ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠵᠢᠷᠤᠬᠲᠦ᠍ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠳᠡᠳ᠋ ᠲᠣᠭᠣᠷᠢᠨ ᠪᠠᠢ᠌ᠴᠠᠭ᠋ᠠᠭᠴᠢ ᠵᠠᠩ ᠱᠦ᠍ ᠯᠢ ᠠᠯᠠᠱ᠌ᠠ ᠠᠢ᠌ᠮᠠᠭ᠎ᠲᠤ ᠬᠦᠷᠴᠦ ᠲᠥᠪ᠎ᠤᠨ ᠣᠷᠴᠢᠨ ᠲᠣᠭᠣᠷᠢᠨ᠎ᠢ ᠬᠠᠮᠠᠭ᠋ᠠᠯᠠᠬᠤ ᠰᠢᠮᠳᠠᠭᠤᠯᠤᠨ ᠪᠠᠢ᠌ᠴᠠᠭ᠋ᠠᠯᠲᠠ ᠵᠢᠨ ᠬᠠᠷᠢᠭᠤ ᠲᠤᠰᠬᠠᠭᠰᠠᠨ ᠰᠠᠨᠠᠯ ᠵᠶ᠋ᠠᠷ ᠴᠡᠭᠴᠡᠯᠡᠨ ᠥᠭᠡᠷᠡᠴᠢᠯᠡᠬᠦ ᠠᠵᠢᠯ᠎ᠳᠤ ᠪᠠᠢ᠌ᠴᠠᠭ᠋ᠠᠯᠲᠠ ᠵᠢᠯᠣᠭᠣᠳᠤᠯᠭ᠎ᠠ ᠬᠢᠪᠡ
ᠨᠡᠶ᠋ᠢᠲᠡᠯᠡᠭᠰᠡᠨ ᠴᠠᠭ᠄ 2019-06-11

     6 ᠳ᠋ᠤᠭ᠋ᠠᠷ ᠰᠠᠷ᠎ᠠ ᠵᠢᠨ 3᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠳᠡᠳ᠋ ᠲᠣᠭᠣᠷᠢᠨ ᠪᠠᠢ᠌ᠴᠠᠭ᠋ᠠᠭᠴᠢ ᠵᠠᠩ ᠱᠦ᠍ ᠯᠢ ᠠᠯᠠᠱ᠌ᠠ ᠠᠢ᠌ᠮᠠᠭ᠎ᠲᠤ ᠬᠦᠷᠴᠦ ᠲᠥᠪ᠎ᠤᠨ ᠣᠷᠴᠢᠨ ᠲᠣᠭᠣᠷᠢᠨ᠎ᠢ ᠬᠠᠮᠠᠭ᠋ᠠᠯᠠᠬᠤ ᠰᠢᠮᠳᠠᠭᠤᠯᠤᠨ ᠪᠠᠢ᠌ᠴᠠᠭ᠋ᠠᠯᠲᠠ᠂ 《ᠪᠤᠴᠠᠵᠤ ᠪᠠᠢ᠌ᠴᠠᠭ᠋ᠠᠨ ᠦᠵᠡᠬᠦ》 ᠵᠢᠴᠢ ᠨᠤᠲᠤᠭ ᠪᠡᠯᠴᠢᠭᠡᠷ᠎ᠤᠨ ᠠᠮᠢ ᠠᠬᠤᠢ ᠵᠢᠨ ᠲᠤᠰᠬᠠᠢ ᠵᠦᠢ᠍ᠯ᠎ᠤᠨ ᠰᠢᠮᠳᠠᠭᠤᠯᠤᠨ ᠪᠠᠢ᠌ᠴᠠᠭ᠋ᠠᠯᠲᠠ ᠵᠢᠨ ᠬᠠᠷᠢᠭᠤ ᠲᠤᠰᠬᠠᠭᠰᠠᠨ ᠰᠠᠨᠠᠯ᠎ᠢ ᠨᠠᠢ᠌ᠳᠠᠪᠤᠷᠢᠵᠢᠭᠤᠯᠬᠤ ᠠᠵᠢᠯ᠎ᠳᠤ ᠪᠠᠢ᠌ᠴᠠᠭ᠋ᠠᠯᠲᠠ ᠵᠢᠯᠣᠭᠣᠳᠤᠯᠭ᠎ᠠ ᠬᠢᠪᠡ᠃ ᠠᠢ᠌ᠮᠠᠭ᠎ᠤᠨ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ᠂ ᠤᠰᠤᠨ᠎ᠤ ᠶᠠᠪᠤᠳᠠᠯ᠎ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠣᠪᠴᠢᠶ᠎ᠠ᠂ ᠣᠢ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠡᠷᠭᠡ ᠰᠠᠯᠠᠭ᠎ᠠ ᠮᠥᠴᠢᠷ᠎ᠤᠨ᠎ᠬᠢᠨ ᠪᠠᠢ᠌ᠴᠠᠭ᠋ᠠᠨ ᠰᠤᠳᠤᠯᠤᠯᠲᠠ᠎ᠳᠤ ᠣᠷᠣᠯᠴᠠᠵᠠᠢ᠃
      ᠵᠠᠩ ᠱᠦ᠍ ᠯᠢ ᠲᠥᠪ᠎ᠤᠨ ᠣᠷᠴᠢᠨ ᠲᠣᠭᠣᠷᠢᠨ᠎ᠢ ᠬᠠᠮᠠᠭ᠋ᠠᠯᠠᠬᠤ ᠰᠢᠮᠳᠠᠭᠤᠯᠤᠨ ᠪᠠᠢ᠌ᠴᠠᠭ᠋ᠠᠯᠲᠠ᠂ 《ᠪᠤᠴᠠᠵᠤ ᠪᠠᠢ᠌ᠴᠠᠭ᠋ᠠᠨ ᠦᠵᠡᠬᠦ》 ᠵᠢᠴᠢ ᠨᠤᠲᠤᠭ ᠪᠡᠯᠴᠢᠭᠡᠷ᠎ᠤᠨ ᠠᠮᠢ ᠠᠬᠤᠢ ᠵᠢᠨ ᠲᠤᠰᠬᠠᠢ ᠵᠦᠢ᠍ᠯ᠎ᠤᠨ ᠰᠢᠮᠳᠠᠭᠤᠯᠤᠨ ᠪᠠᠢ᠌ᠴᠠᠭ᠋ᠠᠯᠲᠠ ᠵᠢᠨ ᠬᠠᠷᠢᠭᠤ ᠲᠤᠰᠬᠠᠭᠰᠠᠨ ᠰᠠᠨᠠᠯ ᠵᠶ᠋ᠡᠷ ᠴᠡᠭᠴᠡᠯᠡᠨ ᠥᠭᠡᠷᠡᠴᠢᠯᠡᠵᠦ ᠨᠠᠢ᠌ᠳᠠᠪᠤᠷᠢᠵᠢᠭᠤᠯᠤᠭᠰᠠᠨ ᠬᠠᠷᠢᠭᠤ ᠮᠡᠳᠡᠭᠦᠯᠦᠯᠲᠡ ᠵᠢ ᠰᠣᠨᠣᠰᠤᠨ᠂ ᠠᠯᠠᠱ᠌ᠠ ᠠᠢ᠌ᠮᠠᠭ᠎ᠤᠨ᠎ᠬᠢᠨ᠎ᠤ ᠲᠠᠨᠢᠯᠲᠠ᠎ᠪᠠᠨ ᠳᠡᠭᠡᠭᠰᠢᠯᠡᠭᠦᠯᠦᠨ᠂ ᠬᠦᠴᠦ᠎ᠪᠠᠨ ᠬᠠᠮᠲᠤᠳᠬᠠᠨ ᠴᠡᠭᠴᠡᠯᠡᠨ ᠥᠭᠡᠷᠡᠴᠢᠯᠡᠵᠦ᠂ ᠬᠣᠯᠪᠣᠭ᠋ᠠᠯᠠᠨ ᠬᠥᠳᠡᠯᠦᠯᠴᠡᠵᠦ ᠰᠢᠪᠲᠤᠯᠤᠯᠲᠠ ᠬᠢᠬᠦ ᠵᠡᠷᠭᠡ ᠬᠠᠷᠢᠭᠤ ᠲᠤᠰᠬᠠᠭᠰᠠᠨ ᠰᠠᠨᠠᠯ᠎ᠢ ᠨᠠᠢ᠌ᠳᠠᠪᠤᠷᠢᠵᠢᠭᠤᠯᠤᠭᠰᠠᠨ ᠪᠣᠳᠠᠲᠤ ᠠᠵᠢᠯᠯᠠᠭ᠎ᠠ᠂ ᠣᠯᠣᠭᠰᠠᠨ ᠪᠣᠳᠠᠲᠠᠢ ᠦᠷ᠎ᠡ ᠪᠦᠲᠦᠮᠵᠢ᠎ᠳᠤ ᠭᠦᠢ᠍ᠴᠡᠳ ᠨᠤᠲᠠᠯᠠᠯᠲᠠ ᠬᠢᠪᠡ᠃ ᠵᠠᠩ ᠱᠦ᠍ ᠯᠢ ᠪᠠᠢ᠌ᠴᠠᠭ᠋ᠠᠨ ᠰᠤᠳᠤᠯᠤᠯᠲᠠ ᠵᠢᠨ   ᠶᠠᠪᠤᠴᠠ᠎ᠳᠤ   ᠵᠢᠭ᠋ᠠᠬᠤ᠎ᠳᠤ᠎ᠪᠠᠨ᠂ ᠠᠯᠠᠱ᠌ᠠ   ᠠᠢ᠌ᠮᠠᠭ ᠪᠣᠯ ᠤᠯᠤᠰ᠎ᠤᠨ ᠠᠮᠢ ᠠᠬᠤᠢ ᠵᠢᠨ ᠴᠢᠬᠤᠯᠠ ᠴᠢᠳᠠᠮᠵᠢ ᠵᠢᠨ ᠣᠷᠣᠨ ᠪᠠᠢ᠌ᠵᠤ᠂ ᠡᠬᠡ ᠤᠯᠤᠰ᠎ᠤᠨ ᠤᠮᠠᠷᠠᠲᠤ ᠵᠢᠨ ᠠᠮᠢ ᠠᠬᠤᠢ ᠵᠢᠨ ᠴᠢᠬᠤᠯᠠ ᠠᠮᠤᠷ ᠲᠦᠪᠰᠢᠨ᠎ᠤ ᠬᠠᠯᠬᠠᠪᠴᠢ ᠪᠠ ᠤᠮᠠᠷᠠᠲᠤ ᠵᠢᠨ ᠲᠦᠮᠡᠨ ᠭᠠᠵᠠᠷ᠎ᠤᠨ ᠨᠣᠭᠣᠭ᠋ᠠᠨ ᠥᠩᠭᠡᠲᠦ ᠤᠷᠲᠤ ᠴᠠᠭ᠋ᠠᠨ ᠬᠡᠷᠡᠮ᠎ᠢ ᠪᠠᠢ᠌ᠭᠤᠯᠬᠤ ᠪᠣᠯ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ᠎ᠤ ᠠᠩᠬᠠᠨ᠎ᠤ ᠵᠣᠷᠢᠯᠲᠠ ᠬᠠᠷᠢᠭᠤᠴᠠᠯᠭ᠎ᠠ ᠪᠣᠯᠣᠨ᠎ᠠ᠃ ᠪᠢᠳᠡ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠨ᠂ ᠬᠠᠷᠢᠭᠤ ᠲᠤᠰᠬᠠᠭᠰᠠᠨ ᠰᠠᠨᠠᠯ᠎ᠢ ᠨᠠᠢ᠌ᠳᠠᠪᠤᠷᠢᠵᠢᠭᠤᠯᠬᠤ᠎ᠪᠠᠷ ᠪᠣᠳᠠᠲᠤ ᠦᠢ᠍ᠯᠡᠳᠦᠯᠭᠡ ᠪᠣᠯᠭ᠋ᠠᠨ ᠨᠠᠷᠢᠯᠢᠭ ᠪᠣᠳᠠᠲᠠᠢ᠎ᠪᠠᠷ ᠠᠳᠬᠤᠵᠤ᠂ ᠴᠡᠭᠴᠡᠯᠡᠨ ᠥᠭᠡᠷᠡᠴᠢᠯᠡᠬᠦ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠪᠣᠳᠠᠲᠠᠢ᠌ᠵᠢᠭᠤᠯᠤᠨ ᠴᠢᠩᠭ᠋ᠠᠳᠬᠠᠵᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠪᠠ ᠨᠢᠭᠡ ᠬᠡᠷᠡᠭ᠎ᠠᠴᠠ ᠨᠥᠬᠥᠭᠡ ᠬᠡᠷᠡᠭ᠎ᠢ ᠲᠥᠰᠥᠭᠡᠯᠡᠨ ᠮᠡᠳᠡᠬᠦ ᠵᠢ ᠢᠮᠠᠭᠲᠠ ᠪᠠᠷᠢᠮᠲᠠᠯᠠᠵᠤ᠂ ᠬᠠᠭᠤᠴᠢᠨ ᠠᠰᠠᠭᠤᠳᠠᠯ᠎ᠢ ᠴᠢᠩᠭ᠎ᠠ ᠣᠨᠢᠯᠠᠨ᠂ ᠰᠢᠨ᠎ᠡ ᠠᠰᠠᠭᠤᠳᠠᠯ᠎ᠢ ᠢᠯᠡᠷᠡᠭᠦᠯᠵᠦ᠂ ᠠᠯᠤᠰ ᠬᠡᠳᠦ ᠵᠢᠨ ᠬᠥᠭᠵᠢᠯᠲᠡ᠎ᠳᠤ ᠰᠠᠭᠤᠷᠢᠯᠠᠨ᠂ ᠴᠡᠭᠴᠡᠯᠡᠨ ᠥᠭᠡᠷᠡᠴᠢᠯᠡᠬᠦ ᠠᠵᠢᠯ᠎ᠤᠨ 《ᠪᠤᠴᠠᠵᠤ ᠪᠠᠢ᠌ᠴᠠᠭ᠋ᠠᠨ ᠦᠵᠡᠬᠦ》 ᠵᠢ ᠴᠠᠭ ᠲᠤᠬᠠᠢ᠎ᠳᠤ᠎ᠨᠢ ᠥᠷᠨᠢᠭᠦᠯᠵᠦ᠂ ᠲᠥᠪ᠎ᠤᠨ ᠣᠷᠴᠢᠨ ᠲᠣᠭᠣᠷᠢᠨ᠎ᠢ ᠬᠠᠮᠠᠭ᠋ᠠᠯᠠᠬᠤ ᠰᠢᠮᠳᠠᠭᠤᠯᠤᠨ ᠪᠠᠢ᠌ᠴᠠᠭ᠋ᠠᠯᠲᠠ ᠵᠢᠨ ᠬᠠᠷᠢᠭᠤ ᠲᠤᠰᠬᠠᠭᠰᠠᠨ ᠰᠠᠨᠠᠯ ᠵᠶ᠋ᠠᠷ ᠴᠡᠭᠴᠡᠯᠡᠨ ᠥᠭᠡᠷᠡᠴᠢᠯᠡᠬᠦ ᠠᠵᠢᠯ᠎ᠤᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠵᠢ ᠪᠠᠲᠤᠯᠠᠬᠤ ᠬᠡᠷᠡᠭᠲᠡᠢ ᠭᠡᠵᠡᠢ᠃


      ᠵᠠᠩ ᠱᠦ᠍ ᠯᠢ ᠱᠠᠭ᠋ᠠᠷᠳᠠᠬᠤ᠎ᠳᠤ᠎ᠪᠠᠨ᠂ ᠣᠷᠴᠢᠨ ᠲᠣᠭᠣᠷᠢᠨ᠎ᠢ ᠬᠠᠮᠠᠭ᠋ᠠᠯᠠᠬᠤ ᠰᠢᠮᠳᠠᠭᠤᠯᠤᠨ ᠪᠠᠢ᠌ᠴᠠᠭ᠋ᠠᠯᠲᠠ ᠵᠢᠨ ᠬᠠᠷᠢᠭᠤ ᠲᠤᠰᠬᠠᠭᠰᠠᠨ ᠠᠰᠠᠭᠤᠳᠠᠯ᠎ᠢ ᠴᠡᠭᠴᠡᠯᠡᠨ ᠥᠭᠡᠷᠡᠴᠢᠯᠡᠬᠦ ᠡᠭᠦᠷᠭᠡ ᠵᠢ ᠴᠢᠨᠠᠷ ᠰᠠᠢ᠌ᠲᠠᠢ᠎ᠪᠠᠷ ᠬᠤᠭᠤᠴᠠᠭ᠎ᠠ ᠶᠣᠰᠣᠭ᠋ᠠᠷ ᠪᠡᠶᠡᠯᠡᠭᠦᠯᠵᠦ᠂ ᠲᠡᠷᠡ ᠳᠠᠷᠤᠢ᠎ᠳᠤ᠎ᠨᠢ ᠰᠢᠢ᠍ᠳᠪᠦᠷᠢᠯᠡᠵᠦ ᠳᠡᠢ᠌ᠯᠬᠦ ᠵᠢ᠎ᠨᠢ ᠳᠠᠷᠤᠢ᠎ᠳᠤ᠎ᠨᠢ ᠬᠡᠷᠡᠭᠵᠢᠭᠦᠯᠦᠨ ᠳᠠᠷᠤᠢ᠎ᠳᠤ᠎ᠨᠢ ᠥᠭᠡᠷᠡᠴᠢᠯᠡᠵᠦ ᠳᠠᠷᠤᠢ᠎ᠳᠤ᠎ᠨᠢ ᠪᠡᠶᠡᠯᠡᠭᠦᠯᠬᠦ ᠬᠡᠷᠡᠭᠲᠡᠢ᠃ ᠵᠣᠬᠢᠬᠤ ᠬᠤᠭᠤᠴᠠᠭ᠎ᠠ ᠬᠡᠷᠡᠭᠰᠡᠨ ᠴᠡᠭᠴᠡᠯᠡᠨ ᠥᠭᠡᠷᠡᠴᠢᠯᠡᠬᠦ ᠴᠢᠬᠤᠯᠠᠲᠠᠢ ᠵᠢ᠎ᠨᠢ ᠲᠥᠯᠥᠪᠯᠡᠭᠡ ᠱᠠᠭ᠋ᠠᠷᠳᠠᠯᠭ᠎ᠠ ᠶᠣᠰᠣᠭ᠋ᠠᠷ ᠪᠣᠳᠠᠲᠠᠢ᠎ᠳᠤ ᠨᠠᠢ᠌ᠳᠠᠪᠤᠷᠢᠵᠢᠭᠤᠯᠵᠤ᠂ ᠦᠷᠭᠦᠯᠵᠢᠯᠡᠨ ᠠᠬᠢᠭᠤᠯᠵᠤ ᠴᠡᠭᠴᠡᠯᠡᠨ ᠥᠭᠡᠷᠡᠴᠢᠯᠡᠬᠦ ᠴᠢᠬᠤᠯᠠᠲᠠᠢ ᠪᠤᠰᠤᠳ ᠠᠵᠢᠯ᠎ᠤᠳ᠎ᠤᠨ ᠡᠷᠴᠢᠮ᠎ᠢ ᠰᠤᠯᠠᠷᠠᠭᠤᠯᠬᠤ ᠦᠭᠡᠢ᠂ ᠠᠵᠢᠯ᠎ᠤᠨ ᠬᠥᠭ᠎ᠢ ᠬᠤᠪᠢᠷᠠᠭᠤᠯᠬᠤ ᠦᠭᠡᠢ ᠵᠢ ᠪᠠᠷᠢᠮᠲᠠᠯᠠᠬᠤ ᠬᠡᠷᠡᠭᠲᠡᠢ ᠭᠡᠵᠡᠢ᠃


      ᠠᠯᠠᠱ᠌ᠠ ᠠᠢ᠌ᠮᠠᠭ᠎ᠠᠴᠠ ᠲᠥᠪ᠎ᠤᠨ ᠣᠷᠴᠢᠨ ᠲᠣᠭᠣᠷᠢᠨ᠎ᠢ ᠬᠠᠮᠠᠭ᠋ᠠᠯᠠᠬᠤ ᠰᠢᠮᠳᠠᠭᠤᠯᠤᠨ ᠪᠠᠢ᠌ᠴᠠᠭ᠋ᠠᠯᠲᠠ ᠵᠢᠨ ᠴᠡᠭᠴᠡᠯᠡᠨ ᠥᠭᠡᠷᠡᠴᠢᠯᠡᠬᠦ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠣᠢ᠌ᠷ᠎ᠠ ᠵᠢᠨ ᠬᠤᠭᠤᠴᠠᠭ᠋ᠠᠨ᠎ᠳᠤ ᠬᠠᠮᠢᠶ᠎ᠠ ᠪᠦᠬᠦᠢ ᠬᠤᠷᠠᠯ᠎ᠢ ᠣᠯᠠᠨ ᠤᠳᠠᠭ᠎ᠠ ᠬᠤᠷᠠᠯᠳᠤᠭᠤᠯᠤᠨ᠂ ᠣᠷᠴᠢᠨ ᠲᠣᠭᠣᠷᠢᠨ᠎ᠢ ᠬᠠᠮᠠᠭ᠋ᠠᠯᠠᠬᠤ ᠰᠢᠮᠳᠠᠭᠤᠯᠤᠨ ᠪᠠᠢ᠌ᠴᠠᠭ᠋ᠠᠯᠲᠠ ᠵᠢᠨ ᠴᠡᠭᠴᠡᠯᠡᠨ ᠥᠭᠡᠷᠡᠴᠢᠯᠡᠬᠦ ᠠᠵᠢᠯ᠎ᠢ ᠰᠤᠳᠤᠯᠤᠨ ᠪᠠᠢ᠌ᠷᠢᠯᠠᠭᠤᠯᠪᠠ᠃ 2019 ᠣᠨ᠎ᠤ 5 ᠳ᠋ᠤᠭ᠋ᠠᠷ ᠰᠠᠷ᠎ᠠ ᠵᠢᠨ ᠰᠡᠭᠦᠯᠴᠢ ᠪᠣᠯᠲᠠᠯ᠎ᠠ᠂ ᠲᠥᠪ᠎ᠤᠨ ᠣᠷᠴᠢᠨ ᠲᠣᠭᠣᠷᠢᠨ᠎ᠢ ᠬᠠᠮᠠᠭ᠋ᠠᠯᠠᠬᠤ ᠰᠢᠮᠳᠠᠭᠤᠯᠤᠨ ᠪᠠᠢ᠌ᠴᠠᠭ᠋ᠠᠯᠲᠠ ᠵᠢᠨ ᠴᠡᠭᠴᠡᠯᠡᠨ ᠥᠭᠡᠷᠡᠴᠢᠯᠡᠬᠦ ᠡᠭᠦᠷᠭᠡ ᠵᠢᠨ 2016 ᠣᠨ᠎ᠤ 15 ᠵᠦᠢ᠍ᠯ᠎ᠤᠨ ᠳᠣᠲᠣᠷ᠎ᠠ᠂ 8 ᠵᠦᠢ᠍ᠯ᠎ᠢ᠎ᠨᠢ ᠨᠢᠭᠡᠨᠲᠡ ᠬᠦᠴᠦᠨ ᠦᠭᠡᠢ ᠪᠣᠯᠭ᠋ᠠᠵᠤ᠂ 3 ᠵᠦᠢ᠍ᠯ᠎ᠢ᠎ᠨᠢ ᠦᠨᠳᠦᠰᠦᠨ᠎ᠳᠤ᠎ᠪᠠᠨ ᠴᠡᠭᠴᠡᠯᠡᠨ ᠥᠭᠡᠷᠡᠴᠢᠯᠡᠵᠦ ᠳᠠᠭᠤᠰᠬᠠᠭ᠋ᠠᠳ᠂ 4 ᠵᠦᠢ᠍ᠯ᠎ᠢ᠎ᠨᠢ ᠶᠠᠭ ᠰᠠᠢ᠌ᠬᠠᠨ ᠬᠤᠭᠤᠴᠠᠭ᠎ᠠ ᠶᠣᠰᠣᠭ᠋ᠠᠷ ᠠᠬᠢᠭᠤᠯᠵᠤ ᠪᠠᠢ᠌ᠨ᠎ᠠ᠃ 2018 ᠣᠨ᠎ᠤ 《ᠪᠤᠴᠠᠵᠤ ᠪᠠᠢ᠌ᠴᠠᠭ᠋ᠠᠨ ᠦᠵᠡᠬᠦ》 ᠵᠢᠴᠢ ᠨᠤᠲᠤᠭ ᠪᠡᠯᠴᠢᠭᠡᠷ᠎ᠤᠨ ᠠᠮᠢ ᠠᠬᠤᠢ ᠵᠢᠨ ᠠᠰᠠᠭᠤᠳᠠᠯ᠎ᠤᠨ ᠲᠤᠰᠬᠠᠢ ᠵᠦᠢ᠍ᠯ᠎ᠤᠨ ᠰᠢᠮᠳᠠᠭᠤᠯᠤᠨ ᠪᠠᠢ᠌ᠴᠠᠭ᠋ᠠᠯᠲᠠ ᠵᠢᠨ ᠬᠠᠷᠢᠭᠤ ᠲᠤᠰᠬᠠᠭᠰᠠᠨ ᠨᠡᠢ᠌ᠲᠡᠴᠢ ᠴᠢᠨᠠᠷᠲᠠᠢ 15 ᠠᠰᠠᠭᠤᠳᠠᠯ᠎ᠤᠨ 11 ᠵᠦᠢ᠍ᠯ᠎ᠢ᠎ᠨᠢ ᠦᠨᠳᠦᠰᠦᠨ᠎ᠳᠤ᠎ᠪᠠᠨ ᠴᠡᠭᠴᠡᠯᠡᠨ ᠥᠭᠡᠷᠡᠴᠢᠯᠡᠵᠦ ᠳᠠᠭᠤᠰᠬᠠᠭ᠋ᠠᠳ᠂ 4 ᠵᠦᠢ᠍ᠯ᠎ᠢ᠎ᠨᠢ ᠢᠳᠡᠪᠬᠢᠲᠡᠢ᠎ᠪᠠᠷ ᠠᠬᠢᠭᠤᠯᠵᠤ ᠪᠠᠢ᠌ᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠠᠳᠠᠯ ᠦᠢ᠍ᠯᠡᠰ ᠴᠣᠭᠴᠠᠯᠠᠬᠤ ᠨᠡᠢ᠌ᠭᠡᠮ ᠲᠣᠭᠣᠷᠢᠭ᠎ᠲᠤ ᠬᠦᠷᠴᠦ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠭᠤᠯᠭ᠎ᠠ ᠵᠢᠴᠢ ᠲᠣᠬᠣᠨᠢᠭᠤᠯᠬᠤ ᠠᠵᠢᠯᠯᠠᠭ᠎ᠠ ᠥᠷᠨᠢᠭᠦᠯᠪᠡ
《ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠦᠲᠦᠭᠡᠨ ᠪᠠᠢ᠌ᠭᠤᠯᠬᠤ᠎ᠳᠤ᠂ ᠪᠢ ᠪᠣᠯ ᠦᠢ᠍ᠯᠡᠳᠦᠯᠭᠡᠵᠢᠭᠦᠯᠦᠭᠴᠢ ᠮᠥᠨ — ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠢ ᠪᠦᠲᠦᠭᠡᠨ ᠪᠠᠢ᠌ᠭᠤᠯᠬᠤ᠎ᠳᠤ᠂ ᠪᠢ ᠪᠣᠯ ᠰᠠᠬᠢᠨ ᠬᠠᠮᠠᠭ᠋ᠠᠯᠠᠭᠴᠢ ᠮᠥᠨ》 ᠭᠡᠬᠦ 2019 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《6 · 5》 ᠵᠢᠨ ᠣᠷᠴᠢᠨ ᠲᠣᠭᠣᠷᠢᠨ᠎ᠤ ᠡᠳᠦᠷ᠎ᠤᠨ ᠭᠣᠣᠯ ᠲᠠᠯᠠᠪᠤᠷ᠎ᠤᠨ ᠠᠵᠢᠯᠯᠠᠭ᠎ᠠ ᠬᠥᠬᠡᠬᠣᠲᠠ᠎ᠳᠤ ᠶᠠᠪᠤᠭᠳᠠᠪᠠ
《ᠥᠪᠥᠷ ᠮᠣᠩᠭᠣᠯ᠎ᠤᠨ ᠬᠦᠨᠳᠦ ᠪᠣᠬᠢᠷᠲᠤᠯ᠎ᠲᠠᠢ ᠴᠠᠭ ᠠᠭᠤᠷ᠎ᠢ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠮᠡᠷᠭᠡᠵᠢᠯ᠎ᠤᠨ ᠰᠤᠳᠤᠯᠤᠯᠲᠠ ᠬᠢᠭᠡᠳ ᠬᠠᠮ ᠬᠡᠷᠡᠭᠯᠡᠯᠲᠡ》 ᠵᠢᠨ ᠲᠥᠷᠥᠯ ᠵᠦᠢ᠍ᠯ᠎ᠨᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠬᠢᠨᠠᠨ ᠲᠣᠭᠲᠠᠭ᠋ᠠᠯᠲᠠ ᠵᠢ ᠤᠷᠤᠭᠰᠢᠲᠠᠢ ᠥᠩᠭᠡᠷᠡᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ 《ᠠᠩᠬᠠᠨ᠎ᠤ ᠵᠣᠷᠢᠯᠲᠠ᠎ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠶ᠎ᠡ》 ᠭᠡᠬᠦ ᠭᠣᠣᠯ ᠰᠡᠳᠦᠪᠲᠦ ᠬᠥᠮᠥᠵᠢᠯ᠎ᠤᠨ ᠳᠠᠢ᠌ᠴᠢᠯᠠᠨ ᠪᠠᠢ᠌ᠷᠢᠯᠠᠭᠤᠯᠬᠤ ᠬᠤᠷᠠᠯ᠎ᠢ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ 《ᠠᠩᠬᠠᠨ᠎ᠤ ᠵᠣᠷᠢᠯᠲᠠ᠎ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠶ᠎ᠡ》 ᠭᠡᠬᠦ ᠭᠣᠣᠯ ᠰᠡᠳᠦᠪᠲᠦ ᠬᠥᠮᠥᠵᠢᠯ᠎ᠤᠨ ᠲᠠᠢ᠌ᠯᠤᠮᠵᠢ ᠵᠢ ᠡᠷᠬᠢᠯᠡᠪᠡ
 
             蒙ICP备05000248号