ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠵᠢᠷᠤᠬᠲᠦ᠍ ᠮᠡᠳᠡᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠰᠦᠯᠵᠢᠶ᠎ᠡ᠎ᠪᠠᠷ ᠬᠢᠨᠠᠨ ᠡᠵᠡᠮᠳᠡᠬᠦ ᠲᠥᠪ᠎ᠠᠴᠠ ᠪᠦᠬᠦ ᠣᠷᠣᠨ᠎ᠤ ᠠᠦ᠋ᠲ ᠵᠶ᠋ᠠᠷ ᠬᠢᠨᠠᠨ ᠡᠵᠡᠮᠳᠡᠬᠦ ᠲᠤᠬᠠᠢ᠌ᠯᠠᠭᠰᠠᠨ ᠠᠵᠢᠯ᠎ᠤᠨ ᠰᠤᠳᠤᠯᠤᠨ ᠶᠠᠷᠢᠯᠴᠠᠬᠤ ᠬᠤᠷᠠᠯ᠎ᠢ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2019-06-11

      ᠠᠦ᠋ᠲ ᠵᠶ᠋ᠠᠷ ᠬᠢᠨᠠᠨ ᠡᠵᠡᠮᠳᠡᠭᠰᠡᠨ ᠲᠣᠭ᠎ᠠ ᠪᠠᠷᠢᠮᠲᠠ ᠵᠢᠨ ᠣᠷᠴᠢᠨ ᠲᠣᠭᠣᠷᠢᠨ᠎ᠤ ᠬᠠᠮᠢᠶᠠᠷᠤᠯᠲᠠ ᠪᠠ ᠠᠵᠤ ᠠᠬᠤᠢ᠌ᠯᠠᠯ᠎ᠤᠨ ᠬᠢᠨᠠᠯᠲᠠ ᠬᠠᠮᠢᠶᠠᠷᠤᠯᠲᠠ᠎ᠳᠤ ᠦᠢ᠍ᠯᠡᠴᠢᠯᠡᠬᠦ ᠴᠢᠳᠠᠪᠤᠷᠢ ᠵᠢ ᠳᠡᠭᠡᠭᠰᠢᠯᠡᠭᠦᠯᠵᠦ᠂ ᠪᠦᠬᠦ ᠣᠷᠣᠨ᠎ᠤ ᠭᠣᠣᠯᠳᠠᠯᠭ᠎ᠠ᠎ᠲᠠᠢ ᠪᠣᠬᠢᠷᠲᠤᠯ᠎ᠤᠨ ᠡᠬᠢ ᠰᠤᠷᠪᠤᠯᠵᠢ ᠵᠢ ᠠᠦ᠋ᠲ ᠵᠶ᠋ᠠᠷ ᠬᠢᠨᠠᠨ ᠡᠵᠡᠮᠳᠡᠬᠦ ᠠᠵᠢᠯ᠎ᠤᠨ ᠬᠢᠷᠢ ᠲᠦᠪᠰᠢᠨ᠎ᠢ ᠤᠯᠠᠮ ᠨᠢᠭᠡ ᠠᠯᠬᠤᠮ ᠴᠢᠩᠭ᠋ᠠᠷᠠᠭᠤᠯᠬᠤ ᠵᠢᠨ ᠲᠤᠰᠠᠳᠠ᠂ 6 ᠳ᠋ᠤᠭ᠋ᠠᠷ ᠰᠠᠷ᠎ᠠ ᠵᠢᠨ 4᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠰᠦᠯᠵᠢᠶ᠎ᠡ᠎ᠪᠠᠷ ᠬᠢᠨᠠᠨ ᠡᠵᠡᠮᠳᠡᠬᠦ ᠲᠥᠪ᠎ᠠᠴᠠ ᠦᠬᠠᠢ᠎ᠳᠤ ᠪᠦᠬᠦ ᠣᠷᠣᠨ᠎ᠤ ᠠᠦ᠋ᠲ ᠵᠶ᠋ᠠᠷ ᠬᠢᠨᠠᠨ ᠡᠵᠡᠮᠳᠡᠬᠦ ᠲᠤᠬᠠᠢ᠌ᠯᠠᠭᠰᠠᠨ ᠠᠵᠢᠯ᠎ᠤᠨ ᠰᠤᠳᠤᠯᠤᠨ ᠶᠠᠷᠢᠯᠴᠠᠬᠤ ᠬᠤᠷᠠᠯ᠎ᠢ ᠬᠤᠷᠠᠯᠳᠤᠭᠤᠯᠵᠠᠢ᠃


      ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠰᠦᠯᠵᠢᠶ᠎ᠡ᠎ᠪᠠᠷ ᠬᠢᠨᠠᠨ ᠡᠵᠡᠮᠳᠡᠬᠦ ᠲᠥᠪ᠎ᠤᠨ ᠡᠷᠬᠢᠯᠡᠭᠴᠢ ᠠᠶᠤᠩᠭ᠎ᠠ᠂ ᠦᠬᠠᠢ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠳᠡᠳ᠋ ᠳᠠᠷᠤᠭ᠎ᠠ ᠯᠢ ᠸᠧᠨ ᠬᠤᠢ ᠬᠤᠷᠠᠯ᠎ᠳᠤ ᠣᠷᠣᠯᠴᠠᠭᠰᠠᠨ᠎ᠤ ᠬᠠᠮᠲᠤ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠰᠦᠯᠵᠢᠶ᠎ᠡ᠎ᠪᠠᠷ ᠬᠢᠨᠠᠨ ᠡᠵᠡᠮᠳᠡᠬᠦ ᠲᠥᠪ᠎ᠤᠨ ᠳᠡᠳ᠋ ᠡᠷᠬᠢᠯᠡᠭᠴᠢ ᠵᠢᠢ ᠷᠦᠨ ᠭᠠᠩ ᠬᠤᠷᠠᠯ᠎ᠢ ᠡᠷᠬᠢᠯᠡᠪᠡ᠃ ᠪᠦᠬᠦ ᠣᠷᠣᠨ᠎ᠤ ᠡᠯ᠎ᠡ ᠠᠢ᠌ᠮᠠᠭ ᠬᠣᠲᠠ ᠵᠢᠨ ᠠᠦ᠋ᠲ ᠵᠶ᠋ᠠᠷ ᠬᠢᠨᠠᠨ ᠡᠵᠡᠮᠳᠡᠬᠦ ᠲᠤᠬᠠᠢ᠌ᠯᠠᠭᠰᠠᠨ ᠠᠵᠢᠯ᠎ᠤᠨ ᠬᠠᠷᠢᠭᠤᠴᠠᠯᠭ᠋ᠠᠲᠠᠨ ᠵᠢᠴᠢ ᠨᠢᠷᠤᠭᠤᠪᠴᠢ ᠠᠵᠢᠯᠲᠠᠨ ᠨᠡᠢ᠌ᠲᠡ 50 ᠭᠠᠷᠤᠢ ᠬᠥᠮᠥᠨ ᠬᠤᠷᠠᠯ᠎ᠳᠤ ᠣᠷᠣᠯᠴᠠᠵᠠᠢ᠃
      ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠰᠦᠯᠵᠢᠶ᠎ᠡ᠎ᠪᠠᠷ ᠬᠢᠨᠠᠨ ᠡᠵᠡᠮᠳᠡᠬᠦ ᠲᠥᠪ᠎ᠤᠨ ᠲᠣᠭ᠎ᠠ ᠪᠠᠷᠢᠮᠲᠠ ᠵᠢᠨ ᠵᠠᠳᠠᠯᠤᠯᠲᠠ ᠵᠢᠴᠢ ᠲᠤᠬᠠᠢ ᠵᠢᠨ ᠲᠠᠯᠠᠪᠤᠷ᠎ᠤᠨ ᠬᠡᠰᠡᠭ᠎ᠤᠨ ᠠᠵᠢᠯ᠎ᠤᠨ ᠨᠢᠷᠤᠭᠤᠪᠴᠢ ᠠᠵᠢᠯᠲᠠᠳ᠎ᠠᠴᠠ ᠪᠦᠬᠦ ᠣᠷᠣᠨ᠎ᠤ 2019 ᠣᠨ᠎ᠳᠤ ᠬᠢᠨᠠᠨ ᠡᠵᠡᠮᠳᠡᠭᠰᠡᠨ ᠭᠣᠣᠯᠳᠠᠯᠭ᠎ᠠ᠎ᠲᠠᠢ ᠠᠵᠢᠯ᠎ᠢ ᠡᠮᠬᠢᠯᠡᠨ ᠳᠢᠭᠯᠡᠵᠦ᠂ ᠣᠷᠣᠰᠢᠵᠤ ᠪᠠᠢ᠌ᠭ᠎ᠠ ᠠᠰᠠᠭᠤᠳᠠᠯ᠎ᠳᠤ ᠵᠠᠳᠠᠯᠤᠯᠲᠠ ᠬᠢᠭᠰᠡᠨ᠎ᠤ ᠬᠠᠮᠲᠤ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠬᠢᠨᠠᠨ ᠡᠵᠡᠮᠳᠡᠬᠦ ᠠᠵᠢᠯ᠎ᠤᠨ ᠬᠠᠮᠤᠭ᠎ᠤᠨ ᠰᠢᠨ᠎ᠡ ᠱᠠᠭ᠋ᠠᠷᠳᠠᠯᠭ᠎ᠠ ᠵᠢ ᠤᠯᠠᠮᠵᠢᠯᠠᠪᠠ᠃ ᠬᠤᠷᠠᠯ᠎ᠤᠨ ᠬᠤᠭᠤᠴᠠᠭ᠋ᠠᠨ᠎ᠳᠤ᠂ ᠡᠯ᠎ᠡ ᠠᠢ᠌ᠮᠠᠭ ᠬᠣᠲᠠ ᠵᠢᠨ ᠠᠦ᠋ᠲ ᠵᠶ᠋ᠠᠷ ᠬᠢᠨᠠᠨ ᠡᠵᠡᠮᠳᠡᠬᠦ ᠬᠠᠷᠢᠭᠤᠴᠠᠯᠭ᠋ᠠᠲᠠᠳ ᠵᠢᠴᠢ ᠨᠢᠷᠤᠭᠤᠪᠴᠢ ᠠᠵᠢᠯᠲᠠᠳ ᠶᠠᠷᠢᠯᠴᠠᠭ᠎ᠠ ᠰᠣᠯᠢᠯᠴᠠᠭ᠎ᠠ ᠥᠷᠨᠢᠭᠦᠯᠵᠦ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠣᠳᠠᠰᠯᠢᠭ ᠬᠣᠯᠪᠣᠭ᠋ᠠᠲᠤ ᠰᠦᠯᠵᠢᠶ᠎ᠡ ᠵᠢᠨ ᠬᠢᠨᠠᠨ ᠡᠵᠡᠮᠳᠡᠬᠦ ᠲᠠᠪᠴᠠᠩ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠦᠯᠵᠢᠶ᠎ᠡ᠎ᠪᠠᠷ ᠬᠢᠨᠠᠨ ᠡᠵᠡᠮᠳᠡᠬᠦ ᠠᠵᠤ ᠠᠬᠤᠢ᠌ᠯᠠᠯ᠎ᠤᠨ ᠬᠢᠨᠠᠯᠲᠠ ᠬᠠᠮᠢᠶᠠᠷᠤᠯᠲᠠ ᠬᠢᠭᠡᠳ ᠦᠢ᠍ᠯᠡᠴᠢᠯᠡᠭᠡ ᠵᠢᠨ ᠲᠠᠪᠴᠠᠩ᠂ ᠪᠠᠷᠢᠮᠵᠢᠶ᠎ᠠ᠎ᠠᠴᠠ ᠬᠡᠲᠦᠷᠡᠭᠦᠯᠦᠨ ᠪᠣᠬᠢᠷᠲᠤᠯ ᠡᠳ᠋ ᠭᠠᠳᠠᠭᠰᠢᠯᠠᠭᠤᠯᠬᠤ ᠵᠢ ᠰᠡᠷᠡᠮᠵᠢᠯᠡᠭᠦᠯᠵᠦ ᠬᠣᠯᠪᠣᠭ᠋ᠠᠯᠠᠨ ᠦᠢ᠍ᠯᠡᠳᠦᠯᠴᠡᠬᠦ ᠪᠠ ᠬᠢᠨᠠᠨ ᠬᠠᠮᠢᠶᠠᠷᠬᠤ ᠲᠠᠪᠴᠠᠩ᠎ᠢ ᠳᠡᠰ ᠳᠡᠪᠰᠢᠭᠦᠯᠬᠦ᠂ ᠪᠠᠢ᠌ᠭᠤᠯᠬᠤ ᠵᠢᠨ ᠨᠠᠷᠢᠨ ᠨᠢᠭᠲᠠ ᠬᠡᠷᠡᠭᠴᠡᠭᠡ ᠱᠠᠭ᠋ᠠᠷᠳᠠᠯᠭ᠎ᠠ ᠵᠢ ᠳᠤᠷᠠᠳᠤᠨ ᠭᠠᠷᠭ᠋ᠠᠪᠠ; ᠠᠦ᠋ᠲ ᠵᠶ᠋ᠠᠷ ᠬᠢᠨᠠᠨ ᠡᠵᠡᠮᠳᠡᠬᠦ ᠠᠵᠤ ᠠᠬᠤᠢ᠌ᠯᠠᠯ᠎ᠤᠨ ᠰᠠᠭᠤᠷᠢ ᠲᠣᠭ᠎ᠠ ᠪᠠᠷᠢᠮᠲᠠ ᠵᠢᠨ ᠬᠠᠮᠢᠶᠠᠷᠤᠯᠲᠠ ᠵᠢᠨ ᠠᠵᠢᠯ᠎ᠤᠨ ᠬᠢᠷᠢ ᠲᠦᠪᠰᠢᠨ᠎ᠢ ᠳᠡᠭᠡᠭᠰᠢᠯᠡᠭᠦᠯᠬᠦ᠎ᠳᠤ ᠪᠣᠳᠠᠲᠠᠢ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠵᠠᠢ᠃


      ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠰᠦᠯᠵᠢᠶ᠎ᠡ᠎ᠪᠠᠷ ᠬᠢᠨᠠᠨ ᠡᠵᠡᠮᠳᠡᠬᠦ ᠲᠥᠪ᠎ᠤᠨ ᠡᠷᠬᠢᠯᠡᠭᠴᠢ ᠠᠶᠤᠩᠭ᠎ᠠ ᠣᠢ᠌ᠷ᠎ᠠ ᠵᠢᠨ ᠵᠢᠯ᠎ᠤᠳ᠎ᠠᠴᠠ ᠨᠠᠭ᠋ᠠᠰᠢᠬᠢ ᠣᠷᠴᠢᠨ ᠲᠣᠭᠣᠷᠢᠨ᠎ᠤ ᠰᠦᠯᠵᠢᠶ᠎ᠡ᠎ᠪᠠᠷ ᠬᠢᠨᠠᠨ ᠡᠵᠡᠮᠳᠡᠬᠦ ᠠᠵᠢᠯ᠎ᠳᠤ ᠣᠯᠣᠭᠰᠠᠨ ᠦᠷ᠎ᠡ ᠪᠦᠲᠦᠮᠵᠢ ᠵᠢ ᠡᠷᠭᠢᠴᠡᠭᠦᠯᠦᠭᠰᠡᠨ᠎ᠤ ᠬᠠᠮᠲᠤ ᠨᠤᠲᠠᠯᠠᠯᠲᠠ ᠬᠢᠵᠦ᠂ 《ᠲᠠᠪᠤ ᠵᠢ ᠨᠢᠭᠡᠳᠬᠡᠬᠦ》 ᠠᠵᠢᠯ᠎ᠤᠨ ᠱᠠᠭ᠋ᠠᠷᠳᠠᠯᠭ᠎ᠠ ᠵᠢ ᠤᠯᠠᠮᠵᠢᠯᠠᠨ᠂ ᠪᠦᠬᠦ ᠣᠷᠣᠨ᠎ᠤ ᠣᠷᠴᠢᠨ ᠲᠣᠭᠣᠷᠢᠨ᠎ᠤ ᠰᠦᠯᠵᠢᠶ᠎ᠡ᠎ᠪᠠᠷ ᠬᠢᠨᠠᠨ ᠡᠵᠡᠮᠳᠡᠬᠦ ᠣᠳᠣᠬᠠᠨ ᠪᠠ ᠬᠣᠢ᠌ᠰᠢᠳᠠ ᠵᠢᠨ ᠨᠢᠭᠡ ᠬᠡᠰᠡᠭ ᠬᠤᠭᠤᠴᠠᠭ᠋ᠠᠨ᠎ᠤ ᠠᠵᠢᠯ᠎ᠳᠤ ᠴᠢᠷᠮᠠᠢ᠌ᠨ ᠤᠷᠤᠭᠰᠢᠯᠠᠬᠤ ᠴᠢᠭᠯᠡᠯ᠎ᠢ ᠵᠢᠭ᠋ᠠᠨ ᠲᠣᠳᠣᠷᠬᠠᠢ᠌ᠯᠠᠵᠠᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠳᠡᠳ᠋ ᠲᠣᠭᠣᠷᠢᠨ ᠪᠠᠢ᠌ᠴᠠᠭ᠋ᠠᠭᠴᠢ ᠵᠠᠩ ᠱᠦ᠍ ᠯᠢ ᠠᠯᠠᠱ᠌ᠠ ᠠᠢ᠌ᠮᠠᠭ᠎ᠲᠤ ᠬᠦᠷᠴᠦ ᠲᠥᠪ᠎ᠤᠨ ᠣᠷᠴᠢᠨ ᠲᠣᠭᠣᠷᠢᠨ᠎ᠢ ᠬᠠᠮᠠᠭ᠋ᠠᠯᠠᠬᠤ ᠰᠢᠮᠳᠠᠭᠤᠯᠤᠨ ᠪᠠᠢ᠌ᠴᠠᠭ᠋ᠠᠯᠲᠠ ᠵᠢᠨ ᠬᠠᠷᠢᠭᠤ ᠲᠤᠰᠬᠠᠭᠰᠠᠨ ᠰᠠᠨᠠᠯ ᠵᠶ᠋ᠠᠷ ᠴᠡᠭᠴᠡᠯᠡᠨ ᠥᠭᠡᠷᠡᠴᠢᠯᠡᠬᠦ ᠠᠵᠢᠯ᠎ᠳᠤ ᠪᠠᠢ᠌ᠴᠠᠭ᠋ᠠᠯᠲᠠ ᠵᠢᠯᠣᠭᠣᠳᠤᠯᠭ᠎ᠠ ᠬᠢᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠠᠳᠠᠯ ᠦᠢ᠍ᠯᠡᠰ ᠴᠣᠭᠴᠠᠯᠠᠬᠤ ᠨᠡᠢ᠌ᠭᠡᠮ ᠲᠣᠭᠣᠷᠢᠭ᠎ᠲᠤ ᠬᠦᠷᠴᠦ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠭᠤᠯᠭ᠎ᠠ ᠵᠢᠴᠢ ᠲᠣᠬᠣᠨᠢᠭᠤᠯᠬᠤ ᠠᠵᠢᠯᠯᠠᠭ᠎ᠠ ᠥᠷᠨᠢᠭᠦᠯᠪᠡ
《ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠦᠲᠦᠭᠡᠨ ᠪᠠᠢ᠌ᠭᠤᠯᠬᠤ᠎ᠳᠤ᠂ ᠪᠢ ᠪᠣᠯ ᠦᠢ᠍ᠯᠡᠳᠦᠯᠭᠡᠵᠢᠭᠦᠯᠦᠭᠴᠢ ᠮᠥᠨ — ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠢ ᠪᠦᠲᠦᠭᠡᠨ ᠪᠠᠢ᠌ᠭᠤᠯᠬᠤ᠎ᠳᠤ᠂ ᠪᠢ ᠪᠣᠯ ᠰᠠᠬᠢᠨ ᠬᠠᠮᠠᠭ᠋ᠠᠯᠠᠭᠴᠢ ᠮᠥᠨ》 ᠭᠡᠬᠦ 2019 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《6 · 5》 ᠵᠢᠨ ᠣᠷᠴᠢᠨ ᠲᠣᠭᠣᠷᠢᠨ᠎ᠤ ᠡᠳᠦᠷ᠎ᠤᠨ ᠭᠣᠣᠯ ᠲᠠᠯᠠᠪᠤᠷ᠎ᠤᠨ ᠠᠵᠢᠯᠯᠠᠭ᠎ᠠ ᠬᠥᠬᠡᠬᠣᠲᠠ᠎ᠳᠤ ᠶᠠᠪᠤᠭᠳᠠᠪᠠ
《ᠥᠪᠥᠷ ᠮᠣᠩᠭᠣᠯ᠎ᠤᠨ ᠬᠦᠨᠳᠦ ᠪᠣᠬᠢᠷᠲᠤᠯ᠎ᠲᠠᠢ ᠴᠠᠭ ᠠᠭᠤᠷ᠎ᠢ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠮᠡᠷᠭᠡᠵᠢᠯ᠎ᠤᠨ ᠰᠤᠳᠤᠯᠤᠯᠲᠠ ᠬᠢᠭᠡᠳ ᠬᠠᠮ ᠬᠡᠷᠡᠭᠯᠡᠯᠲᠡ》 ᠵᠢᠨ ᠲᠥᠷᠥᠯ ᠵᠦᠢ᠍ᠯ᠎ᠨᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠬᠢᠨᠠᠨ ᠲᠣᠭᠲᠠᠭ᠋ᠠᠯᠲᠠ ᠵᠢ ᠤᠷᠤᠭᠰᠢᠲᠠᠢ ᠥᠩᠭᠡᠷᠡᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ 《ᠠᠩᠬᠠᠨ᠎ᠤ ᠵᠣᠷᠢᠯᠲᠠ᠎ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠶ᠎ᠡ》 ᠭᠡᠬᠦ ᠭᠣᠣᠯ ᠰᠡᠳᠦᠪᠲᠦ ᠬᠥᠮᠥᠵᠢᠯ᠎ᠤᠨ ᠳᠠᠢ᠌ᠴᠢᠯᠠᠨ ᠪᠠᠢ᠌ᠷᠢᠯᠠᠭᠤᠯᠬᠤ ᠬᠤᠷᠠᠯ᠎ᠢ ᠬᠤᠷᠠᠯᠳᠤᠭᠤᠯᠪᠠ
 
             蒙ICP备05000248号