ᠰᠦᠯᠵᠢᠶᠡᠨ᠎ᠤ ᠠᠮᠤᠷ ᠲᠦᠪᠰᠢᠨ ᠬᠢᠭᠡᠳ ᠮᠡᠳᠡᠭᠡ ᠵᠠᠩᠭᠢᠵᠢᠯᠲᠠ ᠵᠢᠨ ᠠᠵᠢᠯ᠎ᠢ ᠠᠬᠢᠭᠤᠯᠬᠤ ᠵᠢᠨ ᠲᠤᠰᠠᠳᠠ᠂ 5 ᠳ᠋ᠤᠭ᠋ᠠᠷ ᠰᠠᠷ᠎ᠠ ᠵᠢᠨ 27᠎ᠤ ᠡᠳᠦᠷ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠰᠦᠯᠵᠢᠶᠡᠨ᠎ᠤ ᠠᠮᠤᠷ ᠲᠦᠪᠰᠢᠨ ᠬᠢᠭᠡᠳ ᠮᠡᠳᠡᠭᠡ ᠵᠠᠩᠭᠢᠵᠢᠯᠲᠠ ᠵᠢᠨ ᠤᠳᠤᠷᠢᠳᠬᠤ ᠳᠤᠭᠤᠢ᠌ᠯᠠᠩ᠎ᠤᠨ ᠲᠤᠰᠬᠠᠢ ᠰᠡᠳᠦᠪᠲᠦ ᠬᠤᠷᠠᠯ᠎ᠢ ᠬᠤᠷᠠᠯᠳᠤᠭᠤᠯᠵᠠᠢ᠃
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠳᠠᠷᠤᠭ᠎ᠠ ᠰᠢᠶᠠᠩ ᠳ᠋ᠦᠩ ᠬᠤᠷᠠᠯ᠎ᠢ ᠡᠷᠬᠢᠯᠡᠭᠰᠡᠨ᠎ᠤ ᠬᠠᠮᠲᠤ ᠶᠠᠷᠢᠶ᠎ᠠ ᠲᠠᠯᠪᠢᠵᠠᠢ᠃
ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠳᠡᠳ᠋ ᠲᠣᠭᠣᠷᠢᠨ ᠪᠠᠢ᠌ᠴᠠᠭ᠋ᠠᠭᠴᠢ ᠵᠠᠩ ᠱᠦ᠍ ᠯᠢ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ 《ᠠᠮᠢ ᠠᠬᠤᠢ ᠵᠢᠨ ᠣᠷᠴᠢᠨ ᠲᠣᠭᠣᠷᠢᠨ᠎ᠤ ᠰᠦᠯᠵᠢᠶᠡᠨ᠎ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠵᠢᠨ ᠠᠵᠢᠯ᠎ᠢ ᠴᠢᠩᠭ᠋ᠠᠳᠬᠠᠬᠤ ᠲᠤᠬᠠᠢ ᠵᠢᠯᠣᠭᠣᠳᠬᠤ ᠰᠠᠨᠠᠯ》᠎ᠢ ᠤᠯᠠᠮᠵᠢᠯᠠᠭᠰᠠᠨᠤ ᠬᠠᠮᠲᠤ 《ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ 2019 ᠣᠨ᠎ᠤ ᠰᠦᠯᠵᠢᠶᠡᠨ᠎ᠤ ᠠᠮᠤᠷ ᠲᠦᠪᠰᠢᠨ ᠬᠢᠭᠡᠳ ᠮᠡᠳᠡᠭᠡ ᠵᠠᠩᠭᠢᠵᠢᠯᠲᠠ ᠵᠢᠨ ᠠᠵᠢᠯ᠎ᠤᠨ ᠭᠣᠣᠯᠳᠠᠯᠭ᠎ᠠ》 ᠵᠢ ᠨᠠᠢ᠌ᠷᠠᠭᠤᠯᠤᠨ ᠵᠣᠬᠢᠶᠠᠭᠰᠠᠨ ᠲᠤᠬᠠᠢ ᠲᠣᠳᠣᠷᠬᠠᠢ᠌ᠯᠠᠯᠲᠠ ᠬᠢᠪᠡ᠃ ᠡᠭᠦᠨ᠎ᠤ ᠬᠠᠮᠲᠤ᠂ ᠬᠤᠷᠠᠯ᠎ᠳᠤ ᠣᠷᠣᠯᠴᠠᠭᠰᠠᠳ᠎ᠠᠴᠠ ᠲᠤᠰ ᠠᠵᠢᠯ᠎ᠤᠨ ᠭᠣᠣᠯᠳᠠᠯᠭ᠎ᠠ ᠵᠢ ᠬᠠᠮᠲᠤ᠎ᠪᠠᠷ ᠬᠢᠨᠠᠨ ᠵᠥᠪᠯᠡᠵᠡᠢ᠃
ᠰᠢᠶᠠᠩ ᠳ᠋ᠦᠩ ᠱᠠᠭ᠋ᠠᠷᠳᠠᠬᠤ᠎ᠳᠤ᠎ᠪᠠᠨ᠂ ᠰᠦᠯᠵᠢᠶᠡᠨ᠎ᠤ ᠠᠮᠤᠷ ᠲᠦᠪᠰᠢᠨ ᠬᠢᠭᠡᠳ ᠮᠡᠳᠡᠭᠡ ᠵᠠᠩᠭᠢᠵᠢᠯᠲᠠ ᠵᠢᠨ ᠠᠵᠢᠯ᠎ᠤᠨ ᠦᠵᠡᠯ ᠰᠠᠨᠠᠭ᠎ᠠ ᠲᠠᠨᠢᠯᠲᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠮᠢ ᠠᠬᠤᠢ ᠵᠢᠨ ᠣᠷᠴᠢᠨ ᠲᠣᠭᠣᠷᠢᠨ᠎ᠤ ᠲᠤᠬᠠᠢ᠌ᠯᠠᠭᠰᠠᠨ ᠠᠵᠢᠯ᠎ᠳᠠᠬᠢ ᠮᠡᠳᠡᠭᠡ ᠵᠠᠩᠭᠢᠵᠢᠯᠲᠠ ᠵᠢᠨ ᠲᠤᠯᠭ᠋ᠠᠭᠤᠷᠢᠯᠠᠬᠤ ᠦᠢ᠍ᠯᠡᠳᠦᠯ᠎ᠢ ᠭᠦᠢ᠍ᠴᠡᠳ ᠬᠡᠷᠡᠭᠯᠡᠨ ᠰᠠᠢ᠌ᠲᠤᠷ ᠪᠠᠳᠠᠷᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠰᠦᠯᠵᠢᠶᠡᠨ᠎ᠤ ᠬᠦᠴᠦᠷᠬᠡᠭ ᠤᠯᠤᠰ᠎ᠤᠨ ᠲᠤᠬᠠᠢ ᠰᠢᠨ᠎ᠡ ᠰᠡᠳᠬᠢᠬᠦᠢ᠂ ᠰᠢᠨ᠎ᠡ ᠣᠨᠣᠯᠵᠢᠬᠤᠨ᠂ ᠰᠢᠨ᠎ᠡ ᠪᠠᠢ᠌ᠯᠳᠤᠬᠤ ᠪᠣᠳᠣᠯᠭ᠎ᠠ᠂ ᠰᠢᠨ᠎ᠡ ᠱᠠᠭ᠋ᠠᠷᠳᠠᠯᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠲᠣᠬᠢᠶᠠᠯ᠎ᠢ ᠡᠵᠡᠮᠳᠡᠨ᠂ ᠰᠠᠨᠠᠭ᠋ᠠᠴᠢᠯᠠᠭ᠎ᠠ᠎ᠠᠴᠠ᠎ᠪᠠᠨ ᠴᠢᠷᠮᠠᠢ᠌ᠨ ᠠᠵᠢᠯᠯᠠᠵᠤ᠂ ᠠᠮᠢ ᠠᠬᠤᠢ ᠵᠢᠨ ᠣᠷᠴᠢᠨ ᠲᠣᠭᠣᠷᠢᠨ᠎ᠤ ᠶᠠᠰᠤ ᠴᠢᠨᠠᠷ᠎ᠢ ᠰᠠᠢ᠌ᠵᠢᠷᠠᠭᠤᠯᠤᠨ᠂ ᠪᠣᠬᠢᠷᠲᠤᠯ ᠦᠭᠡᠢ ᠬᠥᠭᠵᠢᠯᠲᠡ ᠵᠢ ᠠᠬᠢᠭᠤᠯᠬᠤ᠎ᠳᠤ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠠᠨ ᠦᠵᠡᠭᠦᠯᠬᠦ ᠬᠡᠷᠡᠭᠲᠡᠢ ᠭᠡᠵᠡᠢ᠃

ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠰᠦᠯᠵᠢᠶᠡᠨ᠎ᠤ ᠠᠮᠤᠷ ᠲᠦᠪᠰᠢᠨ ᠬᠢᠭᠡᠳ ᠮᠡᠳᠡᠭᠡ ᠵᠠᠩᠭᠢᠵᠢᠯᠲᠠ ᠵᠢᠨ ᠤᠳᠤᠷᠢᠳᠬᠤ ᠳᠤᠭᠤᠢ᠌ᠯᠠᠩ᠎ᠤᠨ ᠲᠤᠰᠬᠠᠢ ᠰᠡᠳᠦᠪᠲᠦ ᠬᠤᠷᠠᠯ᠎ᠢ ᠬᠤᠷᠠᠯᠳᠤᠭᠤᠯᠵᠤ ᠪᠠᠢ᠌ᠨ᠎ᠠ

ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠳᠠᠷᠤᠭ᠎ᠠ ᠰᠢᠶᠠᠩ ᠳ᠋ᠦᠩ ᠬᠤᠷᠠᠯ᠎ᠢ ᠡᠷᠬᠢᠯᠡᠭᠰᠡᠨ᠎ᠤ ᠬᠠᠮᠲᠤ ᠶᠠᠷᠢᠶ᠎ᠠ ᠲᠠᠯᠪᠢᠵᠤ ᠪᠠᠢ᠌ᠨ᠎ᠠ

ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠳᠡᠳ᠋ ᠲᠣᠭᠣᠷᠢᠨ ᠪᠠᠢ᠌ᠴᠠᠭ᠋ᠠᠭᠴᠢ ᠵᠠᠩ ᠱᠦ᠍ ᠯᠢ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ 《ᠠᠮᠢ ᠠᠬᠤᠢ ᠵᠢᠨ ᠣᠷᠴᠢᠨ ᠲᠣᠭᠣᠷᠢᠨ᠎ᠤ ᠰᠦᠯᠵᠢᠶᠡᠨ᠎ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠵᠢᠨ ᠠᠵᠢᠯ᠎ᠢ ᠴᠢᠩᠭ᠋ᠠᠳᠬᠠᠬᠤ ᠲᠤᠬᠠᠢ ᠵᠢᠯᠣᠭᠣᠳᠬᠤ ᠰᠠᠨᠠᠯ》᠎ᠢ ᠤᠯᠠᠮᠵᠢᠯᠠᠭᠰᠠᠨᠤ ᠬᠠᠮᠲᠤ 《ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ 2019 ᠣᠨ᠎ᠤ ᠰᠦᠯᠵᠢᠶᠡᠨ᠎ᠤ ᠠᠮᠤᠷ ᠲᠦᠪᠰᠢᠨ ᠬᠢᠭᠡᠳ ᠮᠡᠳᠡᠭᠡ ᠵᠠᠩᠭᠢᠵᠢᠯᠲᠠ ᠵᠢᠨ ᠠᠵᠢᠯ᠎ᠤᠨ ᠭᠣᠣᠯᠳᠠᠯᠭ᠎ᠠ》 ᠵᠢ ᠨᠠᠢ᠌ᠷᠠᠭᠤᠯᠤᠨ ᠵᠣᠬᠢᠶᠠᠭᠰᠠᠨ ᠲᠤᠬᠠᠢ ᠲᠣᠳᠣᠷᠬᠠᠢ᠌ᠯᠠᠯᠲᠠ ᠬᠢᠵᠦ ᠪᠠᠢ᠌ᠨ᠎ᠠ