ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠵᠢᠷᠤᠬᠲᠦ᠍ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠭᠤᠯᠭ᠎ᠠ ᠬᠥᠮᠥᠵᠢᠯ᠎ᠤᠨ ᠲᠥᠪ᠎ᠠᠴᠠ 《ᠠᠩᠬᠠᠨ᠎ᠤ ᠵᠣᠷᠢᠯᠲᠠ᠎ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠶ᠎ᠡ》 — 《ᠨᠠᠮ᠎ᠤᠨ ᠭᠡᠰᠢᠭᠦᠨ᠎ᠤ ᠲᠡᠷᠢᠭᠦᠨ᠎ᠤ ᠴᠢᠨᠠᠷ᠎ᠢ ᠥᠨᠢᠳᠡ ᠪᠠᠲᠤᠯᠠᠵᠤ᠂ ᠤᠯᠤᠰ ᠲᠥᠷᠥ ᠵᠢᠨ ᠬᠦᠴᠦᠨ᠎ᠢ ᠲᠠᠰᠤᠷᠠᠯᠲᠠ ᠦᠭᠡᠢ ᠴᠢᠩᠭ᠋ᠠᠷᠠᠭᠤᠯᠤᠶ᠎ᠠ》 ᠭᠡᠬᠦ ᠭᠣᠣᠯ ᠰᠡᠳᠦᠪᠲᠦ ᠬᠥᠮᠥᠵᠢᠯ᠎ᠤᠨ ᠰᠣᠯᠢᠯᠴᠠᠨ ᠶᠠᠷᠢᠯᠴᠠᠬᠤ ᠬᠤᠷᠠᠯ᠎ᠢ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2019-07-22

     《ᠠᠩᠬᠠᠨ᠎ᠤ ᠵᠣᠷᠢᠯᠲᠠ᠎ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠶ᠎ᠡ》 ᠭᠡᠬᠦ ᠭᠣᠣᠯ ᠰᠡᠳᠦᠪᠲᠦ ᠬᠥᠮᠥᠵᠢᠯ᠎ᠤᠨ ᠠᠵᠢᠯᠯᠠᠭ᠎ᠠ ᠵᠢ ᠨᠡᠩ ᠰᠠᠢ᠌ᠲᠤᠷ ᠥᠷᠨᠢᠭᠦᠯᠬᠦ ᠵᠢᠨ ᠲᠤᠰᠠᠳᠠ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠭᠤᠯᠭ᠎ᠠ ᠬᠥᠮᠥᠵᠢᠯ᠎ᠤᠨ ᠲᠥᠪ᠎ᠤᠨ 〈ᠠᠩᠬᠠᠨ᠎ᠤ ᠵᠣᠷᠢᠯᠲᠠ᠎ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠶ᠎ᠡ〉 ᠭᠡᠬᠦ ᠭᠣᠣᠯ ᠰᠡᠳᠦᠪᠲᠦ ᠬᠥᠮᠥᠵᠢᠯ᠎ᠤᠨ ᠰᠤᠷᠤᠯᠴᠠᠭ᠎ᠠ ᠵᠢᠨ ᠲᠥᠯᠥᠪᠯᠡᠭᠡ》 ᠶᠣᠰᠣᠭ᠋ᠠᠷ᠂ 7 ᠳ᠋ᠤᠭ᠋ᠠᠷ ᠰᠠᠷ᠎ᠠ ᠵᠢᠨ 12᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠭᠤᠯᠭ᠎ᠠ ᠬᠥᠮᠥᠵᠢᠯ᠎ᠤᠨ ᠲᠥᠪ᠎ᠠᠴᠠ 《ᠨᠠᠮ᠎ᠤᠨ ᠭᠡᠰᠢᠭᠦᠨ᠎ᠤ ᠲᠡᠷᠢᠭᠦᠨ᠎ᠤ ᠴᠢᠨᠠᠷ᠎ᠢ ᠥᠨᠢᠳᠡ ᠪᠠᠲᠤᠯᠠᠵᠤ᠂ ᠤᠯᠤᠰ ᠲᠥᠷᠥ ᠵᠢᠨ ᠬᠦᠴᠦᠨ᠎ᠢ ᠲᠠᠰᠤᠷᠠᠯᠲᠠ ᠦᠭᠡᠢ ᠴᠢᠩᠭ᠋ᠠᠷᠠᠭᠤᠯᠤᠶ᠎ᠠ》 ᠭᠡᠬᠦ ᠭᠣᠣᠯ ᠰᠡᠳᠦᠪᠲᠦ ᠬᠥᠮᠥᠵᠢᠯ᠎ᠤᠨ ᠰᠣᠯᠢᠯᠴᠠᠨ ᠶᠠᠷᠢᠯᠴᠠᠬᠤ ᠬᠤᠷᠠᠯ᠎ᠢ ᠬᠤᠷᠠᠯᠳᠤᠭᠤᠯᠵᠠᠢ᠃
      ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《ᠠᠩᠬᠠᠨ᠎ᠤ ᠵᠣᠷᠢᠯᠲᠠ᠎ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠶ᠎ᠡ》 ᠭᠡᠬᠦ ᠭᠣᠣᠯ ᠰᠡᠳᠦᠪᠲᠦ ᠬᠥᠮᠥᠵᠢᠯ᠎ᠤᠨ ᠤᠳᠤᠷᠢᠳᠬᠤ ᠳᠤᠭᠤᠢ᠌ᠯᠠᠩ᠎ᠤᠨ 《ᠶᠡᠷᠦᠩᠬᠡᠢ ᠱᠦᠵᠢ ᠰᠢ ᠵᠢᠨ ᠫᠢᠩ᠎ᠤᠨ ᠲᠥᠪ ᠬᠣᠷᠢᠶ᠎ᠠ ᠵᠢᠨ ᠤᠯᠤᠰ ᠲᠥᠷᠥ ᠵᠢᠨ ᠲᠣᠪᠴᠢᠶᠠᠨ᠎ᠤ ᠠᠷᠪᠠᠨ ᠲᠠᠪᠤᠳᠤᠭ᠋ᠠᠷ ᠤᠳᠠᠭ᠋ᠠᠨ᠎ᠤ ᠨᠡᠢ᠌ᠲᠡ ᠵᠢᠨ ᠰᠤᠷᠤᠯᠴᠠᠯᠭ᠎ᠠ ᠵᠢᠨ ᠦᠶ᠎ᠡ ᠵᠢᠨ ᠴᠢᠬᠤᠯᠠ ᠶᠠᠷᠢᠶ᠎ᠠ ᠵᠢ ᠬᠢᠨᠠᠮᠠᠭ᠋ᠠᠢ ᠰᠤᠷᠤᠯᠴᠠᠨ ᠲᠤᠭᠤᠰᠢᠯᠠᠭᠤᠯᠬᠤ ᠲᠤᠬᠠᠢ ᠮᠡᠳᠡᠭᠳᠡᠯ》᠎ᠢ ᠳᠠᠮᠵᠢᠭᠤᠯᠤᠨ ᠲᠠᠷᠬᠠᠭ᠋ᠠᠬᠤ ᠲᠤᠬᠠᠢ ᠮᠡᠳᠡᠭᠳᠡᠯ ᠪᠠ ᠥᠪᠡᠷᠲᠡᠭᠡᠨ ᠵᠠᠰᠠᠬᠤ ᠣᠷᠣᠨ᠎ᠤ ᠭᠣᠣᠯ ᠰᠡᠳᠦᠪᠲᠦ ᠬᠥᠮᠥᠵᠢᠯ᠎ᠤᠨ ᠳᠣᠯᠣᠳᠤᠭ᠋ᠠᠷ ᠲᠣᠭᠣᠷᠢᠨ ᠵᠢᠯᠣᠭᠣᠳᠬᠤ ᠳᠤᠭᠤᠢ᠌ᠯᠠᠩ᠎ᠤᠨ ᠳᠥᠷᠪᠡᠳᠦᠭᠡᠷ ᠤᠳᠠᠭ᠋ᠠᠨ᠎ᠤ ᠠᠬᠢᠭᠤᠯᠬᠤ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠪᠠ᠃ ᠪᠦᠬᠦ ᠨᠠᠮ᠎ᠤᠨ ᠭᠡᠰᠢᠭᠦᠨ 《ᠰᠣᠨᠢᠨ ᠮᠡᠳᠡᠭᠡᠨ᠎ᠤ ᠳᠠᠮᠵᠢᠭᠤᠯᠬᠤ ᠨᠡᠪᠲᠡᠷᠡᠭᠦᠯᠭᠡ》᠎ᠳᠠᠬᠢ ᠲᠥᠪ ᠬᠣᠷᠢᠶ᠎ᠠ ᠵᠢᠨ ᠤᠯᠤᠰ ᠲᠥᠷᠥ ᠵᠢᠨ ᠲᠣᠪᠴᠢᠶᠠᠨ᠎ᠤ ᠠᠷᠪᠠᠨ ᠲᠠᠪᠤᠳᠤᠭ᠋ᠠᠷ ᠤᠳᠠᠭ᠋ᠠᠨ᠎ᠤ ᠨᠡᠢ᠌ᠲᠡ ᠵᠢᠨ ᠰᠤᠷᠤᠯᠴᠠᠭ᠎ᠠ ᠵᠢᠨ ᠲᠤᠬᠠᠢ ᠰᠣᠨᠢᠨ ᠮᠡᠳᠡᠭᠡᠨ᠎ᠤ ᠨᠡᠪᠲᠡᠷᠡᠭᠦᠯᠭᠡ ᠵᠢ ᠦᠵᠡᠵᠦ᠂ ᠬᠤᠷᠠᠯ᠎ᠳᠤ ᠣᠷᠣᠯᠴᠠᠭᠰᠠᠨ ᠳᠤᠮᠳᠠ ᠳᠡᠰ᠎ᠤᠨ ᠺᠠᠳ᠋ᠷᠴᠤᠳ ᠭᠣᠣᠯ ᠰᠡᠳᠦᠪᠲᠦ ᠠᠭᠤᠯᠭ᠎ᠠ ᠵᠢᠨ ᠲᠣᠭᠣᠷᠢᠨ᠎ᠳᠤ ᠰᠤᠳᠤᠯᠤᠨ ᠰᠣᠯᠢᠯᠴᠠᠵᠤ᠂ ᠣᠯᠠᠨ ᠵᠶ᠋ᠠᠷ ᠵᠶ᠋ᠠᠨ ᠬᠦᠰᠡᠯᠡᠩ ᠢᠲᠡᠭᠡᠯ ᠵᠣᠷᠢᠭ ᠵᠶ᠋ᠠᠨ ᠪᠠᠲᠤᠳᠬᠠᠨ᠂ ᠦᠨᠡᠨᠴᠢ ᠰᠢᠳᠤᠷᠭᠤ ᠠᠷᠢᠭᠤᠨ ᠴᠢᠭᠴᠢ ᠪᠥᠭᠡᠳ ᠬᠠᠷᠢᠭᠤᠴᠠᠯᠭ᠎ᠠ ᠵᠢ   ᠵᠣᠷᠢᠭᠲᠠᠢ ᠡᠭᠦᠷᠭᠡᠯᠡᠬᠦ ᠤᠯᠤᠰ ᠲᠥᠷᠥ ᠵᠢᠨ   ᠬᠡᠪ ᠴᠢᠨᠠᠷ᠎ᠢ   ᠳᠠᠪᠲᠠᠨ ᠪᠣᠯᠪᠠᠰᠤᠷᠠᠭᠤᠯᠵᠤ᠂ ᠲᠤᠰ ᠪᠡᠶ᠎ᠡ ᠵᠢᠨ ᠬᠡᠪ ᠪᠣᠯᠪᠠᠰᠤᠷᠠᠯ ᠵᠶ᠋ᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠦᠵᠡᠯ ᠰᠠᠨᠠᠭ᠎ᠠ ᠪᠠ   ᠦᠢ᠍ᠯᠡ ᠠᠵᠢᠯᠯᠠᠭ᠎ᠠ ᠵᠢᠨ ᠲᠠᠯ᠎ᠠ᠎ᠪᠠᠷ   ᠡᠪ ᠬᠠᠮᠲᠤ ᠨᠠᠮ᠎ᠤᠨ   ᠭᠡᠰᠢᠭᠦᠨ᠎ᠤ ᠪᠠᠷᠢᠮᠵᠢᠶ᠎ᠠ᠎ᠪᠠᠷ ᠥᠪᠡᠷ᠎ᠢ᠎ᠪᠠᠨ ᠴᠢᠩᠭ᠎ᠠ ᠱᠠᠭ᠋ᠠᠷᠳᠠᠵᠤ᠂ ᠠᠵᠢᠯ᠎ᠤᠨ ᠪᠠᠢ᠌ᠷᠢ᠎ᠪᠠᠨ ᠡᠷᠬᠢᠮᠯᠡᠨ ᠦᠨᠡᠨᠴᠢ᠎ᠪᠠᠷ ᠠᠵᠢᠯᠯᠠᠵᠤ᠂ ᠡᠭᠦᠷᠭᠡ ᠬᠠᠷᠢᠭᠤᠴᠠᠯᠭ᠎ᠠ᠎ᠪᠠᠨ ᠰᠠᠢ᠌ᠲᠤᠷ ᠭᠦᠢ᠍ᠴᠡᠳᠬᠡᠵᠦ᠂ ᠠᠩᠬᠠᠨ᠎ᠤ ᠵᠣᠷᠢᠯᠲᠠ᠎ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠨ᠎ᠡ ᠭᠡᠵᠦ ᠵᠣᠷᠢᠭ ᠵᠶ᠋ᠠᠨ ᠢᠯᠡᠳᠬᠡᠵᠡᠭᠡᠵᠡᠢ᠃
      ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠭᠤᠯᠭ᠎ᠠ ᠬᠥᠮᠥᠵᠢᠯ᠎ᠤᠨ ᠲᠥᠪ᠎ᠤᠨ ᠨᠠᠮ᠎ᠤᠨ ᠡᠭᠦᠷ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠭᠡᠰᠢᠭᠦᠨ᠂ ᠳᠡᠳ᠋ ᠡᠷᠬᠢᠯᠡᠭᠴᠢ ᠭᠦᠸᠧ ᠷᠦᠢ ᠴᠢᠩ ᠬᠡᠯᠡᠬᠦ᠎ᠳᠤ᠎ᠪᠠᠨ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠭᠤᠯᠤᠭᠴᠢ ᠪᠣᠯᠣᠭᠰᠠᠨ᠎ᠤ ᠬᠤᠪᠢ᠎ᠳᠤ᠂ ᠡᠨᠡ ᠬᠦ᠌ ᠥᠨᠢᠳᠡ ᠵᠢᠨ ᠭᠣᠣᠯ ᠰᠡᠳᠦᠪ᠎ᠤᠨ ᠲᠣᠭᠣᠷᠢᠨ᠎ᠳᠤ ᠠᠭᠤᠯᠭ᠎ᠠ ᠵᠢᠨ ᠡᠭᠦᠳᠦᠨ ᠪᠦᠲᠦᠭᠡᠯᠲᠡ ᠬᠢᠬᠦ᠎ᠪᠠᠷ ᠪᠠᠷᠠᠬᠤ ᠦᠭᠡᠢ᠂ ᠴᠠᠭ ᠦᠶ᠎ᠡ ᠵᠢᠨ ᠤᠷᠤᠭᠰᠢᠯᠠᠯᠲᠠ ᠵᠢᠨ ᠤᠷᠤᠰᠬᠠᠯ ᠳᠤᠮᠳᠠ ᠲᠠᠰᠤᠷᠠᠯᠲᠠ ᠦᠭᠡᠢ ᠰᠤᠷᠤᠯᠴᠠᠨ ᠥᠭᠡᠷᠡᠴᠢᠯᠡᠵᠦ᠂ ᠪᠣᠬᠢᠷᠲᠤᠯ ᠦᠭᠡᠢ ᠦᠵᠡᠯᠲᠡ ᠲᠠᠨᠢᠯᠲᠠ ᠵᠢ ᠤᠯᠠᠮᠵᠢᠯᠠᠨ᠂ ᠠᠮᠢ ᠠᠬᠤᠢ ᠵᠢᠨ ᠪᠣᠯᠪᠠᠰᠤᠨ᠎ᠤ ᠣᠨᠣᠯᠵᠢᠬᠤᠨ᠎ᠢ ᠰᠠᠨᠠᠭ᠋ᠠᠴᠢᠯᠠᠬᠤ ᠪᠣᠯ ᠪᠢᠳᠡᠨ᠎ᠤ ᠥᠨᠢᠳᠡ ᠵᠢᠨ ᠡᠭᠦᠷᠭᠡ ᠬᠠᠷᠢᠭᠤᠴᠠᠯᠭ᠎ᠠ ᠪᠣᠯᠣᠨ᠎ᠠ ᠭᠡᠪᠡ; ᠤᠬᠠᠭᠤᠯᠬᠤ ᠭᠡᠰᠢᠭᠦᠨ᠂ ᠰᠣᠨᠢᠨ ᠮᠡᠳᠡᠭᠡᠨ᠎ᠤ ᠰᠠᠯᠠᠭ᠎ᠠ ᠵᠢᠨ ᠳᠠᠷᠤᠭ᠎ᠠ ᠶᠠᠩ ᠠᠢ ᠴᠢᠶᠦ᠋ᠨ ᠬᠡᠯᠡᠬᠦ᠎ᠳᠤ᠎ᠪᠠᠨ᠂ ᠰᠣᠨᠢᠨ ᠮᠡᠳᠡᠭᠡ ᠶᠠᠷᠢᠶ᠎ᠠ ᠬᠡᠯᠡᠯᠴᠡᠭᠡᠨ᠎ᠤ ᠠᠵᠢᠯ᠎ᠨᠢ ᠡᠷᠬᠡᠪᠰᠢ ᠨᠠᠮᠴᠢ ᠴᠢᠨᠠᠷ᠎ᠤᠨ ᠵᠠᠷᠴᠢᠮ᠎ᠢ ᠪᠠᠷᠢᠮᠲᠠᠯᠠᠨ᠂ ᠨᠠᠮ᠎ᠤᠨ ᠵᠣᠷᠢᠭ ᠰᠠᠨᠠᠭ᠎ᠠ ᠵᠢ ᠢᠯᠡᠷᠡᠭᠦᠯᠵᠦ᠂ ᠨᠠᠮ᠎ᠤᠨ ᠵᠣᠷᠢᠯᠲᠠ ᠵᠢ ᠲᠤᠰᠬᠠᠵᠤ᠂ ᠨᠠᠮ᠎ᠤᠨ ᠲᠥᠪ ᠬᠣᠷᠢᠶ᠎ᠠ ᠵᠢᠨ ᠡᠷᠬᠡ ᠰᠦᠷ᠎ᠢ ᠬᠠᠮᠠᠭ᠋ᠠᠯᠠᠨ᠂ ᠨᠠᠮ᠎ᠤᠨ ᠪᠦᠯᠬᠦᠮᠳᠡᠯ᠎ᠢ ᠬᠠᠮᠠᠭ᠋ᠠᠯᠠᠵᠤ᠂ ᠣᠷᠴᠢᠨ ᠲᠣᠭᠣᠷᠢᠨ᠎ᠤ ᠰᠣᠨᠢᠨ ᠮᠡᠳᠡᠭᠡ ᠶᠠᠷᠢᠶ᠎ᠠ ᠬᠡᠯᠡᠯᠴᠡᠭᠡᠨ᠎ᠤ ᠡᠷᠬᠡ ᠵᠢ ᠯᠠᠪᠳᠠᠭᠤᠨ ᠪᠠᠲᠤᠲᠠᠢ ᠡᠵᠡᠮᠰᠢᠵᠦ᠂ ᠦᠨᠡᠨ ᠬᠦ᠌ ᠠᠳᠬᠤᠨ ᠪᠣᠳᠠᠲᠠᠢ᠎ᠪᠠᠷ ᠠᠵᠢᠯᠯᠠᠬᠤ ᠣᠪᠣᠷ ᠰᠤᠷᠲᠠᠯ ᠵᠶ᠋ᠠᠷ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ 《ᠬᠣᠰᠢᠭᠤᠴᠢ ᠴᠡᠷᠢᠭ》 ᠪᠣᠯᠬᠤ᠎ᠪᠠᠷ   ᠴᠢᠷᠮᠠᠢ᠌ᠬᠤ ᠬᠡᠷᠡᠭᠲᠡᠢ ᠭᠡᠪᠡ; ᠵᠣᠬᠢᠶᠠᠨ   ᠪᠠᠢ᠌ᠭᠤᠯᠬᠤ   ᠭᠡᠰᠢᠭᠦᠨ᠂ ᠠᠯᠪᠠᠨ ᠭᠡᠷ᠎ᠤᠨ ᠡᠷᠬᠢᠯᠡᠭᠴᠢ ᠵᠧᠦ ᠯᠢᠨ ᠯᠢᠨ ᠬᠡᠯᠡᠬᠦ᠎ᠳᠤ᠎ᠪᠠᠨ᠂ ᠠᠵᠢᠯ᠎ᠤᠨ ᠪᠠᠢ᠌ᠷᠢ ᠳᠡᠭᠡᠷ᠎ᠡ᠎ᠪᠠᠨ ᠰᠤᠷᠤᠯᠴᠠᠭ᠎ᠠ᠎ᠪᠠᠨ ᠴᠢᠩᠭ᠋ᠠᠳᠬᠠᠨ᠂ ᠰᠤᠷᠤᠯᠴᠠᠬᠤ ᠦᠵᠡᠯ ᠤᠬᠠᠮᠰᠠᠷ ᠵᠶ᠋ᠠᠨ ᠴᠢᠩᠭ᠋ᠠᠷᠠᠭᠤᠯᠵᠤ᠂ ᠵᠣᠬᠢᠶᠠᠨ ᠪᠠᠢ᠌ᠭᠤᠯᠤᠯᠲᠠ ᠵᠢᠨ ᠲᠣᠬᠢᠷᠠᠭᠤᠯᠤᠯᠲᠠ ᠵᠢ᠎ᠲᠠᠭᠠᠨ᠂ ᠠᠵᠢᠯ᠎ᠤᠨ ᠶᠡᠬᠡ ᠲᠠᠯ᠎ᠠ ᠵᠢ ᠬᠠᠷᠠᠭ᠋ᠠᠯᠵᠠᠵᠤ᠂ ᠪᠣᠳᠠᠲᠤ ᠠᠵᠢᠯᠯᠠᠭ᠎ᠠ᠎ᠪᠠᠷ ᠵᠶ᠋ᠠᠨ ᠨᠠᠮ᠎ᠤᠨ ᠵᠣᠷᠢᠯᠲᠠ ᠵᠢ ᠦᠢ᠍ᠯᠡᠳᠦᠯᠭᠡᠵᠢᠭᠦᠯᠦᠨ᠎ᠡ ᠭᠡᠵᠡᠢ᠃ ᠤᠬᠠᠭᠤᠯᠬᠤ ᠰᠠᠯᠠᠭ᠎ᠠ ᠵᠢᠨ ᠳᠡᠳ᠋ ᠳᠠᠷᠤᠭ᠎ᠠ ᠬᠠᠨ ᠶᠠᠨ ᠯᠢ ᠬᠡᠯᠡᠬᠦ᠎ᠳᠤ᠎ᠪᠠᠨ᠂ ᠰᠤᠷᠤᠯᠴᠠᠨ ᠰᠡᠳᠬᠢᠬᠦ ᠪᠠ ᠦᠢ᠍ᠯᠡᠳᠦᠯᠭᠡᠵᠢᠭᠦᠯᠦᠨ ᠣᠢ᠌ᠯᠠᠭ᠋ᠠᠵᠤ᠂ ᠠᠩᠬᠠᠨ᠎ᠤ ᠵᠣᠷᠢᠯᠲᠠ᠎ᠪᠠᠨ ᠪᠠᠲᠤ ᠴᠣᠭᠴᠠᠯᠠᠨ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠢ᠍ᠯᠡᠰ᠎ᠲᠤ ᠪᠠᠲᠤ ᠴᠢᠩᠭ᠎ᠠ ᠢᠲᠡᠭᠡᠯ ᠨᠠᠢ᠌ᠳᠠᠯᠭ᠎ᠠ ᠵᠢᠨ ᠬᠦᠴᠦᠨ᠎ᠢ ᠬᠤᠷᠠᠮᠳᠤᠭᠤᠯᠤᠨ᠎ᠠ ᠭᠡᠪᠡ᠃ ᠬᠥᠮᠥᠵᠢᠯ᠎ᠤᠨ ᠰᠠᠯᠠᠭ᠎ᠠ ᠵᠢᠨ ᠳᠡᠳ᠋ ᠳᠠᠷᠤᠭ᠎ᠠ ᠯᠢ ᠴᠢᠶᠠᠨ ᠬᠡᠯᠡᠬᠦ᠎ᠳᠤ᠎ᠪᠠᠨ᠂ ᠣᠷᠴᠢᠨ ᠲᠣᠭᠣᠷᠢᠨ᠎ᠤ ᠤᠬᠠᠭᠤᠯᠭ᠎ᠠ   ᠬᠥᠮᠥᠵᠢᠯ᠎ᠤᠨ   ᠴᠢᠨᠠᠷ ᠰᠠᠢ᠌ᠲᠠᠢ   ᠠᠵᠢᠯ᠎ᠢ ᠬᠢᠬᠦ᠎ᠳᠤ᠂ ᠪᠣᠳᠠᠲᠤ   ᠪᠠᠢ᠌ᠳᠠᠯ᠎ᠠᠴᠠ   ᠡᠭᠦᠰᠦᠨ᠂ ᠨᠠᠢ᠌ᠳᠠᠪᠤᠷᠢᠵᠢᠭᠤᠯᠬᠤ᠎ᠠᠴᠠ   ᠡᠭᠦᠰᠴᠦ᠂ ᠠᠯᠤᠰ ᠬᠡᠳᠦ ᠵᠢᠨ ᠬᠥᠭᠵᠢᠯᠲᠡ᠎ᠠᠴᠠ ᠡᠭᠦᠰᠬᠦ ᠬᠡᠷᠡᠭᠲᠡᠢ ᠭᠡᠵᠡᠢ᠃
      ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠭᠤᠯᠭ᠎ᠠ ᠬᠥᠮᠥᠵᠢᠯ᠎ᠤᠨ ᠲᠥᠪ᠎ᠤᠨ ᠨᠠᠮ᠎ᠤᠨ ᠡᠭᠦᠷ᠎ᠤᠨ ᠱᠦᠵᠢ᠂ ᠡᠷᠬᠢᠯᠡᠭᠴᠢ ᠪᠠᠢ ᡁᠢ ᠹᠧᠩ ᠱᠠᠭ᠋ᠠᠷᠳᠠᠬᠤ᠎ᠳᠤ᠎ᠪᠠᠨ᠂ ᠣᠷᠴᠢᠨ ᠲᠣᠭᠣᠷᠢᠨ᠎ᠤ ᠤᠬᠠᠭᠤᠯᠭ᠎ᠠ ᠬᠥᠮᠥᠵᠢᠯ᠎ᠤᠨ ᠲᠥᠪ᠎ᠤᠨ ᠪᠦᠬᠦ ᠨᠠᠮ᠎ᠤᠨ ᠭᠡᠰᠢᠭᠦᠨ ᠤᠤᠯ ᠵᠣᠬᠢᠶᠠᠯ᠎ᠤᠨ ᠤᠭ ᠶᠣᠰᠣ ᠵᠢ ᠨᠠᠷᠢᠨ ᠤᠩᠰᠢᠨ ᠨᠠᠷᠢᠯᠢᠭ ᠣᠢ᠌ᠯᠠᠭ᠋ᠠᠵᠤ᠂ ᠥᠪᠡᠷ᠎ᠢ᠎ᠪᠠᠨ ᠴᠢᠳᠠᠮᠠᠭ᠋ᠠᠢ᠎ᠪᠠᠷ ᠰᠢᠨᠡᠴᠢᠯᠡᠨ᠂ ᠠᠰᠠᠭᠤᠳᠠᠯ ᠵᠶ᠋ᠠᠨ   ᠵᠣᠷᠢᠭᠲᠠᠢ ᠎ᠪᠠᠷ   ᠡᠷᠢᠵᠦ᠂ ᠦᠵᠡᠯ ᠰᠠᠨᠠᠭ᠎ᠠ ᠪᠠ ᠠᠵᠢᠯ᠎ᠲᠠᠢ᠎ᠪᠠᠨ ᠤᠶᠠᠯᠳᠤᠭᠤᠯᠤᠨ᠂ ᠰᠤᠷᠤᠯᠴᠠᠬᠤ᠂ ᠴᠡᠭᠴᠡᠯᠡᠨ ᠥᠭᠡᠷᠡᠴᠢᠯᠡᠬᠦ᠂ ᠳ᠋ᠦᠩᠨᠡᠬᠦ ᠪᠠ ᠳᠡᠭᠡᠭᠰᠢᠯᠡᠭᠦᠯᠬᠦ ᠵᠢ ᠬᠢᠨᠠᠮᠠᠭ᠋ᠠᠢ᠎ᠪᠠᠷ ᠰᠠᠢ᠌ᠲᠤᠷ ᠬᠢᠬᠦ ᠬᠡᠷᠡᠭᠲᠡᠢ; ᠠᠰᠠᠭᠤᠳᠠᠯ᠎ᠢ ᠴᠢᠳᠠᠮᠠᠭ᠋ᠠᠢ᠎ᠪᠠᠷ ᠢᠯᠡᠷᠡᠭᠦᠯᠬᠦ ᠪᠠ ᠪᠠᠢ᠌ᠴᠠᠭ᠋ᠠᠨ ᠦᠵᠡᠵᠦ᠂ ᠴᠡᠭᠴᠡᠯᠡᠨ ᠥᠭᠡᠷᠡᠴᠢᠯᠡᠵᠦ ᠨᠠᠢ᠌ᠳᠠᠪᠤᠷᠢᠵᠢᠭᠤᠯᠬᠤ ᠵᠢ ᠰᠠᠢ᠌ᠲᠤᠷ ᠠᠳᠬᠤᠵᠤ᠂ ᠥᠪᠡᠷ᠎ᠢ᠎ᠪᠠᠨ ᠨᠠᠷᠢᠯᠢᠭ ᠵᠠᠳᠠᠯᠤᠨ᠂ ᠥᠪᠡᠷ᠎ᠢ᠎ᠪᠠᠨ ᠵᠣᠷᠢᠭᠲᠠᠢ ᠰᠢᠨᠡᠴᠢᠯᠡᠵᠦ᠂ ᠠᠰᠠᠭᠤᠳᠠᠯ ᠵᠶ᠋ᠠᠨ ᠪᠦᠬᠦ ᠲᠠᠯ᠎ᠠ᠎ᠪᠠᠷ ᠡᠷᠢᠬᠦ ᠬᠡᠷᠡᠭᠲᠡᠢ ᠭᠡᠵᠡᠢ᠃
      ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠭᠤᠯᠭ᠎ᠠ ᠬᠥᠮᠥᠵᠢᠯ᠎ᠤᠨ ᠲᠥᠪ᠎ᠤᠨ ᠪᠦᠬᠦ ᠨᠠᠮ᠎ᠤᠨ ᠭᠡᠰᠢᠭᠦᠨ ᠬᠤᠷᠠᠯ᠎ᠳᠤ ᠣᠷᠣᠯᠴᠠᠵᠠᠢ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠨᠠᠮ᠎ᠤᠨ ᠭᠠᠳᠠᠨᠠᠬᠢ ᠬᠥᠮᠥᠰ᠂ ᠡᠪᠯᠡᠯ᠎ᠤᠨ ᠭᠡᠰᠢᠭᠦᠳ᠂ ᠣᠯᠠᠨ ᠲᠦᠮᠡᠨ᠂ ᠵᠠᠯᠠᠭᠤᠴᠤᠳ᠎ᠤᠨ ᠰᠠᠨᠠᠯ᠎ᠢ ᠬᠤᠷᠢᠶᠠᠬᠤ ᠶᠠᠷᠢᠯᠴᠠᠭ᠋ᠠᠨ᠎ᠤ ᠬᠤᠷᠠᠯ᠎ᠢ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠯᠲᠠ ᠬᠢᠬᠦ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠲᠦᠷᠭᠡᠨ ᠵᠶ᠋ᠡᠷ ᠤᠯᠠᠮᠵᠢᠯᠠᠨ ᠰᠤᠷᠤᠯᠴᠠᠵᠤ ᠲᠤᠭᠤᠰᠢᠯᠠᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠨᠣᠯ᠎ᠤᠨ ᠰᠤᠷᠤᠯᠴᠠᠭ᠎ᠠ ᠵᠢᠨ ᠭᠣᠣᠯ ᠳᠤᠭᠤᠢ᠌ᠯᠠᠩ (ᠥᠷᠭᠡᠳᠬᠡᠭᠰᠡᠨ)᠎ᠤᠨ ᠰᠤᠳᠤᠯᠤᠨ ᠶᠠᠷᠢᠯᠴᠠᠵᠤ ᠰᠣᠯᠢᠯᠴᠠᠬᠤ ᠬᠤᠷᠠᠯ᠎ᠢ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠭᠤᠷᠪᠠᠳᠤᠭ᠋ᠠᠷ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠬᠤ ᠳᠤᠭᠤᠶ᠋ᠢᠯᠠᠩ 《ᠤᠭ ᠰᠠᠨᠠᠭ᠎ᠠ᠎ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ》 ᠭᠣᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠵᠡᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠢᠨᠵᠧᠨᠧᠷᠢᠩ᠎ᠤᠨ ᠦᠨᠡᠯᠡᠨ ᠵᠢᠱ᠌ᠢᠬᠦ ᠲᠥᠪ᠎ᠤᠨ ᠨᠠᠮ᠎ᠤᠨ ᠡᠭᠦᠷ 《ᠪᠣᠯᠬᠢ ᠭᠦᠨ ᠤᠬᠠᠭ᠋ᠠᠨ᠎ᠢ ᠲᠠᠶᠠᠭᠳᠠᠵᠤ᠂ ᠪᠦᠯᠦᠭᠯᠡᠬᠦ ᠰᠣᠶᠣᠯ᠎ᠢ ᠡᠪᠳᠡᠬᠦ》 ᠲᠤᠰᠬᠠᠶ ᠰᠡᠳᠦᠪᠲᠦ ᠵᠤᠬᠢᠶᠠᠨ ᠪᠠᠢ᠌ᠭᠤᠯᠤᠯᠳᠠ ᠵᠢᠨ ᠠᠮᠢᠳᠣᠷᠠᠯ᠎ᠤᠨ ᠬᠤᠷᠠᠯ ᠬᠤᠷᠠᠯᠳᠤᠭᠤᠯᠪᠠ
 
             蒙ICP备05000248号