《ᠠᠩᠬᠠᠨ᠎ᠤ ᠵᠣᠷᠢᠯᠲᠠ᠎ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠶ᠎ᠡ》 ᠭᠡᠬᠦ ᠭᠣᠣᠯ ᠰᠡᠳᠦᠪᠲᠦ ᠬᠥᠮᠥᠵᠢᠯ᠎ᠢ ᠭᠦᠨᠵᠡᠭᠡᠢ ᠥᠷᠨᠢᠭᠦᠯᠦᠨ᠂ 《ᠠᠩᠬᠠᠨ᠎ᠤ ᠵᠣᠷᠢᠯᠲᠠ᠎ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠶ᠎ᠡ》 ᠭᠡᠬᠦ ᠭᠣᠣᠯ ᠰᠡᠳᠦᠪᠲᠦ ᠬᠥᠮᠥᠵᠢᠯ᠎ᠤᠨ 《ᠠᠩᠬᠠᠨ᠎ᠤ ᠵᠣᠷᠢᠯᠲᠠ᠎ᠪᠠᠨ ᠰᠠᠬᠢᠨ᠂ ᠬᠠᠷᠢᠭᠤᠴᠠᠯᠭ᠎ᠠ ᠵᠢ ᠡᠭᠦᠷᠭᠡᠯᠡᠵᠦ᠂ ᠵᠥᠷᠢᠶ᠎ᠡ᠎ᠪᠠᠨ ᠡᠷᠢᠨ᠂ ᠨᠠᠢ᠌ᠳᠠᠪᠤᠷᠢᠵᠢᠭᠤᠯᠤᠯᠲᠠ ᠵᠢ ᠠᠳᠬᠤᠬᠤ》 ᠶᠡᠷᠦᠩᠬᠡᠢ ᠱᠠᠭ᠋ᠠᠷᠳᠠᠯᠭ᠎ᠠ ᠵᠢ ᠪᠣᠳᠠᠲᠤ ᠠᠵᠢᠯ᠎ᠤᠨ ᠳᠤᠮᠳᠠ᠎ᠪᠠᠨ ᠨᠠᠢ᠌ᠳᠠᠪᠤᠷᠢᠵᠢᠭᠤᠯᠵᠤ᠂ ᠭᠣᠣᠯ ᠰᠡᠳᠦᠪᠲᠦ ᠬᠥᠮᠥᠵᠢᠯ᠎ᠢ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠂ ᠨᠠᠮ᠎ᠤᠨ ᠰᠤᠷᠲᠠᠯ ᠴᠢᠭᠴᠢ ᠵᠠᠰᠠᠭ᠎ᠤᠨ ᠪᠠᠢ᠌ᠭᠤᠯᠤᠯᠲᠠ ᠪᠠ ᠢᠯᠵᠠᠷᠠᠯ᠎ᠢ ᠡᠰᠡᠷᠭᠦᠴᠡᠬᠦ ᠲᠡᠮᠡᠴᠡᠯ᠎ᠤᠨ ᠲᠤᠬᠠᠢ ᠨᠠᠮ᠎ᠤᠨ ᠲᠥᠪ ᠬᠣᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ᠎ᠲᠠᠢ ᠤᠶᠠᠯᠳᠤᠭᠤᠯᠬᠤ ᠵᠢᠨ ᠲᠤᠰᠠᠳᠠ᠂ 2019 ᠣᠨ᠎ᠤ 7 ᠳ᠋ᠤᠭ᠋ᠠᠷ ᠰᠠᠷ᠎ᠠ ᠵᠢᠨ 10᠎ᠤ ᠦᠳᠡ ᠵᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ 《ᠠᠩᠬᠠᠨ᠎ᠤ ᠵᠣᠷᠢᠯᠲᠠ᠎ᠪᠠᠨ ᠰᠠᠬᠢᠵᠤ᠂ ᠬᠠᠷᠢᠭᠤᠴᠠᠯᠭ᠎ᠠ ᠵᠢ ᠡᠭᠦᠷᠭᠡᠯᠡᠶ᠎ᠡ》 ᠭᠡᠬᠦ ᠴᠢᠭᠴᠢ ᠵᠠᠰᠠᠭ᠎ᠤᠨ ᠰᠡᠷᠡᠮᠵᠢᠯᠡᠭᠦᠯᠦᠯ᠎ᠤᠨ ᠬᠥᠮᠥᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠪᠡ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠰᠢᠶᠠᠩ ᠳ᠋ᠦᠩ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ᠂ ᠪᠠᠢ᠌ᠭᠤᠯᠭ᠎ᠠ ᠵᠢᠨ ᠨᠠᠮ᠎ᠤᠨ ᠬᠣᠷᠢᠶ᠎ᠠ ᠵᠢᠨ ᠱᠦᠵᠢ ᠵᠠᠩ ᠬᠤᠢ ᠢᠦᠢ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠵᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠳᠠᠷᠤᠭ᠎ᠠ ᠶᠠᠩ ᠸᠧᠨ ᠮᠢᠩ ᠵᠢᠴᠢ ᠲᠢᠩᠬᠢᠮ᠎ᠤᠨ ᠰᠢᠰᠲ᠋ᠧᠮ᠎ᠤᠨ᠎ᠬᠢᠨ᠎ᠤ ᠪᠦᠬᠦ ᠨᠠᠮ᠎ᠤᠨ ᠭᠡᠰᠢᠭᠦᠨ ᠨᠡᠢ᠌ᠲᠡ 180 ᠭᠠᠷᠤᠢ ᠬᠥᠮᠥᠨ ᠲᠤᠰ ᠤᠳᠠᠭ᠋ᠠᠨ᠎ᠤ ᠬᠥᠮᠥᠵᠢᠯ᠎ᠳᠤ ᠣᠷᠣᠯᠴᠠᠵᠠᠢ᠃


ᠲᠤᠰ ᠤᠳᠠᠭ᠋ᠠᠨ᠎ᠤ ᠬᠥᠮᠥᠵᠢᠯ ᠵᠶ᠋ᠡᠷ ᠳᠠᠮᠵᠢᠭᠤᠯᠤᠨ᠂ ᠪᠦᠬᠦ ᠨᠠᠮ᠎ᠤᠨ ᠭᠡᠰᠢᠭᠦᠨ᠎ᠳᠤ ᠨᠠᠮ᠎ᠤᠨ ᠤᠯᠤᠰ ᠲᠥᠷᠥ ᠵᠢᠨ ᠰᠠᠬᠢᠯᠭ᠎ᠠ ᠪᠠᠲᠤ᠂ ᠵᠣᠬᠢᠶᠠᠨ ᠪᠠᠢ᠌ᠭᠤᠯᠤᠯᠲᠠ ᠵᠢᠨ ᠰᠠᠬᠢᠯᠭ᠎ᠠ ᠪᠠᠲᠤ᠂ ᠠᠷᠢᠭᠤᠨ ᠴᠢᠭᠴᠢ ᠵᠢᠨ ᠰᠠᠬᠢᠯᠭ᠎ᠠ ᠪᠠᠲᠤ᠂ ᠣᠯᠠᠨ ᠲᠦᠮᠡᠨ᠎ᠤ ᠰᠠᠬᠢᠯᠭ᠎ᠠ ᠪᠠᠲᠤ᠂ ᠠᠵᠢᠯ᠎ᠤᠨ ᠰᠠᠬᠢᠯᠭ᠎ᠠ ᠪᠠᠲᠤ᠂ ᠠᠮᠢᠳᠤᠷᠠᠯ᠎ᠤᠨ ᠰᠠᠬᠢᠯᠭ᠎ᠠ ᠪᠠᠲᠤ ᠵᠢ ᠴᠢᠩᠭ᠎ᠠ ᠰᠠᠬᠢᠵᠤ᠂ ᠥᠪᠡᠷ᠎ᠤᠨ ᠤᠯᠤᠰ ᠲᠥᠷᠥ ᠵᠢᠨ ᠠᠮᠢ ᠨᠠᠰᠤ᠎ᠪᠠᠨ ᠨᠠᠨᠳᠢᠩᠨᠠᠨ᠂ ᠥᠪᠡᠷ᠎ᠤᠨ ᠠᠵᠢᠯ᠎ᠤᠨ ᠪᠠᠢ᠌ᠷᠢ᠎ᠪᠠᠨ ᠨᠠᠨᠳᠢᠩᠨᠠᠵᠤ᠂ ᠥᠪᠡᠷ᠎ᠤᠨ ᠭᠡᠷ ᠪᠦᠯᠢ᠎ᠪᠠᠨ ᠨᠠᠨᠳᠢᠩᠨᠠᠨ᠂ ᠠᠷᠢᠭᠤᠨ ᠴᠢᠭᠴᠢ᠎ᠪᠠᠷ ᠵᠠᠰᠠᠭ ᠪᠠᠷᠢᠬᠤ᠂ ᠠᠷᠢᠭᠤᠨ ᠴᠢᠭᠴᠢ᠎ᠪᠠᠷ ᠪᠡᠶ᠎ᠡ᠎ᠪᠠᠨ ᠵᠠᠰᠠᠬᠤ ᠪᠠ ᠠᠷᠢᠭᠤᠨ ᠴᠢᠭᠴᠢ᠎ᠪᠠᠷ ᠭᠡᠷ ᠪᠦᠯᠢ᠎ᠪᠠᠨ ᠵᠠᠰᠠᠬᠤ ᠵᠢ ᠭᠦᠢ᠍ᠴᠡᠳᠬᠡᠬᠦ ᠬᠡᠷᠡᠭᠲᠡᠢ ᠭᠡᠳᠡᠭ᠎ᠢ ᠤᠯᠠᠮ ᠨᠢᠭᠡ ᠠᠯᠬᠤᠮ ᠲᠠᠨᠢᠭᠤᠯᠵᠠᠢ᠃
7 ᠳ᠋ᠤᠭ᠋ᠠᠷ ᠰᠠᠷ᠎ᠠ ᠵᠢᠨ 10᠎ᠤ ᠦᠳᠡ ᠵᠢᠨ ᠬᠣᠢ᠌ᠨ᠎ᠠ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠵᠤ ᠬᠢᠨᠠᠨ ᠪᠠᠢ᠌ᠴᠠᠭ᠋ᠠᠬᠤ ᠳᠤᠭᠤᠢ᠌ᠯᠠᠩ᠂ ᠲᠢᠩᠬᠢᠮ᠎ᠤᠨ ᠪᠠᠢ᠌ᠭᠤᠯᠭ᠎ᠠ ᠵᠢᠨ ᠨᠠᠮ᠎ᠤᠨ ᠬᠣᠷᠢᠶ᠎ᠠ᠂ ᠲᠢᠩᠬᠢᠮ᠎ᠤᠨ ᠪᠠᠢ᠌ᠭᠤᠯᠭ᠎ᠠ ᠵᠢᠨ ᠠᠵᠢᠯ᠎ᠤᠨ ᠵᠥᠪᠯᠡᠯ᠂ ᠡᠪ ᠬᠠᠮᠲᠤ ᠵᠠᠯᠠᠭᠤᠴᠤᠳ᠎ᠤᠨ ᠬᠣᠷᠢᠶ᠎ᠠ ᠵᠢᠴᠢ 《ᠦᠨᠳᠦᠰᠦᠨ ᠱᠠᠲᠤᠨ᠎ᠤ ᠬᠠᠮᠤᠭ᠎ᠤᠨ ᠰᠠᠢ᠌ᠬᠠᠨ ᠣᠷᠴᠢᠨ ᠲᠣᠭᠣᠷᠢᠨ᠎ᠤ ᠬᠠᠮᠠᠭ᠋ᠠᠯᠠᠭᠴᠢ》 ᠵᠢᠨ ᠬᠡᠰᠡᠭ ᠲᠥᠯᠥᠭᠡᠯᠡᠭᠴᠢ᠎ᠠᠴᠠ ᠶᠡᠷᠦᠩᠬᠡᠢ ᠱᠦᠵᠢ ᠰᠢ ᠵᠢᠨ ᠫᠢᠩ᠎ᠤᠨ 《ᠠᠩᠬᠠᠨ᠎ᠤ ᠵᠣᠷᠢᠯᠲᠠ᠎ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ》 ᠲᠤᠬᠠᠢ ᠴᠢᠬᠤᠯᠠ ᠥᠭᠦᠯᠡᠯᠲᠡ ᠵᠢᠨ ᠲᠣᠭᠣᠷᠢᠨ᠎ᠳᠤ᠂ ᠰᠤᠳᠤᠯᠤᠨ ᠶᠠᠷᠢᠯᠴᠠᠭᠰᠠᠨ ᠪᠠ ᠰᠣᠯᠢᠯᠴᠠᠭ᠎ᠠ ᠬᠢᠵᠡᠢ᠃

ᠣᠯᠠᠨ ᠵᠶ᠋ᠠᠷ ᠵᠶ᠋ᠠᠨ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠦᠨᠡᠨᠴᠢ᠎ᠪᠠᠷ ᠬᠡᠷᠡᠭᠯᠡᠵᠦ᠂ ᠠᠩᠬᠠᠨ᠎ᠤ ᠵᠣᠷᠢᠯᠲᠠ᠎ᠪᠠᠨ ᠥᠯᠥ ᠮᠠᠷᠲᠠᠨ᠂ ᠬᠦᠰᠡᠯᠡᠩ ᠢᠲᠡᠭᠡᠯ ᠵᠣᠷᠢᠭ ᠵᠶ᠋ᠠᠨ ᠪᠠᠲᠤᠳᠬᠠᠵᠤ᠂ ᠦᠨᠡᠨᠴᠢ ᠰᠢᠳᠤᠷᠭᠤ ᠠᠷᠢᠭᠤᠨ ᠴᠡᠪᠡᠷ ᠪᠥᠭᠡᠳ ᠬᠠᠷᠢᠭᠤᠴᠠᠭ᠎ᠠ ᠵᠢ ᠵᠣᠷᠢᠭᠲᠠᠢ ᠡᠭᠦᠷᠭᠡᠯᠡᠬᠦ ᠤᠯᠤᠰ ᠲᠥᠷᠥ ᠵᠢᠨ ᠴᠢᠨᠠᠷ᠎ᠢ ᠳᠠᠪᠲᠠᠨ ᠪᠣᠯᠪᠠᠰᠤᠷᠠᠭᠤᠯᠵᠤ᠂ ᠬᠤᠪᠢ ᠪᠡᠶ᠎ᠡ ᠵᠢᠨ ᠬᠡᠪ ᠴᠢᠨᠠᠷ ᠵᠶ᠋ᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠦᠵᠡᠯ ᠰᠠᠨᠠᠭ᠎ᠠ᠂ ᠦᠢ᠍ᠯᠡ ᠠᠵᠢᠯᠯᠠᠭ᠎ᠠ ᠵᠢᠨ ᠲᠠᠯ᠎ᠠ᠎ᠪᠠᠷ ᠡᠪ ᠬᠠᠮᠲᠤ ᠨᠠᠮ᠎ᠤᠨ ᠭᠡᠰᠢᠭᠦᠨ᠎ᠤ ᠪᠠᠷᠢᠮᠵᠢᠶ᠎ᠠ᠎ᠪᠠᠷ ᠥᠪᠡᠷ᠎ᠢ᠎ᠪᠠᠨ ᠴᠢᠩᠭ᠎ᠠ ᠱᠠᠭ᠋ᠠᠷᠳᠠᠵᠤ᠂ ᠠᠵᠢᠯ᠎ᠤᠨ ᠪᠠᠢ᠌ᠷᠢ᠎ᠪᠠᠨ ᠡᠷᠬᠢᠮᠯᠡᠨ ᠠᠵᠢᠯ ᠦᠢ᠍ᠯᠡᠰ ᠵᠶ᠋ᠡᠨ ᠳᠡᠭᠡᠳᠦᠯᠡᠵᠦ᠂ ᠡᠭᠦᠷᠭᠡ ᠲᠤᠰᠢᠶᠠᠯ ᠵᠶ᠋ᠠᠨ ᠴᠢᠩ ᠦᠨᠡᠨᠴᠢ᠎ᠪᠠᠷ ᠭᠦᠢ᠍ᠴᠡᠳᠬᠡᠵᠦ᠂ ᠠᠩᠬᠠᠨ᠎ᠤ ᠵᠣᠷᠢᠯᠲᠠ᠎ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠡᠬᠡ ᠤᠯᠤᠰ᠎ᠤᠨ ᠤᠮᠠᠷᠠᠲᠤ ᠵᠢᠨ ᠦᠵᠡᠮᠵᠢ ᠵᠢᠨ ᠣᠷᠣᠨ᠎ᠢ ᠪᠠᠢ᠌ᠭᠤᠯᠬᠤ᠎ᠳᠤ ᠬᠤᠪᠢ ᠨᠡᠮᠡᠷᠢ᠎ᠪᠠᠨ ᠬᠠᠨᠳᠢᠪᠯᠠᠨ᠎ᠠ ᠭᠡᠵᠦ ᠢᠯᠡᠷᠬᠡᠢ᠌ᠯᠡᠵᠡᠭᠡᠵᠡᠢ᠃