ᠲᠥᠪ ᠪᠠ ᠥᠪᠡᠷᠲᠡᠭᠡᠨ ᠵᠠᠰᠠᠬᠤ ᠣᠷᠣᠨ᠎ᠤ ᠬᠠᠷ᠎ᠠ ᠪᠦᠯᠦᠭᠲᠡᠨ ᠬᠠᠷᠭᠢᠰ ᠬᠦᠴᠦᠨ᠎ᠢ ᠱᠦᠭᠦᠷᠳᠡᠨ ᠠᠷᠢᠯᠭ᠋ᠠᠬᠤ ᠲᠤᠰᠬᠠᠢ ᠵᠦᠢ᠍ᠯ᠎ᠤᠨ ᠲᠡᠮᠡᠴᠡᠯ᠎ᠤᠨ ᠠᠵᠢᠯ᠎ᠤᠨ ᠲᠣᠬᠢᠷᠠᠭᠤᠯᠤᠯᠲᠠ ᠪᠠᠢ᠌ᠷᠢᠯᠠᠭᠤᠯᠤᠯᠲᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠲᠤᠰᠠᠳᠠ᠂ 《ᠬᠠᠷ᠎ᠠ ᠪᠦᠯᠦᠭᠲᠡᠨ ᠬᠠᠷᠭᠢᠰ ᠬᠦᠴᠦᠨ᠎ᠢ ᠱᠦᠭᠦᠷᠳᠡᠨ ᠠᠷᠢᠯᠭ᠋ᠠᠬᠤ ᠲᠤᠰᠬᠠᠢ ᠵᠦᠢ᠍ᠯ᠎ᠤᠨ ᠲᠡᠮᠡᠴᠡᠯ᠎ᠤᠨ ᠬᠠᠮᠢᠶ᠎ᠠ ᠪᠦᠬᠦᠢ ᠠᠵᠢᠯ᠎ᠢ ᠴᠢᠩᠭ᠋ᠠᠳᠬᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠮᠡᠳᠡᠭᠳᠡᠯ》᠎ᠤᠨ ᠬᠣᠯᠪᠣᠭᠳᠠᠯ ᠪᠦᠬᠦᠢ ᠱᠠᠭ᠋ᠠᠷᠳᠠᠯᠭ᠎ᠠ ᠶᠣᠰᠣᠭ᠋ᠠᠷ ᠂2019 ᠣᠨ᠎ᠤ 5 ᠳ᠋ᠤᠭ᠋ᠠᠷ ᠰᠠᠷ᠎ᠠ ᠵᠢᠨ 29᠎ᠤ ᠡᠳᠦᠷ᠎ᠠᠴᠠ 31᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠵᠡᠭᠦᠨ ᠬᠡᠰᠡᠭ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠢ᠌ᠴᠠᠭ᠋ᠠᠬᠤ ᠲᠥᠪ᠎ᠠᠴᠠ ᠰᠢᠮᠳᠠᠭᠤᠯᠤᠨ ᠵᠢᠯᠣᠭᠣᠳᠬᠤ ᠳᠤᠭᠤᠢ᠌ᠯᠠᠩ ᠪᠠᠢ᠌ᠭᠤᠯᠤᠨ᠂ ᠲᠦᠩᠯᠢᠶᠣᠣ ᠬᠣᠲᠠ᠂ ᠤᠯᠠᠭ᠋ᠠᠨᠬᠠᠳᠠ ᠬᠣᠲᠠ ᠵᠢᠨ ᠬᠡᠰᠡᠭ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ ᠬᠠᠷ᠎ᠠ ᠪᠦᠯᠦᠭᠲᠡᠨ ᠬᠠᠷᠭᠢᠰ ᠬᠦᠴᠦᠨ᠎ᠢ ᠱᠦᠭᠦᠷᠳᠡᠨ ᠠᠷᠢᠯᠭ᠋ᠠᠬᠤ ᠲᠤᠰᠬᠠᠢ ᠵᠦᠢ᠍ᠯ᠎ᠤᠨ ᠲᠡᠮᠡᠴᠡᠯ᠎ᠢ ᠥᠷᠨᠢᠭᠦᠯᠦᠭᠰᠡᠨ ᠪᠠᠢ᠌ᠳᠠᠯ᠎ᠳᠤ ᠰᠢᠮᠳᠠᠭᠤᠯᠤᠨ ᠵᠢᠯᠣᠭᠣᠳᠤᠯᠭ᠎ᠠ ᠪᠠ ᠪᠠᠢ᠌ᠴᠠᠭ᠋ᠠᠯᠲᠠ ᠬᠢᠵᠡᠢ᠃

ᠬᠠᠷᠢᠭᠤ ᠮᠡᠳᠡᠭᠦᠯᠦᠯᠲᠡ ᠵᠢ ᠰᠣᠨᠣᠰᠬᠤ ᠪᠠ ᠡᠬᠡ ᠳᠠᠩᠰᠠ ᠵᠢ᠎ᠨᠢ ᠪᠠᠢ᠌ᠴᠠᠭ᠋ᠠᠨ ᠦᠵᠡᠬᠦ᠎ᠪᠠᠷ ᠳᠠᠮᠵᠢᠭᠤᠯᠤᠨ᠂ ᠰᠢᠮᠳᠠᠭᠤᠯᠤᠨ ᠵᠢᠯᠣᠭᠣᠳᠬᠤ ᠳᠤᠭᠤᠢ᠌ᠯᠠᠩ᠎ᠠᠴᠠ ᠡᠯ᠎ᠡ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ᠎ᠬᠢᠨ᠎ᠤ ᠬᠠᠷ᠎ᠠ ᠪᠦᠯᠦᠭᠲᠡᠨ ᠬᠠᠷᠭᠢᠰ ᠬᠦᠴᠦᠨ᠎ᠢ ᠱᠦᠭᠦᠷᠳᠡᠨ ᠠᠷᠢᠯᠭ᠋ᠠᠬᠤ ᠵᠢ ᠵᠣᠬᠢᠶᠠᠨ ᠪᠠᠢ᠌ᠭᠤᠯᠤᠨ ᠤᠳᠤᠷᠢᠳᠬᠤ᠂ ᠬᠡᠷᠡᠭ᠎ᠤᠨ ᠰᠦᠪᠡᠭᠴᠢ ᠵᠢ ᠢᠯᠭ᠋ᠠᠨ ᠲᠣᠳᠣᠯᠠᠬᠤ᠂ ᠶᠠᠷᠢᠶ᠎ᠠ ᠬᠡᠯᠡᠯᠴᠡᠭᠡᠨ᠎ᠤ ᠤᠬᠠᠭᠤᠯᠭ᠎ᠠ ᠬᠢᠬᠦ ᠵᠡᠷᠭᠡ ᠲᠠᠯ᠎ᠠ ᠵᠢᠨ ᠠᠵᠢᠯ᠎ᠢ ᠥᠷᠨᠢᠭᠦᠯᠦᠭᠰᠡᠨ ᠪᠠᠢ᠌ᠳᠠᠯ᠎ᠳᠤ ᠭᠣᠣᠯᠳᠠᠯᠭ᠎ᠠ᠎ᠲᠠᠢ᠎ᠪᠠᠷ ᠪᠠᠢ᠌ᠴᠠᠭ᠋ᠠᠯᠲᠠ ᠬᠢᠪᠡ᠃ ᠡᠯ᠎ᠡ ᠵᠦᠢ᠍ᠯ᠎ᠤᠨ ᠠᠵᠢᠯ᠎ᠤᠨ ᠠᠬᠢᠯᠲᠠ ᠵᠢ ᠨᠤᠲᠠᠯᠠᠭᠰᠠᠨ᠎ᠤ ᠬᠠᠮᠲᠤ᠂ ᠰᠢᠮᠳᠠᠭᠤᠯᠤᠨ ᠵᠢᠯᠣᠭᠣᠳᠬᠤ ᠳᠤᠭᠤᠢ᠌ᠯᠠᠩ᠎ᠠᠴᠠ ᠴᠢᠬᠤᠯᠠᠴᠢᠯᠠᠬᠤ᠎ᠳᠤ᠎ᠪᠠᠨ᠂ ᠡᠯ᠎ᠡ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠠᠴᠠ ᠤᠯᠤᠰ ᠲᠥᠷᠥ ᠵᠢᠨ ᠵᠣᠭᠰᠣᠴᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠠᠷ᠎ᠠ ᠪᠦᠯᠦᠭᠲᠡᠨ ᠬᠠᠷᠭᠢᠰ ᠬᠦᠴᠦᠨ᠎ᠢ ᠱᠦᠭᠦᠷᠳᠡᠨ ᠠᠷᠢᠯᠭ᠋ᠠᠬᠤ ᠲᠤᠰᠬᠠᠢ ᠵᠦᠢ᠍ᠯ᠎ᠤᠨ ᠲᠡᠮᠡᠴᠡᠯ᠎ᠢ ᠥᠷᠨᠢᠭᠦᠯᠬᠦ ᠪᠣᠯ ᠨᠢᠭᠡ ᠵᠦᠢ᠍ᠯ᠎ᠤᠨ ᠴᠢᠬᠤᠯᠠ ᠶᠡᠬᠡ ᠤᠯᠤᠰ ᠲᠥᠷᠥ ᠵᠢᠨ ᠡᠭᠦᠷᠭᠡ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠢ ᠠᠬᠢᠭᠤᠯᠬᠤ ᠵᠢᠨ ᠨᠢᠭᠡ ᠤᠳᠠᠭ᠋ᠠᠨ᠎ᠤ ᠴᠢᠬᠤᠯᠠ ᠶᠡᠬᠡ ᠠᠵᠠ ᠲᠣᠬᠢᠶᠠᠯ ᠮᠥᠨ ᠭᠡᠳᠡᠭ᠎ᠢ ᠭᠦᠢ᠍ᠴᠡᠳ ᠲᠠᠨᠢᠬᠤ ᠵᠢᠨ ᠬᠠᠮᠲᠤ᠂ ᠤᠬᠠᠭᠤᠯᠤᠨ ᠳᠠᠢ᠌ᠴᠢᠯᠠᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠣᠯᠠᠨ ᠠᠷᠭ᠎ᠠ ᠵᠠᠮ ᠪᠠ ᠪᠦᠬᠦ ᠲᠠᠯ᠎ᠠ᠎ᠪᠠᠷ ᠬᠠᠷ᠎ᠠ ᠪᠦᠯᠦᠭᠲᠡᠨ ᠬᠠᠷᠭᠢᠰ ᠬᠦᠴᠦᠨ᠎ᠢ ᠱᠦᠭᠦᠷᠳᠡᠨ ᠠᠷᠢᠯᠭ᠋ᠠᠬᠤ ᠲᠤᠰᠬᠠᠢ ᠵᠦᠢ᠍ᠯ᠎ᠤᠨ ᠲᠡᠮᠡᠴᠡᠯ᠎ᠤᠨ ᠤᠬᠠᠭᠤᠯᠭ᠎ᠠ ᠵᠢ ᠥᠷᠨᠢᠭᠦᠯᠵᠦ᠂ 《ᠬᠠᠷ᠎ᠠ ᠪᠦᠯᠦᠭᠲᠡᠨ ᠬᠠᠷᠭᠢᠰ ᠬᠦᠴᠦᠨ᠎ᠳᠤ ᠬᠣᠯᠪᠣᠭᠳᠠᠭᠰᠠᠨ ᠬᠡᠷᠡᠭ᠎ᠢ ᠬᠥᠮᠥᠨ ᠪᠦᠬᠦᠨ ᠰᠡᠷᠭᠡᠢ᠌ᠯᠡᠨ ᠴᠣᠬᠢᠯᠲᠠ ᠥᠭᠬᠦ》 ᠰᠠᠢ᠌ᠨ ᠰᠠᠢ᠌ᠬᠠᠨ ᠪᠠᠢ᠌ᠳᠠᠯ᠎ᠢ ᠪᠦᠷᠢᠯᠳᠦᠭᠦᠯᠬᠦ ᠬᠡᠷᠡᠭᠲᠡᠢ ᠭᠡᠵᠡᠢ᠃
