ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠵᠢᠷᠤᠬᠲᠦ᠍ ᠮᠡᠳᠡᠭᠡ
《ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠦᠲᠦᠭᠡᠨ ᠪᠠᠢ᠌ᠭᠤᠯᠬᠤ᠎ᠳᠤ᠂ ᠪᠢ ᠪᠣᠯ ᠦᠢ᠍ᠯᠡᠳᠦᠯᠭᠡᠵᠢᠭᠦᠯᠦᠭᠴᠢ ᠮᠥᠨ — ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠢ ᠪᠦᠲᠦᠭᠡᠨ ᠪᠠᠢ᠌ᠭᠤᠯᠬᠤ᠎ᠳᠤ᠂ ᠪᠢ ᠪᠣᠯ ᠰᠠᠬᠢᠨ ᠬᠠᠮᠠᠭ᠋ᠠᠯᠠᠭᠴᠢ ᠮᠥᠨ》 ᠭᠡᠬᠦ 2019 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《6 · 5》 ᠵᠢᠨ ᠣᠷᠴᠢᠨ ᠲᠣᠭᠣᠷᠢᠨ᠎ᠤ ᠡᠳᠦᠷ᠎ᠤᠨ ᠭᠣᠣᠯ ᠲᠠᠯᠠᠪᠤᠷ᠎ᠤᠨ ᠠᠵᠢᠯᠯᠠᠭ᠎ᠠ ᠬᠥᠬᠡᠬᠣᠲᠠ᠎ᠳᠤ ᠶᠠᠪᠤᠭᠳᠠᠪᠠ
ᠨᠡᠶ᠋ᠢᠲᠡᠯᠡᠭᠰᠡᠨ ᠴᠠᠭ᠄ 2019-06-12

     6 ᠳ᠋ᠤᠭ᠋ᠠᠷ ᠰᠠᠷ᠎ᠠ ᠵᠢᠨ 5᠎ᠤ ᠡᠳᠦᠷ᠂ 《ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠦᠲᠦᠭᠡᠨ ᠪᠠᠢ᠌ᠭᠤᠯᠬᠤ᠎ᠳᠤ᠂ ᠪᠢ ᠪᠣᠯ ᠦᠢ᠍ᠯᠡᠳᠦᠯᠭᠡᠵᠢᠭᠦᠯᠦᠭᠴᠢ ᠮᠥᠨ — ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠢ ᠪᠦᠲᠦᠭᠡᠨ ᠪᠠᠢ᠌ᠭᠤᠯᠬᠤ᠎ᠳᠤ᠂ ᠪᠢ ᠪᠣᠯ ᠰᠠᠬᠢᠨ ᠬᠠᠮᠠᠭ᠋ᠠᠯᠠᠭᠴᠢ ᠮᠥᠨ》 ᠭᠡᠬᠦ 2019 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《6 · 5》 ᠵᠢᠨ ᠣᠷᠴᠢᠨ ᠲᠣᠭᠣᠷᠢᠨ᠎ᠤ ᠡᠳᠦᠷ᠎ᠤᠨ ᠭᠣᠣᠯ ᠲᠠᠯᠠᠪᠤᠷ᠎ᠤᠨ ᠠᠵᠢᠯᠯᠠᠭ᠎ᠠ ᠵᠢ ᠬᠥᠬᠡᠬᠣᠲᠠ᠎ᠳᠠᠬᠢ ᠥᠪᠥᠷ ᠮᠣᠩᠭᠣᠯ᠎ᠤᠨ ᠦᠨᠳᠦᠰᠦᠲᠡᠨ᠎ᠤ ᠤᠷᠠᠯᠢᠭ ᠵᠦᠴᠦᠭᠡ ᠵᠢᠨ ᠬᠦᠷᠢᠶᠡᠯᠡᠩ᠎ᠳᠤ ᠶᠠᠪᠤᠭᠳᠠᠵᠠᠢ᠃
      ᠠᠵᠢᠯᠯᠠᠭ᠎ᠠ ᠵᠢᠨ ᠶᠠᠪᠤᠴᠠ᠎ᠳᠤ᠂ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ᠎ᠠᠴᠠ 《ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠢ ᠪᠦᠲᠦᠭᠡᠨ ᠪᠠᠢ᠌ᠭᠤᠯᠤᠭᠰᠠᠨ · ᠦᠨᠳᠦᠰᠦᠨ ᠱᠠᠲᠤᠨ᠎ᠤ ᠬᠠᠮᠤᠭ᠎ᠤᠨ ᠰᠠᠢ᠌ᠬᠠᠨ ᠣᠷᠴᠢᠨ ᠲᠣᠭᠣᠷᠢᠨ᠎ᠤ ᠬᠠᠮᠠᠭ᠋ᠠᠯᠠᠭᠴᠢ》᠎ᠪᠠᠷ ᠦᠨᠡᠯᠡᠨ ᠰᠣᠩᠭᠣᠭᠰᠠᠨ 17 ᠬᠥᠮᠥᠨ᠎ᠢ ᠬᠥᠬᠢᠭᠦᠯᠦᠨ ᠱᠠᠩᠨᠠᠭᠰᠠᠨ᠎ᠤ ᠬᠠᠮᠲᠤ᠂ ᠣᠬᠣᠷ ᠺᠢᠨᠣ᠋ ᠵᠢᠨ ᠬᠡᠯᠪᠡᠷᠢ᠎ᠪᠠᠷ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠳᠤ ᠠᠵᠢᠯᠯᠠᠨ ᠲᠡᠮᠡᠴᠡᠵᠦ᠂ ᠤᠯᠤᠰ ᠲᠥᠷᠥ ᠴᠢᠩᠭ᠎ᠠ᠂ ᠡᠷᠳᠡᠮ ᠴᠢᠳᠠᠪᠤᠷᠢ ᠥᠨᠳᠥᠷ᠂ ᠣᠪᠣᠷ ᠰᠤᠷᠲᠠᠯ ᠰᠠᠢ᠌ᠨ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠬᠦ᠂ ᠬᠦᠴᠢᠷ᠎ᠢ ᠣᠨᠴᠠᠭ᠋ᠠᠢ ᠲᠡᠰᠪᠦᠷᠢᠯᠡᠵᠦ ᠴᠢᠳᠠᠬᠤ᠂ ᠣᠨᠴᠠᠭ᠋ᠠᠢ ᠪᠠᠢ᠌ᠯᠳᠤᠨ ᠲᠡᠮᠡᠴᠡᠵᠦ ᠴᠢᠳᠠᠬᠤ᠂ ᠬᠤᠪᠢ ᠨᠡᠮᠡᠷᠢ᠎ᠪᠠᠨ ᠣᠨᠴᠠᠭ᠋ᠠᠢ ᠬᠠᠨᠳᠢᠪᠯᠠᠵᠤ ᠴᠢᠳᠠᠬᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠡᠨᠡ ᠬᠦ᠌ ᠰᠠᠯᠠᠭ᠎ᠠ 《ᠲᠡᠮᠦᠷ ᠴᠡᠷᠢᠭ》᠎ᠤᠨ ᠳᠦᠷᠢ ᠲᠥᠷᠬᠦ ᠵᠢ ᠢᠯᠡᠷᠡᠭᠦᠯᠵᠦ᠂ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ᠎ᠤ ᠺᠠᠳ᠋ᠷ ᠠᠵᠢᠯᠲᠠᠳ᠎ᠤᠨ ᠨᠡᠩ ᠣᠷᠭᠢᠯᠤᠮ᠎ᠠ ᠬᠠᠯᠠᠭᠤᠨ ᠰᠡᠳᠬᠢᠯᠭᠡ᠎ᠪᠠᠷ ᠪᠦᠬᠦ ᠣᠷᠣᠨ᠎ᠤ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠪᠠ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠡᠯ᠎ᠡ ᠵᠦᠢ᠍ᠯ᠎ᠤᠨ ᠠᠵᠢᠯ᠎ᠳᠤ ᠣᠷᠣᠯᠴᠠᠬᠤ ᠵᠢ ᠤᠷᠮᠠᠰᠢᠭᠤᠯᠤᠨ ᠵᠣᠷᠢᠭᠵᠢᠭᠤᠯᠵᠠᠢ᠃
      ᠡᠭᠦᠨ᠎ᠤ ᠬᠠᠮᠲᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠪᠦᠯᠦᠭ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠨᠡᠢ᠌ᠭᠡᠮ᠎ᠤᠨ ᠬᠢᠨᠠᠯᠲᠠ ᠲᠠᠯᠪᠢᠭᠴᠢ ᠵᠢ ᠨᠡᠢ᠌ᠲᠡᠯᠡᠭᠰᠡᠨ᠎ᠤ ᠬᠠᠮᠲᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠭᠤᠯᠭ᠎ᠠ ᠵᠢᠨ ᠡᠯᠴᠢᠨ — ᠤᠯᠤᠰ᠎ᠤᠨ ᠨᠢᠭᠡᠳᠦᠭᠡᠷ ᠳᠡᠰ᠎ᠤᠨ ᠳᠠᠭᠤᠤ ᠵᠢᠨ ᠦᠭᠡ ᠵᠣᠬᠢᠶᠠᠭᠴᠢ ᠺᠧ ᠮᠢᠩ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠳᠠᠭᠤᠯᠠᠭᠴᠢ 《ᠪᠣᠳᠢ ᠬᠠᠮᠲᠤᠯᠢᠭ》᠎ᠲᠤ ᠤᠷᠢᠯᠭ᠎ᠠ ᠵᠢᠨ ᠪᠢᠴᠢᠭ ᠭᠠᠷᠳᠠᠭᠤᠯᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠵᠡᠷᠭᠡ 20 ᠨᠢᠭᠡᠴᠢ᠎ᠠᠴᠠ ᠬᠣᠯᠪᠣᠭ᠋ᠠᠯᠠᠨ ᠨᠡᠢ᠌ᠲᠡᠯᠡᠭᠰᠡᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠠᠨᠠᠭ᠋ᠠᠴᠢᠯᠠᠭ᠎ᠠ ᠵᠢᠨ ᠪᠢᠴᠢᠭ᠎ᠢ ᠵᠠᠷᠯᠠᠨ ᠤᠩᠰᠢᠪᠠ᠃ ᠡᠭᠦᠨ᠎ᠤ ᠬᠠᠮᠲᠤ᠂ ᠥᠪᠥᠷ ᠮᠣᠩᠭᠣᠯ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠠᠢ᠌ᠨ ᠳᠤᠷᠠᠴᠢᠨ᠎ᠤ ᠨᠡᠢ᠌ᠭᠡᠮᠯᠢᠭ ᠪᠠᠢ᠌ᠭᠤᠯᠤᠭᠳᠠᠭᠰᠠᠨ᠎ᠢ ᠲᠤᠩᠬᠠᠭᠯᠠᠭᠰᠠᠨ᠎ᠤ ᠬᠠᠮᠲᠤ ᠫᠠᠢ᠌ᠰᠠ ᠰᠡᠬᠦᠵᠦ᠂ ᠲᠤᠭ ᠭᠠᠷᠳᠠᠭᠤᠯᠵᠠᠢ᠃
      ᠡᠨᠡ ᠵᠢᠯ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠪᠠ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ᠎ᠪᠠᠷ ᠵᠢᠯᠣᠭᠣᠳᠤᠮᠵᠢ ᠪᠣᠯᠭ᠋ᠠᠬᠤ ᠵᠢ ᠪᠠᠷᠢᠮᠲᠠᠯᠠᠨ᠂ 《6 · 5》 ᠵᠢᠨ ᠣᠷᠴᠢᠨ ᠲᠣᠭᠣᠷᠢᠨ᠎ᠤ ᠡᠳᠦᠷ ᠵᠶ᠋ᠡᠷ ᠲᠣᠬᠢᠶᠠᠯ ᠪᠣᠯᠭ᠋ᠠᠵᠤ᠂ ᠥᠪᠥᠷ ᠮᠣᠩᠭᠣᠯ᠎ᠤᠨ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠂ ᠣᠶᠣᠨ᠎ᠤ ᠪᠣᠯᠪᠠᠰᠤᠨ᠎ᠤ ᠪᠠᠢ᠌ᠭᠤᠯᠤᠯᠲᠠ ᠵᠢᠨ ᠠᠯᠪᠠᠨ ᠭᠡᠷ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠂ ᠣᠷᠣᠨ ᠰᠠᠭᠤᠴᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠬᠠᠤᠯᠢ ᠴᠠᠭ᠋ᠠᠵᠠ ᠵᠢᠨ ᠲᠢᠩᠬᠢᠮ᠂ ᠰᠤᠷᠭ᠋ᠠᠨ ᠬᠥᠮᠥᠵᠢᠯ᠎ᠤᠨ ᠲᠢᠩᠬᠢᠮ᠂ ᠷᠠᠳᠢᠣ᠋ ᠺᠢᠨᠣ᠋ ᠲᠧᠯᠸᠢᠰ᠎ᠤᠨ ᠲᠣᠪᠴᠢᠶ᠎ᠠ᠂ ᠡᠪᠯᠡᠯ᠎ᠤᠨ ᠬᠣᠷᠢᠶ᠎ᠠ᠂ ᠡᠮᠡᠭᠲᠡᠢ᠌ᠴᠦᠳ᠎ᠤᠨ ᠬᠣᠯᠪᠣᠭ᠎ᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠢ᠌ᠭᠡᠮᠯᠢᠭ ᠵᠡᠷᠭᠡ ᠠᠷᠪᠠᠨ ᠰᠠᠯᠠᠭ᠎ᠠ ᠮᠥᠴᠢᠷ ᠬᠣᠯᠪᠣᠭ᠋ᠠᠯᠠᠵᠤ᠂ ᠬᠥᠬᠡ ᠣᠭᠲᠠᠷᠭᠤᠢ ᠵᠢ ᠬᠠᠮᠠᠭ᠋ᠠᠯᠠᠬᠤ ᠳᠠᠢ᠌ᠯᠠᠯᠳᠤᠭ᠋ᠠᠨ ᠪᠠ ᠣᠷᠴᠢᠨ ᠲᠣᠭᠣᠷᠢᠨ᠎ᠤ ᠬᠠᠯᠠᠭᠤᠨ ᠴᠡᠭ᠎ᠤᠨ ᠠᠰᠠᠭᠤᠳᠠᠯ᠎ᠳᠤ ᠠᠩᠬᠠᠷᠤᠭᠤᠯᠤᠨ ᠲᠥᠪᠯᠡᠷᠡᠭᠦᠯᠵᠦ᠂ 《6 · 5》 ᠵᠢᠨ ᠣᠷᠴᠢᠨ ᠲᠣᠭᠣᠷᠢᠨ᠎ᠤ ᠡᠳᠦᠷ᠎ᠢ ᠳᠤᠷᠠᠰᠬᠠᠨ ᠤᠬᠠᠭᠤᠯᠬᠤ ᠠᠵᠢᠯᠯᠠᠭ᠎ᠠ ᠵᠢ ᠢᠳᠡᠪᠬᠢᠲᠡᠢ ᠥᠷᠨᠢᠭᠦᠯᠬᠦ᠎ᠪᠠᠷ ᠲᠣᠬᠢᠶᠠᠯ ᠪᠣᠯᠭ᠋ᠠᠵᠤ᠂ ᠣᠯᠠᠨ ᠲᠦᠮᠡᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠦᠵᠡᠯ ᠤᠬᠠᠮᠰᠠᠷ᠎ᠢ ᠴᠢᠩᠭ᠋ᠠᠷᠠᠭᠤᠯᠤᠨ᠎ᠠ; ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠡᠯᠡᠳᠬᠡᠮᠵᠢ ᠵᠢᠨ ᠨᠡᠭᠡᠭᠡᠯᠲᠡ ᠬᠢᠬᠦ ᠵᠢ ᠠᠬᠢᠭᠤᠯᠬᠤ᠎ᠪᠠᠷ ᠴᠣᠩᠬᠣᠪᠴᠢ ᠪᠣᠯᠭ᠋ᠠᠵᠤ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠦᠨ ᠤᠬᠠᠭᠤᠯᠬᠤ ᠬᠥᠮᠥᠵᠢᠯ᠎ᠢ ᠴᠢᠩᠭ᠋ᠠᠳᠬᠠᠨ᠎ᠠ; ᠠᠮᠢ ᠠᠬᠤᠢ ᠵᠢᠨ ᠰᠣᠶᠣᠯ᠎ᠢ ᠪᠠᠳᠠᠷᠠᠭᠤᠯᠬᠤ᠎ᠪᠠᠷ ᠬᠠᠷᠠᠯᠲᠠ ᠪᠣᠯᠭ᠋ᠠᠵᠤ᠂   ᠠᠮᠢ ᠠᠬᠤᠢ ᠵᠢᠨ ᠣᠷᠴᠢᠨ ᠲᠣᠭᠣᠷᠢᠨ᠎ᠤ ᠰᠣᠶᠣᠯ᠎ᠤᠨ ᠨᠡᠷᠡᠲᠦ ᠲᠡᠮᠳᠡᠭ᠎ᠢ ᠵᠣᠬᠢᠶᠠᠨ ᠪᠦᠲᠦᠭᠡᠨ᠎ᠡ; ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠯᠤᠭ᠎ᠠ ᠬᠠᠷᠢᠯᠴᠠᠨ ᠦᠢ᠍ᠯᠡᠳᠦᠯᠴᠡᠬᠦ ᠬᠠᠷᠢᠴᠠᠭ᠎ᠠ ᠵᠢ ᠪᠠᠢ᠌ᠭᠤᠯᠬᠤ᠎ᠪᠠᠷ ᠲᠣᠬᠢᠶᠠᠯ ᠪᠣᠯᠭ᠋ᠠᠵᠤ᠂ ᠨᠡᠢ᠌ᠭᠡᠮ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠦᠴᠦᠨ᠎ᠢ ᠳᠠᠢ᠌ᠴᠢᠯᠠᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ᠎ᠳᠤ ᠥᠷᠭᠡᠨ ᠳᠡᠯᠭᠡᠷ ᠵᠶ᠋ᠡᠷ ᠣᠷᠣᠯᠴᠠᠭᠤᠯᠤᠨ᠎ᠠ; ᠰᠢᠨ᠎ᠡ ᠵᠠᠭᠤᠴᠢᠯᠠᠭᠤᠷ᠎ᠤᠨ ᠡᠩᠨᠡᠭᠡ ᠵᠢᠭᠰᠠᠭ᠋ᠠᠯ᠎ᠢ ᠪᠠᠢ᠌ᠭᠤᠯᠬᠤ᠎ᠪᠠᠷ ᠲᠠᠪᠴᠠᠩ ᠪᠣᠯᠭ᠋ᠠᠵᠤ᠂ ᠬᠠᠮ ᠵᠠᠭᠤᠴᠢᠯᠠᠭᠤᠷ᠎ᠤᠨ ᠡᠬᠢ ᠪᠠᠶᠠᠯᠢᠭ᠎ᠢ ᠭᠦᠨᠵᠡᠭᠡᠢ ᠨᠢᠭᠡᠳᠬᠡᠬᠦ ᠵᠢ ᠠᠬᠢᠭᠤᠯᠤᠨ᠎ᠠ; ᠪᠠᠢ᠌ᠭ᠋ᠠᠯᠢ ᠵᠢᠨ ᠰᠤᠷᠭ᠋ᠠᠭᠤᠯᠢ ᠪᠠ ᠣᠷᠴᠢᠨ ᠲᠣᠭᠣᠷᠢᠨ᠎ᠤ ᠬᠥᠮᠥᠵᠢᠯ᠎ᠤᠨ ᠰᠠᠭᠤᠷᠢᠨ ᠭᠠᠵᠠᠷ ᠵᠶ᠋ᠠᠷ ᠲᠦᠰᠢᠭ ᠪᠣᠯᠭ᠋ᠠᠵᠤ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠥᠮᠥᠵᠢᠯ᠎ᠢ ᠨᠡᠩ ᠭᠦᠨᠴᠡ ᠲᠡᠢ᠌ᠰᠢ ᠬᠥᠭᠵᠢᠭᠦᠯᠬᠦ ᠵᠢ ᠬᠠᠪᠰᠤᠷᠤᠨ ᠠᠬᠢᠭᠤᠯᠤᠨ᠎ᠠ; ᠡᠯ᠎ᠡ ᠡᠲᠡᠭᠡᠳ᠎ᠤᠨ᠎ᠬᠢᠨ᠎ᠢ ᠳᠠᠢ᠌ᠴᠢᠯᠠᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯᠯᠠᠭ᠋ᠠᠨ᠎ᠳᠤ ᠣᠷᠣᠯᠴᠠᠭᠤᠯᠬᠤ ᠰᠢᠰᠲ᠋ᠧᠮᠵᠢ ᠵᠢ ᠪᠠᠢ᠌ᠭᠤᠯᠬᠤ᠎ᠪᠠᠷ ᠬᠠᠷᠠᠯᠲᠠ ᠪᠣᠯᠭ᠋ᠠᠨ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠭᠤᠯᠭ᠎ᠠ ᠬᠥᠮᠥᠵᠢᠯ᠎ᠤᠨ ᠶᠡᠬᠡ ᠪᠠᠢ᠌ᠷᠢᠯᠠᠭᠤᠯᠤᠯᠲᠠ ᠵᠢ ᠪᠦᠷᠢᠯᠳᠦᠭᠦᠯᠬᠦ᠎ᠪᠠᠷ ᠭᠣᠣᠯᠳᠠᠯᠭ᠎ᠠ ᠪᠣᠯᠭ᠋ᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠶᠠᠳᠤᠭ᠋ᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠴᠢᠩᠭ᠋ᠠᠳᠬᠠᠬᠤ ᠪᠠᠢ᠌ᠯᠳᠤᠬᠤ ᠪᠣᠳᠣᠯᠭ᠎ᠠ ᠵᠢᠨ ᠲᠣᠭᠲᠠᠯ ᠬᠦᠴᠦᠨ᠎ᠢ ᠪᠠᠲᠤᠯᠠᠨ᠂ ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠭᠰᠠᠨ᠂ ᠪᠣᠬᠢᠷᠲᠤᠯ ᠦᠭᠡᠢ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠵᠠᠮ᠎ᠢ ᠰᠦᠪᠡᠭᠴᠢᠯᠡᠵᠦ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠰᠠᠢ᠌ᠲᠤᠷ ᠬᠢᠵᠦ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠂ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠢ ᠪᠦᠲᠦᠭᠡᠨ ᠪᠠᠢ᠌ᠭᠤᠯᠬᠤ ᠲᠡᠮᠡᠴᠡᠯ᠎ᠤᠨ ᠬᠦᠴᠦᠨ᠎ᠢ ᠨᠢᠭᠲᠠᠷᠠᠭᠤᠯᠵᠤ᠂ ᠡᠬᠡ ᠤᠯᠤᠰ᠎ᠤᠨ ᠤᠮᠠᠷᠠᠲᠤ ᠵᠢᠨ ᠡᠨᠡ ᠬᠦ᠌ ᠦᠵᠡᠰᠬᠦᠯᠡᠩᠲᠦ ᠰᠠᠢ᠌ᠬᠠᠨ ᠦᠵᠡᠮᠵᠢ ᠵᠢᠨ ᠣᠷᠣᠨ᠎ᠢ ᠰᠠᠬᠢᠨ ᠬᠠᠮᠠᠭ᠋ᠠᠯᠠᠬᠤ᠎ᠳᠤ ᠭᠦᠨ ᠵᠤᠵᠠᠭ᠋ᠠᠨ ᠠᠭᠤᠷ ᠠᠮᠢᠰᠬᠤᠯ᠎ᠢ ᠪᠣᠢ ᠪᠣᠯᠭ᠋ᠠᠨ᠎ᠠ᠃
      ᠣᠢ᠌ᠯᠠᠭ᠋ᠠᠭᠰᠠᠨ᠎ᠢ ᠦᠨᠳᠦᠰᠦᠯᠡᠪᠡᠯ᠂ ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠵᠢᠨ ᠬᠤᠭᠤᠴᠠᠭ᠋ᠠᠨ᠎ᠳᠤ᠂ ᠥᠪᠥᠷ ᠮᠣᠩᠭᠣᠯ᠎ᠠᠴᠠ ᠠᠮᠢ ᠠᠬᠤᠢ ᠣᠷᠴᠢᠨ ᠲᠣᠭᠣᠷᠢᠨ᠎ᠤ ᠶᠠᠮᠤᠨ ᠪᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠲᠤᠭᠤᠷᠪᠢᠭᠰᠠᠨ 《6 · 5》 ᠵᠢᠨ ᠣᠷᠴᠢᠨ ᠲᠣᠭᠣᠷᠢᠨ᠎ᠤ ᠡᠳᠦᠷ᠎ᠤᠨ ᠭᠣᠣᠯ ᠰᠡᠳᠦᠪᠲᠦ ᠤᠬᠠᠭᠤᠯᠭ᠎ᠠ ᠵᠢᠨ ᠮᠡᠳᠡᠭᠳᠡᠯ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠤᠳᠠᠨ᠎ᠤ ᠳᠡᠪᠲᠡᠷ᠂ ᠤᠬᠠᠭᠤᠯᠭ᠎ᠠ ᠵᠢᠨ ᠺᠢᠨᠣ᠋᠂ ᠣᠯᠠᠨ ᠨᠡᠢ᠌ᠲᠡ ᠵᠢᠨ ᠠᠰᠠᠷᠠᠮᠵᠢ ᠵᠢᠨ ᠵᠠᠷ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠳᠠᠭᠤᠤ ᠬᠥᠭᠵᠢᠮ᠂ ᠮᠣᠩᠭᠣᠯ ᠬᠢᠲᠠᠳ ᠬᠣᠣᠰ ᠬᠡᠯᠡᠨ᠎ᠤ ᠤᠬᠠᠭᠤᠯᠭ᠎ᠠ ᠵᠢᠨ ᠳᠡᠪᠲᠡᠷ ᠵᠡᠷᠭᠡ ᠵᠢ ᠵᠠᠯᠭ᠋ᠠᠭ᠎ᠠ᠎ᠪᠠᠷ ᠲᠠᠨᠢᠯᠴᠠᠭᠤᠯᠤᠨ ᠳᠡᠪᠰᠢᠭᠦᠯᠪᠡ᠃ ᠰᠣᠨᠢᠨ ᠮᠡᠳᠡᠭᠡ ᠨᠡᠢ᠌ᠲᠡᠯᠡᠬᠦ ᠬᠤᠷᠠᠯ᠂ ᠰᠦᠯᠵᠢᠶᠡᠨ᠎ᠤ ᠰᠢᠭᠤᠳ ᠨᠡᠪᠲᠡᠷᠡᠭᠦᠯᠭᠡ᠂ ᠲᠤᠰᠬᠠᠢ ᠪᠤᠯᠤᠩ᠎ᠤᠨ ᠲᠣᠬᠢᠷᠠᠭᠤᠯᠤᠯᠲᠠ᠂ ᠪᠢᠴᠢᠯ ᠪᠦᠷᠭᠡ ᠪᠠ ᠸᠢᠴᠠᠲ ᠵᠶ᠋ᠠᠷ ᠲᠤᠰᠬᠠᠢ ᠰᠡᠳᠦᠪ ᠲᠣᠬᠢᠷᠠᠭᠤᠯᠤᠨ ᠲᠠᠨᠢᠯᠴᠠᠭᠤᠯᠬᠤ᠂ ᠭᠣᠣᠯ ᠰᠡᠳᠦᠪᠲᠦ ᠰᠤᠷᠪᠤᠯᠵᠢᠯᠠᠭ᠎ᠠ ᠬᠢᠬᠦ᠂ ᠤᠬᠠᠭᠤᠯᠭ᠎ᠠ ᠵᠢᠨ ᠺᠢᠨᠣ᠋ ᠪᠠ ᠨᠡᠢ᠌ᠲᠡ ᠵᠢᠨ ᠠᠰᠠᠷᠠᠮᠵᠢ ᠵᠢᠨ ᠵᠠᠷ᠎ᠢ ᠨᠡᠪᠲᠡᠷᠡᠭᠦᠯᠬᠦ᠂ ᠣᠯᠠᠨ ᠨᠡᠢ᠌ᠲᠡ᠎ᠳᠤ ᠨᠡᠭᠡᠭᠡᠯᠲᠡ ᠬᠢᠬᠦ ᠠᠵᠢᠯᠯᠠᠭ᠎ᠠ ᠥᠷᠨᠢᠭᠦᠯᠬᠦ᠂ ᠪᠣᠯᠪᠠᠰᠤᠷᠠᠭᠤᠯᠤᠯ ᠬᠢᠬᠦ ᠪᠠ ᠤᠬᠠᠭᠤᠯᠭ᠎ᠠ ᠵᠢᠨ ᠮᠠᠲ᠋ᠧᠷᠢᠶᠠᠯ ᠲᠠᠷᠬᠠᠭ᠋ᠠᠭᠰᠠᠨ᠎ᠤ ᠬᠠᠮᠲᠤ᠂ ᠳᠤᠮᠳᠠᠳᠤ ᠤᠯᠤᠰ᠎ᠤᠨ ᠰᠢᠯᠵᠢᠭᠡ ᠬᠣᠯᠪᠣᠭ᠎ᠠ᠂ ᠳᠤᠮᠳᠠᠳᠤ ᠤᠯᠤᠰ᠎ᠤᠨ ᠨᠢᠭᠡᠲᠦᠮᠡᠯ ᠬᠣᠯᠪᠣᠭ᠎ᠠ᠂ ᠳᠤᠮᠳᠠᠳᠤ ᠤᠯᠤᠰ᠎ᠤᠨ ᠴᠠᠬᠢᠯᠭ᠋ᠠᠨ ᠮᠡᠳᠡᠭᠡ ᠭᠡᠬᠦ ᠭᠤᠷᠪᠠᠨ ᠶᠡᠬᠡ ᠠᠵᠢᠯᠯᠠᠭᠤᠯᠤᠨ ᠡᠵᠡᠩᠨᠡᠬᠦ ᠺᠣᠮᠫᠠᠨᠢ ᠵᠢᠨ ᠥᠪᠥᠷ ᠮᠣᠩᠭᠣᠯ᠎ᠳᠠᠬᠢ ᠰᠠᠯᠪᠤᠷᠢ ᠺᠣᠮᠫᠠᠨᠢ᠎ᠪᠠᠷ ᠳᠠᠮᠵᠢᠭᠤᠯᠤᠨ ᠪᠦᠬᠦ ᠣᠷᠣᠨ᠎ᠤ ᠥᠷᠭᠡᠨ ᠣᠯᠠᠨ ᠭᠠᠷ ᠤᠲᠠᠰᠤᠨ᠎ᠤ ᠬᠡᠷᠡᠭᠯᠡᠭᠴᠢ᠎ᠳᠤ 《6 · 5》 ᠵᠢᠨ ᠣᠷᠴᠢᠨ ᠲᠣᠭᠣᠷᠢᠨ᠎ᠤ ᠡᠳᠦᠷ᠎ᠤᠨ ᠭᠣᠣᠯ ᠰᠡᠳᠦᠪᠲᠦ ᠨᠡᠢ᠌ᠲᠡ ᠵᠢᠨ ᠠᠰᠠᠷᠠᠮᠵᠢ ᠵᠢᠨ ᠣᠬᠣᠷ ᠮᠡᠳᠡᠭᠡ ᠵᠢ ᠬᠦᠷᠭᠡᠬᠦ ᠵᠡᠷᠭᠡ ᠣᠯᠠᠨ ᠵᠦᠢ᠍ᠯ᠎ᠤᠨ ᠬᠡᠯᠪᠡᠷᠢ᠎ᠪᠠᠷ᠂ ᠪᠠᠶᠠᠯᠢᠭ ᠠᠭᠤᠯᠭ᠎ᠠ ᠪᠦᠬᠦᠢ ᠭᠣᠣᠯ ᠰᠡᠳᠦᠪᠲᠦ ᠰᠢᠷᠢᠰ ᠤᠬᠠᠭᠤᠯᠭ᠎ᠠ ᠵᠢᠨ ᠠᠵᠢᠯᠯᠠᠭ᠎ᠠ᠎ᠪᠠᠷ ᠳᠠᠮᠵᠢᠭᠤᠯᠤᠨ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠭᠤᠯᠭ᠎ᠠ ᠬᠥᠮᠥᠵᠢᠯ᠎ᠤᠨ ᠠᠵᠢᠯ᠎ᠢ ᠨᠡᠩ ᠭᠦᠨᠴᠡ ᠲᠡᠢ᠌ᠰᠢ ᠲᠠᠰᠤᠷᠠᠯᠲᠠ ᠦᠭᠡᠢ ᠠᠬᠢᠭᠤᠯᠵᠠᠢ᠃
     《6 · 5》 ᠵᠢᠨ ᠣᠷᠴᠢᠨ ᠲᠣᠭᠣᠷᠢᠨ᠎ᠤ ᠡᠳᠦᠷ᠎ᠤᠨ ᠬᠤᠭᠤᠴᠠᠭ᠋ᠠᠨ᠎ᠳᠤ᠂ ᠥᠪᠥᠷ ᠮᠣᠩᠭᠣᠯ᠎ᠤᠨ ᠡᠯ᠎ᠡ ᠠᠢ᠌ᠮᠠᠭ ᠬᠣᠲᠠ᠎ᠠᠴᠠ ᠣᠯᠠᠨ ᠬᠡᠯᠪᠡᠷᠢ ᠶᠠᠩᠵᠤ ᠵᠢᠨ᠂ ᠪᠠᠶᠠᠯᠢᠭ ᠠᠭᠤᠯᠭ᠎ᠠ ᠪᠦᠬᠦᠢ ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠵᠢ ᠵᠡᠷᠭᠡ᠎ᠪᠠᠷ ᠥᠷᠨᠢᠭᠦᠯᠵᠡᠢ᠃



      《ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠦᠲᠦᠭᠡᠨ ᠪᠠᠢ᠌ᠭᠤᠯᠬᠤ᠎ᠳᠤ᠂ ᠪᠢ ᠪᠣᠯ ᠦᠢ᠍ᠯᠡᠳᠦᠯᠭᠡᠵᠢᠭᠦᠯᠦᠭᠴᠢ ᠮᠥᠨ — ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠢ ᠪᠦᠲᠦᠭᠡᠨ ᠪᠠᠢ᠌ᠭᠤᠯᠬᠤ᠎ᠳᠤ᠂ ᠪᠢ ᠪᠣᠯ ᠰᠠᠬᠢᠨ ᠬᠠᠮᠠᠭ᠋ᠠᠯᠠᠭᠴᠢ ᠮᠥᠨ》 ᠭᠡᠬᠦ 2019 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《6 · 5》 ᠵᠢᠨ ᠣᠷᠴᠢᠨ ᠲᠣᠭᠣᠷᠢᠨ᠎ᠤ ᠡᠳᠦᠷ᠎ᠤᠨ ᠭᠣᠣᠯ ᠲᠠᠯᠠᠪᠤᠷ᠎ᠤᠨ ᠠᠵᠢᠯᠯᠠᠭ᠎ᠠ


      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠳᠡᠳ᠋ ᠳᠠᠷᠤᠭ᠎ᠠ ᠵᠠᠩ ᠬᠤᠢ ᠢᠦᠢ ᠠᠵᠢᠯᠯᠠᠭ᠎ᠠ᠎ᠳᠤ ᠪᠠᠶᠠᠷ᠎ᠤᠨ ᠦᠭᠡ ᠶᠠᠷᠢᠵᠤ ᠪᠠᠢ᠌ᠨ᠎ᠠ


      ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠎ᠤᠨ ᠳᠡᠳ᠋ ᠲᠣᠭᠣᠷᠢᠨ ᠪᠠᠢ᠌ᠴᠠᠭ᠋ᠠᠭᠴᠢ ᠰᠡᠴᠡᠨ 《〈ᠦᠵᠡᠰᠬᠦᠯᠡᠩᠲᠦ ᠰᠠᠢ᠌ᠬᠠᠨ ᠭᠡᠷ ᠣᠷᠣᠨ ᠵᠶ᠋ᠠᠨ ᠪᠠᠢ᠌ᠭᠤᠯᠬᠤ᠎ᠳᠤ᠂ ᠪᠢᠳᠡ ᠪᠣᠯ ᠰᠠᠬᠢᠨ ᠬᠠᠮᠠᠭ᠋ᠠᠯᠠᠭᠴᠢ ᠮᠥᠨ〉 ᠭᠡᠬᠦ ᠰᠠᠨᠠᠭ᠋ᠠᠴᠢᠯᠠᠭ᠎ᠠ ᠵᠢᠨ ᠪᠢᠴᠢᠭ》᠎ᠢ ᠵᠠᠷᠯᠠᠨ ᠤᠩᠰᠢᠵᠤ ᠪᠠᠢ᠌ᠨ᠎ᠠ


      ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠣᠷᠴᠢᠨ ᠲᠣᠭᠣᠷᠢᠨ᠎ᠤ ᠡᠬᠢ ᠪᠠᠶᠠᠯᠢᠭ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠠᠵᠢᠯ᠎ᠤᠨ ᠵᠥᠪᠯᠡᠯ᠎ᠤᠨ ᠡᠷᠬᠢᠯᠡᠭᠴᠢ ᠮᠧᠢ ᠵᠧᠨ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠬᠥᠮᠥᠨ ᠠᠮᠠ ᠡᠬᠢ ᠪᠠᠶᠠᠯᠢᠭ ᠣᠷᠴᠢᠨ ᠲᠣᠭᠣᠷᠢᠨ᠎ᠤ ᠵᠥᠪᠯᠡᠯ᠎ᠤᠨ ᠡᠷᠬᠢᠯᠡᠭᠴᠢ ᠶᠦᠨ ᡁᠢ ᠡᠾᠧᠦ᠎ᠠᠴᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠪᠦᠯᠦᠭ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠨᠡᠢ᠌ᠭᠡᠮ᠎ᠤᠨ ᠬᠢᠨᠠᠯᠲᠠ ᠲᠠᠯᠪᠢᠭᠴᠢᠳ᠎ᠲᠤ ᠤᠷᠢᠯᠭ᠎ᠠ ᠵᠢᠨ ᠪᠢᠴᠢᠭ ᠭᠠᠷᠳᠠᠭᠤᠯᠵᠤ ᠪᠠᠢ᠌ᠨ᠎ᠠ



      ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠳᠡᠳ᠋ ᠡᠷᠬᠢᠯᠡᠭᠴᠢ ᠰᠦᠨ ᠯᠢ ᠵᠢᠶᠠᠨ ᠥᠪᠥᠷ ᠮᠣᠩᠭᠣᠯ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠠᠢ᠌ᠨ ᠳᠤᠷᠠᠴᠢᠳ᠎ᠤᠨ ᠨᠡᠢ᠌ᠭᠡᠮᠯᠢᠭ᠎ᠤᠨ ᠫᠠᠢ᠌ᠰᠠ ᠵᠢ ᠰᠡᠬᠦᠭᠰᠡᠨ᠎ᠤ ᠬᠠᠮᠲᠤ ᠲᠤᠭ ᠭᠠᠷᠳᠠᠭᠤᠯᠵᠤ ᠪᠠᠢ᠌ᠨ᠎ᠠ


      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠳᠡᠳ᠋ ᠳᠠᠷᠤᠭ᠎ᠠ ᠬᠤᠤ ᠴᠢᠩ ᠸᠧᠨ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠬᠢᠨᠠᠨ ᠪᠠᠢ᠌ᠴᠠᠭ᠋ᠠᠬᠤ ᠵᠥᠪᠯᠡᠯ᠎ᠤᠨ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠵᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠳᠠᠷᠤᠭ᠎ᠠ ᠶᠠᠩ ᠸᠧᠨ ᠮᠢᠩ᠎ᠠᠴᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠬᠤᠭᠤᠴᠠᠭ᠋ᠠᠨ᠎ᠤ 《ᠪᠣᠬᠢᠷᠲᠤᠯ ᠦᠭᠡᠢ ᠥᠪᠥᠷ ᠮᠣᠩᠭᠣᠯ᠎ᠢ ᠪᠦᠲᠦᠭᠡᠨ ᠪᠠᠢ᠌ᠭᠤᠯᠤᠭᠰᠠᠨ · ᠦᠨᠳᠦᠰᠦᠨ ᠱᠠᠲᠤᠨ᠎ᠤ ᠬᠠᠮᠤᠭ᠎ᠤᠨ ᠰᠠᠢ᠌ᠬᠠᠨ ᠣᠷᠴᠢᠨ ᠲᠣᠭᠣᠷᠢᠨ᠎ᠤ ᠬᠠᠮᠠᠭ᠋ᠠᠯᠠᠭᠴᠢ》᠎ᠳᠤ ᠦᠨᠡᠮᠯᠡᠯ ᠭᠠᠷᠳᠠᠭᠤᠯᠤᠨ᠂ ᠫᠠᠢ᠌ᠰᠠ ᠰᠡᠬᠦᠵᠦ ᠪᠠᠢ᠌ᠨ᠎ᠠ


      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠳᠡᠳ᠋ ᠳᠠᠷᠤᠭ᠎ᠠ ᠵᠠᠩ ᠬᠤᠢ ᠢᠦᠢ᠎ᠠᠴᠠ ᠺᠧ ᠮᠢᠩ ᠪᠣᠯᠣᠨ ᠪᠣᠳᠢ ᠬᠠᠮᠲᠤᠯᠢᠭ᠎ᠲᠤ ᠥᠪᠥᠷ ᠮᠣᠩᠭᠣᠯ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠩᠬᠠᠳᠤᠭ᠋ᠠᠷ ᠪᠦᠯᠦᠭ ᠨᠡᠢ᠌ᠲᠡ ᠵᠢᠨ ᠠᠰᠠᠷᠠᠮᠵᠢ ᠵᠢᠨ ᠤᠬᠠᠭᠤᠯᠭ᠎ᠠ ᠵᠢᠨ ᠡᠯᠴᠢᠨ᠎ᠳᠤ ᠤᠷᠢᠯᠭ᠎ᠠ ᠵᠢᠨ ᠪᠢᠴᠢᠭ ᠭᠠᠷᠳᠠᠭᠤᠯᠵᠤ ᠪᠠᠢ᠌ᠨ᠎ᠠ


      《ᠦᠨᠳᠦᠰᠦᠨ ᠱᠠᠲᠤᠨ᠎ᠤ ᠬᠠᠮᠤᠭ᠎ᠤᠨ ᠰᠠᠢ᠌ᠬᠠᠨ ᠣᠷᠴᠢᠨ ᠲᠣᠭᠣᠷᠢᠨ᠎ᠤ ᠬᠠᠮᠠᠭ᠋ᠠᠯᠠᠭᠴᠢ》 ᠵᠢᠨ ᠲᠥᠯᠥᠭᠡᠯᠡᠭᠴᠢ᠎ᠠᠴᠠ ᠱᠠᠩᠨᠠᠯ ᠬᠦᠷᠲᠡᠭᠰᠡᠨ ᠲᠥᠷᠥᠭᠳᠡᠯ ᠰᠡᠳᠬᠢᠯᠭᠡ᠎ᠪᠠᠨ ᠢᠯᠡᠳᠬᠡᠵᠦ ᠪᠠᠢ᠌ᠨ᠎ᠠ


      ᠥᠪᠥᠷ ᠮᠣᠩᠭᠣᠯ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠨᠡᠢ᠌ᠲᠡ ᠵᠢᠨ ᠠᠰᠠᠷᠠᠮᠵᠢ ᠵᠢᠨ ᠤᠬᠠᠭᠤᠯᠭ᠎ᠠ ᠵᠢᠨ ᠡᠯᠴᠢᠨ ᠺᠧ ᠮᠢᠩ ᠲᠥᠷᠥᠭᠳᠡᠯ ᠰᠡᠳᠬᠢᠯᠭᠡ᠎ᠪᠠᠨ ᠢᠯᠡᠳᠬᠡᠵᠦ ᠪᠠᠢ᠌ᠨ᠎ᠠ






      ᠭᠣᠴᠣ ᠰᠠᠢ᠌ᠬᠠᠨ ᠤᠷᠠᠨ ᠰᠠᠢ᠌ᠬᠠᠨ᠎ᠤ ᠲᠣᠭᠯᠠᠯᠲᠠ

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
《ᠥᠪᠥᠷ ᠮᠣᠩᠭᠣᠯ᠎ᠤᠨ ᠬᠦᠨᠳᠦ ᠪᠣᠬᠢᠷᠲᠤᠯ᠎ᠲᠠᠢ ᠴᠠᠭ ᠠᠭᠤᠷ᠎ᠢ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠮᠡᠷᠭᠡᠵᠢᠯ᠎ᠤᠨ ᠰᠤᠳᠤᠯᠤᠯᠲᠠ ᠬᠢᠭᠡᠳ ᠬᠠᠮ ᠬᠡᠷᠡᠭᠯᠡᠯᠲᠡ》 ᠵᠢᠨ ᠲᠥᠷᠥᠯ ᠵᠦᠢ᠍ᠯ᠎ᠨᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠬᠢᠨᠠᠨ ᠲᠣᠭᠲᠠᠭ᠋ᠠᠯᠲᠠ ᠵᠢ ᠤᠷᠤᠭᠰᠢᠲᠠᠢ ᠥᠩᠭᠡᠷᠡᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ 《ᠠᠩᠬᠠᠨ᠎ᠤ ᠵᠣᠷᠢᠯᠲᠠ᠎ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠶ᠎ᠡ》 ᠭᠡᠬᠦ ᠭᠣᠣᠯ ᠰᠡᠳᠦᠪᠲᠦ ᠬᠥᠮᠥᠵᠢᠯ᠎ᠤᠨ ᠳᠠᠢ᠌ᠴᠢᠯᠠᠨ ᠪᠠᠢ᠌ᠷᠢᠯᠠᠭᠤᠯᠬᠤ ᠬᠤᠷᠠᠯ᠎ᠢ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ 《ᠠᠩᠬᠠᠨ᠎ᠤ ᠵᠣᠷᠢᠯᠲᠠ᠎ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠶ᠎ᠡ》 ᠭᠡᠬᠦ ᠭᠣᠣᠯ ᠰᠡᠳᠦᠪᠲᠦ ᠬᠥᠮᠥᠵᠢᠯ᠎ᠤᠨ ᠲᠠᠢ᠌ᠯᠤᠮᠵᠢ ᠵᠢ ᠡᠷᠬᠢᠯᠡᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠤᠯᠠᠭ᠋ᠠᠨᠬᠦᠦ ᠵᠢᠨ ᠳᠤᠷᠠᠰᠬᠠᠯ᠎ᠤᠨ ᠣᠷᠳᠣᠨ᠎ᠳᠤ ᠬᠦᠷᠴᠦ 《ᠠᠩᠬᠠᠨ᠎ᠤ ᠵᠣᠷᠢᠯᠲᠠ᠎ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠶ᠎ᠡ》 ᠭᠡᠬᠦ ᠬᠤᠪᠢᠰᠬᠠᠯᠲᠤ ᠤᠯᠠᠮᠵᠢᠯᠠᠯ᠎ᠤᠨ ᠬᠥᠮᠥᠵᠢᠯ᠎ᠤᠨ ᠠᠵᠢᠯᠯᠠᠭ᠎ᠠ ᠵᠢ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠢ᠌ᠴᠠᠭ᠋ᠠᠬᠤ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠭᠤᠯᠤᠯ᠎ᠤᠨ ᠠᠩᠭᠢ ᠵᠢ ᠡᠷᠬᠢᠯᠡᠪᠡ
 
             蒙ICP备05000248号