
ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠪᠠᠢ᠌ᠴᠠᠭ᠋ᠠᠬᠤ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠳᠤᠮᠳᠠ ᠬᠡᠰᠡᠭ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠯᠲᠠ ᠲᠠᠯᠪᠢᠬᠤ ᠲᠥᠪ᠎ᠤᠨ ᠪᠦᠬᠦ ᠠᠵᠢᠯᠲᠠᠨ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠭᠤᠯᠭ᠎ᠠ ᠬᠥᠮᠥᠵᠢᠯ᠎ᠤᠨ ᠲᠥᠪ᠎ᠤᠨ ᠬᠠᠷᠢᠭᠤᠴᠠᠯᠭ᠋ᠠᠲᠠᠨ ᠥᠪᠡᠷᠲᠡᠭᠡᠨ ᠵᠠᠰᠠᠬᠤ ᠣᠷᠣᠨ᠎ᠤ ᠭᠣᠣᠯ ᠬᠤᠷᠠᠯ᠎ᠤᠨ ᠲᠠᠯᠠᠪᠤᠷ᠎ᠲᠤ ᠬᠤᠷᠠᠯ᠎ᠳᠤ ᠣᠷᠣᠯᠴᠠᠪᠠ; ᠡᠯ᠎ᠡ ᠠᠢ᠌ᠮᠠᠭ ᠬᠣᠲᠠ᠂ ᠬᠣᠰᠢᠭᠤ ᠰᠢᠶᠠᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ ᠭᠣᠣᠯ ᠬᠠᠷᠢᠭᠤᠴᠠᠯᠭ᠋ᠠᠲᠠᠳ᠂ ᠣᠷᠴᠢᠨ ᠲᠣᠭᠣᠷᠢᠨ᠎ᠤ ᠬᠢᠨᠠᠨ ᠪᠠᠢ᠌ᠴᠠᠭ᠋ᠠᠵᠤ ᠬᠠᠤᠯᠢ ᠬᠡᠷᠡᠭᠵᠢᠭᠦᠯᠬᠦ ᠠᠵᠢᠯ᠎ᠢ ᠬᠤᠪᠢᠳᠠᠨ ᠬᠠᠮᠢᠶᠠᠷᠴᠤ ᠪᠠᠢ᠌ᠭ᠎ᠠ ᠤᠳᠤᠷᠢᠳᠤᠯᠭ᠎ᠠ᠂ ᠣᠷᠴᠢᠨ ᠲᠣᠭᠣᠷᠢᠨ᠎ᠤ ᠬᠢᠨᠠᠨ ᠪᠠᠢ᠌ᠴᠠᠭ᠋ᠠᠬᠤ ᠪᠠᠢ᠌ᠭᠤᠯᠤᠮᠵᠢ ᠵᠢᠨ ᠪᠦᠬᠦ ᠠᠵᠢᠯᠲᠠᠨ ᠠᠢ᠌ᠮᠠᠭ ᠬᠣᠲᠠ ᠵᠢᠨ ᠰᠠᠯᠪᠤᠷᠢ ᠬᠤᠷᠠᠯ᠎ᠤᠨ ᠲᠠᠯᠠᠪᠤᠷ᠎ᠲᠤ ᠬᠤᠷᠠᠯ᠎ᠳᠤ ᠣᠷᠣᠯᠴᠠᠵᠠᠢ᠃

ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ 2019 ᠣᠨ᠎ᠤ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠬᠡᠷᠡᠭᠵᠢᠭᠦᠯᠬᠦ ᠶᠡᠬᠡ ᠪᠣᠯᠪᠠᠰᠤᠷᠠᠭᠤᠯᠤᠯ᠎ᠤᠨ ᠠᠵᠢᠯᠯᠠᠭ᠎ᠠ ᠵᠢᠨ ᠳᠠᠢ᠌ᠴᠢᠯᠠᠨ ᠪᠠᠢ᠌ᠷᠢᠯᠠᠭᠤᠯᠬᠤ ᠲᠧᠯᠸᠢᠰ ᠬᠤᠷᠠᠯ᠎ᠢ ᠬᠤᠷᠠᠯᠳᠤᠭᠤᠯᠵᠤ ᠪᠠᠢ᠌ᠨ᠎ᠠ

ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠳᠡᠳ᠋ ᠳᠠᠷᠤᠭ᠎ᠠ ᠬᠤᠤ ᠴᠢᠩ ᠸᠧᠨ ᠳᠠᠢ᠌ᠴᠢᠯᠠᠨ ᠪᠠᠢ᠌ᠷᠢᠯᠠᠭᠤᠯᠬᠤ ᠶᠠᠷᠢᠶ᠎ᠠ ᠲᠠᠯᠪᠢᠵᠤ ᠪᠠᠢ᠌ᠨ᠎ᠠ

ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠲᠣᠪᠴᠢᠶ᠎ᠠ ᠵᠢᠨ ᠳᠠᠷᠤᠭ᠎ᠠ ᠵᠠᠩ ᠭᠠᠩ ᠬᠤᠷᠠᠯ ᠡᠷᠬᠢᠯᠡᠵᠦ ᠪᠠᠢ᠌ᠨ᠎ᠠ

ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠪᠠᠢ᠌ᠴᠠᠭ᠋ᠠᠬᠤ ᠲᠣᠪᠴᠢᠶ᠎ᠠ ᠵᠢᠨ ᠳᠡᠳ᠋ ᠳᠠᠷᠤᠭ᠎ᠠ ᠵᠦᠩ ᠢᠦᠢ ᠰᠢᠶᠠᠩ 2019 ᠣᠨ᠎ᠤ ᠪᠦᠬᠦ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠬᠡᠷᠡᠭᠵᠢᠭᠦᠯᠬᠦ ᠶᠡᠬᠡ ᠪᠣᠯᠪᠠᠰᠤᠷᠠᠭᠤᠯᠤᠯ᠎ᠤᠨ ᠠᠵᠢᠯᠯᠠᠭ᠎ᠠ ᠵᠢᠨ ᠬᠡᠷᠡᠭᠵᠢᠭᠦᠯᠬᠦ ᠲᠥᠰᠥᠯ᠎ᠳᠤ ᠲᠠᠢ᠌ᠯᠤᠮᠵᠢ ᠬᠢᠵᠦ ᠪᠠᠢ᠌ᠨ᠎ᠠ