ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ 《ᠠᠩᠬᠠᠨ᠎ᠤ ᠵᠣᠷᠢᠯᠲᠠ᠎ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠶ᠎ᠡ》 ᠭᠡᠬᠦ ᠭᠣᠣᠯ ᠰᠡᠳᠦᠪᠲᠦ ᠬᠥᠮᠥᠵᠢᠯ ᠰᠤᠷᠤᠯᠴᠠᠭ᠎ᠠ ᠵᠢᠨ ᠲᠣᠬᠢᠷᠠᠭᠤᠯᠤᠯᠲᠠ ᠶᠣᠰᠣᠭ᠋ᠠᠷ᠂ 7 ᠳ᠋ᠤᠭ᠋ᠠᠷ ᠰᠠᠷ᠎ᠠ ᠵᠢᠨ 11᠎ᠤ ᠦᠳᠡ ᠵᠢᠨ ᠬᠣᠢ᠌ᠨ᠎ᠠ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠨᠣᠯ᠎ᠤᠨ ᠰᠤᠷᠤᠯᠴᠠᠭ᠎ᠠ ᠵᠢᠨ ᠭᠣᠣᠯ ᠳᠤᠭᠤᠢ᠌ᠯᠠᠩ (ᠥᠷᠭᠡᠳᠬᠡᠭᠰᠡᠨ)᠎ᠤᠨ 7 ᠳ᠋ᠤᠭ᠋ᠠᠷ ᠤᠳᠠᠭ᠋ᠠᠨ᠎ᠤ ᠨᠡᠢ᠌ᠲᠡ ᠵᠢᠨ ᠰᠤᠷᠤᠯᠴᠠᠭ᠎ᠠ ᠵᠢᠨ ᠬᠤᠷᠠᠯ᠎ᠢ ᠬᠤᠷᠠᠯᠳᠤᠭᠤᠯᠵᠠᠢ᠃
ᠬᠤᠷᠠᠯ᠎ᠠᠴᠠ ᠭᠣᠣᠯᠳᠠᠭᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠭᠣᠣᠯ ᠰᠡᠳᠦᠪᠲᠦ ᠬᠥᠮᠥᠵᠢᠯ᠎ᠤᠨ ᠤᠳᠤᠷᠢᠳᠬᠤ ᠳᠤᠭᠤᠢ᠌ᠯᠠᠩ᠎ᠤᠨ 《ᠶᠡᠷᠦᠩᠬᠡᠢ ᠱᠦᠵᠢ ᠰᠢ ᠵᠢᠨ ᠫᠢᠩ᠎ᠤᠨ ᠲᠥᠪ ᠬᠣᠷᠢᠶ᠎ᠠ ᠵᠢᠨ ᠤᠯᠤᠰ ᠲᠥᠷᠥ ᠵᠢᠨ ᠲᠣᠪᠴᠢᠶᠠᠨ᠎ᠤ ᠠᠷᠪᠠᠨ ᠲᠠᠪᠤᠳᠤᠭ᠋ᠠᠷ ᠤᠳᠠᠭ᠋ᠠᠨ᠎ᠤ ᠨᠡᠢ᠌ᠲᠡ ᠵᠢᠨ ᠰᠤᠷᠤᠯᠴᠠᠭ᠎ᠠ ᠵᠢᠨ ᠦᠶ᠎ᠡ ᠵᠢᠨ ᠴᠢᠬᠤᠯᠠ ᠶᠠᠷᠢᠶ᠎ᠠ ᠵᠢ ᠬᠢᠨᠠᠮᠠᠭ᠋ᠠᠢ ᠰᠤᠷᠤᠯᠴᠠᠨ ᠲᠤᠭᠤᠰᠢᠯᠠᠭᠤᠯᠬᠤ ᠲᠤᠬᠠᠢ ᠮᠡᠳᠡᠭᠳᠡᠯ》᠎ᠢ ᠳᠠᠮᠵᠢᠭᠤᠯᠤᠨ ᠲᠠᠷᠬᠠᠭ᠋ᠠᠬᠤ ᠲᠤᠬᠠᠢ ᠮᠡᠳᠡᠭᠳᠡᠯ᠂ ᠶᠡᠷᠦᠩᠬᠡᠢ ᠱᠦᠵᠢ ᠰᠢ ᠵᠢᠨ ᠫᠢᠩ᠎ᠤᠨ ᠲᠥᠪ ᠬᠣᠷᠢᠶ᠎ᠠ ᠵᠢᠨ ᠤᠯᠤᠰ ᠲᠥᠷᠥ ᠵᠢᠨ ᠲᠣᠪᠴᠢᠶᠠᠨ᠎ᠤ ᠠᠷᠪᠠᠨ ᠲᠠᠪᠤᠳᠤᠭ᠋ᠠᠷ ᠤᠳᠠᠭ᠋ᠠᠨ᠎ᠤ ᠨᠡᠢ᠌ᠲᠡ ᠵᠢᠨ ᠰᠤᠷᠤᠯᠴᠠᠭ᠎ᠠ ᠵᠢᠨ ᠦᠶ᠎ᠡ ᠵᠢᠨ ᠴᠢᠬᠤᠯᠠ ᠶᠠᠷᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠭᠣᠣᠯ ᠰᠡᠳᠦᠪᠲᠦ ᠬᠥᠮᠥᠵᠢᠯ᠎ᠤᠨ ᠳᠣᠯᠣᠳᠤᠭ᠋ᠠᠷ ᠵᠢᠯᠣᠭᠣᠳᠬᠤ ᠳᠤᠭᠤᠢ᠌ᠯᠠᠩ᠎ᠤᠨ ᠳᠥᠷᠪᠡᠳᠦᠭᠡᠷ ᠤᠳᠠᠭ᠋ᠠᠨ᠎ᠤ ᠠᠵᠢᠯ᠎ᠢ ᠠᠬᠢᠭᠤᠯᠬᠤ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠠᠢ᠃
ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠤᠳᠤᠷᠢᠳᠤᠯᠭ᠎ᠠ ᠨᠠᠷ᠂ ᠲᠢᠩᠬᠢᠮ᠎ᠤᠨ ᠪᠠᠢ᠌ᠭᠤᠯᠭ᠎ᠠ ᠵᠢᠨ ᠡᠯ᠎ᠡ ᠭᠠᠵᠠᠷ ᠲᠠᠰᠤᠭ᠂ ᠬᠠᠷᠢᠶᠠᠯᠠᠭᠳᠠᠬᠤ ᠠᠵᠢᠯ ᠦᠢ᠍ᠯᠡᠰ᠎ᠤᠨ ᠨᠢᠭᠡᠴᠢ ᠵᠢᠨ ᠬᠠᠷᠢᠭᠤᠴᠠᠯᠭ᠋ᠠᠲᠠᠳ ᠲᠤᠰ ᠤᠳᠠᠭ᠋ᠠᠨ᠎ᠤ ᠬᠤᠷᠠᠯ᠎ᠳᠤ ᠣᠷᠣᠯᠴᠠᠵᠠᠢ᠃
ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠰᠢᠶᠠᠩ ᠳ᠋ᠦᠩ ᠰᠤᠷᠤᠯᠴᠠᠨ ᠲᠤᠭᠤᠰᠢᠯᠠᠭᠤᠯᠵᠤ ᠨᠠᠢ᠌ᠳᠠᠪᠤᠷᠢᠵᠢᠭᠤᠯᠬᠤ ᠠᠵᠢᠯ᠎ᠤᠨ ᠲᠤᠬᠠᠢ ᠳᠣᠣᠷᠠᠬᠢ ᠬᠡᠳᠦᠨ ᠲᠠᠯ᠎ᠠ ᠵᠢᠨ ᠰᠠᠨᠠᠯ᠎ᠢ ᠳᠤᠷᠠᠳᠴᠠᠢ᠄
ᠨᠢᠭᠡ᠎ᠳᠤ᠂ ᠶᠡᠷᠦᠩᠬᠡᠢ ᠱᠦᠵᠢ ᠰᠢ ᠵᠢᠨ ᠫᠢᠩ᠎ᠤᠨ ᠲᠥᠪ ᠬᠣᠷᠢᠶ᠎ᠠ ᠵᠢᠨ ᠤᠯᠤᠰ ᠲᠥᠷᠥ ᠵᠢᠨ ᠲᠣᠪᠴᠢᠶᠠᠨ᠎ᠤ ᠠᠷᠪᠠᠨ ᠲᠠᠪᠤᠳᠤᠭ᠋ᠠᠷ ᠤᠳᠠᠭ᠋ᠠᠨ᠎ᠤ ᠨᠡᠢ᠌ᠲᠡ ᠵᠢᠨ ᠰᠤᠷᠤᠯᠴᠠᠯᠭ᠎ᠠ ᠵᠢᠨ ᠦᠶ᠎ᠡ ᠵᠢᠨ ᠴᠢᠬᠤᠯᠠ ᠶᠠᠷᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠭᠣᠣᠯ ᠰᠡᠳᠦᠪᠲᠦ ᠬᠥᠮᠥᠵᠢᠯ᠎ᠤᠨ ᠳᠣᠯᠣᠳᠤᠭ᠋ᠠᠷ ᠵᠢᠯᠣᠭᠣᠳᠬᠤ ᠳᠤᠭᠤᠢ᠌ᠯᠠᠩ᠎ᠤᠨ ᠳᠥᠷᠪᠡᠳᠦᠭᠡᠷ ᠤᠳᠠᠭ᠋ᠠᠨ᠎ᠤ ᠠᠵᠢᠯ᠎ᠢ ᠠᠬᠢᠭᠤᠯᠬᠤ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠣᠢ᠌ᠯᠠᠭ᠋ᠠᠨ᠂ ᠶᠡᠷᠦᠩᠬᠡᠢ ᠱᠦᠵᠢ ᠰᠢ ᠵᠢᠨ ᠫᠢᠩ᠎ᠤᠨ 《ᠠᠩᠬᠠᠨ᠎ᠤ ᠵᠣᠷᠢᠯᠲᠠ᠎ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ》 ᠲᠤᠬᠠᠢ ᠴᠢᠬᠤᠯᠠ ᠥᠭᠦᠯᠡᠯᠲᠡ ᠵᠢᠨ ᠲᠣᠭᠣᠷᠢᠨ᠎ᠳᠤ ᠴᠢᠩᠭ᠎ᠠ ᠨᠢᠭᠲᠠᠷᠠᠨ ᠰᠤᠷᠤᠯᠴᠠᠵᠤ᠂ ᠢᠯᠡᠭᠦᠬᠡᠨ ᠰᠡᠳᠬᠢᠨ ᠪᠣᠳᠣᠯᠬᠢᠯᠠᠵᠤ᠂ ᠭᠦᠨᠵᠡᠭᠡᠢ ᠰᠤᠷᠤᠯᠴᠠᠨ ᠨᠡᠪᠲᠡᠷᠬᠡᠢ ᠣᠢ᠌ᠯᠠᠭ᠋ᠠᠵᠤ᠂ ᠰᠢᠰᠲ᠋ᠧᠮ᠎ᠲᠠᠢ ᠪᠥᠭᠡᠳ ᠪᠦᠬᠦ ᠲᠠᠯ᠎ᠠ᠎ᠪᠠᠷ᠂ ᠤᠴᠢᠷ ᠵᠦᠢ ᠵᠢ᠎ᠨᠢ ᠠᠭᠤᠰᠤᠯᠴᠠᠭᠤᠯᠤᠨ ᠣᠢ᠌ᠯᠭ᠋ᠠᠬᠤ ᠲᠠᠯ᠎ᠠ᠎ᠪᠠᠷ ᠬᠦᠴᠦ ᠵᠠᠷᠤᠴᠠᠭᠤᠯᠬᠤ ᠬᠡᠷᠡᠭᠲᠡᠢ; 《ᠲᠠᠪᠤ ᠵᠢ ᠤᠯᠠᠮ ᠨᠢᠭᠡ ᠠᠯᠬᠤᠮ ᠠᠬᠢᠭᠤᠯᠬᠤ》 ᠬᠠᠷᠠᠯᠲᠠ ᠶᠣᠰᠣᠭ᠋ᠠᠷ᠂ ᠲᠥᠪᠯᠡᠷᠡᠭᠦᠯᠦᠨ ᠰᠤᠷᠤᠯᠴᠠᠵᠤ ᠰᠤᠳᠤᠯᠤᠨ ᠶᠠᠷᠢᠯᠴᠠᠬᠤ ᠵᠢ ᠥᠷᠨᠢᠭᠦᠯᠵᠦ᠂ ᠲᠢᠩᠬᠢᠮ᠎ᠤᠨ ᠪᠠᠢ᠌ᠭᠤᠯᠭ᠎ᠠ ᠵᠢᠨ ᠡᠯ᠎ᠡ ᠭᠠᠵᠠᠷ ᠲᠠᠰᠤᠭ᠂ ᠲᠣᠮᠢᠯᠠᠭᠰᠠᠨ ᠨᠢᠭᠡᠴᠢ᠂ ᠬᠠᠷᠢᠶᠠᠯᠠᠭᠳᠠᠬᠤ ᠨᠢᠭᠡᠴᠢ ᠵᠢᠨ ᠬᠠᠷᠢᠭᠤᠴᠠᠯᠭ᠋ᠠᠲᠠᠳ ᠰᠤᠳᠤᠯᠤᠨ ᠶᠠᠷᠢᠯᠴᠠᠬᠤ ᠪᠡᠯᠡᠳᠬᠡᠯ᠎ᠢ ᠰᠠᠢ᠌ᠲᠤᠷ ᠬᠢᠬᠦ ᠬᠡᠷᠡᠭᠲᠡᠢ; ᠡᠯ᠎ᠡ ᠨᠠᠮ᠎ᠤᠨ ᠡᠭᠦᠷ (ᠨᠠᠮ᠎ᠤᠨ ᠶᠡᠷᠦᠩᠬᠡᠢ ᠡᠭᠦᠷ)᠎ᠤᠨ᠎ᠬᠢᠨ ᠨᠠᠮ᠎ᠤᠨ ᠡᠭᠦᠷ᠎ᠤᠨ ᠰᠤᠷᠤᠯᠴᠠᠭ᠎ᠠ ᠵᠢᠨ ᠬᠤᠷᠠᠯ᠎ᠢ ᠲᠣᠬᠢᠷᠠᠭᠤᠯᠵᠤ ᠰᠤᠳᠤᠯᠤᠨ ᠶᠠᠷᠢᠯᠴᠠᠵᠤ ᠰᠣᠯᠢᠯᠴᠠᠬᠤ ᠬᠡᠷᠡᠭᠲᠡᠢ᠃
ᠬᠣᠶᠠᠷ᠎ᠲᠤ᠂ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ ᠵᠢ ᠤᠯᠠᠮ ᠨᠢᠭᠡ ᠠᠯᠬᠤᠮ ᠴᠢᠩᠭ᠋ᠠᠷᠠᠭᠤᠯᠤᠨ᠂ 《ᠨᠢᠭᠡᠳᠦᠭᠡᠷ ᠬᠠᠷᠢᠭᠤᠴᠠᠯᠭ᠋ᠠᠲᠠᠨ》᠎ᠤ ᠵᠠᠩᠭᠢᠯᠠᠭ᠎ᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠡᠯ᠎ᠡ ᠭᠠᠵᠠᠷ ᠲᠠᠰᠤᠭ᠂ ᠨᠢᠭᠡᠴᠢ ᠵᠢᠨ ᠬᠠᠷᠢᠭᠤᠴᠠᠯᠭ᠋ᠠᠲᠠᠳ᠎ᠠᠴᠠ ᠴᠢᠬᠤᠯᠠᠴᠢᠯᠠᠨ ᠠᠳᠬᠤᠵᠤ᠂ ᠭᠦᠢ᠍ᠴᠡᠳ ᠴᠠᠭ ᠪᠠ ᠣᠶᠣᠨ ᠬᠦᠴᠦᠨ᠎ᠢ ᠵᠠᠷᠤᠴᠠᠭᠤᠯᠵᠤ ᠪᠠᠢ᠌ᠭ᠋ᠠᠳ ᠨᠢᠭᠡᠳᠦᠯᠲᠡᠢ ᠲᠥᠯᠥᠪᠯᠡᠨ ᠨᠡᠢ᠌ᠲᠡ᠎ᠳᠤᠨᠢ ᠬᠠᠷᠠᠭ᠋ᠠᠯᠵᠠᠵᠤ᠂ ᠨᠠᠷᠢᠨ ᠨᠢᠭᠲᠠ ᠵᠣᠬᠢᠶᠠᠨ ᠪᠠᠢ᠌ᠭᠤᠯᠵᠤ᠂ ᠥᠨᠳᠥᠷ ᠪᠠᠷᠢᠮᠵᠢᠶ᠎ᠠ ᠴᠢᠩᠭ᠎ᠠ ᠱᠠᠭ᠋ᠠᠷᠳᠠᠯᠭ᠎ᠠ᠎ᠪᠠᠷ᠂ ᠰᠤᠷᠤᠯᠴᠠᠯᠭ᠎ᠠ ᠬᠥᠮᠥᠵᠢᠯ᠂ ᠪᠠᠢ᠌ᠴᠠᠭ᠋ᠠᠯᠲᠠ ᠰᠤᠳᠤᠯᠤᠯᠲᠠ᠂ ᠠᠰᠠᠭᠤᠳᠠᠯ᠎ᠤᠨ ᠰᠢᠯᠭ᠋ᠠᠨ ᠪᠠᠢ᠌ᠴᠠᠭ᠋ᠠᠯᠲᠠ᠂ ᠴᠡᠭᠴᠡᠯᠡᠯᠲᠡ ᠨᠠᠢ᠌ᠳᠠᠪᠤᠷᠢᠵᠢᠭᠤᠯᠤᠯᠲᠠ ᠵᠢ ᠭᠣᠣᠯ ᠰᠡᠳᠦᠪᠲᠦ ᠬᠥᠮᠥᠵᠢᠯ᠎ᠤᠨ ᠪᠦᠬᠦ ᠶᠠᠪᠤᠴᠠ᠎ᠳᠤ ᠨᠡᠢ᠌ᠳᠡᠮ᠎ᠳᠤ᠎ᠨᠢ ᠲᠤᠭᠤᠰᠢᠯᠠᠭᠤᠯᠬᠤ ᠬᠡᠷᠡᠭᠲᠡᠢ᠃
ᠭᠤᠷᠪᠠ᠎ᠳᠤ᠂ ᠪᠠᠢ᠌ᠴᠠᠭ᠋ᠠᠯᠲᠠ ᠰᠤᠳᠤᠯᠤᠯᠲᠠ ᠵᠢ ᠬᠢᠨᠠᠮᠠᠭ᠋ᠠᠢ ᠥᠷᠨᠢᠭᠦᠯᠬᠦ ᠬᠡᠷᠡᠭᠲᠡᠢ᠃ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠨ᠂ 《ᠳᠥᠷᠪᠡ ᠵᠢᠨ ᠲᠣᠭᠣᠷᠢᠨ᠎ᠳᠤ ᠨᠢᠭᠲᠠᠷᠠᠬᠤ》᠎ᠳᠤ ᠠᠩᠬᠠᠷᠤᠭᠤᠯᠤᠨ ᠲᠥᠪᠯᠡᠷᠡᠭᠦᠯᠵᠦ ᠪᠠᠢ᠌ᠭ᠋ᠠᠳ ᠪᠠᠢ᠌ᠴᠠᠭ᠋ᠠᠯᠲᠠ ᠰᠤᠳᠤᠯᠤᠯᠲᠠ ᠵᠢ ᠥᠷᠨᠢᠭᠦᠯᠵᠦ᠂ ᠡᠯ᠎ᠡ ᠭᠠᠵᠠᠷ ᠲᠠᠰᠤᠭ᠂ ᠨᠢᠭᠡᠴᠢ ᠵᠢᠨ᠎ᠬᠢᠨ ᠪᠠᠢ᠌ᠴᠠᠭ᠋ᠠᠯᠲᠠ ᠰᠤᠳᠤᠯᠤᠯᠲᠠ ᠬᠢᠬᠦ ᠪᠣᠳᠠᠲᠠᠢ ᠠᠵᠢᠯ᠎ᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠬᠡᠷᠡᠭᠲᠡᠢ; ᠲᠢᠩᠬᠢᠮ᠎ᠤᠨ ᠤᠳᠤᠷᠢᠳᠤᠯᠭ᠎ᠠ ᠨᠠᠷ ᠣᠨᠣᠯ᠎ᠢ ᠭᠦᠨᠵᠡᠭᠡᠢ ᠰᠤᠷᠤᠯᠴᠠᠬᠤ ᠪᠠ ᠪᠠᠢ᠌ᠴᠠᠭ᠋ᠠᠯᠲᠠ ᠰᠤᠳᠤᠯᠤᠯᠲᠠ ᠵᠢ ᠯᠠᠪᠳᠠᠭᠤᠨ ᠪᠠᠲᠤᠲᠠᠢ ᠥᠷᠨᠢᠭᠦᠯᠦᠭᠰᠡᠨ ᠰᠠᠭᠤᠷᠢᠨ ᠳᠡᠭᠡᠷ᠎ᠡ᠂ ᠬᠤᠪᠢᠳᠠᠨ ᠬᠠᠮᠢᠶᠠᠷᠴᠤ ᠪᠠᠢ᠌ᠭ᠎ᠠ ᠬᠦᠷᠢᠶ᠎ᠡ ᠴᠠᠷᠠᠭ᠎ᠠ ᠪᠤᠶᠤ ᠦᠨᠳᠦᠰᠦᠨ ᠱᠠᠲᠤᠨ᠎ᠤ ᠨᠢᠭᠡᠴᠢ᠎ᠳᠤ ᠬᠦᠷᠴᠦ ᠨᠠᠮ᠎ᠤᠨ ᠬᠢᠴᠢᠶᠡᠯ᠎ᠢ ᠰᠠᠢ᠌ᠲᠤᠷ ᠶᠠᠷᠢᠬᠤ᠎ᠪᠠᠷ ᠪᠠᠷᠠᠬᠤ ᠦᠭᠡᠢ᠂ ᠨᠠᠮ᠎ᠤᠨ ᠬᠢᠴᠢᠶᠡᠯ᠎ᠤᠨ ᠴᠢᠭᠯᠡᠯᠲᠦ ᠴᠢᠨᠠᠷ᠎ᠢ ᠲᠣᠪᠣᠢ᠌ᠯᠭ᠋ᠠᠵᠤ᠂ ᠰᠤᠷᠤᠯᠴᠠᠭ᠎ᠠ ᠪᠠ ᠪᠠᠢ᠌ᠴᠠᠭ᠋ᠠᠯᠲᠠ ᠰᠤᠳᠤᠯᠤᠯᠲᠠ ᠵᠢᠨ ᠦᠷ᠎ᠡ ᠪᠦᠲᠦᠭᠡᠯ᠎ᠲᠠᠢ ᠨᠢᠭᠲᠠ ᠤᠶᠠᠯᠳᠤᠭᠤᠯᠤᠨ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠲᠠᠢ᠌ᠯᠪᠤᠷᠢᠯᠠᠨ ᠶᠠᠷᠢᠵᠤ᠂ ᠣᠷᠣᠰᠢᠵᠤ ᠪᠠᠢ᠌ᠭ᠎ᠠ ᠵᠥᠷᠢᠶ᠎ᠡ ᠪᠠ ᠳᠤᠲᠠᠭᠤᠳᠠᠯ ᠵᠶ᠋ᠠᠨ ᠡᠷᠢᠨ᠂ ᠦᠢ᠍ᠯᠡᠳᠦᠯᠭᠡ ᠵᠢ ᠵᠢᠯᠣᠭᠣᠳᠤᠭᠤᠯᠤᠨ᠂ ᠠᠵᠢᠯ ᠵᠶ᠋ᠠᠨ ᠠᠬᠢᠭᠤᠯᠤᠨ ᠰᠠᠢ᠌ᠵᠢᠷᠠᠭᠤᠯᠬᠤ ᠰᠡᠳᠬᠢᠮᠵᠢ ᠪᠠ ᠠᠷᠭ᠎ᠠ ᠬᠡᠮᠵᠢᠶ᠎ᠡ ᠵᠢ ᠲᠣᠳᠣᠷᠬᠠᠢ᠌ᠯᠠᠨ ᠶᠠᠷᠢᠵᠤ᠂ ᠠᠩᠬᠠᠨ᠎ᠤ ᠵᠣᠷᠢᠯᠲᠠ ᠵᠢ ᠣᠢ᠌ᠯᠭ᠋ᠠᠨ᠂ ᠬᠠᠷᠢᠭᠤᠴᠠᠯᠭ᠎ᠠ ᠵᠢ ᠡᠭᠦᠷᠭᠡᠯᠡᠬᠦ ᠲᠥᠷᠥᠭᠳᠡᠯ ᠰᠡᠳᠬᠢᠯᠭᠡ᠎ᠪᠠᠨ ᠶᠠᠷᠢᠬᠤ ᠬᠡᠷᠡᠭᠲᠡᠢ᠃
ᠳᠥᠷᠪᠡ᠎ᠳᠤ᠂ ᠲᠣᠪᠣᠢ᠌ᠮ᠎ᠠ ᠠᠰᠠᠭᠤᠳᠠᠯ᠎ᠢ ᠣᠨᠢᠯᠠᠨ ᠡᠷᠭᠢᠴᠡᠭᠦᠯᠦᠨ ᠰᠡᠳᠬᠢᠬᠦ ᠬᠡᠷᠡᠭᠲᠡᠢ᠃ ᠣᠯᠠᠨ ᠵᠦᠢ᠍ᠯ᠎ᠤᠨ ᠬᠡᠯᠪᠡᠷᠢ᠎ᠪᠠᠨ ᠰᠠᠨᠠᠯ ᠰᠠᠨᠠᠭᠤᠯᠭ᠎ᠠ ᠵᠢ ᠥᠷᠭᠡᠨ ᠵᠶ᠋ᠡᠷ ᠰᠣᠨᠣᠰᠬᠤ ᠬᠡᠷᠡᠭᠲᠡᠢ᠃ ᠨᠠᠮ᠎ᠤᠨ ᠭᠡᠰᠢᠭᠦᠨ ᠺᠠᠳ᠋ᠷᠴᠤᠳ 《ᠵᠢᠷᠭᠤᠭ᠎ᠠ ᠵᠢ ᠬᠠᠷᠢᠴᠠᠭᠤᠯᠵᠤ ᠲᠠᠪᠤ ᠵᠢ ᠡᠷᠢᠬᠦ》 ᠱᠠᠭ᠋ᠠᠷᠳᠠᠯᠭ᠎ᠠ᠎ᠲᠠᠢ ᠬᠠᠷᠢᠴᠠᠭᠤᠯᠵᠤ᠂ ᠤᠷᠢᠰᠢᠵᠤ ᠪᠠᠢ᠌ᠭ᠎ᠠ ᠲᠣᠪᠣᠢ᠌ᠮ᠎ᠠ ᠠᠰᠠᠭᠤᠳᠠᠯ ᠵᠶ᠋ᠠᠨ ᠦᠨᠡᠨ ᠬᠦ᠌ ᠣᠨᠣᠪᠴᠢᠲᠠᠢ ᠪᠥᠭᠡᠳ ᠪᠣᠳᠠᠲᠠᠢ᠎ᠪᠠᠷ ᠡᠷᠢᠬᠦ ᠬᠡᠷᠡᠭᠲᠡᠢ᠃ ᠨᠠᠮ᠎ᠤᠨ ᠤᠳᠤᠷᠢᠳᠬᠤ ᠳᠤᠭᠤᠢ᠌ᠯᠠᠩ᠎ᠠᠴᠠ ᠨᠢᠭᠡᠨᠲᠡ ᠡᠯ᠎ᠡ ᠭᠠᠵᠠᠷ ᠲᠠᠰᠤᠭ᠂ ᠨᠢᠭᠡᠴᠢ᠎ᠳᠤ ᠨᠠᠢ᠌ᠳᠠᠨ ᠺᠠᠳ᠋ᠷ ᠣᠯᠠᠨ ᠲᠦᠮᠡᠨ᠎ᠤ ᠰᠠᠨᠠᠯ ᠰᠠᠨᠠᠭᠤᠯᠭ᠎ᠠ ᠵᠢ ᠥᠷᠭᠡᠨ ᠵᠶ᠋ᠡᠷ ᠬᠤᠷᠢᠶᠠᠵᠤ᠂ ᠣᠢ᠌ᠷ᠎ᠠ ᠵᠢᠨ ᠬᠤᠭᠤᠴᠠᠭ᠋ᠠᠨ᠎ᠳᠤ ᠲᠢᠩᠬᠢᠮ᠎ᠤᠨ ᠪᠠᠢ᠌ᠭᠤᠯᠭ᠎ᠠ ᠵᠢᠨ ᠡᠯ᠎ᠡ ᠭᠠᠵᠠᠷ ᠲᠠᠰᠤᠭ᠂ ᠲᠣᠮᠢᠯᠠᠭᠰᠠᠨ ᠪᠠᠢ᠌ᠭᠤᠯᠤᠮᠵᠢ᠂ ᠬᠠᠷᠢᠶᠠᠯᠠᠭᠳᠠᠬᠤ ᠨᠢᠭᠡᠴᠢ ᠵᠢᠨ ᠬᠠᠷᠢᠭᠤ ᠮᠡᠳᠡᠭᠦᠯᠦᠯᠲᠡ ᠵᠢ ᠰᠣᠨᠣᠰᠬᠤ᠎ᠪᠠᠷ ᠪᠣᠢ᠃ ᠣᠯᠠᠨ ᠵᠶ᠋ᠠᠷ ᠵᠶ᠋ᠠᠨ ᠦᠨᠳᠦᠰᠦᠨ ᠱᠠᠲᠤᠨ᠎ᠤ ᠺᠠᠳ᠋ᠷ ᠣᠯᠠᠨ ᠲᠦᠮᠡᠨ᠎ᠤ ᠰᠠᠨᠠᠯ ᠰᠠᠨᠠᠭᠤᠯᠭ᠎ᠠ ᠵᠢ ᠤᠤᠯ ᠬᠡᠪ ᠵᠶ᠋ᠡᠷ ᠵᠶ᠋ᠡᠨ ᠳᠡᠭᠡᠭᠰᠢ ᠲᠤᠰᠬᠠᠬᠤ ᠬᠡᠷᠡᠭᠲᠡᠢ᠃
ᠲᠠᠪᠤ᠎ᠳᠤ᠂ ᠴᠡᠭᠴᠡᠯᠡᠨ ᠥᠭᠡᠷᠡᠴᠢᠯᠡᠵᠦ ᠨᠠᠢ᠌ᠳᠠᠪᠤᠷᠢᠵᠢᠭᠤᠯᠬᠤ ᠵᠢ ᠦᠨᠡᠨ ᠬᠦ᠌ ᠰᠠᠢ᠌ᠲᠤᠷ ᠠᠳᠬᠤᠬᠤ ᠬᠡᠷᠡᠭᠲᠡᠢ᠃ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠪᠠ ᠨᠠᠮ᠎ᠤᠨ ᠲᠥᠪ ᠬᠣᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠬᠦᠴᠦᠯᠡᠨ ᠨᠠᠢ᠌ᠳᠠᠪᠤᠷᠢᠵᠢᠭᠤᠯᠵᠤ᠂ ᠡᠯ᠎ᠡ ᠭᠠᠵᠠᠷ ᠲᠠᠰᠤᠭ (ᠨᠢᠭᠡᠴᠢ)᠎ᠠᠴᠠ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠦᠨ᠂ ᠠᠵᠢᠯ᠎ᠤᠨ ᠡᠬᠡ ᠳᠠᠩᠰᠠ ᠵᠢ ᠪᠠᠢ᠌ᠭᠤᠯᠵᠤ᠂ ᠨᠠᠢ᠌ᠳᠠᠪᠤᠷᠢᠵᠢᠭᠤᠯᠤᠯᠲᠠ ᠵᠢ ᠬᠢᠨᠠᠮᠠᠭ᠋ᠠᠢ ᠠᠳᠬᠤᠨ᠂ ᠲᠤᠰ ᠭᠠᠵᠠᠷ ᠲᠠᠰᠤᠭ (ᠨᠢᠭᠡᠴᠢ)᠎ᠤᠨ ᠵᠶ᠋ᠠᠨ ᠣᠷᠣᠰᠢᠵᠤ ᠪᠠᠢ᠌ᠭ᠎ᠠ ᠠᠰᠠᠭᠤᠳᠠᠯ ᠵᠢᠴᠢ ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ ᠵᠢ ᠴᠠᠭ ᠲᠤᠬᠠᠢᠳᠤᠨᠢ ᠲᠢᠩᠬᠢᠮ᠎ᠤᠨ ᠭᠣᠣᠯ ᠰᠡᠳᠦᠪᠲᠦ ᠬᠥᠮᠥᠵᠢᠯ᠎ᠤᠨ ᠤᠳᠤᠷᠢᠳᠬᠤ ᠳᠤᠭᠤᠢ᠌ᠯᠠᠩ᠎ᠤᠨ ᠠᠯᠪᠠᠨ ᠭᠡᠷ᠎ᠲᠤ ᠮᠡᠳᠡᠭᠦᠯᠬᠦ ᠬᠡᠷᠡᠭᠲᠡᠢ᠃
