7 ᠳ᠋ᠤᠭ᠋ᠠᠷ ᠰᠠᠷ᠎ᠠ ᠵᠢᠨ 10᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠣᠶᠠᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠪᠣᠬᠢᠷᠲᠤᠯ᠎ᠤᠨ ᠡᠬᠢ ᠰᠤᠷᠪᠤᠯᠵᠢ ᠵᠢ ᠨᠡᠢ᠌ᠳᠡᠮ᠎ᠳᠤ᠎ᠨᠢ ᠪᠠᠢ᠌ᠴᠠᠭ᠋ᠠᠬᠤ ᠠᠯᠪᠠᠨ ᠭᠡᠷ᠎ᠠᠴᠠ ᠪᠦᠬᠦ ᠣᠷᠣᠨ᠎ᠤ ᠬᠣᠶᠠᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠪᠣᠬᠢᠷᠲᠤᠯ᠎ᠤᠨ ᠡᠬᠢ ᠰᠤᠷᠪᠤᠯᠵᠢ ᠵᠢ ᠨᠡᠢ᠌ᠳᠡᠮ᠎ᠳᠤ᠎ᠨᠢ ᠪᠠᠢ᠌ᠴᠠᠭ᠋ᠠᠬᠤ ᠠᠵᠢᠯ᠎ᠢ ᠠᠬᠢᠭᠤᠯᠬᠤ ᠬᠤᠷᠠᠯ ᠵᠢᠴᠢ ᠵᠠᠳᠠᠯᠤᠨ ᠬᠡᠷᠡᠭᠯᠡᠬᠦ ᠰᠢᠰᠲ᠋ᠧᠮ᠎ᠤᠨ ᠪᠣᠯᠪᠠᠰᠤᠷᠠᠭᠤᠯᠤᠯ᠎ᠤᠨ ᠲᠧᠯᠸᠢᠰ ᠬᠤᠷᠠᠯ᠎ᠢ ᠬᠤᠷᠠᠯᠳᠤᠭᠤᠯᠪᠠ᠃ ᠬᠤᠷᠠᠯ᠎ᠠᠴᠠ ᠤᠯᠤᠰ᠎ᠤᠨ ᠪᠣᠬᠢᠷᠲᠤᠯ᠎ᠤᠨ ᠡᠬᠢ ᠰᠤᠷᠪᠤᠯᠵᠢ ᠵᠢ ᠨᠡᠢ᠌ᠳᠡᠮ᠎ᠳᠤ᠎ᠨᠢ ᠪᠠᠢ᠌ᠴᠠᠭ᠋ᠠᠬᠤ ᠠᠯᠪᠠᠨ ᠭᠡᠷ᠎ᠠᠴᠠ ᠲᠥᠪᠯᠡᠷᠡᠭᠦᠯᠦᠨ ᠬᠢᠨᠠᠨ ᠬᠠᠷᠭᠤᠭᠤᠯᠵᠤ ᠬᠠᠷᠢᠭᠤ ᠲᠤᠰᠬᠠᠭᠰᠠᠨ ᠠᠰᠠᠭᠤᠳᠠᠯ ᠪᠠ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ᠎ᠤᠨ ᠡᠬᠢ ᠰᠤᠷᠪᠤᠯᠵᠢ ᠵᠢ ᠨᠡᠢ᠌ᠳᠡᠮ᠎ᠳᠤ᠎ᠨᠢ ᠪᠠᠢ᠌ᠴᠠᠭ᠋ᠠᠬᠤ ᠠᠯᠪᠠᠨ ᠭᠡᠷ᠎ᠤᠨ ᠲᠣᠭ᠎ᠠ ᠪᠠᠷᠢᠮᠲᠠ ᠵᠢ ᠬᠢᠨᠠᠨ ᠬᠠᠷᠭᠤᠭᠤᠯᠤᠭᠰᠠᠨ ᠦᠷ᠎ᠡ ᠳ᠋ᠦᠩ᠎ᠳᠤ ᠣᠷᠣᠰᠢᠵᠤ ᠪᠠᠢ᠌ᠭ᠎ᠠ ᠭᠣᠣᠯ ᠠᠰᠠᠭᠤᠳᠠᠯ᠎ᠢ ᠵᠠᠷᠯᠠᠨ ᠮᠡᠳᠡᠭᠡᠯᠡᠵᠦ᠂ ᠨᠡᠢ᠌ᠳᠡᠮ᠎ᠳᠤ᠎ᠨᠢ ᠪᠠᠢ᠌ᠴᠠᠭ᠋ᠠᠬᠤ ᠴᠠᠭ᠎ᠤᠨ ᠳᠡᠰ ᠳᠠᠷᠠᠭ᠋ᠠᠯᠠᠯ ᠪᠠ ᠮᠡᠷᠭᠡᠵᠢᠯ᠎ᠤᠨ ᠵᠢᠷᠤᠮᠵᠢᠯ ᠶᠣᠰᠣᠭ᠋ᠠᠷ᠂ ᠴᠠᠭ ᠵᠠᠩᠭᠢᠶᠠᠰᠤ ᠵᠢᠨ ᠥᠨᠳᠥᠷ ᠪᠠᠷᠢᠮᠵᠢᠶ᠎ᠠ ᠥᠨᠳᠥᠷ ᠶᠠᠰᠤ ᠴᠢᠨᠠᠷ ᠶᠣᠰᠣᠭ᠋ᠠᠷ ᠲᠣᠭ᠎ᠠ ᠪᠠᠷᠢᠮᠲᠠ ᠵᠢ ᠬᠢᠨᠠᠨ ᠬᠠᠷᠭᠤᠭᠤᠯᠬᠤ ᠬᠢᠭᠡᠳ ᠴᠡᠭᠴᠡᠯᠡᠨ ᠥᠭᠡᠷᠡᠴᠢᠯᠡᠬᠦ ᠠᠵᠢᠯ᠎ᠢ ᠪᠡᠶᠡᠯᠡᠭᠦᠯᠬᠦ ᠬᠡᠷᠡᠭᠲᠡᠢ ᠭᠡᠵᠦ ᠱᠠᠭ᠋ᠠᠷᠳᠠᠵᠠᠢ᠃
ᠥᠪᠡᠷᠲᠡᠭᠡᠨ ᠵᠠᠰᠠᠬᠤ ᠣᠷᠣᠨ᠎ᠤ ᠬᠣᠶᠠᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠪᠣᠬᠢᠷᠲᠤᠯ᠎ᠤᠨ ᠡᠬᠢ ᠰᠤᠷᠪᠤᠯᠵᠢ ᠵᠢ ᠨᠡᠢ᠌ᠳᠡᠮ᠎ᠳᠤ᠎ᠨᠢ ᠪᠠᠢ᠌ᠴᠠᠭ᠋ᠠᠬᠤ ᠤᠳᠤᠷᠢᠳᠬᠤ ᠳᠤᠭᠤᠢ᠌ᠯᠠᠩ᠎ᠤᠨ ᠠᠯᠪᠠᠨ ᠭᠡᠷ᠎ᠤᠨ ᠡᠷᠬᠢᠯᠡᠭᠴᠢ ᠵᠠᠩ ᠱᠦ᠍ ᠯᠢ ᠶᠠᠷᠢᠶ᠎ᠠ ᠲᠠᠯᠪᠢᠵᠠᠢ᠃
ᠬᠤᠷᠠᠯ᠎ᠠᠴᠠ ᠴᠢᠬᠤᠯᠠᠴᠢᠯᠠᠬᠤ᠎ᠳᠤ᠎ᠪᠠᠨ᠂ ᠨᠡᠢ᠌ᠳᠡᠮ᠎ᠳᠤ᠎ᠨᠢ ᠪᠠᠢ᠌ᠴᠠᠭ᠋ᠠᠬᠤ ᠠᠵᠢᠯ᠎ᠤᠨ ᠡᠷᠦᠬᠡ᠎ᠳᠤ ᠣᠷᠣᠵᠤ ᠪᠠᠢ᠌ᠴᠠᠭ᠋ᠠᠬᠤ ᠵᠢᠴᠢ ᠪᠣᠬᠢᠷᠲᠤᠯ ᠡᠳ᠋ ᠭᠠᠳᠠᠭᠰᠢᠯᠠᠭᠤᠯᠬᠤ ᠬᠡᠮᠵᠢᠶ᠎ᠡ ᠵᠢ ᠰᠢᠯᠭ᠋ᠠᠨ ᠬᠡᠮᠵᠢᠬᠦ ᠬᠣᠶᠠᠷ ᠵᠦᠢ᠍ᠯ᠎ᠤᠨ ᠡᠭᠦᠷᠭᠡ ᠵᠢ ᠪᠡᠶᠡᠯᠡᠭᠦᠯᠦᠭᠰᠡᠨ᠎ᠤ ᠳᠠᠷᠠᠭ᠎ᠠ᠂ ᠣᠳᠣᠬᠠᠨ᠎ᠳᠤ ᠨᠢᠭᠡᠨᠲᠡ ᠲᠣᠭ᠎ᠠ ᠪᠠᠷᠢᠮᠲᠠ ᠵᠢ ᠬᠢᠨᠠᠨ ᠬᠠᠷᠭᠤᠭᠤᠯᠬᠤ ᠬᠢᠭᠡᠳ ᠴᠡᠭᠴᠡᠯᠡᠨ ᠥᠭᠡᠷᠡᠴᠢᠯᠡᠬᠦ ᠵᠠᠩᠭᠢᠯᠠᠭ᠎ᠠ ᠵᠢᠨ ᠴᠠᠭ ᠬᠤᠭᠤᠴᠠᠭ᠎ᠠ᠎ᠳᠤ ᠣᠷᠣᠪᠠ᠃ ᠪᠦᠬᠦ ᠣᠷᠣᠨ᠎ᠤ ᠪᠣᠬᠢᠷᠲᠤᠯ᠎ᠤᠨ ᠡᠬᠢ ᠰᠤᠷᠪᠤᠯᠵᠢ ᠵᠢ ᠨᠡᠢ᠌ᠳᠡᠮ᠎ᠳᠤ᠎ᠨᠢ ᠪᠠᠢ᠌ᠴᠠᠭ᠋ᠠᠬᠤ ᠡᠯ᠎ᠡ ᠱᠠᠲᠤᠨ᠎ᠤ ᠠᠯᠪᠠᠨ ᠭᠡᠷ᠎ᠠᠴᠠ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠡᠮᠦᠷ ᠴᠡᠷᠢᠭ᠎ᠤᠨ 《ᠴᠢᠩᠭ᠎ᠠ᠂ ᠦᠨᠡᠨ᠂ ᠨᠠᠷᠢᠨ᠂ ᠪᠣᠳᠠᠲᠠᠢ᠂ ᠲᠦᠷᠭᠡᠨ》 ᠱᠠᠭ᠋ᠠᠷᠳᠠᠯᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠣᠳᠣᠬᠢ ᠱᠠᠲᠤ ᠦᠶ᠎ᠡ ᠵᠢᠨ ᠲᠣᠭ᠎ᠠ ᠪᠠᠷᠢᠮᠲᠠ ᠵᠢ ᠬᠢᠨᠠᠨ ᠬᠠᠷᠭᠤᠭᠤᠯᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠬᠢᠨᠠᠨ ᠬᠠᠷᠭᠤᠭᠤᠯᠬᠤ ᠶᠠᠪᠤᠴᠠ᠎ᠳᠤ ᠢᠯᠡᠷᠡᠭᠰᠡᠨ ᠠᠰᠠᠭᠤᠳᠠᠯ᠎ᠳᠤ ᠴᠢᠭᠯᠡᠭᠦᠯᠦᠨ᠂ ᠠᠵᠢᠯ᠎ᠤᠨ ᠬᠠᠷᠢᠭᠤᠴᠠᠯᠭ᠎ᠠ᠎ᠪᠠᠨ ᠴᠢᠩᠭ᠋ᠠᠷᠠᠭᠤᠯᠵᠤ᠂ ᠬᠦᠯᠢᠶᠡᠨ ᠲᠦᠰᠢᠭᠯᠡᠬᠦ ᠦᠭᠡᠢ᠎ᠪᠠᠷ᠂ ᠦᠨᠡᠨ ᠬᠦ᠌ ᠪᠦᠲᠦᠮᠵᠢᠲᠡᠢ ᠠᠷᠭ᠎ᠠ ᠠᠪᠴᠠᠯ᠎ᠢ ᠬᠡᠷᠡᠭᠯᠡᠨ᠂ ᠳ᠋ᠠᠢ᠌ᠲ᠋ᠠ ᠵᠢᠨ ᠬᠥᠮᠥᠷᠭᠡ ᠵᠢ ᠢᠯᠭ᠋ᠠᠨ ᠴᠡᠪᠡᠷᠯᠡᠬᠦ ᠪᠠ ᠳ᠋ᠠᠢ᠌ᠲ᠋ᠠ ᠵᠢᠨ ᠶᠠᠰᠤ ᠴᠢᠨᠠᠷ᠎ᠢ ᠳᠡᠭᠡᠭᠰᠢᠯᠡᠭᠦᠯᠬᠦ ᠠᠵᠢᠯ᠎ᠢ ᠰᠠᠨᠠᠭ᠋ᠠᠴᠢᠯᠠᠭ᠎ᠠ᠎ᠠᠴᠠ᠎ᠪᠠᠨ ᠰᠠᠢ᠌ᠲᠤᠷ ᠬᠢᠵᠦ᠂ ᠴᠡᠭᠴᠡᠯᠡᠨ ᠥᠭᠡᠷᠡᠴᠢᠯᠡᠬᠦ ᠠᠵᠢᠯ᠎ᠢ ᠬᠢᠨᠠᠮᠠᠭ᠋ᠠᠢ᠎ᠪᠠᠷ ᠰᠠᠢ᠌ᠲᠤᠷ ᠠᠳᠬᠤᠬᠤ ᠬᠡᠷᠡᠭᠲᠡᠢ᠃ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠨ᠂ ᠲᠠᠨᠢᠯᠲᠠ᠎ᠪᠠᠨ ᠳᠡᠭᠡᠭᠰᠢᠯᠡᠭᠦᠯᠵᠦ᠂ ᠠᠵᠢᠯ᠎ᠤᠨ ᠰᠠᠭᠤᠷᠢᠨ᠎ᠢ ᠪᠠᠭᠤᠷᠠᠢ ᠭᠠᠵᠠᠷ ᠣᠷᠣᠨ᠎ᠤ᠎ᠬᠢᠨ ᠲᠡᠷᠢᠭᠦᠨ᠎ᠤ ᠭᠠᠵᠠᠷ ᠣᠷᠣᠨ᠎ᠠᠴᠠ᠎ᠲᠠᠭᠠᠨ ᠰᠤᠷᠤᠯᠴᠠᠵᠤ᠂ ᠬᠦᠴᠢᠷ᠎ᠢ ᠳᠠᠪᠠᠨ ᠤᠷᠤᠭᠰᠢᠯᠠᠵᠤ᠂ ᠵᠥᠷᠢᠶ᠎ᠡ ᠪᠠ ᠳᠤᠲᠠᠭᠤᠳᠠᠯ᠎ᠠᠴᠠ ᠭᠦᠢ᠍ᠴᠡᠳ ᠨᠥᠬᠥᠪᠦᠷᠢᠯᠡᠨ᠂ ᠪᠦᠬᠦ ᠤᠯᠤᠰ᠎ᠤᠨ ᠪᠣᠬᠢᠷᠲᠤᠯ᠎ᠤᠨ ᠡᠬᠢ ᠰᠤᠷᠪᠤᠯᠵᠢ ᠵᠢ ᠨᠡᠢ᠌ᠳᠡᠮ᠎ᠳᠤ᠎ᠨᠢ ᠪᠠᠢ᠌ᠴᠠᠭ᠋ᠠᠬᠤ ᠪᠦᠬᠦᠯᠢ ᠴᠣᠭᠴᠠ ᠵᠢᠨ ᠠᠵᠢᠯ᠎ᠤᠨ ᠬᠥᠭ᠎ᠢ᠎ᠲᠠᠭᠠᠨ ᠤᠷᠤᠭᠰᠢᠯᠠᠬᠤ ᠬᠡᠷᠡᠭᠲᠡᠢ ᠭᠡᠵᠡᠢ᠃
ᠬᠤᠷᠠᠯ᠎ᠠᠴᠠ ᠱᠠᠭ᠋ᠠᠷᠳᠠᠬᠤ᠎ᠳᠤ᠎ᠪᠠᠨ᠂ ᠤᠯᠤᠰ ᠪᠠ ᠥᠪᠥᠷ ᠮᠣᠩᠭᠣᠯ᠎ᠤᠨ ᠪᠣᠬᠢᠷᠲᠤᠯ᠎ᠤᠨ ᠡᠬᠢ ᠰᠤᠷᠪᠤᠯᠵᠢ ᠵᠢ ᠨᠡᠢ᠌ᠳᠡᠮ᠎ᠳᠤ᠎ᠨᠢ ᠪᠠᠢ᠌ᠴᠠᠭ᠋ᠠᠬᠤ ᠶᠠᠰᠤ ᠴᠢᠨᠠᠷ᠎ᠤᠨ ᠬᠠᠮᠢᠶᠠᠷᠤᠯᠲᠠ ᠵᠢᠨ ᠬᠣᠯᠪᠣᠭᠳᠠᠯ ᠪᠦᠬᠦᠢ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠶᠣᠰᠣᠭ᠋ᠠᠷ᠂ ᠪᠣᠬᠢᠷᠲᠤᠯ᠎ᠤᠨ ᠡᠬᠢ ᠰᠤᠷᠪᠤᠯᠵᠢ ᠵᠢ ᠨᠡᠢ᠌ᠳᠡᠮ᠎ᠳᠤ᠎ᠨᠢ ᠪᠠᠢ᠌ᠴᠠᠭ᠋ᠠᠬᠤ ᠪᠦᠬᠦ ᠶᠠᠪᠤᠴᠠ᠂ ᠪᠦᠬᠦ ᠠᠵᠢᠯᠲᠠᠨ᠎ᠢ ᠬᠠᠮᠤᠷᠤᠭᠤᠯᠤᠭᠰᠠᠨ ᠶᠠᠰᠤ ᠴᠢᠨᠠᠷ᠎ᠤᠨ ᠬᠠᠮᠢᠶᠠᠷᠤᠯᠲᠠ ᠵᠢᠨ ᠳᠦᠷᠢᠮ᠎ᠢ ᠬᠡᠷᠡᠭᠵᠢᠭᠦᠯᠦᠨ᠂ ᠪᠣᠬᠢᠷᠲᠤᠯ᠎ᠤᠨ ᠡᠬᠢ ᠰᠤᠷᠪᠤᠯᠵᠢ ᠵᠢ ᠨᠡᠢ᠌ᠳᠡᠮ᠎ᠳᠤ᠎ᠨᠢ ᠪᠠᠢ᠌ᠴᠠᠭ᠋ᠠᠬᠤ ᠡᠯ᠎ᠡ ᠱᠠᠲᠤᠨ᠎ᠤ ᠪᠠᠢ᠌ᠭᠤᠯᠤᠮᠵᠢ ᠵᠢᠨ ᠪᠣᠬᠢᠷᠲᠤᠯ᠎ᠤᠨ ᠡᠬᠢ ᠰᠤᠷᠪᠤᠯᠵᠢ ᠵᠢ ᠨᠡᠢ᠌ᠳᠡᠮ᠎ᠳᠤ᠎ᠨᠢ ᠪᠠᠢ᠌ᠴᠠᠭ᠋ᠠᠭᠰᠠᠨ ᠳ᠋ᠠᠢ᠌ᠲ᠋ᠠ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠬᠡᠷᠡᠭᠲᠡᠢ; ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ᠎ᠤᠨ ᠡᠬᠢ ᠰᠤᠷᠪᠤᠯᠵᠢ ᠵᠢ ᠨᠡᠢ᠌ᠳᠡᠮ᠎ᠳᠤ᠎ᠨᠢ ᠪᠠᠢ᠌ᠴᠠᠭ᠋ᠠᠭᠰᠠᠨ ᠳ᠋ᠠᠢ᠌ᠲ᠋ᠠ ᠵᠢ ᠬᠢᠨᠠᠨ ᠬᠠᠷᠭᠤᠭᠤᠯᠬᠤ ᠪᠠ ᠶᠠᠰᠤ ᠴᠢᠨᠠᠷ᠎ᠢ ᠰᠢᠯᠭ᠋ᠠᠨ ᠪᠠᠢ᠌ᠴᠠᠭ᠋ᠠᠬᠤ ᠠᠵᠢᠯ᠎ᠢ ᠥᠷᠨᠢᠭᠦᠯᠬᠦ ᠲᠤᠬᠠᠢ ᠱᠠᠭ᠋ᠠᠷᠳᠠᠯᠭ᠎ᠠ ᠶᠣᠰᠣᠭ᠋ᠠᠷ᠂ ᠪᠣᠬᠢᠷᠲᠤᠯ᠎ᠤᠨ ᠡᠬᠢ ᠰᠤᠷᠪᠤᠯᠵᠢ ᠵᠢ ᠨᠡᠢ᠌ᠳᠡᠮ᠎ᠳᠤ᠎ᠨᠢ ᠪᠠᠢ᠌ᠴᠠᠭ᠋ᠠᠭᠰᠠᠨ ᠳ᠋ᠠᠢ᠌ᠲ᠋ᠠ ᠵᠢ ᠬᠢᠨᠠᠨ ᠬᠠᠷᠭᠤᠭᠤᠯᠬᠤ ᠪᠠ ᠰᠢᠯᠭ᠋ᠠᠨ ᠪᠠᠢ᠌ᠴᠠᠭ᠋ᠠᠬᠤ ᠠᠵᠢᠯ᠎ᠢ ᠰᠠᠢ᠌ᠲᠤᠷ ᠬᠢᠬᠦ ᠬᠡᠷᠡᠭᠲᠡᠢ; ᠪᠣᠬᠢᠷᠲᠤᠯ᠎ᠤᠨ ᠡᠬᠢ ᠰᠤᠷᠪᠤᠯᠵᠢ ᠵᠢ ᠨᠡᠢ᠌ᠳᠡᠮ᠎ᠳᠤ᠎ᠨᠢ ᠪᠠᠢ᠌ᠴᠠᠭ᠋ᠠᠬᠤ ᠡᠯ᠎ᠡ ᠱᠠᠲᠤᠨ᠎ᠤ ᠪᠠᠢ᠌ᠭᠤᠯᠤᠮᠵᠢ ᠵᠢᠨ᠎ᠬᠢᠨ ᠬᠠᠷᠢᠭᠤᠴᠠᠯᠭ᠎ᠠ᠎ᠪᠠᠨ ᠨᠠᠢ᠌ᠳᠠᠪᠤᠷᠢᠵᠢᠭᠤᠯᠬᠤ ᠪᠠ ᠠᠵᠢᠯ ᠵᠶ᠋ᠠᠨ ᠰᠢᠮᠳᠠᠭᠤᠯᠤᠨ ᠭᠦᠢ᠍ᠴᠡᠳᠬᠡᠬᠦ ᠵᠢ ᠴᠢᠩᠭ᠋ᠠᠷᠠᠭᠤᠯᠤᠨ᠂ ᠬᠢᠨᠠᠨ ᠬᠠᠷᠭᠤᠭᠤᠯᠬᠤ ᠠᠵᠢᠯ᠎ᠢ ᠬᠢᠨᠠᠮᠠᠭ᠋ᠠᠢ ᠥᠷᠨᠢᠭᠦᠯᠵᠦ᠂ ᠡᠭᠦᠷᠭᠡ ᠪᠠ ᠬᠠᠷᠢᠭᠤᠴᠠᠯᠭ᠎ᠠ ᠵᠢᠨ ᠨᠠᠷᠢᠨ ᠬᠠᠭᠤᠳᠠᠰᠤ ᠵᠢ ᠪᠦᠷᠢᠯᠳᠦᠭᠦᠯᠦᠨ᠂ ᠪᠣᠬᠢᠷᠲᠤᠯ᠎ᠤᠨ ᠡᠬᠢ ᠰᠤᠷᠪᠤᠯᠵᠢ ᠵᠢ ᠨᠡᠢ᠌ᠳᠡᠮ᠎ᠳᠤ᠎ᠨᠢ ᠪᠠᠢ᠌ᠴᠠᠭ᠋ᠠᠭᠰᠠᠨ ᠳ᠋ᠠᠢ᠌ᠲ᠋ᠠ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠤᠭᠰᠠᠨ ᠦᠭᠡᠢ᠂ ᠬᠢᠨᠠᠮᠠᠭ᠋ᠠᠢ᠎ᠪᠠᠷ ᠴᠡᠭᠴᠡᠯᠡᠨ ᠥᠭᠡᠷᠡᠴᠢᠯᠡᠭᠰᠡᠨ ᠦᠭᠡᠢ ᠪᠤᠶᠤ ᠴᠡᠭᠴᠡᠯᠡᠨ ᠥᠭᠡᠷᠡᠴᠢᠯᠡᠭᠰᠡᠨ᠎ᠨᠢ ᠭᠦᠢ᠍ᠴᠡᠳ ᠦᠭᠡᠢ ᠪᠠᠢ᠌ᠳᠠᠯ᠎ᠳᠤ᠂ ᠵᠠᠷᠯᠠᠨ ᠮᠡᠳᠡᠭᠡᠯᠡᠬᠦ᠂ ᠰᠢᠮᠳᠠᠭᠤᠯᠤᠨ ᠭᠦᠢ᠍ᠴᠡᠳᠬᠡᠬᠦ ᠵᠠᠬᠢᠳᠠᠯ ᠢᠯᠡᠭᠡᠬᠦ᠂ ᠪᠣᠯᠵᠣᠨ ᠶᠠᠷᠢᠯᠴᠠᠬᠤ ᠵᠡᠷᠭᠡ ᠠᠷᠭ᠎ᠠ ᠬᠡᠯᠪᠡᠷᠢ᠎ᠪᠠᠷ ᠰᠢᠮᠳᠠᠭᠤᠯᠤᠨ ᠭᠦᠢ᠍ᠴᠡᠳᠬᠡᠬᠦ ᠬᠡᠷᠡᠭᠲᠡᠢ; ᠪᠣᠬᠢᠷᠲᠤᠯ᠎ᠤᠨ ᠡᠬᠢ ᠰᠤᠷᠪᠤᠯᠵᠢ ᠵᠢ ᠨᠡᠢ᠌ᠳᠡᠮ᠎ᠳᠤ᠎ᠨᠢ ᠪᠠᠢ᠌ᠴᠠᠭ᠋ᠠᠭᠰᠠᠨ ᠳ᠋ᠠᠢ᠌ᠲ᠋ᠠ ᠵᠢ ᠬᠢᠨᠠᠨ ᠬᠠᠷᠭᠤᠭᠤᠯᠵᠤ ᠳ᠋ᠦᠩᠨᠡᠨ ᠬᠤᠷᠢᠶᠠᠩᠭᠤᠢ᠌ᠯᠠᠬᠤ ᠱᠠᠲᠤ ᠦᠶ᠎ᠡ ᠵᠢᠨ ᠨᠢᠭᠤᠴᠠ ᠵᠢ ᠬᠠᠮᠠᠭ᠋ᠠᠯᠠᠬᠤ ᠬᠠᠮᠢᠶᠠᠷᠤᠯᠲᠠ ᠵᠢᠨ ᠠᠵᠢᠯ᠎ᠢ ᠰᠠᠢ᠌ᠲᠤᠷ ᠬᠢᠵᠦ᠂ ᠲᠤᠰ ᠱᠠᠲᠤᠨ᠎ᠤ ᠪᠣᠬᠢᠷᠲᠤᠯ᠎ᠤᠨ ᠡᠬᠢ ᠰᠤᠷᠪᠤᠯᠵᠢ ᠵᠢ ᠨᠡᠢ᠌ᠳᠡᠮ᠎ᠳᠤ᠎ᠨᠢ ᠪᠠᠢ᠌ᠴᠠᠭ᠋ᠠᠭᠰᠠᠨ ᠦᠷ᠎ᠡ ᠪᠦᠲᠦᠭᠡᠯ᠎ᠢ ᠨᠡᠢ᠌ᠲᠡᠯᠡᠬᠦ᠎ᠠᠴᠠ ᠡᠮᠦᠨ᠎ᠡ ᠭᠤᠷᠪᠠᠳᠠᠭᠴᠢ ᠲᠠᠯ᠎ᠠ᠎ᠳᠤ ᠣᠯᠵᠠᠯᠠᠭᠳᠠᠬᠤ ᠦᠭᠡᠢ ᠵᠢ ᠪᠠᠲᠤᠯᠠᠵᠤ᠂ ᠲᠣᠭ᠎ᠠ ᠪᠠᠷᠢᠮᠲᠠ ᠵᠢ ᠵᠠᠳᠠᠷᠠᠭᠤᠯᠤᠭᠰᠠᠨ ᠪᠤᠶᠤ ᠵᠦᠢ ᠵᠣᠬᠢᠰ ᠦᠭᠡᠢ᠎ᠪᠠᠷ ᠬᠡᠷᠡᠭᠯᠡᠭᠰᠡᠨ᠎ᠠᠴᠠ ᠪᠣᠯᠵᠤ ᠶᠠᠷᠢᠶ᠎ᠠ ᠬᠡᠯᠡᠯᠴᠡᠭᠡᠨ᠎ᠤ ᠱᠤᠤᠭᠢᠶᠠᠨ ᠡᠭᠦᠰᠬᠦ᠎ᠠᠴᠠ ᠵᠠᠢ᠌ᠯᠠᠰᠬᠢᠬᠦ ᠬᠡᠷᠡᠭᠲᠡᠢ; ᠪᠠᠢ᠌ᠴᠠᠭ᠋ᠠᠯᠲᠠ ᠬᠢᠬᠦ ᠡᠲᠡᠭᠡᠳ᠎ᠤᠨ᠎ᠬᠢᠨ᠎ᠤ ᠬᠤᠳᠠᠯᠳᠤᠭ᠋ᠠᠨ᠎ᠤ ᠨᠢᠭᠤᠴᠠ ᠵᠢ ᠵᠠᠳᠠᠷᠠᠭᠤᠯᠤᠭᠰᠠᠨ ᠪᠣᠯ᠂ ᠬᠠᠮᠢᠶ᠎ᠠ ᠪᠦᠬᠦᠢ ᠬᠥᠮᠥᠰ᠎ᠠᠴᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ; ᠪᠣᠬᠢᠷᠲᠤᠯ᠎ᠤᠨ ᠡᠬᠢ ᠰᠤᠷᠪᠤᠯᠵᠢ ᠵᠢ ᠨᠡᠢ᠌ᠳᠡᠮ᠎ᠳᠤ᠎ᠨᠢ ᠪᠠᠢ᠌ᠴᠠᠭ᠋ᠠᠬᠤ ᠠᠯᠪᠠᠨ ᠭᠡᠷ᠎ᠠᠴᠠ ᠳᠠᠷᠤᠮᠠᠯᠯᠠᠨ ᠲᠠᠷᠬᠠᠭ᠋ᠠᠭᠰᠠᠨ ᠬᠣᠯᠪᠣᠭᠳᠠᠯ ᠪᠦᠬᠦᠢ ᠳᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠠᠷᠭ᠎ᠠ ᠵᠢᠨ ᠰᠢᠰᠲ᠋ᠧᠮᠵᠢ ᠶᠣᠰᠣᠭ᠋ᠠᠷ᠂ ᠳᠠᠩᠰᠠ ᠡᠪᠬᠡᠮᠡᠯ᠎ᠢ ᠡᠮᠬᠢᠯᠡᠨ ᠴᠡᠭᠴᠡᠯᠡᠬᠦ ᠠᠵᠢᠯ᠎ᠢ ᠠᠯᠢ ᠲᠦᠷᠭᠡᠨ ᠵᠶ᠋ᠡᠷ ᠵᠣᠬᠢᠶᠠᠨ ᠪᠠᠢ᠌ᠭᠤᠯᠤᠨ ᠥᠷᠨᠢᠭᠦᠯᠬᠦ ᠬᠡᠷᠡᠭᠲᠡᠢ᠃
ᠠᠵᠢᠯ᠎ᠤᠨ ᠪᠠᠢ᠌ᠷᠢᠯᠠᠭᠤᠯᠤᠯᠲᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠬᠣᠶᠠᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠪᠣᠬᠢᠷᠲᠤᠯ᠎ᠤᠨ ᠡᠬᠢ ᠰᠤᠷᠪᠤᠯᠵᠢ ᠵᠢ ᠨᠡᠢ᠌ᠳᠡᠮ᠎ᠳᠤ᠎ᠨᠢ ᠪᠠᠢ᠌ᠴᠠᠭ᠋ᠠᠬᠤ ᠠᠯᠪᠠᠨ ᠭᠡᠷ᠎ᠠᠴᠠ ᠡᠯ᠎ᠡ ᠠᠢ᠌ᠮᠠᠭ ᠬᠣᠲᠠ ᠵᠢᠨ ᠪᠣᠬᠢᠷᠲᠤᠯ᠎ᠤᠨ ᠡᠬᠢ ᠰᠤᠷᠪᠤᠯᠵᠢ ᠵᠢ ᠨᠡᠢ᠌ᠳᠡᠮ᠎ᠳᠤ᠎ᠨᠢ ᠪᠠᠢ᠌ᠴᠠᠭ᠋ᠠᠬᠤ ᠠᠯᠪᠠᠨ ᠭᠡᠷ᠎ᠤᠨ ᠮᠡᠷᠭᠡᠵᠢᠯ᠎ᠤᠨ ᠬᠦᠴᠦᠨ᠎ᠢ ᠲᠥᠪᠯᠡᠷᠡᠭᠦᠯᠦᠨ᠂ ᠭᠤᠷᠪᠠᠨ ᠬᠤᠭᠤᠴᠠᠭ᠎ᠠ ᠬᠤᠪᠢᠶᠠᠵᠤ᠂ ᠪᠣᠬᠢᠷᠲᠤᠯ᠎ᠤᠨ ᠡᠬᠢ ᠰᠤᠷᠪᠤᠯᠵᠢ ᠵᠢᠨ ᠨᠡᠷᠡᠰ᠎ᠤᠨ ᠲᠡᠮᠳᠡᠭᠯᠡᠯ᠎ᠨᠢ ᠪᠦᠷᠢᠨ ᠭᠦᠢ᠍ᠴᠡᠳ ᠡᠰᠡᠬᠦ᠂ ᠪᠠᠢ᠌ᠴᠠᠭ᠋ᠠᠯᠲᠠ ᠬᠢᠬᠦ ᠡᠯ᠎ᠡ ᠲᠥᠷᠥᠯ᠎ᠤᠨ ᠡᠲᠡᠭᠡᠳ᠎ᠤᠨ᠎ᠬᠢᠨ᠎ᠤ ᠦᠨᠳᠦᠰᠦᠨ ᠮᠡᠳᠡᠭᠡ ᠵᠠᠩᠭᠢ᠂ ᠠᠵᠢᠯᠯᠠᠭ᠎ᠠ ᠵᠢᠨ ᠬᠢᠷᠢ ᠲᠦᠪᠰᠢᠨ ᠪᠠ ᠪᠣᠬᠢᠷᠲᠤᠯ ᠡᠳ᠋ ᠭᠠᠳᠠᠭᠰᠢᠯᠠᠭᠤᠯᠬᠤ ᠮᠡᠳᠡᠭᠡ ᠵᠠᠩᠭᠢ᠎ᠨᠢ ᠪᠦᠬᠦ ᠲᠠᠯ᠎ᠠ ᠵᠢᠨ᠂ ᠦᠨᠡᠨ ᠪᠣᠳᠠᠲᠠᠢ ᠪᠥᠭᠡᠳ ᠣᠨᠣᠪᠴᠢᠲᠠᠢ ᠡᠰᠡᠬᠦ᠂ ᠣᠷᠣᠨ ᠬᠡᠪᠴᠢᠶ᠎ᠡ ᠪᠠ ᠠᠵᠢᠯ ᠲᠥᠷᠥᠯ᠎ᠤᠨ᠎ᠬᠢᠨ᠎ᠤ ᠠᠵᠢᠯᠯᠠᠭ᠎ᠠ ᠵᠢᠨ ᠬᠢᠷᠢ ᠲᠦᠪᠰᠢᠨ᠎ᠤ ᠭᠦᠢ᠍ᠴᠡᠳᠬᠡᠯ ᠲᠣᠭ᠎ᠠ ᠪᠠ ᠪᠣᠬᠢᠷᠲᠤᠯ ᠡᠳ᠋ ᠭᠠᠳᠠᠭᠰᠢᠯᠠᠭᠤᠯᠬᠤ ᠬᠡᠮᠵᠢᠶ᠎ᠡ ᠵᠢ ᠳ᠋ᠦᠩᠨᠡᠨ ᠬᠤᠷᠢᠶᠠᠩᠭᠤᠢ᠌ᠯᠠᠭᠰᠠᠨ ᠳ᠋ᠠᠢ᠌ᠲ᠋ᠠ᠎ᠨᠢ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠬᠢᠷᠢ ᠲᠦᠪᠰᠢᠨ᠎ᠲᠠᠢ ᠨᠢᠭᠡᠳᠦᠯᠲᠡᠢ ᠪᠠᠢ᠌ᠬᠤ ᠡᠰᠡᠬᠦ ᠵᠡᠷᠭᠡ ᠠᠭᠤᠯᠭ᠎ᠠ ᠵᠢᠨ ᠲᠣᠭᠣᠷᠢᠨ᠎ᠳᠤ᠂ ᠪᠣᠬᠢᠷᠲᠤᠯ ᠡᠳ᠋ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ᠎ᠨᠢ ᠵᠦᠢ ᠵᠣᠬᠢᠰ ᠦᠭᠡᠢ᠂ ᠠᠵᠢᠯ ᠲᠥᠷᠥᠯ᠎ᠤᠨ᠎ᠬᠢᠨ᠎ᠤ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ᠎ᠨᠢ ᠵᠦᠢ ᠵᠣᠬᠢᠰ ᠦᠭᠡᠢ᠂ ᠪᠣᠬᠢᠷᠲᠤᠯ ᠡᠳ᠋᠎ᠤᠨ ᠲᠥᠷᠥᠯ ᠵᠦᠢ᠍ᠯ᠎ᠢ ᠬᠠᠷᠭᠤᠭᠤᠯᠤᠨ ᠪᠣᠳᠣᠬᠤ᠎ᠳᠤ ᠭᠣᠭᠣᠵᠢᠭᠳᠠᠭᠤᠯᠤᠭᠰᠠᠨ ᠵᠡᠷᠭᠡ ᠪᠠᠴᠢᠮ ᠰᠢᠢ᠍ᠳᠪᠦᠷᠢᠯᠡᠬᠦ ᠴᠢᠬᠤᠯᠠᠲᠠᠢ ᠠᠰᠠᠭᠤᠳᠠᠯ᠎ᠢ ᠭᠣᠣᠯᠳᠠᠯᠭ᠎ᠠ᠎ᠲᠠᠢ᠎ᠪᠠᠷ ᠲᠥᠪᠯᠡᠷᠡᠭᠦᠯᠦᠨ ᠬᠢᠨᠠᠨ ᠬᠠᠷᠭᠤᠭᠤᠯᠵᠤ᠂ ᠭᠣᠣᠯᠳᠠᠯᠭ᠎ᠠ᠎ᠲᠠᠢ ᠣᠷᠣᠨ ᠬᠡᠪᠴᠢᠶ᠎ᠡ᠂ ᠭᠣᠣᠯᠳᠠᠯᠭ᠎ᠠ᠎ᠲᠠᠢ ᠰᠠᠪᠠ ᠭᠠᠵᠠᠷ᠂ ᠭᠣᠣᠯᠳᠠᠯᠭ᠎ᠠ᠎ᠲᠠᠢ ᠠᠵᠢᠯ ᠲᠥᠷᠥᠯ᠎ᠤᠨ᠎ᠬᠢᠨ᠎ᠤ ᠪᠣᠬᠢᠷᠲᠤᠯ᠎ᠤᠨ ᠡᠬᠢ ᠰᠤᠷᠪᠤᠯᠵᠢ ᠵᠢᠨ ᠮᠡᠳᠡᠭᠡ ᠵᠠᠩᠭᠢ ᠵᠢ ᠬᠢᠨᠠᠨ ᠬᠠᠷᠭᠤᠭᠤᠯᠵᠤ ᠪᠦᠬᠦᠨ᠎ᠢ ᠬᠠᠮᠤᠷᠤᠭᠤᠯᠬᠤ ᠵᠢ ᠭᠦᠢ᠍ᠴᠡᠳᠬᠡᠨ᠎ᠡ᠃ ᠡᠭᠦᠨ᠎ᠤ ᠬᠠᠮᠲᠤ᠂ ᠬᠢᠨᠠᠨ ᠬᠠᠷᠭᠤᠭᠤᠯᠤᠭᠰᠠᠨ ᠦᠷ᠎ᠡ ᠳ᠋ᠦᠩ ᠪᠠ ᠴᠡᠭᠴᠡᠯᠡᠨ ᠥᠭᠡᠷᠡᠴᠢᠯᠡᠭᠰᠡᠨ ᠪᠠᠢ᠌ᠳᠠᠯ ᠵᠶ᠋ᠠᠷ ᠪᠣᠬᠢᠷᠲᠤᠯ᠎ᠤᠨ ᠡᠬᠢ ᠰᠤᠷᠪᠤᠯᠵᠢ ᠵᠢ ᠨᠡᠢ᠌ᠳᠡᠮ᠎ᠳᠤ᠎ᠨᠢ ᠪᠠᠢ᠌ᠴᠠᠭ᠋ᠠᠬᠤ ᠡᠯ᠎ᠡ ᠱᠠᠲᠤᠨ᠎ᠤ ᠪᠠᠢ᠌ᠭᠤᠯᠤᠮᠵᠢ ᠵᠢᠨ ᠳ᠋ᠠᠢ᠌ᠲ᠋ᠠ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠭᠣᠣᠯ ᠦᠨᠳᠦᠰᠦᠯᠡᠯ ᠪᠣᠯᠭ᠋ᠠᠨ᠎ᠠ᠃
ᠬᠤᠷᠠᠯ᠎ᠠᠴᠠ᠂ ᠪᠠᠰᠠ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ᠎ᠤᠨ ᠡᠬᠢ ᠰᠤᠷᠪᠤᠯᠵᠢ ᠵᠢ ᠨᠡᠢ᠌ᠳᠡᠮ᠎ᠳᠤ᠎ᠨᠢ ᠪᠠᠢ᠌ᠴᠠᠭ᠋ᠠᠵᠤ ᠵᠠᠳᠠᠯᠤᠨ ᠬᠡᠷᠡᠭᠯᠡᠬᠦ ᠰᠢᠰᠲ᠋ᠧᠮ᠎ᠤᠨ ᠪᠣᠯᠪᠠᠰᠤᠷᠠᠭᠤᠯᠤᠯ ᠬᠢᠵᠦ᠂ ᠮᠡᠷᠭᠡᠵᠢᠯ᠎ᠤᠨ ᠠᠵᠢᠯᠲᠠᠳ᠎ᠠᠴᠠ ᠰᠢᠰᠲ᠋ᠧᠮ᠎ᠤᠨ ᠦᠢ᠍ᠯᠡᠳᠦᠯ ᠴᠢᠳᠠᠮᠵᠢ ᠵᠢᠨ ᠲᠤᠬᠠᠢ ᠨᠠᠷᠢᠨ ᠲᠠᠨᠢᠯᠴᠠᠭᠤᠯᠭ᠎ᠠ ᠪᠠ ᠲᠣᠳᠣᠷᠬᠠᠢ᠌ᠯᠠᠯᠲᠠ ᠬᠢᠵᠡᠢ᠃

ᠥᠪᠡᠷᠲᠡᠭᠡᠨ ᠵᠠᠰᠠᠬᠤ ᠣᠷᠣᠨ᠎ᠠᠴᠠ ᠬᠣᠶᠠᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠪᠣᠬᠢᠷᠲᠤᠯ᠎ᠤᠨ ᠡᠬᠢ ᠰᠤᠷᠪᠤᠯᠵᠢ ᠵᠢ ᠨᠡᠢ᠌ᠳᠡᠮ᠎ᠳᠤ᠎ᠨᠢ ᠪᠠᠢ᠌ᠴᠠᠭ᠋ᠠᠬᠤ ᠠᠵᠢᠯ᠎ᠢ ᠠᠬᠢᠭᠤᠯᠬᠤ ᠲᠧᠯᠸᠢᠰ ᠬᠤᠷᠠᠯ᠎ᠢ ᠬᠤᠷᠠᠯᠳᠤᠭᠤᠯᠵᠤ ᠪᠠᠢ᠌ᠨ᠎ᠠ

ᠥᠪᠡᠷᠲᠡᠭᠡᠨ ᠵᠠᠰᠠᠬᠤ ᠣᠷᠣᠨ᠎ᠤ ᠬᠣᠶᠠᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠪᠣᠬᠢᠷᠲᠤᠯ᠎ᠤᠨ ᠡᠬᠢ ᠰᠤᠷᠪᠤᠯᠵᠢ ᠵᠢ ᠨᠡᠢ᠌ᠳᠡᠮ᠎ᠳᠤ᠎ᠨᠢ ᠪᠠᠢ᠌ᠴᠠᠭ᠋ᠠᠬᠤ ᠤᠳᠤᠷᠢᠳᠬᠤ ᠳᠤᠭᠤᠢ᠌ᠯᠠᠩ᠎ᠤᠨ ᠠᠯᠪᠠᠨ ᠭᠡᠷ᠎ᠤᠨ ᠡᠷᠬᠢᠯᠡᠭᠴᠢ ᠵᠠᠩ ᠱᠦ᠍ ᠯᠢ ᠶᠠᠷᠢᠶ᠎ᠠ ᠲᠠᠯᠪᠢᠵᠤ ᠪᠠᠢ᠌ᠨ᠎ᠠ