ᠲᠥᠪ᠎ᠤᠨ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ 15 ᠳ᠋ᠤᠭ᠋ᠠᠷ ᠰᠢᠮᠳᠠᠭᠤᠯᠤᠨ ᠵᠢᠯᠣᠭᠣᠳᠬᠤ ᠳᠤᠭᠤᠢ᠌ᠯᠠᠩ᠎ᠤᠨ ᠵᠠᠷᠯᠠᠨ ᠮᠡᠳᠡᠭᠡᠯᠡᠭᠰᠡᠨ ᠠᠰᠠᠭᠤᠳᠠᠯ᠎ᠢ ᠴᠡᠭᠴᠡᠯᠡᠨ ᠥᠭᠡᠷᠡᠴᠢᠯᠡᠵᠦ ᠨᠠᠢ᠌ᠳᠠᠪᠤᠷᠢᠵᠢᠭᠤᠯᠬᠤ ᠠᠵᠢᠯ᠎ᠢ ᠲᠦᠷᠭᠡᠳᠬᠡᠵᠦ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠦᠷᠢᠶ᠎ᠡ ᠴᠠᠷᠠᠭ᠋ᠠᠨ᠎ᠳᠠᠬᠢ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠤᠰᠬᠠᠢ ᠵᠦᠢ᠍ᠯ᠎ᠤᠨ ᠲᠡᠮᠡᠴᠡᠯ᠎ᠢ ᠭᠦᠨᠵᠡᠭᠡᠢ ᠠᠬᠢᠭᠤᠯᠬᠤ ᠵᠢᠨ ᠲᠤᠰᠠᠳᠠ᠂ 7 ᠳ᠋ᠤᠭ᠋ᠠᠷ ᠰᠠᠷ᠎ᠠ ᠵᠢᠨ 5᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ᠎ᠤ ᠠᠵᠢᠯ ᠲᠥᠷᠥᠯ᠎ᠤᠨ ᠰᠠᠮᠠᠭᠤᠷᠠᠯ᠎ᠢ ᠲᠤᠰᠬᠠᠢ ᠵᠦᠢ᠍ᠯ ᠵᠶ᠋ᠡᠷ ᠴᠡᠭᠴᠡᠯᠡᠨ ᠵᠠᠰᠠᠬᠤ ᠠᠵᠢᠯᠯᠠᠭ᠎ᠠ ᠵᠢᠨ ᠳᠠᠢ᠌ᠴᠢᠯᠠᠨ ᠪᠠᠢ᠌ᠷᠢᠯᠠᠭᠤᠯᠬᠤ ᠬᠤᠷᠠᠯ᠎ᠢ ᠬᠤᠷᠠᠯᠳᠤᠭᠤᠯᠵᠠᠢ᠃
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠰᠢᠶᠠᠩ ᠳ᠋ᠦᠩ ᠪᠠᠢ᠌ᠷᠢᠯᠠᠭᠤᠯᠤᠯᠲᠠ ᠬᠢᠬᠦ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠬᠤᠤ ᠴᠢᠩ ᠸᠧᠨ ᠬᠤᠷᠠᠯ᠎ᠢ ᠡᠷᠬᠢᠯᠡᠭᠰᠡᠨ᠎ᠤ ᠬᠠᠮᠲᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ᠎ᠤ ᠠᠵᠢᠯ ᠲᠥᠷᠥᠯ᠎ᠤᠨ ᠰᠠᠮᠠᠭᠤᠷᠠᠯ᠎ᠢ ᠲᠤᠰᠬᠠᠢ ᠵᠦᠢ᠍ᠯ ᠵᠶ᠋ᠡᠷ ᠴᠡᠭᠴᠡᠯᠡᠨ ᠵᠠᠰᠠᠬᠤ ᠠᠵᠢᠯᠯᠠᠭ᠎ᠠ ᠵᠢᠨ ᠠᠵᠢᠯ᠎ᠤᠨ ᠲᠥᠰᠥᠯ》᠎ᠤᠨ ᠲᠤᠬᠠᠢ ᠪᠠᠢ᠌ᠷᠢᠯᠠᠭᠤᠯᠤᠯᠲᠠ ᠲᠣᠳᠣᠷᠬᠠᠢ᠌ᠯᠠᠯᠲᠠ ᠬᠢᠵᠡᠢ᠃
ᠰᠢᠶᠠᠩ ᠳ᠋ᠦᠩ ᠵᠢᠭ᠋ᠠᠬᠤ᠎ᠳᠤ᠎ᠪᠠᠨ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠨᠢ ᠥᠪᠡᠷᠲᠡᠭᠡᠨ ᠵᠠᠰᠠᠬᠤ ᠣᠷᠣᠨ᠎ᠤ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠤᠰᠬᠠᠢ ᠵᠦᠢ᠍ᠯ᠎ᠤᠨ ᠲᠡᠮᠡᠴᠡᠯ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ ᠨᠢᠭᠡᠴᠢ ᠪᠣᠯᠣᠭᠰᠠᠨ᠎ᠠᠴᠠ ᠨᠠᠭ᠋ᠠᠰᠢ᠂ ᠲᠥᠪ ᠪᠠ ᠥᠪᠡᠷᠲᠡᠭᠡᠨ ᠵᠠᠰᠠᠬᠤ ᠣᠷᠣᠨ᠎ᠤ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠤᠰᠬᠠᠢ ᠵᠦᠢ᠍ᠯ᠎ᠤᠨ ᠲᠡᠮᠡᠴᠡᠯ᠎ᠤᠨ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠤᠰᠬᠠᠢ ᠵᠦᠢ᠍ᠯ᠎ᠤᠨ ᠲᠡᠮᠡᠴᠡᠯ᠎ᠤᠨ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠢ ᠲᠠᠨᠢᠵᠤ᠂ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠤᠰᠬᠠᠢ ᠵᠦᠢ᠍ᠯ᠎ᠤᠨ ᠲᠡᠮᠡᠴᠡᠯ᠎ᠤᠨ ᠠᠵᠢᠯ ᠲᠥᠷᠥᠯ᠎ᠤᠨ ᠬᠠᠮᠢᠶᠠᠷᠤᠯᠲᠠ ᠵᠢᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠦᠨᠡᠨ ᠬᠦ᠌ ᠨᠠᠢ᠌ᠳᠠᠪᠤᠷᠢᠵᠢᠭᠤᠯᠵᠤ᠂ ᠨᠠᠷᠢᠯᠢᠭ ᠵᠣᠬᠢᠶᠠᠨ ᠪᠠᠢ᠌ᠭᠤᠯᠵᠤ᠂ ᠨᠢᠮᠪᠠᠢ ᠪᠠᠢ᠌ᠷᠢᠯᠠᠭᠤᠯᠤᠨ᠂ ᠡᠷᠡᠰ ᠰᠢᠭᠤᠷᠬᠠᠢ᠎ᠪᠠᠷ ᠳᠠᠭ᠋ᠠᠷᠢᠯᠲᠠ ᠬᠢᠵᠦ᠂ ᠬᠠᠷ᠎ᠠ ᠪᠦᠯᠦᠭᠲᠡᠨ ᠬᠠᠷᠭᠢᠰ ᠬᠦᠴᠦᠨ᠎ᠳᠤ ᠬᠣᠯᠪᠣᠭᠳᠠᠭᠰᠠᠨ ᠡᠯ᠎ᠡ ᠵᠦᠢ᠍ᠯ᠎ᠤᠨ ᠬᠦᠴᠦᠨ᠎ᠳᠤ ᠴᠢᠩᠭ᠎ᠠ ᠴᠣᠬᠢᠯᠲᠠ ᠥᠭᠴᠦ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠦᠷᠢᠶ᠎ᠡ ᠴᠠᠷᠠᠭ᠋ᠠᠨ᠎ᠳᠠᠬᠢ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠤᠰᠬᠠᠢ ᠵᠦᠢ᠍ᠯ᠎ᠤᠨ ᠲᠡᠮᠡᠴᠡᠯ᠎ᠳᠤ ᠢᠳᠡᠪᠬᠢᠲᠡᠢ ᠦᠷ᠎ᠡ ᠪᠦᠲᠦᠮᠵᠢ ᠣᠯᠪᠠ ᠭᠡᠵᠡᠢ᠃
ᠰᠢᠶᠠᠩ ᠳ᠋ᠦᠩ ᠴᠢᠬᠤᠯᠠᠴᠢᠯᠠᠬᠤ᠎ᠳᠤ᠎ᠪᠠᠨ᠂ ᠪᠦᠬᠦ ᠣᠷᠣᠨ᠎ᠤ ᠡᠯ᠎ᠡ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ᠎ᠬᠢᠨ 《ᠠᠩᠬᠠᠨ᠎ᠤ ᠵᠣᠷᠢᠯᠲᠠ᠎ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠶ᠎ᠡ》 ᠭᠡᠬᠦ ᠭᠣᠣᠯ ᠰᠡᠳᠦᠪᠲᠦ ᠬᠥᠮᠥᠵᠢᠯ᠎ᠲᠠᠢ ᠤᠶᠠᠯᠳᠤᠭᠤᠯᠤᠨ᠂ ᠠᠵᠢᠯ ᠲᠥᠷᠥᠯ᠎ᠤᠨ ᠰᠠᠮᠠᠭᠤᠷᠠᠯ᠎ᠢ ᠲᠤᠰᠬᠠᠢ ᠵᠦᠢ᠍ᠯ ᠵᠶ᠋ᠡᠷ ᠴᠡᠭᠴᠡᠯᠡᠨ ᠵᠠᠰᠠᠬᠤ ᠠᠵᠢᠯ᠎ᠢ ᠠᠬᠢᠭᠤᠯᠬᠤ᠎ᠪᠠᠷ 《ᠠᠩᠬᠠᠨ᠎ᠤ ᠵᠣᠷᠢᠯᠲᠠ᠎ᠪᠠᠨ ᠰᠠᠬᠢᠨ᠂ ᠬᠠᠷᠢᠭᠤᠴᠠᠯᠭ᠎ᠠ ᠵᠢ ᠡᠭᠦᠷᠭᠡᠯᠡᠵᠦ᠂ ᠵᠥᠷᠢᠶ᠎ᠡ᠎ᠪᠠᠨ ᠡᠷᠢᠨ᠂ ᠨᠠᠢ᠌ᠳᠠᠪᠤᠷᠢᠵᠢᠭᠤᠯᠤᠯᠲᠠ ᠵᠢ ᠠᠳᠬᠤᠬᠤ》 ᠵᠢᠨ ᠪᠣᠳᠠᠲᠤ ᠠᠵᠢᠯᠯᠠᠭ᠎ᠠ ᠪᠣᠯᠭ᠋ᠠᠵᠤ᠂ ᠠᠵᠢᠯ ᠲᠥᠷᠥᠯ᠎ᠤᠨ ᠰᠠᠮᠠᠭᠤᠷᠠᠯ᠎ᠢ ᠴᠡᠭᠴᠡᠯᠡᠨ ᠵᠠᠰᠠᠬᠤ ᠭᠣᠣᠯ ᠴᠣᠭᠴᠠ ᠵᠢᠨ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠪᠣᠳᠠᠲᠠᠢ᠌ᠵᠢᠭᠤᠯᠤᠨ ᠴᠢᠩᠭ᠋ᠠᠳᠬᠠᠬᠤ ᠬᠡᠷᠡᠭᠲᠡᠢ᠃ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ ᠵᠢ ᠴᠢᠩᠭ᠋ᠠᠷᠠᠭᠤᠯᠤᠨ᠂ ᠠᠵᠢᠯ ᠲᠥᠷᠥᠯ᠎ᠤᠨ ᠰᠠᠮᠠᠭᠤᠷᠠᠯ᠎ᠢ ᠴᠡᠭᠴᠡᠯᠡᠨ ᠵᠠᠰᠠᠬᠤ ᠠᠵᠢᠯ᠎ᠢ ᠲᠣᠪᠣᠢ᠌ᠮ᠎ᠠ ᠪᠠᠢ᠌ᠷᠢᠨ᠎ᠳᠤ ᠲᠠᠯᠪᠢᠵᠤ᠂ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠤᠰᠬᠠᠢ ᠵᠦᠢ᠍ᠯ᠎ᠤᠨ ᠲᠡᠮᠡᠴᠡᠯ᠎ᠤᠨ ᠡᠳᠦᠷ ᠲᠤᠲᠤᠮ᠎ᠤᠨ ᠴᠢᠬᠤᠯᠠ ᠵᠥᠪᠯᠡᠬᠦ ᠵᠦᠢ᠍ᠯ᠎ᠳᠤ ᠣᠷᠣᠭᠤᠯᠵᠤ᠂ ᠭᠣᠣᠯ ᠤᠳᠤᠷᠢᠳᠤᠯᠭ᠎ᠠ᠎ᠠᠴᠠ ᠨᠢᠭᠡᠳᠦᠭᠡᠷ ᠬᠠᠷᠢᠭᠤᠴᠠᠯᠭ᠋ᠠᠲᠠᠨ᠎ᠤ ᠬᠠᠷᠢᠭᠤᠴᠠᠯᠭ᠎ᠠ ᠵᠢ ᠡᠭᠦᠷᠭᠡᠯᠡᠨ᠂ ᠴᠢᠬᠤᠯᠠ ᠠᠵᠢᠯ᠎ᠢ ᠥᠪᠡᠷ ᠵᠶ᠋ᠡᠨ ᠲᠣᠬᠢᠷᠠᠭᠤᠯᠤᠨ ᠪᠠᠢ᠌ᠷᠢᠯᠠᠭᠤᠯᠵᠤ᠂ ᠵᠠᠩᠭᠢᠯᠠᠭ᠎ᠠ ᠵᠢᠨ ᠠᠵᠢᠯ ᠢ ᠥᠪᠡᠷ ᠵᠶ᠋ᠡᠨ ᠣᠢ᠌ᠯᠠᠭ᠋ᠠᠨ ᠲᠣᠬᠢᠷᠠᠭᠤᠯᠵᠤ᠂ ᠴᠢᠬᠤᠯᠠ ᠶᠡᠬᠡ ᠬᠡᠷᠡᠭ᠎ᠢ ᠥᠪᠡᠷ ᠵᠶ᠋ᠡᠨ ᠤᠳᠤᠷᠢᠳᠤᠨ ᠭᠦᠢ᠍ᠴᠡᠳᠬᠡᠵᠦ᠂ ᠬᠦᠴᠢᠷᠳᠡᠯ᠎ᠲᠠᠢ ᠠᠰᠠᠭᠤᠳᠠᠯ᠎ᠢ ᠥᠪᠡᠷ ᠵᠶ᠋ᠡᠨ ᠠᠬᠢᠭᠤᠯᠤᠨ ᠰᠢᠢ᠍ᠳᠪᠦᠷᠢᠯᠡᠬᠦ ᠬᠡᠷᠡᠭᠲᠡᠢ; ᠬᠤᠪᠢᠳᠠᠨ ᠬᠠᠮᠢᠶᠠᠷᠴᠤ ᠪᠠᠢ᠌ᠭ᠎ᠠ ᠤᠳᠤᠷᠢᠳᠤᠯᠭ᠎ᠠ᠎ᠨᠢ ᠰᠢᠭᠤᠳ ᠬᠠᠷᠢᠭᠤᠴᠠᠯᠭ᠋ᠠᠲᠠᠨ ᠪᠣᠯᠣᠭᠰᠠᠨ᠎ᠤ ᠬᠤᠪᠢ᠎ᠳᠤ᠂ ᠬᠤᠪᠢᠳᠠᠨ ᠬᠠᠮᠢᠶᠠᠷᠴᠤ ᠪᠠᠢ᠌ᠭ᠎ᠠ ᠠᠵᠢᠯ ᠲᠥᠷᠥᠯ᠎ᠤᠨ ᠵᠶ᠋ᠡᠨ ᠰᠠᠮᠠᠭᠤᠷᠠᠯ᠎ᠢ ᠴᠡᠭᠴᠡᠯᠡᠨ ᠵᠠᠰᠠᠬᠤ ᠠᠵᠢᠯ᠎ᠢ ᠨᠠᠷᠢᠯᠢᠭ ᠪᠣᠳᠠᠲᠠᠢ᠎ᠪᠠᠷ ᠠᠳᠬᠤᠨ ᠦᠷ᠎ᠡ ᠪᠦᠲᠦᠮᠵᠢ ᠣᠯᠬᠤ ᠬᠡᠷᠡᠭᠲᠡᠢ; ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠵᠢᠨ ᠬᠠᠷᠢᠭᠤᠴᠠᠯᠭ᠋ᠠᠲᠠᠳ ᠴᠤᠭ ᠵᠶ᠋ᠠᠷ ᠠᠳᠬᠤᠨ ᠬᠠᠮᠲᠤ᠎ᠪᠠᠷ ᠬᠠᠮᠢᠶᠠᠷᠬᠤ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠵᠤ᠂ ᠠᠵᠢᠯ᠎ᠤᠨ ᠬᠠᠮᠲᠤᠷᠠᠭᠰᠠᠨ ᠬᠦᠴᠦᠨ᠎ᠢ ᠪᠦᠷᠢᠯᠳᠦᠭᠦᠯᠬᠦ ᠬᠡᠷᠡᠭᠲᠡᠢ ᠭᠡᠵᠡᠢ᠃
ᠰᠢᠶᠠᠩ ᠳ᠋ᠦᠩ ᠱᠠᠭ᠋ᠠᠷᠳᠠᠬᠤ᠎ᠳᠤ᠎ᠪᠠᠨ᠂ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ ᠠᠵᠢᠯ ᠲᠥᠷᠥᠯ᠎ᠤᠨ ᠬᠦᠷᠢᠶ᠎ᠡ ᠴᠠᠷᠠᠭ᠋ᠠᠨ᠎ᠳᠠᠬᠢ ᠰᠠᠮᠠᠭᠤᠷᠠᠯ᠎ᠢ ᠴᠡᠭᠴᠡᠯᠡᠨ ᠵᠠᠰᠠᠬᠤ ᠵᠢᠨ ᠴᠢᠬᠤᠯᠠ ᠴᠢᠨᠠᠷ ᠪᠠ ᠲᠤᠯᠭ᠋ᠠᠮᠳᠠᠭᠤ ᠴᠢᠨᠠᠷ᠎ᠢ ᠭᠦᠢ᠍ᠴᠡᠳ ᠲᠠᠨᠢᠵᠤ᠂ ᠠᠵᠢᠯ ᠲᠥᠷᠥᠯ᠎ᠤᠨ ᠬᠦᠷᠢᠶ᠎ᠡ ᠴᠠᠷᠠᠭ᠋ᠠᠨ᠎ᠳᠠᠬᠢ ᠰᠠᠮᠠᠭᠤᠷᠠᠯ᠎ᠢ ᠴᠡᠭᠴᠡᠯᠡᠨ ᠵᠠᠰᠠᠬᠤ ᠠᠵᠢᠯᠯᠠᠭ᠎ᠠ ᠵᠢ ᠥᠷᠨᠢᠭᠦᠯᠬᠦ᠎ᠪᠠᠷ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ᠂ ᠲᠥᠪ᠎ᠤᠨ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ 15 ᠳ᠋ᠤᠭ᠋ᠠᠷ ᠰᠢᠮᠳᠠᠭᠤᠯᠤᠨ ᠵᠢᠯᠣᠭᠣᠳᠬᠤ ᠳᠤᠭᠤᠢ᠌ᠯᠠᠩ᠎ᠤᠨ ᠰᠢᠮᠳᠠᠭᠤᠯᠤᠨ ᠵᠢᠯᠣᠭᠣᠳᠴᠤ ᠬᠠᠷᠢᠭᠤ ᠲᠤᠰᠬᠠᠭᠰᠠᠨ ᠰᠠᠨᠠᠯ ᠵᠶ᠋ᠠᠷ ᠴᠡᠭᠴᠡᠯᠡᠨ ᠥᠭᠡᠷᠡᠴᠢᠯᠡᠬᠦ ᠠᠵᠢᠯ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠤᠰᠬᠠᠢ ᠵᠦᠢ᠍ᠯ᠎ᠤᠨ ᠲᠡᠮᠡᠴᠡᠯ᠎ᠤᠨ ᠠᠵᠢᠯ᠎ᠤᠨ ᠲᠣᠬᠢᠷᠠᠭᠤᠯᠤᠯᠲᠠ ᠪᠠᠢ᠌ᠷᠢᠯᠠᠭᠤᠯᠤᠯᠲᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠪᠣᠳᠠᠲᠤ ᠢᠯᠡᠷᠡᠯ ᠪᠣᠯᠭ᠋ᠠᠵᠤ᠂ ᠬᠠᠮᠤᠭ᠎ᠤᠨ ᠶᠡᠬᠡ ᠡᠷᠡᠰ ᠵᠣᠷᠢᠭ᠂ ᠬᠠᠮᠤᠭ᠎ᠤᠨ ᠴᠢᠩᠭ᠎ᠠ ᠡᠷᠴᠢᠮ᠂ ᠬᠠᠮᠤᠭ᠎ᠤᠨ ᠬᠠᠲᠠᠭᠤ ᠠᠷᠭ᠎ᠠ ᠬᠡᠮᠵᠢᠶ᠎ᠡ᠎ᠪᠠᠷ᠂ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ᠎ᠤ ᠠᠵᠢᠯ ᠲᠥᠷᠥᠯ᠎ᠤᠨ ᠰᠠᠮᠠᠭᠤᠷᠠᠯ᠎ᠢ ᠴᠡᠭᠴᠡᠯᠡᠨ ᠵᠠᠰᠠᠬᠤ ᠡᠨᠡ ᠬᠦ᠌ ᠬᠠᠲᠠᠭᠤ ᠪᠡᠷᠬᠡᠲᠡᠢ ᠳᠠᠢ᠌ᠨ᠎ᠤ ᠢᠯᠠᠯᠲᠠ ᠵᠢ ᠡᠷᠡᠰ ᠰᠢᠭᠤᠷᠬᠠᠢ᠎ᠪᠠᠷ ᠣᠯᠬᠤ ᠬᠡᠷᠡᠭᠲᠡᠢ ᠭᠡᠵᠡᠢ᠃
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠵᠠᠩ ᠬᠤᠢ ᠢᠦᠢ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠵᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠳᠠᠷᠤᠭ᠎ᠠ ᠶᠠᠩ ᠸᠧᠨ ᠮᠢᠩ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠳᠡᠳ᠋ ᠲᠣᠭᠣᠷᠢᠨ ᠪᠠᠢ᠌ᠴᠠᠭ᠋ᠠᠭᠴᠢ ᠵᠠᠩ ᠱᠦ᠍ ᠯᠢ᠂ ᠲᠢᠩᠬᠢᠮ᠎ᠤᠨ ᠪᠠᠢ᠌ᠭᠤᠯᠭ᠎ᠠ ᠵᠢᠨ ᠡᠯ᠎ᠡ ᠭᠠᠵᠠᠷ ᠲᠠᠰᠤᠭ᠂ ᠲᠣᠮᠢᠯᠠᠭᠰᠠᠨ ᠪᠠᠢ᠌ᠭᠤᠯᠤᠮᠵᠢ᠂ ᠬᠠᠷᠢᠶᠠᠯᠠᠭᠳᠠᠬᠤ ᠨᠢᠭᠡᠴᠢ ᠵᠢᠨ ᠭᠣᠣᠯ ᠬᠠᠷᠢᠭᠤᠴᠠᠯᠭ᠋ᠠᠲᠠᠳ ᠭᠣᠣᠯ ᠬᠤᠷᠠᠯ᠎ᠤᠨ ᠲᠠᠯᠠᠪᠤᠷ᠎ᠲᠤ ᠬᠤᠷᠠᠯ᠎ᠳᠤ ᠣᠷᠣᠯᠴᠠᠪᠠ; ᠡᠯ᠎ᠡ ᠠᠢ᠌ᠮᠠᠭ ᠬᠣᠲᠠ᠂ ᠬᠣᠰᠢᠭᠤ ᠰᠢᠶᠠᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ ᠭᠣᠣᠯ ᠬᠠᠷᠢᠭᠤᠴᠠᠯᠭ᠋ᠠᠲᠠᠳ ᠠᠢ᠌ᠮᠠᠭ ᠬᠣᠲᠠ ᠵᠢᠨ ᠰᠠᠯᠪᠤᠷᠢ ᠬᠤᠷᠠᠯ᠎ᠤᠨ ᠲᠠᠯᠠᠪᠤᠷ᠎ᠲᠤ ᠬᠤᠷᠠᠯ᠎ᠳᠤ ᠣᠷᠣᠯᠴᠠᠵᠠᠢ᠃

ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ᠎ᠤ ᠠᠵᠢᠯ ᠲᠥᠷᠥᠯ᠎ᠤᠨ ᠰᠠᠮᠠᠭᠤᠷᠠᠯ᠎ᠢ ᠲᠤᠰᠬᠠᠢ ᠵᠦᠢ᠍ᠯ ᠵᠶ᠋ᠡᠷ ᠴᠡᠭᠴᠡᠯᠡᠨ ᠵᠠᠰᠠᠬᠤ ᠠᠵᠢᠯᠯᠠᠭ᠎ᠠ ᠵᠢᠨ ᠳᠠᠢ᠌ᠴᠢᠯᠠᠨ ᠪᠠᠢ᠌ᠷᠢᠯᠠᠭᠤᠯᠬᠤ ᠬᠤᠷᠠᠯ᠎ᠤᠨ ᠲᠤᠬᠠᠢ ᠵᠢᠨ ᠲᠠᠯᠠᠪᠤᠷ

ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠰᠢᠶᠠᠩ ᠳ᠋ᠦᠩ ᠪᠠᠢ᠌ᠷᠢᠯᠠᠭᠤᠯᠤᠯᠲᠠ ᠬᠢᠬᠦ ᠶᠠᠷᠢᠶ᠎ᠠ ᠲᠠᠯᠪᠢᠵᠤ ᠪᠠᠢ᠌ᠨ᠎ᠠ

ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠬᠤᠤ ᠴᠢᠩ ᠸᠧᠨ ᠬᠤᠷᠠᠯ᠎ᠢ ᠡᠷᠬᠢᠯᠡᠭᠰᠡᠨ᠎ᠤ ᠬᠠᠮᠲᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ᠎ᠤ ᠠᠵᠢᠯ᠎ᠤᠨ ᠲᠥᠷᠥᠯ᠎ᠤᠨ ᠰᠠᠮᠠᠭᠤᠷᠠᠯ᠎ᠢ ᠲᠤᠰᠬᠠᠢ ᠵᠦᠢ᠍ᠯ ᠵᠶ᠋ᠡᠷ ᠴᠡᠭᠴᠡᠯᠡᠨ ᠵᠠᠰᠠᠬᠤ ᠠᠵᠢᠯᠯᠠᠭ᠎ᠠ ᠵᠢᠨ ᠠᠵᠢᠯ᠎ᠤᠨ ᠲᠥᠰᠥᠯ》᠎ᠤᠨ ᠲᠤᠬᠠᠢ ᠪᠠᠢ᠌ᠷᠢᠯᠠᠭᠤᠯᠤᠯᠲᠠ ᠲᠣᠳᠣᠷᠬᠠᠢ᠌ᠯᠠᠯᠲᠠ ᠬᠢᠵᠦ ᠪᠠᠢ᠌ᠨ᠎ᠠ

ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ᠎ᠤ ᠠᠵᠢᠯ ᠲᠥᠷᠥᠯ᠎ᠤᠨ ᠰᠠᠮᠠᠭᠤᠷᠠᠯ᠎ᠢ ᠲᠤᠰᠬᠠᠢ ᠵᠦᠢ᠍ᠯ ᠵᠶ᠋ᠡᠷ ᠴᠡᠭᠴᠡᠯᠡᠨ ᠵᠠᠰᠠᠬᠤ ᠠᠵᠢᠯᠯᠠᠭ᠎ᠠ ᠵᠢᠨ ᠳᠠᠢ᠌ᠴᠢᠯᠠᠨ ᠪᠠᠢ᠌ᠷᠢᠯᠠᠭᠤᠯᠬᠤ ᠬᠤᠷᠠᠯ᠎ᠤᠨ ᠲᠤᠬᠠᠢ ᠵᠢᠨ ᠲᠠᠯᠠᠪᠤᠷ