ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠵᠢᠷᠤᠬᠲᠦ᠍ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠳᠠᠷᠤᠭ᠎ᠠ ᠰᠢᠶᠠᠩ ᠳ᠋ᠦᠩ ᠬᠥᠬᠡᠬᠣᠲᠠ ᠵᠢᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠳᠤ ᠪᠠᠢ᠌ᠴᠠᠭ᠋ᠠᠨ ᠰᠤᠳᠤᠯᠤᠯᠲᠠ ᠬᠢᠪᠡ
ᠨᠡᠶ᠋ᠢᠲᠡᠯᠡᠭᠰᠡᠨ ᠴᠠᠭ᠄ 2019-06-04

    5 ᠳ᠋ᠤᠭ᠋ᠠᠷ ᠰᠠᠷ᠎ᠠ ᠵᠢᠨ 27᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠳᠠᠷᠤᠭ᠎ᠠ ᠰᠢᠶᠠᠩ ᠳ᠋ᠦᠩ ᠪᠦᠯᠬᠦᠮ ᠳᠠᠭ᠋ᠠᠭᠤᠯᠤᠨ ᠬᠥᠬᠡᠬᠣᠲᠠ ᠵᠢᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠠᠬᠢᠯᠲᠠ ᠵᠢᠨ ᠪᠠᠢ᠌ᠳᠠᠯ᠂ ᠣᠷᠣᠰᠢᠵᠤ ᠪᠠᠢ᠌ᠭ᠎ᠠ ᠠᠰᠠᠭᠤᠳᠠᠯ ᠪᠠ ᠬᠦᠴᠢᠷᠳᠡᠯ ᠵᠢᠴᠢ ᠳᠠᠷᠠᠭ᠋ᠠᠴᠢ ᠵᠢᠨ ᠠᠯᠬᠤᠮ᠎ᠤᠨ ᠠᠷᠭ᠋ᠠᠴᠠᠭ᠋ᠠᠬᠤ ᠠᠷᠭ᠎ᠠ ᠬᠡᠮᠵᠢᠶ᠎ᠡ ᠵᠢᠨ ᠲᠤᠬᠠᠢ ᠪᠠᠢ᠌ᠴᠠᠭ᠋ᠠᠨ ᠰᠤᠳᠤᠯᠤᠯᠲᠠ ᠬᠢᠵᠡᠢ᠃



      ᠲᠢᠩᠬᠢᠮ᠎ᠤᠨ ᠳᠠᠷᠤᠭ᠎ᠠ ᠰᠢᠶᠠᠩ ᠳ᠋ᠦᠩ ᠡᠩ ᠲᠡᠷᠢᠭᠦᠨ᠎ᠳᠤ ᠬᠥᠬᠡᠬᠣᠲᠠ ᠵᠢᠨ ᠰᠢᠰᠢ ᠵᠢᠨ ᠪᠠᠢ᠌ᠰᠢᠩ᠎ᠤᠨ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ ᠵᠢᠨ ᠡᠭᠦᠰᠦᠮᠡᠯ ᠤᠰᠤᠨ᠎ᠤ ᠠᠰᠢᠭᠯᠠᠯᠲᠠ ᠵᠢᠨ ᠢᠨᠵᠧᠨᠧᠷᠢᠩ ᠪᠠ ᠭᠣᠣᠯ᠎ᠳᠤ ᠤᠷᠤᠰᠤᠨ ᠣᠷᠣᠬᠤ ᠪᠣᠬᠢᠷᠲᠤᠯ ᠡᠳ᠋ ᠭᠠᠳᠠᠭᠰᠢᠯᠠᠭᠤᠯᠬᠤ ᠠᠮᠠᠰᠠᠷ᠎ᠤᠨ ᠲᠤᠬᠠᠢ ᠵᠢᠨ ᠲᠠᠯᠠᠪᠤᠷ᠎ᠲᠤ ᠪᠠᠢ᠌ᠴᠠᠭ᠋ᠠᠨ ᠰᠤᠳᠤᠯᠤᠯᠲᠠ ᠬᠢᠵᠦ᠂ ᠬᠠᠮᠢᠶ᠎ᠠ ᠪᠦᠬᠦᠢ ᠪᠠᠢ᠌ᠳᠠᠯ᠎ᠤᠨ ᠲᠠᠨᠢᠯᠴᠠᠭᠤᠯᠭ᠎ᠠ ᠵᠢ ᠰᠣᠨᠣᠰᠤᠨ᠂ ᠵᠠᠯᠭ᠋ᠠᠭ᠋ᠠᠳ ᠥᠪᠥᠷ ᠮᠣᠩᠭᠣᠯ᠎ᠤᠨ ᠹᠦ᠋ ᠹᠧᠩ ᠠᠮᠢᠳᠤ ᠪᠣᠳᠠᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠢᠵᠠᠭ᠋ᠠᠷᠲᠤ ᠺᠣᠮᠫᠠᠨᠢ ᠵᠢᠨ ᠬᠠᠴᠢᠨ ᠥᠨᠥᠷ᠎ᠢ ᠵᠠᠰᠠᠬᠤ ᠢᠨᠵᠧᠨᠧᠷᠢᠩ ᠵᠢᠴᠢ ᠰᠢᠨ᠎ᠡ ᠬᠣᠲᠠ ᠲᠣᠭᠣᠷᠢᠭ᠎ᠤᠨ ᠳ᠋ᠠᠢ ᠵᠧᠦ ᠶᠢᠩ ᠲᠣᠰᠬᠤᠨ᠎ᠤ ᠳᠥᠭᠥᠮ ᠪᠦᠳᠦᠭᠦᠯᠢᠭ ᠣᠷᠣᠨ ᠰᠠᠭᠤᠴᠠᠲᠤ ᠲᠣᠭᠣᠷᠢᠭ᠎ᠤᠨ ᠨᠡᠭᠦᠷᠡᠰᠦᠨ᠎ᠤ ᠰᠢᠲᠠᠭ᠋ᠠᠯᠭ᠎ᠠ ᠵᠢ ᠴᠡᠪᠡᠷᠰᠢᠭᠦᠯᠵᠦ ᠥᠭᠡᠷᠡᠴᠢᠯᠡᠨ ᠵᠠᠰᠠᠬᠤ ᠢᠨᠵᠧᠨᠧᠷᠢᠩ᠎ᠢ ᠪᠠᠢ᠌ᠴᠠᠭ᠋ᠠᠨ ᠦᠵᠡᠭᠰᠡᠨ ᠪᠠ ᠪᠠᠢ᠌ᠴᠠᠭ᠋ᠠᠨ ᠰᠤᠳᠤᠯᠤᠯᠲᠠ ᠬᠢᠵᠡᠢ᠃





   
      ᠶᠠᠷᠢᠯᠴᠠᠭ᠋ᠠᠨ᠎ᠤ ᠬᠤᠷᠠᠯ ᠳᠡᠭᠡᠷ᠎ᠡ᠂ ᠬᠥᠬᠡᠬᠣᠲᠠ ᠵᠢᠨ ᠵᠠᠰᠠᠭ᠎ᠤᠨ ᠣᠷᠳᠣᠨ᠎ᠤ ᠬᠣᠲᠠ ᠵᠢᠨ ᠳᠡᠳ᠋ ᠳᠠᠷᠤᠭ᠎ᠠ ᠵᠧᠦ ᠴᠢᠶᠠᠩ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠪᠠᠢ᠌ᠳᠠᠯ᠎ᠤᠨ ᠲᠤᠬᠠᠢ ᠬᠠᠷᠢᠭᠤ ᠮᠡᠳᠡᠭᠦᠯᠦᠯᠲᠡ ᠬᠢᠵᠦ᠂ ᠲᠢᠩᠬᠢᠮ᠎ᠤᠨ ᠳᠠᠷᠤᠭ᠎ᠠ ᠰᠢᠶᠠᠩ ᠳ᠋ᠦᠩ ᠬᠥᠬᠡᠬᠣᠲᠠ ᠵᠢᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠳᠠᠷᠠᠭ᠋ᠠᠴᠢ ᠵᠢᠨ ᠠᠯᠬᠤᠮ᠎ᠤᠨ ᠠᠵᠢᠯ᠎ᠤᠨ ᠲᠤᠬᠠᠢ ᠪᠣᠳᠠᠲᠠᠢ ᠱᠠᠭ᠋ᠠᠷᠳᠠᠯᠭ᠎ᠠ ᠳᠤᠷᠠᠳᠴᠤ᠂ ᠬᠤᠷᠠᠯ᠎ᠳᠤ ᠣᠷᠣᠯᠴᠠᠭᠰᠠᠳ᠎ᠲᠠᠢ ᠰᠣᠯᠢᠯᠴᠠᠨ ᠶᠠᠷᠢᠯᠴᠠᠵᠠᠢ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠡᠭᠦᠨ ᠬᠡᠰᠡᠭ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠢ᠌ᠴᠠᠭ᠋ᠠᠬᠤ ᠲᠥᠪ᠎ᠠᠴᠠ ᠬᠠᠷᠢᠶ᠎ᠠ ᠣᠷᠣᠨ᠎ᠳᠤ᠎ᠪᠠᠨ ᠬᠦᠷᠴᠦ ᠠᠮᠢ ᠠᠬᠤᠢ ᠵᠢᠨ ᠣᠷᠴᠢᠨ ᠲᠣᠭᠣᠷᠢᠨ᠎ᠤ ᠬᠦᠷᠢᠶ᠎ᠡ ᠴᠠᠷᠠᠭ᠋ᠠᠨ᠎ᠤ ᠬᠠᠷ᠎ᠠ ᠪᠦᠯᠦᠭᠲᠡᠨ ᠬᠠᠷᠭᠢᠰ ᠬᠦᠴᠦᠨ᠎ᠢ ᠱᠦᠭᠦᠷᠳᠡᠨ ᠠᠷᠢᠯᠭ᠋ᠠᠬᠤ ᠲᠤᠰᠬᠠᠢ ᠵᠦᠢ᠍ᠯ᠎ᠤᠨ ᠲᠡᠮᠡᠴᠡᠯ᠎ᠳᠤ ᠰᠢᠮᠳᠠᠭᠤᠯᠤᠨ ᠵᠢᠯᠣᠭᠣᠳᠤᠯᠭ᠎ᠠ ᠬᠢᠬᠦ ᠠᠵᠢᠯ᠎ᠢ ᠥᠷᠨᠢᠭᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠰᠦᠯᠵᠢᠶ᠎ᠡ᠎ᠪᠠᠷ ᠬᠢᠨᠠᠨ ᠡᠵᠡᠮᠳᠡᠬᠦ ᠲᠥᠪ᠎ᠠᠴᠠ ᠪᠦᠬᠦ ᠣᠷᠣᠨ᠎ᠤ ᠠᠦ᠋ᠲ ᠵᠶ᠋ᠠᠷ ᠬᠢᠨᠠᠨ ᠡᠵᠡᠮᠳᠡᠬᠦ ᠲᠤᠬᠠᠢ᠌ᠯᠠᠭᠰᠠᠨ ᠠᠵᠢᠯ᠎ᠤᠨ ᠰᠤᠳᠤᠯᠤᠨ ᠶᠠᠷᠢᠯᠴᠠᠬᠤ ᠬᠤᠷᠠᠯ᠎ᠢ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠳᠡᠳ᠋ ᠲᠣᠭᠣᠷᠢᠨ ᠪᠠᠢ᠌ᠴᠠᠭ᠋ᠠᠭᠴᠢ ᠵᠠᠩ ᠱᠦ᠍ ᠯᠢ ᠠᠯᠠᠱ᠌ᠠ ᠠᠢ᠌ᠮᠠᠭ᠎ᠲᠤ ᠬᠦᠷᠴᠦ ᠲᠥᠪ᠎ᠤᠨ ᠣᠷᠴᠢᠨ ᠲᠣᠭᠣᠷᠢᠨ᠎ᠢ ᠬᠠᠮᠠᠭ᠋ᠠᠯᠠᠬᠤ ᠰᠢᠮᠳᠠᠭᠤᠯᠤᠨ ᠪᠠᠢ᠌ᠴᠠᠭ᠋ᠠᠯᠲᠠ ᠵᠢᠨ ᠬᠠᠷᠢᠭᠤ ᠲᠤᠰᠬᠠᠭᠰᠠᠨ ᠰᠠᠨᠠᠯ ᠵᠶ᠋ᠠᠷ ᠴᠡᠭᠴᠡᠯᠡᠨ ᠥᠭᠡᠷᠡᠴᠢᠯᠡᠬᠦ ᠠᠵᠢᠯ᠎ᠳᠤ ᠪᠠᠢ᠌ᠴᠠᠭ᠋ᠠᠯᠲᠠ ᠵᠢᠯᠣᠭᠣᠳᠤᠯᠭ᠎ᠠ ᠬᠢᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠠᠳᠠᠯ ᠦᠢ᠍ᠯᠡᠰ ᠴᠣᠭᠴᠠᠯᠠᠬᠤ ᠨᠡᠢ᠌ᠭᠡᠮ ᠲᠣᠭᠣᠷᠢᠭ᠎ᠲᠤ ᠬᠦᠷᠴᠦ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠭᠤᠯᠭ᠎ᠠ ᠵᠢᠴᠢ ᠲᠣᠬᠣᠨᠢᠭᠤᠯᠬᠤ ᠠᠵᠢᠯᠯᠠᠭ᠎ᠠ ᠥᠷᠨᠢᠭᠦᠯᠪᠡ
《ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠦᠲᠦᠭᠡᠨ ᠪᠠᠢ᠌ᠭᠤᠯᠬᠤ᠎ᠳᠤ᠂ ᠪᠢ ᠪᠣᠯ ᠦᠢ᠍ᠯᠡᠳᠦᠯᠭᠡᠵᠢᠭᠦᠯᠦᠭᠴᠢ ᠮᠥᠨ — ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠢ ᠪᠦᠲᠦᠭᠡᠨ ᠪᠠᠢ᠌ᠭᠤᠯᠬᠤ᠎ᠳᠤ᠂ ᠪᠢ ᠪᠣᠯ ᠰᠠᠬᠢᠨ ᠬᠠᠮᠠᠭ᠋ᠠᠯᠠᠭᠴᠢ ᠮᠥᠨ》 ᠭᠡᠬᠦ 2019 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《6 · 5》 ᠵᠢᠨ ᠣᠷᠴᠢᠨ ᠲᠣᠭᠣᠷᠢᠨ᠎ᠤ ᠡᠳᠦᠷ᠎ᠤᠨ ᠭᠣᠣᠯ ᠲᠠᠯᠠᠪᠤᠷ᠎ᠤᠨ ᠠᠵᠢᠯᠯᠠᠭ᠎ᠠ ᠬᠥᠬᠡᠬᠣᠲᠠ᠎ᠳᠤ ᠶᠠᠪᠤᠭᠳᠠᠪᠠ
 
             蒙ICP备05000248号