5 ᠳ᠋ᠤᠭ᠋ᠠᠷ ᠰᠠᠷ᠎ᠠ ᠵᠢᠨ 30᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠨᠣᠯ᠎ᠤᠨ ᠰᠤᠷᠤᠯᠴᠠᠯᠭ᠎ᠠ ᠵᠢᠨ ᠭᠣᠣᠯ ᠳᠤᠭᠤᠢ᠌ᠯᠠᠩ (ᠥᠷᠭᠡᠳᠬᠡᠭᠰᠡᠨ)᠎ᠤᠨ ᠶᠡᠬᠡ ᠰᠤᠷᠤᠯᠴᠠᠭ᠎ᠠ ᠶᠠᠬᠡ ᠶᠠᠷᠢᠯᠴᠠᠯᠭ᠎ᠠ ᠵᠢᠨ ᠰᠤᠳᠤᠯᠤᠨ ᠰᠣᠯᠢᠯᠴᠠᠬᠤ ᠬᠤᠷᠠᠯ᠎ᠢ ᠬᠤᠷᠠᠯᠳᠤᠭᠤᠯᠪᠠ᠃ ᠬᠤᠷᠠᠯ᠎ᠳᠤ ᠣᠷᠣᠯᠴᠠᠭᠰᠠᠳ 《ᠦᠵᠡᠯ ᠰᠠᠨᠠᠭ᠎ᠠ᠎ᠪᠠᠨ ᠳᠠᠬᠢᠨ ᠴᠢᠯᠦᠭᠡᠯᠡᠬᠦ᠂ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠴᠢᠷᠮᠠᠢ᠌ᠨ ᠦᠢ᠍ᠯᠡᠳᠦᠯᠭᠡᠵᠢᠭᠦᠯᠬᠦ᠂ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ》 ᠶᠡᠬᠡ ᠰᠤᠷᠤᠯᠴᠠᠭ᠎ᠠ ᠶᠡᠬᠡ ᠶᠠᠷᠢᠯᠴᠠᠯᠭ᠎ᠠ ᠵᠢᠨ ᠲᠤᠰᠬᠠᠢ ᠰᠡᠳᠦᠪᠲᠦ ᠰᠤᠷᠤᠯᠴᠠᠯᠭ᠎ᠠ᠎ᠲᠠᠢ ᠤᠶᠠᠯᠳᠤᠭᠤᠯᠤᠨ᠂ 《ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠡᠷᠡᠰ ᠰᠢᠭᠤᠷᠬᠠᠢ᠎ᠪᠠᠷ ᠰᠠᠢ᠌ᠲᠤᠷ ᠬᠢᠬᠦ》 ᠭᠣᠣᠯ ᠰᠡᠳᠦᠪ᠎ᠤᠨ ᠲᠣᠭᠣᠷᠢᠨ᠎ᠳᠤ ᠰᠣᠯᠢᠯᠴᠠᠭ᠎ᠠ ᠶᠠᠷᠢᠯᠴᠠᠭ᠎ᠠ ᠥᠷᠨᠢᠭᠦᠯᠵᠡᠢ᠃
ᠲᠤᠰ ᠤᠳᠠᠭ᠋ᠠᠨ᠎ᠤ ᠬᠤᠷᠠᠯ᠎ᠢ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠵᠠᠩ ᠬᠤᠢ ᠢᠦᠢ ᠡᠷᠬᠢᠯᠡᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠶᠡᠬᠡ ᠰᠤᠷᠤᠯᠴᠠᠯᠭ᠎ᠠ ᠶᠡᠬᠡ ᠶᠠᠷᠢᠯᠴᠠᠯᠭ᠎ᠠ ᠵᠢᠨ ᠤᠳᠤᠷᠢᠳᠬᠤ ᠳᠤᠭᠤᠢ᠌ᠯᠠᠩ᠎ᠤᠨ ᠠᠯᠪᠠᠨ ᠭᠡᠷ᠎ᠤᠨ ᠬᠣᠶᠠᠳᠤᠭ᠋ᠠᠷ ᠬᠣᠯᠪᠣᠭ᠋ᠠᠯᠠᠬᠤ ᠳᠤᠭᠤᠢ᠌ᠯᠠᠩ᠎ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢ᠌ᠭᠤᠯᠭ᠎ᠠ ᠵᠢᠨ ᠠᠵᠢᠯ᠎ᠤᠨ ᠵᠥᠪᠯᠡᠯ᠎ᠤᠨ ᠵᠣᠬᠢᠶᠠᠨ ᠪᠠᠢ᠌ᠭᠤᠯᠬᠤ ᠬᠡᠯᠲᠡᠰ᠎ᠤᠨ ᠳᠡᠳ᠋ ᠳᠠᠷᠤᠭ᠎ᠠ ᠰᠦᠩ ᠪᠣᠤ ᠭᠦᠸᠧ ᠨᠥᠬᠥᠷ ᠬᠤᠷᠠᠯ᠎ᠳᠤ ᠣᠷᠣᠯᠴᠠᠨ ᠵᠢᠯᠣᠭᠣᠳᠤᠯᠭ᠎ᠠ ᠬᠢᠵᠦ᠂ ᠲᠢᠩᠬᠢᠮ᠎ᠤᠨ ᠠᠵᠢᠯ᠎ᠤᠨ ᠪᠠᠢ᠌ᠷᠢ᠎ᠳᠤ᠎ᠪᠠᠨ ᠪᠠᠢ᠌ᠭ᠎ᠠ ᠤᠳᠤᠷᠢᠳᠤᠯᠭ᠎ᠠ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠵᠤ ᠬᠢᠨᠠᠨ ᠪᠠᠢ᠌ᠴᠠᠭ᠋ᠠᠬᠤ ᠳᠤᠭᠤᠢ᠌ᠯᠠᠩ᠂ ᠲᠢᠩᠬᠢᠮ᠎ᠤᠨ ᠪᠠᠢ᠌ᠭᠤᠯᠭ᠎ᠠ ᠵᠢᠨ ᠡᠯ᠎ᠡ ᠭᠠᠵᠠᠷ ᠲᠠᠰᠤᠭ᠂ ᠲᠣᠮᠢᠯᠠᠭᠰᠠᠨ ᠪᠠᠢ᠌ᠭᠤᠯᠤᠮᠵᠢ᠂ ᠬᠠᠷᠢᠶᠠᠯᠠᠭᠳᠠᠬᠤ ᠠᠵᠢᠯ ᠦᠢ᠍ᠯᠡᠰ᠎ᠤᠨ ᠨᠢᠭᠡᠴᠢ ᠵᠢᠨ ᠭᠣᠣᠯ ᠬᠠᠷᠢᠭᠤᠴᠠᠯᠭ᠋ᠠᠲᠠᠳ ᠲᠤᠰ ᠤᠳᠠᠭ᠋ᠠᠨ᠎ᠤ ᠬᠤᠷᠠᠯ᠎ᠳᠤ ᠣᠷᠣᠯᠴᠠᠵᠠᠢ᠃
ᠬᠤᠷᠠᠯ ᠳᠡᠭᠡᠷ᠎ᠡ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠵᠠᠩ ᠬᠤᠢ ᠢᠦᠢ ᠨᠥᠬᠥᠷ ᠪᠠ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠵᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠳᠠᠷᠤᠭ᠎ᠠ ᠶᠠᠩ ᠸᠧᠨ ᠮᠢᠩ ᠵᠢᠴᠢ ᠬᠠᠮᠢᠶ᠎ᠠ ᠪᠦᠬᠦᠢ ᠭᠠᠵᠠᠷ ᠲᠠᠰᠤᠭ (ᠨᠢᠭᠡᠴᠢ)᠎ᠤᠨ 10 ᠭᠣᠣᠯ ᠬᠠᠷᠢᠭᠤᠴᠠᠯᠭ᠋ᠠᠲᠠᠨ ᠲᠤᠰ ᠲᠤᠰ ᠰᠤᠳᠤᠯᠤᠨ ᠶᠠᠷᠢᠯᠴᠠᠭᠰᠠᠨ ᠪᠠ ᠰᠣᠯᠢᠯᠴᠠᠭ᠎ᠠ ᠬᠢᠪᠡ᠃ ᠣᠯᠠᠨ ᠵᠶ᠋ᠠᠷ ᠵᠶ᠋ᠠᠨ ᠭᠠᠵᠠᠷ ᠲᠠᠰᠤᠭ (ᠨᠢᠭᠡᠴᠢ)᠎ᠤᠨ ᠪᠣᠳᠠᠲᠤ ᠠᠵᠢᠯ᠎ᠲᠠᠢ᠎ᠪᠠᠨ ᠤᠶᠠᠯᠳᠤᠭᠤᠯᠤᠨ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠲᠤᠭᠤᠰᠢᠯᠠᠭᠤᠯᠤᠨ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠡᠷᠡᠰ ᠰᠢᠭᠤᠷᠬᠠᠢ᠎ᠪᠠᠷ ᠰᠠᠢ᠌ᠲᠤᠷ ᠬᠢᠬᠦ ᠵᠢ ᠴᠢᠩᠭ᠋ᠠᠳᠬᠠᠬᠤ ᠲᠤᠬᠠᠢ ᠥᠪᠡᠷ ᠥᠪᠡᠷ᠎ᠤᠨ ᠪᠣᠳᠣᠯ ᠰᠠᠨᠠᠯ ᠵᠶ᠋ᠠᠨ ᠢᠯᠡᠷᠬᠡᠢ᠌ᠯᠡᠵᠦ᠂ ᠴᠢᠭᠯᠡᠯᠲᠦ ᠴᠢᠨᠠᠷᠲᠠᠢ ᠪᠥᠭᠡᠳ ᠦᠨᠡᠨ ᠪᠣᠳᠠᠲᠠᠢ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠵᠠᠢ᠃
ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠵᠠᠩ ᠬᠤᠢ ᠢᠦᠢ ᠰᠤᠷᠤᠯᠴᠠᠨ ᠲᠤᠭᠤᠰᠢᠯᠠᠭᠤᠯᠵᠤ ᠨᠠᠢ᠌ᠳᠠᠪᠤᠷᠢᠵᠢᠭᠤᠯᠬᠤ ᠠᠵᠢᠯ᠎ᠤᠨ ᠲᠤᠬᠠᠢ ᠬᠡᠳᠦᠨ ᠲᠠᠯ᠎ᠠ ᠵᠢᠨ ᠰᠠᠨᠠᠯ ᠳᠤᠷᠠᠳᠴᠠᠢ᠄
ᠨᠢᠭᠡ᠎ᠳᠤ᠂ ᠶᠡᠬᠡ ᠰᠤᠷᠤᠯᠴᠠᠯᠭ᠎ᠠ ᠶᠡᠬᠡ ᠶᠠᠷᠢᠯᠴᠠᠯᠭ᠎ᠠ ᠵᠢᠨ ᠴᠢᠬᠤᠯᠠ ᠠᠴᠢ ᠬᠣᠯᠪᠣᠭᠳᠠᠯ᠎ᠢ ᠭᠦᠢ᠍ᠴᠡᠳ ᠲᠠᠨᠢᠬᠤ ᠬᠡᠷᠡᠭᠲᠡᠢ᠃ ᠶᠡᠬᠡ ᠰᠤᠷᠤᠯᠴᠠᠯᠭ᠎ᠠ ᠶᠡᠬᠡ ᠶᠠᠷᠢᠯᠴᠠᠯᠭ᠎ᠠ ᠵᠢ ᠥᠷᠨᠢᠭᠦᠯᠬᠦ ᠪᠣᠯ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢᠨ ᠰᠤᠷᠤᠯᠴᠠᠯᠭ᠎ᠠ ᠬᠥᠮᠥᠵᠢᠯ᠎ᠢ ᠴᠢᠩᠭ᠋ᠠᠷᠠᠭᠤᠯᠬᠤ ᠵᠢᠨ ᠴᠢᠬᠤᠯᠠ ᠠᠴᠢᠶᠠᠯᠠᠭᠴᠢ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠪᠠ ᠨᠠᠮ᠎ᠤᠨ ᠲᠥᠪ ᠬᠣᠷᠢᠶ᠎ᠠ ᠵᠢᠨ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠪᠣᠳᠠᠲᠠᠢ᠌ᠵᠢᠭᠤᠯᠤᠨ ᠴᠢᠩᠭ᠋ᠠᠳᠬᠠᠬᠤ ᠵᠢᠨ ᠴᠢᠬᠤᠯᠠ ᠠᠷᠭ᠎ᠠ ᠬᠡᠮᠵᠢᠶ᠎ᠡ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠨ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠡᠷᠡᠰ ᠰᠢᠭᠤᠷᠬᠠᠢ᠎ᠪᠠᠷ ᠰᠠᠢ᠌ᠲᠤᠷ ᠬᠢᠬᠦ ᠵᠢᠨ ᠪᠣᠳᠠᠲᠤ ᠱᠠᠭ᠋ᠠᠷᠳᠠᠯᠭ᠎ᠠ ᠪᠣᠯᠣᠨ᠎ᠠ᠂ ᠮᠥᠨ ᠴᠤ᠌ ᠲᠢᠩᠬᠢᠮ᠎ᠤᠨ ᠰᠢᠰᠲ᠋ᠧᠮ᠎ᠤᠨ᠎ᠬᠢᠨ᠎ᠤ ᠨᠠᠮ᠎ᠤᠨ ᠭᠡᠰᠢᠭᠦᠨ ᠺᠠᠳ᠋ᠷᠴᠤᠳ᠎ᠤᠨ ᠤᠯᠤᠰ ᠲᠥᠷᠥ ᠵᠢᠨ ᠰᠢᠯᠭ᠋ᠠᠯᠲᠠ ᠵᠢᠨ ᠬᠠᠭᠤᠳᠠᠰᠤ ᠪᠣᠯᠣᠨ᠎ᠠ᠃ ᠲᠢᠩᠬᠢᠮ᠎ᠤᠨ ᠰᠢᠰᠲ᠋ᠧᠮ᠎ᠤᠨ᠎ᠬᠢᠨ᠎ᠤ ᠳᠡᠳ᠋ ᠭᠠᠵᠠᠷ᠎ᠤᠨ ᠳᠡᠰ᠎ᠠᠴᠠ ᠳᠡᠭᠡᠭᠰᠢᠬᠢ ᠤᠳᠤᠷᠢᠳᠬᠤ ᠺᠠᠳ᠋ᠷᠴᠤᠳ ᠤᠯᠤᠰ ᠲᠥᠷᠥ ᠵᠢᠨ ᠵᠣᠭᠰᠣᠴᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠴᠢᠩᠭ᠋ᠠᠷᠠᠭᠤᠯᠵᠤ᠂ ᠢᠳᠡᠪᠬᠢᠲᠡᠢ᠎ᠪᠠᠷ ᠬᠠᠷᠢᠭᠤᠴᠠᠯᠭ᠎ᠠ ᠡᠭᠦᠷᠭᠡᠯᠡᠨ ᠴᠢᠷᠮᠠᠢ᠌ᠨ ᠠᠵᠢᠯᠯᠠᠵᠤ᠂ ᠵᠣᠷᠢᠭᠲᠠᠢ᠎ᠪᠠᠷ ᠬᠦᠴᠢᠷ᠎ᠢ ᠳᠠᠪᠠᠨ ᠰᠢᠪᠲᠤᠯᠤᠯᠲᠠ ᠬᠢᠵᠦ᠂ 《ᠬᠠᠳᠠᠭ᠋ᠠᠰᠤ ᠬᠠᠳᠠᠬᠤ》 ᠵᠣᠷᠢᠭ ᠰᠠᠨᠠᠭ᠎ᠠ ᠪᠠ 《ᠮᠣᠩᠭᠣᠯ ᠠᠭᠲᠠ》 ᠵᠢᠨ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠤᠨ᠂ ᠪᠦᠬᠦ ᠣᠷᠣᠨ᠎ᠤ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠰᠢᠨ᠎ᠡ ᠪᠠᠢ᠌ᠳᠠᠯ᠎ᠢ ᠲᠠᠰᠤᠷᠠᠯᠲᠠ ᠦᠭᠡᠢ ᠡᠭᠦᠳᠦᠨ ᠨᠡᠭᠡᠭᠡᠵᠦ᠂ ᠰᠢᠯᠢᠳᠡᠭ ᠬᠢᠷᠢ ᠪᠦᠲᠦᠮᠵᠢ ᠪᠠᠷ ᠰᠢᠨ᠎ᠡ ᠳᠤᠮᠳᠠᠳᠤ ᠤᠯᠤᠰ ᠪᠠᠢ᠌ᠭᠤᠯᠤᠭᠳᠠᠭᠰᠠᠨ 70 ᠵᠢᠯ᠎ᠤᠨ ᠣᠢ ᠵᠢ ᠪᠠᠶᠠᠷᠯᠠᠨ ᠪᠡᠯᠭᠡᠯᠡᠬᠦ ᠬᠡᠷᠡᠭᠲᠡᠢ᠃
ᠬᠣᠶᠠᠷ᠎ᠲᠤ᠂ ᠠᠵᠤ ᠠᠬᠤᠢ ᠵᠢᠨ ᠬᠥᠭᠵᠢᠯᠲᠡ ᠪᠠ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠷᠢᠴᠠᠭ᠎ᠠ ᠵᠢ ᠤᠯᠠᠮ ᠨᠢᠭᠡ ᠠᠯᠬᠤᠮ ᠨᠢᠭᠡᠳᠦᠯᠲᠡᠢ ᠲᠥᠯᠥᠪᠯᠡᠨ᠂ ᠨᠣᠮᠢᠨ ᠤᠰᠤ ᠬᠥᠬᠡᠮᠳᠦᠭ ᠠᠭᠤᠯᠠ ᠪᠣᠯ ᠳᠠᠷᠤᠢ ᠠᠯᠲᠠ ᠮᠥᠩᠭᠥᠨ ᠠᠭᠤᠯᠠ ᠮᠥᠨ ᠭᠡᠬᠦ ᠣᠨᠣᠯᠵᠢᠬᠤᠨ᠎ᠢ ᠲᠤᠭᠤᠰᠢᠯᠠᠭᠤᠯᠵᠤ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠴᠢᠩᠭ᠋ᠠᠳᠬᠠᠬᠤ ᠪᠠᠢ᠌ᠯᠳᠤᠬᠤ ᠪᠣᠳᠣᠯᠭ᠎ᠠ ᠵᠢᠨ ᠲᠣᠭᠲᠠᠯ ᠬᠦᠴᠦᠨ᠎ᠢ ᠪᠠᠲᠤᠯᠠᠵᠤ᠂ ᠠᠮᠢ ᠠᠬᠤᠢ ᠵᠢᠨ ᠰᠢᠰᠲ᠋ᠧᠮ᠎ᠢ ᠬᠠᠮᠠᠭ᠋ᠠᠯᠠᠬᠤ ᠡᠷᠴᠢᠮ᠎ᠢ ᠴᠢᠩᠭ᠋ᠠᠷᠠᠭᠤᠯᠬᠤ ᠬᠡᠷᠡᠭᠲᠡᠢ᠃ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠬᠢᠭᠡᠳ ᠣᠯᠠᠨ ᠲᠦᠮᠡᠨ᠎ᠤ ᠠᠰᠢᠭ ᠲᠤᠰᠠᠲᠠᠢ ᠬᠠᠮᠢᠶ᠎ᠠ ᠪᠦᠬᠦᠢ ᠠᠰᠠᠭᠤᠳᠠᠯ᠎ᠢ ᠵᠥᠪ ᠵᠶ᠋ᠡᠷ ᠰᠠᠢ᠌ᠲᠤᠷ ᠰᠢᠢ᠍ᠳᠪᠦᠷᠢᠯᠡᠬᠦ ᠬᠡᠷᠡᠭᠲᠡᠢ᠃ ᠠᠵᠤ ᠠᠬᠤᠢ᠌ᠯᠠᠯ᠎ᠤᠨ ᠪᠣᠬᠢᠷᠲᠤᠯ ᠡᠳ᠋ ᠭᠠᠳᠠᠭᠰᠢᠯᠠᠭᠤᠯᠬᠤ᠎ᠪᠠᠨ ᠪᠠᠭ᠋ᠠᠰᠬᠠᠨ ᠪᠣᠬᠢᠷᠲᠤᠯ᠎ᠢ ᠵᠠᠰᠠᠬᠤ ᠲᠤᠬᠠᠢ ᠵᠢᠯᠣᠭᠣᠳᠤᠯᠭ᠎ᠠ ᠳᠡᠮᠵᠢᠯᠭᠡ᠎ᠪᠠᠨ ᠴᠢᠩᠭ᠋ᠠᠳᠬᠠᠨ᠂ ᠠᠵᠤ ᠠᠬᠤᠢ᠌ᠯᠠᠯ᠎ᠤᠨ ᠬᠥᠭᠵᠢᠯᠲᠡ᠎ᠳᠤ ᠰᠠᠢ᠌ᠨ ᠰᠠᠢ᠌ᠬᠠᠨ ᠣᠷᠴᠢᠨ ᠲᠣᠭᠣᠷᠢᠨ᠎ᠢ ᠪᠣᠢ ᠪᠣᠯᠭ᠋ᠠᠬᠤ ᠬᠡᠷᠡᠭᠲᠡᠢ᠃ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠦᠷᠢᠶ᠎ᠡ ᠴᠠᠷᠠᠭ᠋ᠠᠨ᠎ᠳᠠᠬᠢ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢᠨ ᠠᠵᠢᠯ᠎ᠢ ᠤᠯᠠᠮ ᠨᠢᠭᠡ ᠠᠯᠬᠤᠮ ᠰᠠᠢ᠌ᠲᠤᠷ ᠬᠢᠵᠦ᠂ ᠵᠠᠰᠠᠭ ᠵᠠᠬᠢᠷᠭ᠋ᠠᠨ᠎ᠤ ᠬᠢᠨᠠᠯᠲᠠ ᠵᠥᠪᠰᠢᠶᠡᠷᠡᠯ ᠪᠠ ᠦᠢ᠍ᠯᠡᠴᠢᠯᠡᠭᠡ ᠵᠢᠨ ᠴᠤᠪᠤᠷᠠᠯ᠎ᠢ ᠰᠢᠯᠢᠳᠡᠭᠵᠢᠭᠦᠯᠬᠦ ᠬᠡᠷᠡᠭᠲᠡᠢ᠃ 《ᠭᠤᠷᠪᠠᠨ ᠨᠠᠭᠤᠷ》᠎ᠤᠨ ᠠᠮᠢ ᠠᠬᠤᠢ ᠵᠢᠨ ᠶᠡᠷᠦᠩᠬᠡᠢ᠌ᠯᠡᠭᠰᠡᠨ ᠵᠠᠰᠠᠯᠲᠠ ᠵᠢ ᠦᠷᠭᠦᠯᠵᠢᠯᠡᠨ ᠰᠠᠢ᠌ᠲᠤᠷ ᠠᠳᠬᠤᠵᠤ᠂ ᠮᠠᠨ᠎ᠤ ᠤᠯᠤᠰ᠎ᠤᠨ ᠤᠮᠠᠷᠠᠲᠤ ᠵᠢᠨ ᠠᠮᠢ ᠠᠬᠤᠢ ᠵᠢᠨ ᠴᠢᠬᠤᠯᠠ ᠬᠠᠯᠬᠠᠪᠴᠢ ᠵᠢ ᠪᠠᠢ᠌ᠭᠤᠯᠬᠤ ᠪᠠ ᠡᠬᠡ ᠤᠯᠤᠰ᠎ᠤᠨ ᠤᠮᠠᠷᠠᠲᠤ ᠵᠢᠨ ᠲᠦᠮᠡᠨ ᠭᠠᠵᠠᠷ᠎ᠤᠨ ᠨᠣᠭᠣᠭ᠋ᠠᠨ ᠥᠩᠭᠡᠲᠦ ᠤᠷᠲᠤ ᠴᠠᠭ᠋ᠠᠨ ᠬᠡᠷᠡᠮ᠎ᠢ ᠴᠣᠭᠴᠠᠯᠠᠨ ᠪᠠᠢ᠌ᠭᠤᠯᠬᠤ᠎ᠳᠤ ᠣᠶᠣᠨ ᠬᠦᠴᠦᠨ ᠵᠶ᠋ᠡᠨ ᠬᠠᠨᠳᠢᠪᠯᠠᠬᠤ ᠬᠡᠷᠡᠭᠲᠡᠢ᠃
ᠭᠤᠷᠪᠠ᠎ᠳᠤ᠂ 《ᠳᠥᠷᠪᠡᠨ ᠵᠦᠢ᠍ᠯ᠎ᠤᠨ ᠦᠵᠡᠯ ᠤᠬᠠᠮᠰᠠᠷ》 ᠵᠶ᠋ᠠᠨ ᠴᠢᠩᠭ᠋ᠠᠷᠠᠭᠤᠯᠤᠨ᠂ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠤᠳᠤᠷᠢᠳᠤᠯᠭ᠎ᠠ᠎ᠪᠠᠨ ᠴᠢᠩᠭ᠋ᠠᠳᠬᠠᠨ᠂ ᠶᠡᠬᠡ ᠰᠤᠷᠤᠯᠴᠠᠯᠭ᠎ᠠ ᠶᠡᠬᠡ ᠶᠠᠷᠢᠯᠴᠠᠯᠭ᠎ᠠ ᠵᠢᠨ ᠡᠯ᠎ᠡ ᠵᠦᠢ᠍ᠯ᠎ᠤᠨ ᠠᠵᠢᠯ᠎ᠢ ᠬᠢᠨᠠᠮᠠᠭ᠋ᠠᠢ ᠵᠣᠬᠢᠶᠠᠨ ᠪᠠᠢ᠌ᠭᠤᠯᠬᠤ ᠪᠠ ᠣᠷᠣᠯᠴᠠᠬᠤ ᠬᠡᠷᠡᠭᠲᠡᠢ᠃ ᠰᠤᠷᠤᠯᠴᠠᠯᠭ᠎ᠠ᠎ᠳᠤ ᠢᠳᠡᠪᠬᠢᠲᠡᠢ ᠣᠷᠣᠯᠴᠠᠨ᠂ ᠰᠤᠳᠤᠯᠤᠨ ᠶᠠᠷᠢᠯᠴᠠᠬᠤ ᠮᠠᠲ᠋ᠧᠷᠢᠶᠠᠯ᠎ᠢ ᠲᠤᠭᠤᠷᠪᠢᠨ ᠪᠢᠴᠢᠬᠦ ᠵᠢᠨ ᠬᠠᠮᠲᠤ ᠪᠠᠢ᠌ᠴᠠᠭ᠋ᠠᠨ ᠰᠤᠳᠤᠯᠤᠯᠲᠠ ᠵᠢᠨ ᠠᠵᠢᠯ᠎ᠢ ᠰᠠᠢ᠌ᠲᠤᠷ ᠵᠣᠬᠢᠶᠠᠨ ᠪᠠᠢ᠌ᠭᠤᠯᠤᠨ ᠥᠷᠨᠢᠭᠦᠯᠬᠦ ᠬᠡᠷᠡᠭᠲᠡᠢ᠃ ᠰᠢᠮᠳᠠᠭᠤᠯᠤᠨ ᠵᠢᠯᠣᠭᠣᠳᠬᠤ ᠳᠤᠭᠤᠢ᠌ᠯᠠᠩ᠎ᠤᠨ᠎ᠬᠢᠨ ᠲᠦᠷᠦᠭᠦᠯᠡᠨ ᠪᠠᠢ᠌ᠭᠤᠯᠭ᠎ᠠ ᠵᠢᠨ ᠡᠯ᠎ᠡ ᠭᠠᠵᠠᠷ ᠲᠠᠰᠤᠭ᠂ ᠲᠣᠮᠢᠯᠠᠭᠰᠠᠨ ᠪᠠᠢ᠌ᠭᠤᠯᠤᠮᠵᠢ᠂ ᠬᠠᠷᠢᠶᠠᠯᠠᠭᠳᠠᠬᠤ ᠨᠢᠭᠡᠴᠢ ᠵᠢᠨ ᠶᠡᠬᠡ ᠰᠤᠷᠤᠯᠴᠠᠯᠭ᠎ᠠ ᠶᠡᠬᠡ ᠶᠠᠷᠢᠯᠴᠠᠯᠭ᠎ᠠ ᠵᠢ ᠥᠷᠨᠢᠭᠦᠯᠦᠭᠰᠡᠨ ᠪᠠᠢ᠌ᠳᠠᠯ᠎ᠳᠤ ᠰᠢᠮᠳᠠᠭᠤᠯᠤᠨ ᠪᠠᠢ᠌ᠴᠠᠭ᠋ᠠᠯᠲᠠ ᠬᠢᠬᠦ ᠵᠢ ᠬᠠᠷᠢᠭᠤᠴᠠᠵᠤ᠂ ᠬᠠᠮᠢᠶ᠎ᠠ ᠪᠦᠬᠦᠢ ᠠᠵᠢᠯ᠎ᠤᠨ ᠠᠬᠢᠯᠲᠠ ᠵᠢᠨ ᠪᠠᠢ᠌ᠳᠠᠯ᠎ᠢ ᠵᠠᠷᠯᠠᠨ ᠨᠡᠢ᠌ᠲᠡᠯᠡᠵᠦ᠂ ᠶᠡᠬᠡ ᠰᠤᠷᠤᠯᠴᠠᠯᠭ᠎ᠠ ᠶᠡᠬᠡ ᠶᠠᠷᠢᠯᠴᠠᠯᠭ᠎ᠠ ᠵᠢ ᠮᠥᠷᠳᠡᠨ ᠠᠬᠢᠭᠤᠯᠬᠤ ᠬᠡᠷᠡᠭᠲᠡᠢ᠃
