《ᠥᠪᠥᠷ ᠮᠣᠩᠭᠣᠯ᠎ᠤᠨ ᠬᠦᠨᠳᠦ ᠪᠣᠬᠢᠷᠲᠤᠯ᠎ᠲᠠᠢ ᠴᠠᠭ ᠠᠭᠤᠷ᠎ᠢ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠮᠡᠷᠭᠡᠵᠢᠯ᠎ᠤᠨ ᠰᠤᠳᠤᠯᠤᠯᠲᠠ ᠬᠢᠭᠡᠳ ᠬᠠᠮ ᠬᠡᠷᠡᠭᠯᠡᠯᠲᠡ》 ᠵᠢᠨ ᠲᠥᠷᠥᠯ ᠵᠦᠢ᠍ᠯ᠎ᠤᠨ ᠦᠷ᠎ᠡ ᠪᠦᠲᠦᠭᠡᠯ᠎ᠨᠢ 5 ᠳ᠋ᠤᠭ᠋ᠠᠷ ᠰᠠᠷ᠎ᠠ ᠵᠢᠨ 25᠎ᠤ ᠡᠳᠦᠷ ᠪᠡᠭᠡᠵᠢᠩ᠎ᠳᠤ ᠲᠤᠰᠬᠠᠢ ᠮᠡᠷᠭᠡᠵᠢᠯᠲᠡᠨ᠎ᠤ ᠳᠤᠭᠤᠢ᠌ᠯᠠᠩ᠎ᠤᠨ ᠬᠢᠨᠠᠨ ᠲᠣᠭᠲᠠᠭ᠋ᠠᠯᠲᠠ ᠵᠢ ᠤᠷᠤᠭᠰᠢᠲᠠᠢ ᠥᠩᠭᠡᠷᠡᠵᠦ᠂ ᠲᠤᠰᠬᠠᠢ ᠮᠡᠷᠭᠡᠵᠢᠯᠲᠡᠨ᠎ᠤ ᠳᠤᠭᠤᠢ᠌ᠯᠠᠩᠤᠨᠬᠢᠨᠤ 《ᠲᠤᠰ ᠰᠤᠳᠤᠯᠤᠯᠲᠠ ᠵᠢᠨ ᠦᠷ᠎ᠡ ᠪᠦᠲᠦᠭᠡᠯ᠎ᠨᠢ ᠪᠦᠬᠦᠯᠢ ᠴᠣᠭᠴᠠ ᠵᠢᠨ ᠲᠠᠯ᠎ᠠ᠎ᠪᠠᠷ ᠤᠯᠤᠰ᠎ᠤᠨ ᠲᠡᠷᠢᠭᠦᠨ᠎ᠤ ᠬᠢᠷᠢ ᠲᠦᠪᠰᠢᠨ᠎ᠳᠤ ᠬᠦᠷᠴᠦ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠣᠯᠢᠮᠠᠭ ᠡᠭᠦᠯᠡᠨ ᠲᠠᠪᠴᠠᠩ᠎ᠤᠨ ᠮᠡᠷᠭᠡᠵᠢᠯ ᠪᠠ ᠵᠡᠷᠭᠡᠴᠡᠭᠡ ᠣᠷᠣᠨ ᠪᠦᠰᠡ ᠵᠢᠨ ᠬᠣᠯᠢᠮᠠᠭ ᠵᠶ᠋ᠡᠷ ᠰᠢᠭᠢᠳᠬᠡᠨ ᠤᠭᠰᠠᠷᠠᠬᠤ ᠳᠠᠭᠤᠷᠢᠶᠠᠮᠠᠯ ᠮᠡᠷᠭᠡᠵᠢᠯ᠎ᠤᠨ ᠲᠠᠯ᠎ᠠ᠎ᠪᠠᠷ ᠳᠡᠯᠡᠬᠡᠢ ᠵᠢᠨ ᠲᠡᠷᠢᠭᠦᠨ᠎ᠤ ᠬᠢᠷᠢ ᠲᠦᠪᠰᠢᠨ᠎ᠳᠤ ᠬᠦᠷᠪᠡ》 ᠭᠡᠬᠦ ᠳᠡᠭᠡᠳᠦ ᠬᠡᠮᠵᠢᠶᠡᠨ᠎ᠤ ᠦᠨᠡᠯᠡᠯᠲᠡ ᠵᠢ ᠣᠯᠵᠠᠢ᠃
ᠲᠤᠰᠬᠠᠢ ᠮᠡᠷᠭᠡᠵᠢᠯᠲᠡᠨ᠎ᠤ ᠳᠤᠭᠤᠢ᠌ᠯᠠᠩ᠎ᠨᠢ ᠪᠡᠭᠡᠵᠢᠩ ᠶᠡᠬᠡ ᠰᠤᠷᠭ᠋ᠠᠭᠤᠯᠢ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠺᠣᠮᠫᠢᠦ᠋ᠲ᠋ᠧᠷ᠎ᠤᠨ ᠮᠡᠷᠭᠡᠵᠢᠯ᠎ᠤᠨ ᠰᠤᠳᠤᠯᠤᠯᠲᠠ ᠵᠢᠨ ᠲᠠᠰᠤᠭ᠂ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠬᠢᠨᠠᠨ ᠬᠡᠮᠵᠢᠬᠦ ᠶᠡᠷᠦᠩᠬᠡᠢ ᠥᠷᠲᠡᠭᠡ᠂ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠤᠯᠲᠠ ᠵᠢᠨ ᠬᠦᠷᠢᠶᠡᠯᠡᠩ᠂ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠲᠥᠯᠥᠪᠵᠢᠭᠦᠯᠭᠡ ᠵᠢᠨ ᠬᠦᠷᠢᠶᠡᠯᠡᠩ᠂ ᠪᠡᠭᠡᠵᠢᠩ᠎ᠤᠨ ᠬᠣᠲᠠ ᠵᠢᠨ ᠴᠠᠭ ᠠᠭ᠋ᠠᠷ᠎ᠤᠨ ᠰᠤᠳᠤᠯᠤᠯᠲᠠ ᠵᠢᠨ ᠲᠠᠰᠤᠭ ᠪᠠ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ 7 ᠲᠤᠰᠬᠠᠢ ᠮᠡᠷᠭᠡᠵᠢᠯᠲᠡᠨ ᠵᠶ᠋ᠡᠷ ᠪᠦᠷᠢᠯᠳᠦᠵᠦ᠂ ᠳᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ᠎ᠤᠨ ᠵᠠᠩ ᠶᠤᠸᠠᠨ ᠬᠠᠩ ᠠᠺᠠᠳᠧᠮᠢᠴᠢ ᠳᠤᠭᠤᠢ᠌ᠯᠠᠩ᠎ᠤᠨ ᠳᠠᠷᠤᠭ᠎ᠠ ᠪᠣᠯᠪᠠ᠃ ᠲᠤᠰᠬᠠᠢ ᠮᠡᠷᠭᠡᠵᠢᠯᠲᠡᠨ᠎ᠤ ᠳᠤᠭᠤᠢ᠌ᠯᠠᠩ᠎ᠠᠴᠠ ᠲᠥᠷᠥᠯ ᠵᠦᠢ᠍ᠯ᠎ᠢ ᠪᠡᠶᠡᠯᠡᠭᠦᠯᠦᠭᠰᠡᠨ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠤᠨ᠂ ᠬᠠᠮᠢᠶ᠎ᠠ ᠪᠦᠬᠦᠢ ᠮᠡᠷᠭᠡᠵᠢᠯ᠎ᠤᠨ ᠮᠠᠲ᠋ᠧᠷᠢᠶᠠᠯ᠎ᠢ ᠬᠢᠨᠠᠨ ᠦᠵᠡᠭᠰᠡᠨ᠎ᠤ ᠳᠠᠷᠠᠭ᠎ᠠ᠂ ᠲᠤᠯᠭ᠋ᠠᠨ ᠯᠠᠪᠯᠠᠬᠤ᠂ ᠮᠠᠳᠠᠭ᠎ᠲᠠᠢ ᠠᠰᠠᠭᠤᠳᠠᠯ᠎ᠳᠤ ᠲᠠᠢ᠌ᠯᠤᠮᠵᠢ ᠬᠢᠬᠦ ᠪᠠ ᠰᠤᠳᠤᠯᠤᠨ ᠶᠠᠷᠢᠯᠴᠠᠬᠤ᠎ᠪᠠᠷ ᠳᠠᠮᠵᠢᠭᠤᠯᠤᠨ᠂ ᠲᠤᠰ ᠲᠥᠷᠥᠯ ᠵᠦᠢ᠍ᠯ᠎ᠨᠢ ᠥᠪᠥᠷ ᠮᠣᠩᠭᠣᠯ᠎ᠤᠨ ᠥᠷᠭᠡᠨ ᠠᠭᠤᠳᠠᠮ ᠭᠠᠵᠠᠷ ᠨᠤᠲᠤᠭ᠎ᠲᠠᠢ ᠮᠥᠷᠲᠡᠭᠡᠨ ᠣᠯᠠᠨ ᠵᠦᠢ᠍ᠯ᠎ᠤᠨ ᠠᠭᠤᠷ ᠠᠮᠢᠰᠬᠤᠯ᠎ᠤᠨ ᠲᠥᠷᠥᠯ ᠬᠡᠯᠪᠡᠷᠢ ᠵᠢᠨ ᠬᠠᠮᠲᠤ ᠵᠢᠨ ᠨᠥᠯᠥᠭᠡ ᠵᠢ ᠬᠦᠷᠲᠡᠵᠦ ᠪᠠᠢ᠌ᠭ᠎ᠠ ᠣᠨᠴᠠᠯᠢᠭᠲᠤ ᠴᠢᠭᠯᠡᠭᠦᠯᠦᠨ᠂ ᠢᠨᠲ᠋ᠧᠷ ᠰᠦᠯᠵᠢᠶᠡᠨ᠎ᠤ ᠮᠡᠳᠡᠭᠡ ᠵᠠᠩᠭᠢᠵᠢᠯᠲᠠ ᠵᠢᠨ ᠬᠠᠮᠤᠭ᠎ᠤᠨ ᠰᠢᠨ᠎ᠡ ᠮᠡᠷᠭᠡᠵᠢᠯ ᠵᠢᠴᠢ ᠠᠭ᠋ᠠᠷ᠎ᠤᠨ ᠶᠠᠰᠤ ᠴᠢᠨᠠᠷ᠎ᠢ ᠤᠷᠢᠳᠴᠢᠯᠠᠨ ᠮᠡᠳᠡᠭᠡᠯᠡᠬᠦ ᠵᠠᠭᠪᠤᠷ᠎ᠢ ᠠᠰᠢᠭᠯᠠᠵᠤ᠂ ᠠᠭ᠋ᠠᠷ ᠮᠠᠨᠳᠠᠯ᠎ᠤᠨ ᠪᠣᠬᠢᠷᠲᠤᠯ᠎ᠤᠨ ᠡᠬᠢ ᠢᠷᠡᠯᠲᠡ ᠪᠠ ᠪᠣᠬᠢᠷᠲᠤᠯ᠎ᠳᠠᠬᠢ ᠬᠤᠪᠢ ᠨᠡᠮᠡᠷᠢ ᠵᠢ ᠣᠨᠣᠰᠢᠯᠠᠨ ᠲᠣᠭᠲᠠᠭ᠋ᠠᠵᠤ᠂ ᠬᠡᠰᠡᠭ ᠭᠠᠵᠠᠷ ᠪᠠ ᠣᠷᠣᠨ ᠬᠡᠪᠴᠢᠶᠡᠨ᠎ᠤ ᠣᠷᠴᠢᠨ ᠲᠣᠭᠣᠷᠢᠨ᠎ᠤ ᠶᠠᠰᠤ ᠴᠢᠨᠠᠷ᠂ ᠪᠣᠬᠢᠷᠲᠤᠯ᠎ᠤᠨ ᠨᠥᠯᠥᠭᠡ ᠵᠢᠨ ᠣᠷᠣᠨ ᠵᠠᠢ ᠬᠢᠭᠡᠳ ᠬᠡᠪᠴᠢᠶ᠎ᠡ ᠵᠢ ᠦᠨᠡᠯᠡᠨ ᠵᠢᠱ᠌ᠢᠬᠦ ᠪᠠ ᠤᠷᠢᠳᠴᠢᠯᠠᠨ ᠬᠡᠮᠵᠢᠵᠦ᠂ ᠣᠷᠣᠨ ᠬᠡᠪᠴᠢᠶᠡᠨ᠎ᠤ ᠪᠣᠬᠢᠷᠲᠤᠯ ᠡᠳ᠋᠎ᠤᠨ ᠬᠢᠯᠢ ᠵᠠᠭ᠋ᠠᠭ ᠠᠯᠤᠰᠯᠠᠵᠤ ᠳᠠᠮᠵᠢᠭᠤᠯᠤᠨ ᠬᠦᠷᠭᠡᠬᠦ ᠵᠢᠴᠢ ᠠᠳᠠᠯᠢ ᠪᠤᠰᠤ ᠭᠠᠵᠠᠷ ᠣᠷᠣᠨ ᠪᠠ ᠬᠣᠲᠠ ᠵᠢᠨ ᠪᠣᠬᠢᠷᠲᠤᠯ᠎ᠳᠠᠬᠢ ᠬᠤᠪᠢ ᠨᠡᠮᠡᠷᠢ ᠵᠢ ᠦᠨᠡᠯᠡᠨ ᠮᠠᠭ᠋ᠠᠳᠯᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠠᠭ᠋ᠠᠷ᠎ᠤᠨ ᠶᠠᠰᠤ ᠴᠢᠨᠠᠷ᠎ᠢ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ᠂ ᠠᠭ᠋ᠠᠷ ᠮᠠᠨᠳᠠᠯ᠎ᠤᠨ ᠪᠣᠬᠢᠷᠲᠤᠯ᠎ᠤᠨ ᠣᠷᠣᠨ ᠪᠦᠰᠡ ᠵᠢᠨ ᠬᠣᠯᠪᠣᠭ᠋ᠠᠯᠠᠨ ᠰᠡᠷᠭᠡᠢ᠌ᠯᠡᠵᠦ ᠬᠣᠯᠪᠣᠭ᠋ᠠᠯᠠᠨ ᠡᠵᠡᠮᠳᠡᠬᠦ᠂ ᠵᠢᠴᠢ ᠪᠡᠭᠡᠵᠢᠩ ᠲᠢᠶᠠᠨᠵᠢᠨ ᠾᠧᠪᠧᠢ ᠵᠢᠨ ᠴᠢᠬᠤᠯᠠ ᠶᠡᠬᠡ ᠠᠵᠢᠯᠯᠠᠭ᠎ᠠ ᠵᠢᠨ ᠠᠭ᠋ᠠᠷ᠎ᠤᠨ ᠶᠠᠰᠤ ᠴᠢᠨᠠᠷ᠎ᠢ ᠪᠠᠲᠤᠯᠠᠬᠤ᠎ᠳᠤ ᠵᠠᠩᠭᠢᠯᠠᠭ᠎ᠠ ᠵᠢᠨ ᠲᠤᠯᠭ᠋ᠠᠭᠤᠷᠢᠯᠠᠯ ᠬᠠᠩᠭ᠋ᠠᠪᠠ ᠭᠡᠵᠦ ᠨᠡᠢ᠌ᠳᠡᠮ᠎ᠳᠤ᠎ᠪᠠᠨ ᠢᠯᠡᠷᠬᠡᠢ᠌ᠯᠡᠵᠡᠢ᠃
ᠣᠢ᠌ᠯᠠᠭ᠋ᠠᠭᠰᠠᠨᠢ ᠦᠨᠳᠦᠰᠦᠯᠡᠪᠡᠯ᠂ ᠲᠤᠰ ᠲᠥᠷᠥᠯ ᠵᠦᠢ᠍ᠯ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠬᠦ ᠲᠥᠪ ᠥᠷᠲᠡᠭᠡ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠠᠭ᠋ᠠᠷ ᠮᠠᠨᠳᠠᠯ᠎ᠤᠨ ᠹᠢᠽᠢᠺ᠎ᠤᠨ ᠰᠤᠳᠤᠯᠤᠯᠲᠠ ᠵᠢᠨ ᠲᠠᠰᠤᠭ᠂ ᠳᠤᠮᠳᠠᠳᠤ ᠤᠯᠤᠰ᠎ᠤᠨ ᠨᠢᠭᠡᠳᠦᠮᠡᠯ ᠬᠣᠯᠪᠣᠭ᠋ᠠᠨ᠎ᠤ ᠰᠢᠰᠲ᠋ᠧᠮ᠎ᠤᠨ ᠬᠠᠮ ᠺᠣᠮᠫᠠᠨᠢ ᠪᠠ ᠵᠦᠩ ᠺᠧ ᠰᠠᠨ ᠴᠢᠩ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠢᠵᠠᠭ᠋ᠠᠷᠲᠤ ᠺᠣᠮᠫᠠᠨᠢ᠎ᠠᠴᠠ ᠬᠠᠮᠲᠤᠷᠠᠨ ᠪᠡᠶᠡᠯᠡᠭᠦᠯᠵᠦ᠂ ᠲᠤᠰ ᠰᠢᠰᠲ᠋ᠧᠮ᠎ᠤᠨ ᠲᠠᠪᠴᠠᠩ᠎ᠨᠢ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠲᠣᠭ᠎ᠠ ᠬᠡᠮᠵᠢᠭᠳᠡᠯ᠎ᠢ ᠤᠷᠢᠳᠴᠢᠯᠠᠨ ᠮᠡᠳᠡᠭᠡᠯᠡᠬᠦ ᠮᠠᠰᠢ ᠣᠯᠠᠨ ᠲᠡᠷᠢᠭᠦᠨ᠎ᠤ ᠵᠠᠭᠪᠤᠷ᠎ᠢ ᠨᠢᠭᠡᠳᠬᠡᠭᠰᠡᠨᠤ ᠬᠠᠮᠲᠤ᠂ ᠲᠠᠪᠴᠠᠩ᠎ᠤᠨ ᠬᠠᠲᠠᠭᠤ ᠲᠣᠨᠣᠭ᠎ᠤᠨ ᠰᠢᠰᠲ᠋ᠧᠮ᠎ᠤᠨ ᠲᠠᠯ᠎ᠠ᠎ᠪᠠᠷ ᠰᠢᠨ᠎ᠡ ᠵᠢ ᠡᠭᠦᠳᠴᠦ᠂ ᠬᠡᠢ᠌ᠰᠪᠦᠷᠢᠯᠡᠭᠰᠡᠨ ᠬᠤᠪᠢ ᠵᠢᠨ ᠡᠭᠦᠯᠡᠨ ᠲᠠᠪᠴᠠᠩ ᠪᠠ ᠨᠠᠢ᠌ᠳᠠᠨ ᠬᠠᠮᠢᠶᠠᠷᠤᠭᠤᠯᠤᠭᠰᠠᠨ ᠬᠡᠳᠦ ᠪᠣᠳᠣᠯᠲᠠ ᠵᠢᠨ ᠡᠭᠦᠯᠡᠨ ᠲᠠᠪᠴᠠᠩ᠎ᠢ ᠨᠢᠭᠡᠳᠦᠯᠲᠡᠢ᠎ᠪᠠᠷ ᠬᠠᠮᠢᠶᠠᠷᠤᠨ ᠬᠡᠷᠡᠭᠯᠡᠬᠦ ᠵᠢ ᠪᠡᠶᠡᠯᠡᠭᠦᠯᠪᠡ᠃ ᠪᠠᠢ᠌ᠭᠤᠯᠵᠤ ᠠᠰᠢᠭᠯᠠᠯᠲᠠ᠎ᠳᠤ ᠣᠷᠣᠭᠤᠯᠤᠭᠰᠠᠨ᠎ᠠᠴᠠ ᠨᠠᠭ᠋ᠠᠰᠢ᠂ ᠬᠣᠲᠠ ᠵᠢᠨ ᠠᠭ᠋ᠠᠷ᠎ᠤᠨ ᠶᠠᠰᠤ ᠴᠢᠨᠠᠷ᠎ᠤᠨ ᠵᠡᠷᠭᠡ ᠳᠡᠰ᠎ᠢ 24 ᠴᠠᠭ᠎ᠲᠤ ᠤᠷᠢᠳᠴᠢᠯᠠᠨ ᠮᠡᠳᠡᠭᠡᠯᠡᠭᠰᠡᠨ ᠣᠨᠣᠪᠴᠢ ᠵᠢᠨ ᠨᠣᠷᠮ᠎ᠠ᠎ᠨᠢ 80%᠎ᠳᠤ ᠬᠦᠷᠴᠦ᠂ ᠬᠦᠨᠳᠦ ᠪᠣᠬᠢᠷᠲᠤᠯ᠎ᠲᠠᠢ ᠴᠠᠭ ᠠᠭ᠋ᠠᠷ᠎ᠤᠨ ᠶᠠᠪᠤᠴᠠ ᠵᠢ ᠰᠡᠷᠡᠮᠵᠢᠯᠡᠭᠦᠯᠦᠨ ᠨᠡᠢ᠌ᠲᠡᠯᠡᠭᠰᠡᠨ ᠣᠨᠣᠪᠴᠢ ᠵᠢᠨ ᠨᠣᠷᠮ᠎ᠠ᠎ᠨᠢ 90%᠎ᠳᠤ ᠬᠦᠷᠴᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠠᠭ᠋ᠠᠷ᠎ᠤᠨ ᠶᠠᠰᠤ ᠴᠢᠨᠠᠷ᠎ᠢ ᠤᠷᠢᠳᠴᠢᠯᠠᠨ ᠮᠡᠳᠡᠭᠡᠯᠡᠬᠦ᠂ ᠬᠦᠨᠳᠦ ᠪᠣᠬᠢᠷᠲᠤᠯ᠎ᠲᠠᠢ ᠴᠠᠭ ᠠᠭ᠋ᠠᠷ᠎ᠢ ᠰᠡᠷᠡᠮᠵᠢᠯᠡᠭᠦᠯᠬᠦ᠂ ᠪᠣᠬᠢᠷᠲᠤᠯ᠎ᠤᠨ ᠡᠬᠢ ᠢᠷᠡᠯᠲᠡ ᠵᠢᠨ ᠰᠢᠯᠲᠠᠭ᠋ᠠᠨ᠎ᠢ ᠮᠥᠷᠳᠡᠬᠦ᠂ ᠣᠷᠴᠢᠨ ᠲᠣᠭᠣᠷᠢᠨ᠎ᠤ ᠮᠡᠳᠡᠭᠡ ᠵᠠᠩᠭᠢ ᠵᠢ ᠢᠯᠠ ᠪᠣᠯᠭ᠋ᠠᠬᠤ ᠵᠡᠷᠭᠡ ᠲᠠᠯ᠎ᠠ᠎ᠪᠠᠷ ᠲᠣᠪᠣᠢ᠌ᠮ᠎ᠠ ᠦᠷ᠎ᠡ ᠪᠦᠲᠦᠮᠵᠢ ᠣᠯᠵᠠᠢ᠃
