ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ 《ᠠᠩᠬᠠᠨ᠎ᠤ ᠵᠣᠷᠢᠯᠲᠠ᠎ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠶ᠎ᠡ》 ᠭᠡᠬᠦ ᠭᠣᠣᠯ ᠰᠡᠳᠦᠪᠲᠦ ᠬᠥᠮᠥᠵᠢᠯ᠎ᠤᠨ ᠠᠵᠢᠯ᠎ᠤᠨ ᠲᠣᠬᠢᠷᠠᠭᠤᠯᠤᠯᠲᠠ ᠶᠣᠰᠣᠭ᠋ᠠᠷ᠂ 6 ᠳ᠋ᠤᠭ᠋ᠠᠷ ᠰᠠᠷ᠎ᠠ ᠵᠢᠨ 21᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠤᠯᠠᠭ᠋ᠠᠨᠬᠦᠦ ᠵᠢᠨ ᠳᠤᠷᠠᠰᠬᠠᠯ᠎ᠤᠨ ᠣᠷᠳᠣᠨ᠎ᠳᠤ ᠬᠦᠷᠴᠦ 《ᠠᠩᠬᠠᠨ᠎ᠤ ᠵᠣᠷᠢᠯᠲᠠ᠎ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠶ᠎ᠡ》 ᠭᠡᠬᠦ ᠬᠤᠪᠢᠰᠬᠠᠯᠲᠤ ᠤᠯᠠᠮᠵᠢᠯᠠᠯ᠎ᠤᠨ ᠬᠥᠮᠥᠵᠢᠯ᠎ᠤᠨ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠪᠡ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ᠂ ᠪᠠᠢ᠌ᠭᠤᠯᠭ᠎ᠠ ᠵᠢᠨ ᠨᠠᠮ᠎ᠤᠨ ᠬᠣᠷᠢᠶ᠎ᠠ ᠵᠢᠨ ᠱᠦᠵᠢ᠂ ᠭᠣᠣᠯ ᠰᠡᠳᠦᠪᠲᠦ ᠬᠥᠮᠥᠵᠢᠯ᠎ᠤᠨ ᠳᠤᠭᠤᠢ᠌ᠯᠠᠩ᠎ᠤᠨ ᠠᠯᠪᠠᠨ ᠭᠡᠷ᠎ᠤᠨ ᠡᠷᠬᠢᠯᠡᠭᠴᠢ ᠵᠠᠩ ᠬᠤᠢ ᠢᠦᠢ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠵᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠳᠠᠷᠤᠭ᠎ᠠ ᠶᠠᠩ ᠸᠧᠨ ᠮᠢᠩ᠂ ᠲᠢᠩᠬᠢᠮ᠎ᠤᠨ ᠪᠠᠢ᠌ᠭᠤᠯᠭ᠎ᠠ ᠵᠢᠨ ᠪᠦᠬᠦ ᠺᠠᠳ᠋ᠷ᠂ ᠬᠠᠷᠢᠶᠠᠯᠠᠭᠳᠠᠬᠤ ᠠᠵᠢᠯ ᠦᠢ᠍ᠯᠡᠰ᠎ᠤᠨ ᠨᠢᠭᠡᠴᠢ ᠵᠢᠨ ᠤᠳᠤᠷᠢᠳᠬᠤ ᠪᠠᠭ᠎ᠤᠨ ᠭᠡᠰᠢᠭᠦᠳ ᠨᠡᠢ᠌ᠲᠡ 70 ᠭᠠᠷᠤᠢ ᠬᠥᠮᠥᠨ ᠲᠤᠰ ᠤᠳᠠᠭ᠋ᠠᠨ᠎ᠤ ᠠᠵᠢᠯᠯᠠᠭ᠎ᠠ᠎ᠳᠤ ᠣᠷᠣᠯᠴᠠᠵᠠᠢ᠃

ᠲᠠᠢ᠌ᠯᠪᠤᠷᠢᠯᠠᠭᠴᠢ ᠵᠢᠨ ᠳᠠᠭ᠋ᠠᠭᠤᠯᠭ᠎ᠠ ᠳᠣᠣᠷ᠎ᠠ᠂ ᠪᠦᠭᠦᠳᠡᠭᠡᠷ ᠤᠷᠢᠳ ᠬᠣᠵᠢᠳ 《ᠦᠨᠡᠨ ᠶᠣᠰᠣ ᠵᠢ ᠬᠥᠭᠡᠭᠡᠴᠡᠯᠳᠦᠵᠦ᠂ ᠬᠤᠪᠢᠰᠬᠠᠯᠳᠤ ᠣᠷᠣᠯᠴᠠᠭᠰᠠᠨ᠎ᠨᠢ》 《ᠬᠤᠪᠢᠰᠬᠠᠯ᠎ᠤᠨ ᠦᠷ᠎ᠡ ᠵᠢ ᠰᠠᠴᠤᠵᠤ᠂ ᠤᠯᠠᠭ᠋ᠠᠨ ᠲᠤᠭ᠎ᠢ ᠳᠠᠬᠢᠨᠲᠠ ᠨᠠᠮᠢᠷᠠᠭᠤᠯᠤᠭᠰᠠᠨ᠎ᠨᠢ》 《ᠪᠦᠯᠬᠦᠮᠳᠡᠨ ᠲᠡᠮᠡᠴᠡᠵᠦ᠂ ᠶᠠᠫᠤᠨ᠎ᠢ ᠡᠰᠡᠷᠭᠦᠴᠡᠬᠦ ᠳᠠᠢ᠌ᠨ᠎ᠢ ᠪᠠᠷᠢᠮᠲᠠᠯᠠᠭᠰᠠᠨ᠎ᠨᠢ》 《ᠥᠪᠡᠷᠲᠡᠭᠡᠨ ᠵᠠᠰᠠᠬᠤ ᠵᠢ ᠦᠢ᠍ᠯᠡᠳᠦᠯᠭᠡᠵᠢᠭᠦᠯᠵᠦ᠂ ᠭᠠᠪᠢᠶ᠎ᠠ ᠵᠢᠳᠬᠦᠯ᠎ᠨᠢ ᠲᠡᠦᠬᠡᠨ᠎ᠳᠤ ᠦᠯᠡᠳᠡᠭᠳᠡᠭᠰᠡᠨ᠎ᠨᠢ》 《ᠪᠦᠯᠬᠦᠮᠳᠡᠨ ᠪᠦᠲᠦᠭᠡᠨ ᠪᠠᠢ᠌ᠭᠤᠯᠤᠯᠲᠠ ᠬᠢᠵᠦ᠂ ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠮᠠᠨᠳᠤᠭᠤᠯᠤᠭᠰᠠᠨ᠎ᠨᠢ》 《ᠤᠯᠤᠰ ᠣᠷᠣᠨ᠎ᠤ᠎ᠪᠠᠨ ᠲᠥᠯᠥᠭᠡ ᠴᠢᠷᠮᠠᠢ᠌ᠨ ᠠᠵᠢᠯᠯᠠᠵᠤ᠂ ᠴᠢᠳᠠᠯ᠎ᠤᠨ ᠴᠢᠨᠡᠭᠡ᠎ᠪᠠᠷ ᠵᠶ᠋ᠡᠨ ᠬᠢᠴᠢᠶᠡᠨ ᠵᠢᠳᠬᠦᠭᠰᠡᠨ᠎ᠨᠢ》 ᠵᠡᠷᠭᠡ ᠵᠢᠷᠭᠤᠭ᠋ᠠᠨ ᠦᠵᠡᠭᠦᠯᠭᠡ ᠵᠢᠨ ᠲᠢᠩᠬᠢᠮ᠎ᠢ ᠲᠣᠭᠣᠷᠢᠨ ᠦᠵᠡᠵᠦ᠂ 《ᠲᠡᠦᠬᠡ ᠵᠢᠨ ᠰᠢᠯᠭ᠋ᠠᠯᠲᠠ ᠵᠢ ᠣᠯᠠᠨᠲᠠ ᠲᠤᠭᠤᠯᠤᠭᠰᠠᠨ ᠡᠪ ᠬᠠᠮᠲᠤ ᠶᠣᠰᠣᠨ᠎ᠤ ᠪᠠᠢ᠌ᠯᠳᠤᠭᠴᠢ᠂ ᠨᠠᠮ ᠪᠠ ᠤᠯᠤᠰ᠎ᠤᠨ ᠰᠢᠯᠢᠳᠡᠭ ᠤᠳᠤᠷᠢᠳᠤᠭᠴᠢ᠂ ᠭᠠᠷᠮᠠᠭ᠋ᠠᠢ ᠦᠭᠡᠢ᠌ᠭᠦᠦ ᠠᠩᠭᠢ ᠵᠢᠨ ᠬᠤᠪᠢᠰᠬᠠᠯᠴᠢ᠂ ᠰᠢᠯᠭ᠋ᠠᠷᠠᠭᠰᠠᠨ ᠦᠨᠳᠦᠰᠦᠲᠡᠨ᠎ᠤ ᠠᠵᠢᠯ᠎ᠤᠨ ᠤᠳᠤᠷᠢᠳᠤᠭᠴᠢ》 ᠤᠯᠠᠭ᠋ᠠᠨᠬᠦᠦ ᠨᠥᠬᠥᠷ᠎ᠤᠨ ᠢᠷᠠᠭᠤ ᠠᠯᠳᠠᠷᠲᠤ ᠨᠢᠭᠡ ᠨᠠᠰᠤ ᠵᠢ ᠣᠢ᠌ᠯᠠᠭ᠋ᠠᠵᠠᠢ᠃



ᠲᠣᠭᠣᠷᠢᠨ ᠦᠵᠡᠵᠦ ᠳᠠᠭᠤᠰᠤᠭᠰᠠᠨ᠎ᠤ ᠳᠠᠷᠠᠭ᠎ᠠ᠂ ᠪᠦᠬᠦ ᠨᠠᠮ᠎ᠤᠨ ᠭᠡᠰᠢᠭᠦᠨ ᠺᠠᠳ᠋ᠷ ᠨᠠᠮ᠎ᠤᠨ ᠭᠡᠰᠢᠭᠦᠨ᠎ᠤ ᠰᠦᠯᠳᠡ ᠲᠡᠮᠳᠡᠭ ᠵᠶ᠋ᠠᠨ ᠵᠡᠭᠦᠵᠦ᠂ ᠭᠠᠯ ᠤᠯᠠᠭ᠋ᠠᠨ ᠨᠠᠮ᠎ᠤᠨ ᠲᠤᠭ᠎ᠤᠨ ᠳᠣᠣᠷ᠎ᠠ ᠲᠥᠪ ᠴᠢᠩᠭ᠎ᠠ᠎ᠪᠠᠷ ᠲᠠᠩᠭ᠋ᠠᠷᠢᠭᠯᠠᠯ ᠬᠢᠵᠦ᠂ ᠨᠠᠮ᠎ᠳᠤ ᠣᠷᠣᠬᠤ ᠲᠠᠩᠭ᠋ᠠᠷᠢᠭᠯᠠᠯᠤᠨ ᠦᠭᠡ ᠵᠢ ᠳᠠᠬᠢᠨᠲᠠ ᠤᠩᠰᠢᠵᠠᠢ᠃

ᠲᠣᠭᠣᠷᠢᠨ ᠦᠵᠡᠵᠦ ᠰᠤᠷᠤᠯᠴᠠᠬᠤ᠎ᠪᠠᠷ ᠳᠠᠮᠵᠢᠭᠤᠯᠤᠨ᠂ ᠡᠬᠡ ᠣᠷᠣᠨᠴᠢ ᠦᠵᠡᠯ ᠵᠶ᠋ᠡᠷ ᠭᠣᠣᠯ ᠪᠣᠯᠭ᠋ᠠᠭᠰᠠᠨ ᠦᠨᠳᠦᠰᠦᠲᠡᠨ᠎ᠤ ᠵᠣᠷᠢᠭ ᠰᠠᠨᠠᠭ᠎ᠠ ᠵᠢ ᠤᠯᠠᠮ ᠨᠢᠭᠡ ᠠᠯᠬᠤᠮ ᠪᠠᠳᠠᠷᠠᠭᠤᠯᠵᠤ᠂ 《ᠳᠥᠷᠪᠡᠨ ᠵᠦᠢ᠍ᠯ᠎ᠤᠨ ᠢᠲᠡᠭᠡᠯ》 ᠵᠶ᠋ᠡᠨ ᠪᠠᠲᠤᠳᠬᠠᠵᠤ᠂ ᠨᠠᠮ᠎ᠤᠨ ᠭᠡᠰᠢᠭᠦᠨ᠎ᠤ ᠬᠦᠰᠡᠯᠡᠩ ᠢᠲᠡᠭᠡᠯ ᠵᠣᠷᠢᠭ ᠪᠠ ᠨᠠᠮᠴᠢ ᠴᠢᠨᠠᠷ᠎ᠤᠨ ᠪᠣᠯᠪᠠᠰᠤᠷᠠᠯ᠎ᠢ ᠴᠢᠩᠭ᠋ᠠᠷᠠᠭᠤᠯᠤᠭᠰᠠᠨ ᠵᠶ᠋ᠠᠷ ᠪᠠᠷᠠᠬᠤ ᠦᠭᠡᠢ᠂ ᠪᠠᠢ᠌ᠭᠤᠯᠭ᠎ᠠ ᠵᠢᠨ ᠨᠠᠮ᠎ᠤᠨ ᠵᠣᠬᠢᠶᠠᠨ ᠪᠠᠢ᠌ᠭᠤᠯᠤᠯᠲᠠ ᠬᠢᠭᠡᠳ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠬᠣᠭᠣᠷᠣᠨᠳᠤᠬᠢ ᠨᠢᠭᠲᠠᠷᠠᠯ᠎ᠤᠨ ᠬᠦᠴᠦᠨ᠎ᠢ ᠴᠢᠩᠭ᠋ᠠᠷᠠᠭᠤᠯᠵᠤ᠂ ᠣᠯᠠᠨ᠎ᠤ ᠬᠣᠢ᠌ᠰᠢᠳᠠ ᠵᠢᠨ ᠠᠵᠢᠯ᠎ᠤᠨ ᠶᠠᠪᠤᠴᠠ᠎ᠳᠤ᠎ᠪᠠᠨ ᠵᠣᠬᠢᠴᠠᠭᠤᠯᠤᠨ ᠬᠠᠮᠵᠢᠯᠴᠠᠵᠤ᠂ ᠬᠦᠴᠢᠷ᠎ᠢ ᠳᠠᠪᠠᠨ ᠰᠢᠪᠲᠤᠯᠤᠯᠲᠠ ᠬᠢᠬᠦ᠎ᠳᠤ ᠠᠰᠢᠭᠲᠠᠢ ᠪᠠᠢ᠌ᠳᠠᠭ᠃ ᠣᠯᠠᠨ ᠵᠶ᠋ᠠᠷ ᠵᠶ᠋ᠠᠨ᠄ ᠢᠮᠠᠭᠲᠠ 《ᠠᠩᠬᠠᠨ᠎ᠤ ᠵᠣᠷᠢᠯᠲᠠ᠎ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ》᠂ ᠡᠪ ᠬᠠᠮᠲᠤᠴᠤᠳ᠎ᠤᠨ ᠠᠩᠬᠠᠨ᠎ᠤ ᠵᠣᠷᠢᠯᠲᠠ ᠪᠠ ᠡᠭᠦᠷᠭᠡ ᠬᠠᠷᠢᠭᠤᠴᠠᠯᠭ᠎ᠠ᠎ᠪᠠᠷ᠂ ᠪᠣᠬᠢᠷᠲᠤᠯ᠎ᠢ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠰᠠᠢ᠌ᠲᠤᠷ ᠬᠢᠵᠦ᠂ ᠡᠬᠡ ᠤᠯᠤᠰ᠎ᠤᠨ ᠤᠮᠠᠷᠠᠲᠤ ᠬᠢᠵᠠᠭ᠋ᠠᠷ᠎ᠤᠨ ᠡᠨᠡ ᠬᠦ᠌ ᠦᠵᠡᠮᠵᠢ ᠵᠢᠨ ᠣᠷᠣᠨ᠎ᠢ ᠰᠠᠢ᠌ᠲᠤᠷ ᠰᠠᠬᠢᠨ ᠬᠠᠮᠠᠭ᠋ᠠᠯᠠᠵᠤ᠂ ᠰᠢᠨ᠎ᠡ ᠴᠠᠭ ᠦᠶ᠎ᠡ ᠵᠢᠨ ᠲᠡᠦᠬᠡᠲᠦ ᠬᠠᠷᠢᠭᠤᠴᠠᠯᠭ᠎ᠠ ᠵᠢ ᠪᠡᠶᠡᠯᠡᠭᠦᠯᠬᠦ ᠵᠢᠨ ᠲᠥᠯᠥᠭᠡ ᠴᠥᠬᠥᠷᠡᠰᠢ ᠦᠭᠡᠢ ᠴᠢᠷᠮᠠᠢ᠌ᠨ ᠲᠡᠮᠡᠴᠡᠨ᠎ᠡ ᠭᠡᠵᠦ ᠢᠯᠡᠷᠬᠡᠢ᠌ᠯᠡᠵᠡᠭᠡᠵᠡᠢ᠃




