6 ᠳ᠋ᠤᠭ᠋ᠠᠷ ᠰᠠᠷ᠎ᠠ ᠵᠢᠨ 28᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠪᠠᠢ᠌ᠭᠤᠯᠭ᠎ᠠ ᠵᠢᠨ ᠬᠣᠷᠢᠶ᠎ᠠ ᠵᠢᠨ ᠠᠩᠬᠠᠳᠤᠭ᠋ᠠᠷ ᠤᠳᠠᠭ᠋ᠠᠨ᠎ᠤ ᠨᠠᠮ᠎ᠤᠨ ᠭᠡᠰᠢᠭᠦᠳ᠎ᠤᠨ ᠶᠡᠬᠡ ᠬᠤᠷᠠᠯ ᠵᠢᠴᠢ 《7 · 1》᠎ᠤ ᠬᠥᠬᠢᠭᠦᠯᠦᠨ ᠰᠠᠢ᠌ᠰᠢᠶᠠᠬᠤ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠪᠠ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠰᠢᠶᠠᠩ ᠳ᠋ᠦᠩ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠵᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠳᠠᠷᠤᠭ᠎ᠠ ᠶᠠᠩ ᠸᠧᠨ ᠮᠢᠩ᠂ ᠪᠠᠢ᠌ᠭᠤᠯᠭ᠎ᠠ ᠵᠢᠨ ᠨᠠᠮ᠎ᠤᠨ ᠬᠣᠷᠢᠶ᠎ᠠ ᠵᠢᠨ ᠡᠯ᠎ᠡ ᠭᠡᠰᠢᠭᠦᠳ ᠵᠢᠴᠢ ᠲᠢᠩᠬᠢᠮ᠎ᠤᠨ ᠪᠠᠢ᠌ᠭᠤᠯᠭ᠎ᠠ ᠵᠢᠨ ᠡᠯ᠎ᠡ ᠭᠠᠵᠠᠷ ᠲᠠᠰᠤᠭ᠂ ᠲᠣᠮᠢᠯᠠᠭᠰᠠᠨ ᠪᠠᠢ᠌ᠭᠤᠯᠤᠮᠵᠢ᠂ ᠬᠠᠷᠢᠶᠠᠯᠠᠭᠳᠠᠬᠤ ᠨᠢᠭᠡᠴᠢ ᠵᠢᠨ ᠨᠡᠢ᠌ᠲᠡ 252 ᠨᠠᠮ᠎ᠤᠨ ᠭᠡᠰᠢᠭᠦᠨ ᠶᠡᠬᠡ ᠬᠤᠷᠠᠯ᠎ᠳᠤ ᠣᠷᠣᠯᠴᠠᠪᠠ᠃ ᠬᠤᠷᠠᠯ᠎ᠢ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ᠂ ᠪᠠᠢ᠌ᠭᠤᠯᠭ᠎ᠠ ᠵᠢᠨ ᠨᠠᠮ᠎ᠤᠨ ᠬᠣᠷᠢᠶ᠎ᠠ ᠵᠢᠨ ᠱᠦᠵᠢ ᠵᠠᠩ ᠬᠤᠢ ᠢᠦᠢ ᠡᠷᠬᠢᠯᠡᠵᠡᠢ᠃



ᠬᠤᠷᠠᠯ ᠳᠡᠭᠡᠷ᠎ᠡ᠂ ᠵᠠᠩ ᠬᠤᠢ ᠢᠦᠢ ᠨᠥᠬᠥᠷ᠎ᠤᠨ ᠬᠢᠭᠰᠡᠨ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠤᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠤᠨ ᠬᠣᠶᠠᠳᠤᠭ᠋ᠠᠷ ᠬᠤᠭᠤᠴᠠᠭ᠋ᠠᠨ᠎ᠤ ᠪᠠᠢ᠌ᠭᠤᠯᠭ᠎ᠠ ᠵᠢᠨ ᠬᠣᠷᠢᠶ᠎ᠠ ᠵᠢᠨ ᠬᠢᠭᠰᠡᠨ ᠠᠵᠢᠯ᠎ᠤᠨ ᠢᠯᠡᠳᠬᠡᠯ》 ᠪᠠ ᠲᠢᠩᠬᠢᠮ᠎ᠤᠨ ᠪᠠᠢ᠌ᠭᠤᠯᠭ᠎ᠠ ᠵᠢᠨ ᠨᠠᠮ᠎ᠤᠨ ᠬᠣᠷᠢᠶ᠎ᠠ ᠵᠢᠨ ᠲᠤᠰᠬᠠᠢ ᠲᠤᠰᠢᠶᠠᠯᠲᠤ ᠳᠡᠳ᠋ ᠱᠦᠵᠢ ᠯᠢ ᠤᠤ ᠨᠥᠬᠥᠷ᠎ᠤᠨ ᠬᠢᠭᠰᠡᠨ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠤᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠤᠨ ᠬᠣᠶᠠᠳᠤᠭ᠋ᠠᠷ ᠬᠤᠭᠤᠴᠠᠭ᠋ᠠᠨ᠎ᠤ ᠪᠠᠢ᠌ᠭᠤᠯᠭ᠎ᠠ ᠵᠢᠨ ᠬᠣᠷᠢᠶ᠎ᠠ ᠵᠢᠨ ᠬᠢᠭᠰᠡᠨ ᠨᠠᠮ᠎ᠤᠨ ᠰᠦᠢ᠍ᠳᠬᠡᠯ᠎ᠢ ᠬᠤᠷᠢᠶᠠᠵᠤ ᠬᠡᠷᠡᠭᠯᠡᠭᠰᠡᠨ ᠪᠠ ᠬᠠᠮᠢᠶᠠᠷᠤᠭᠰᠠᠨ ᠪᠠᠢ᠌ᠳᠠᠯ᠎ᠤᠨ ᠮᠡᠳᠡᠭᠦᠯᠦᠯᠲᠡ》 ᠵᠢ ᠰᠣᠨᠣᠰᠴᠤ ᠬᠢᠨᠠᠨ ᠵᠥᠪᠯᠡᠵᠡᠢ᠃



ᠲᠢᠩᠬᠢᠮ᠎ᠤᠨ ᠪᠠᠢ᠌ᠭᠤᠯᠭ᠎ᠠ ᠵᠢᠨ ᠨᠠᠮ᠎ᠤᠨ ᠬᠣᠷᠢᠶ᠎ᠠ ᠵᠢᠨ ᠵᠣᠬᠢᠶᠠᠨ ᠪᠠᠢ᠌ᠭᠤᠯᠬᠤ ᠭᠡᠰᠢᠭᠦᠨ᠂ ᠠᠵᠢᠯᠲᠠᠨ᠎ᠤ ᠶᠠᠪᠤᠳᠠᠯ᠎ᠤᠨ ᠭᠠᠵᠠᠷ᠎ᠤᠨ ᠳᠠᠷᠤᠭ᠎ᠠ ᠤᠯᠠᠭ᠋ᠠᠨ ᠨᠥᠬᠥᠷ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠪᠠᠢ᠌ᠭᠤᠯᠭ᠎ᠠ ᠵᠢᠨ ᠬᠣᠷᠢᠶ᠎ᠠ ᠵᠢᠨ ᠠᠩᠬᠠᠳᠤᠭ᠋ᠠᠷ ᠤᠳᠠᠭ᠋ᠠᠨ᠎ᠤ ᠨᠠᠮ᠎ᠤᠨ ᠭᠡᠰᠢᠭᠦᠳ᠎ᠤᠨ ᠶᠡᠬᠡ ᠬᠤᠷᠠᠯ᠎ᠤᠨ ᠰᠣᠩᠭᠣᠭᠤᠯᠢ ᠵᠢᠨ ᠠᠷᠭ᠎ᠠ》 ᠪᠠ ᠲᠥᠯᠥᠭᠡᠯᠡᠭᠴᠢ᠎ᠪᠠᠷ ᠵᠢᠱ᠌ᠢᠭᠳᠡᠭᠰᠡᠳ᠎ᠤᠨ ᠳᠥᠭᠥᠮ ᠲᠠᠨᠢᠯᠴᠠᠭᠤᠯᠭ᠎ᠠ ᠵᠢ ᠵᠠᠷᠯᠠᠨ ᠤᠩᠰᠢᠵᠠᠢ᠃
ᠬᠤᠷᠠᠯ᠎ᠳᠤ ᠣᠷᠣᠯᠴᠠᠭᠰᠠᠳ ᠺᠣᠳ᠋᠎ᠢ ᠰᠢᠷᠪᠢᠵᠦ ᠪᠢᠯᠧᠲ ᠥᠭᠬᠦ ᠠᠷᠭ᠎ᠠ ᠬᠡᠯᠪᠡᠷᠢ᠎ᠪᠠᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠩᠬᠠᠳᠤᠭ᠋ᠠᠷ ᠬᠤᠭᠤᠴᠠᠭ᠋ᠠᠨ᠎ᠤ ᠪᠠᠢ᠌ᠭᠤᠯᠭ᠎ᠠ ᠵᠢᠨ ᠬᠣᠷᠢᠶ᠎ᠠ ᠵᠢᠨ ᠭᠡᠰᠢᠭᠦᠳ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠪᠠᠢ᠌ᠭᠤᠯᠭ᠎ᠠ ᠵᠢᠨ ᠠᠩᠬᠠᠳᠤᠭ᠋ᠠᠷ ᠬᠤᠭᠤᠴᠠᠭ᠋ᠠᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠵᠢᠨ ᠭᠡᠰᠢᠭᠦᠳ᠎ᠢ ᠰᠣᠩᠭᠣᠨ ᠭᠠᠷᠭ᠋ᠠᠵᠠᠢ᠃



ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠵᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠳᠡᠳ᠋ ᠳᠠᠷᠤᠭ᠎ᠠ ᠭᠤᠤ ᠭᠤᠸᠠᠨ ᠫᠢᠩ ᠨᠥᠬᠥᠷ ᠰᠣᠩᠭᠣᠭᠤᠯᠢ ᠵᠢᠨ ᠦᠷ᠎ᠡ ᠳ᠋ᠦᠩ᠎ᠢ ᠲᠤᠩᠬᠠᠭᠯᠠᠪᠠ᠃

ᠶᠠᠩ ᠸᠧᠨ ᠮᠢᠩ ᠨᠥᠬᠥᠷ 《2018 ᠣᠨ᠎ᠤ ᠰᠢᠯᠢᠳᠡᠭ ᠡᠪ ᠬᠠᠮᠲᠤ ᠨᠠᠮ᠎ᠤᠨ ᠭᠡᠰᠢᠭᠦᠳ᠂ ᠰᠢᠯᠢᠳᠡᠭ ᠨᠠᠮ᠎ᠤᠨ ᠶᠠᠪᠤᠳᠠᠯ᠎ᠤᠨ ᠠᠵᠢᠯᠲᠠᠳ ᠪᠠ ᠲᠡᠷᠢᠭᠦᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢ ᠰᠠᠢ᠌ᠰᠢᠶᠠᠨ ᠬᠥᠬᠢᠭᠦᠯᠬᠦ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠪᠠᠢ᠌ᠭᠤᠯᠭ᠎ᠠ ᠵᠢᠨ ᠬᠣᠷᠢᠶ᠎ᠠ ᠵᠢᠨ ᠲᠣᠭᠲᠠᠭ᠋ᠠᠯ》᠎ᠢ ᠵᠠᠷᠯᠠᠨ ᠤᠩᠰᠢᠵᠠᠢ᠃

ᠬᠤᠷᠠᠯ ᠳᠡᠭᠡᠷ᠎ᠡ᠂ 2018 ᠣᠨ᠎ᠤ ᠲᠢᠩᠬᠢᠮ᠎ᠤᠨ ᠰᠢᠰᠲ᠋ᠧᠮ᠎ᠤᠨ᠎ᠬᠢᠨ᠎ᠤ ᠰᠢᠯᠢᠳᠡᠭ ᠡᠪ ᠬᠠᠮᠲᠤ ᠨᠠᠮ᠎ᠤᠨ ᠭᠡᠰᠢᠭᠦᠳ᠂ ᠰᠢᠯᠢᠳᠡᠭ ᠨᠠᠮ᠎ᠤᠨ ᠶᠠᠪᠤᠳᠠᠯ᠎ᠤᠨ ᠠᠵᠢᠯᠲᠠᠳ ᠪᠠ ᠲᠡᠷᠢᠭᠦᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢ ᠬᠥᠬᠢᠭᠦᠯᠦᠨ ᠰᠠᠢ᠌ᠰᠢᠶᠠᠵᠠᠢ᠃




ᠬᠠᠮᠤᠭ ᠡᠴᠦᠰ᠎ᠲᠤ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠰᠢᠶᠠᠩ ᠳ᠋ᠦᠩ ᠴᠢᠬᠤᠯᠠ ᠶᠠᠷᠢᠶ᠎ᠠ ᠲᠠᠯᠪᠢᠵᠠᠢ᠃

ᠲᠡᠷᠡ ᠵᠢᠭ᠋ᠠᠬᠤ᠎ᠳᠤ᠎ᠪᠠᠨ᠂ ᠲᠠᠨᠢᠯᠲᠠ᠎ᠪᠠᠨ ᠭᠦᠨᠵᠡᠭᠡᠢ᠌ᠷᠡᠭᠦᠯᠦᠨ᠂ ᠵᠣᠭᠰᠣᠴᠠ᠎ᠪᠠᠨ ᠳᠡᠭᠡᠭᠰᠢᠯᠡᠭᠦᠯᠵᠦ᠂ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ᠎ᠢ ᠰᠠᠢ᠌ᠲᠤᠷ ᠬᠢᠬᠦ ᠤᠯᠤᠰ ᠲᠥᠷᠥ ᠵᠢᠨ ᠬᠠᠷᠢᠭᠤᠴᠠᠯᠭ᠎ᠠ᠎ᠪᠠᠨ ᠦᠨᠡᠨ ᠬᠦ᠌ ᠴᠢᠩᠭ᠋ᠠᠷᠠᠭᠤᠯᠬᠤ ᠬᠡᠷᠡᠭᠲᠡᠢ᠃ ᠲᠢᠩᠬᠢᠮ᠎ᠤᠨ ᠰᠢᠰᠲ᠋ᠧᠮ᠎ᠤᠨ᠎ᠬᠢᠨ᠎ᠤ ᠪᠦᠬᠦ ᠨᠠᠮ᠎ᠤᠨ ᠭᠡᠰᠢᠭᠦᠨ ᠺᠠᠳ᠋ᠷ ᠣᠢ᠌ᠯᠠᠭ᠋ᠠᠯᠲᠠ᠎ᠪᠠᠨ ᠭᠦᠨᠵᠡᠭᠡᠢ᠌ᠷᠡᠭᠦᠯᠦᠨ᠂ ᠣᠨᠣᠪᠴᠢᠲᠠᠢ ᠡᠵᠡᠮᠳᠡᠵᠦ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠰᠢᠨ᠎ᠡ ᠱᠠᠭ᠋ᠠᠷᠳᠠᠯᠭ᠎ᠠ᠎ᠲᠠᠢ ᠰᠠᠨᠠᠭ᠋ᠠᠴᠢᠯᠠᠭ᠎ᠠ᠎ᠠᠴᠠ᠎ᠪᠠᠨ ᠵᠣᠬᠢᠴᠠᠯᠳᠤᠵᠤ᠂ ᠲᠥᠪ ᠬᠣᠷᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠤᠨ᠂ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ᠎ᠢ ᠰᠠᠢ᠌ᠲᠤᠷ ᠬᠢᠬᠦ ᠬᠠᠷᠢᠭᠤᠴᠠᠯᠭ᠋ᠠᠲᠤ ᠰᠡᠳᠬᠢᠯᠭᠡ᠂ ᠡᠭᠦᠷᠭᠡᠲᠦ ᠰᠡᠳᠬᠢᠯᠭᠡ᠎ᠪᠠᠨ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠪᠣᠳᠠᠲᠤ ᠦᠷ᠎ᠡ ᠪᠦᠲᠦᠮᠵᠢ᠎ᠪᠠᠷ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠦᠢ᠍ᠯᠡᠰ᠎ᠤᠨ ᠥᠷᠨᠢᠩᠭᠦᠢ ᠬᠥᠭᠵᠢᠯᠲᠡ ᠵᠢ ᠬᠥᠲᠥᠯᠥᠨ ᠳᠠᠭ᠋ᠠᠭᠤᠯᠬᠤ ᠬᠡᠷᠡᠭᠲᠡᠢ ᠭᠡᠵᠡᠢ᠃
ᠲᠡᠷᠡ ᠴᠢᠬᠤᠯᠠᠴᠢᠯᠠᠬᠤ᠎ᠳᠤ᠎ᠪᠠᠨ᠂ ᠭᠣᠣᠯᠳᠠᠯᠭ᠎ᠠ᠎ᠪᠠᠨ ᠲᠣᠪᠣᠢ᠌ᠯᠭ᠋ᠠᠨ᠂ ᠠᠷᠭ᠎ᠠ ᠬᠡᠮᠵᠢᠶ᠎ᠡ᠎ᠪᠠᠨ ᠴᠢᠩᠭ᠋ᠠᠷᠠᠭᠤᠯᠵᠤ᠂ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠵᠢᠨ ᠵᠢᠷᠤᠮᠵᠢᠭᠤᠯᠤᠯᠲᠠ ᠳᠦᠷᠢᠮᠵᠢᠭᠦᠯᠦᠯᠲᠡ ᠵᠢᠨ ᠬᠢᠷᠢ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ 《ᠠᠩᠬᠠᠨ᠎ᠤ ᠵᠣᠷᠢᠯᠲᠠ᠎ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠶ᠎ᠡ》 ᠭᠡᠬᠦ ᠭᠣᠣᠯ ᠰᠡᠳᠦᠪᠲᠦ ᠬᠥᠮᠥᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠂ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠪᠠᠷᠢᠮᠵᠢᠶᠠᠵᠢᠭᠤᠯᠤᠯᠲᠠ ᠵᠢᠨ ᠪᠠᠢ᠌ᠭᠤᠯᠤᠯᠲᠠ ᠵᠢ ᠭᠦᠨᠵᠡᠭᠡᠢ ᠠᠬᠢᠭᠤᠯᠤᠨ᠂ ᠣᠪᠣᠷ ᠰᠤᠷᠲᠠᠯ᠎ᠤᠨ ᠪᠠᠢ᠌ᠭᠤᠯᠤᠯᠲᠠ ᠵᠢ ᠴᠥᠬᠥᠷᠡᠰᠢ ᠦᠭᠡᠢ ᠴᠢᠩᠭ᠋ᠠᠳᠬᠠᠵᠤ᠂ ᠨᠠᠮ᠎ᠤᠨ ᠰᠤᠷᠲᠠᠯ ᠴᠢᠭᠴᠢ ᠵᠠᠰᠠᠭ᠎ᠤᠨ ᠪᠠᠢ᠌ᠭᠤᠯᠤᠯᠲᠠ ᠪᠠ ᠢᠯᠵᠠᠷᠠᠯ᠎ᠢ ᠡᠰᠡᠷᠭᠦᠴᠡᠬᠦ ᠲᠡᠮᠡᠴᠡᠯ᠎ᠢ ᠲᠣᠪᠣᠢ᠌ᠯᠭ᠋ᠠᠨ ᠰᠠᠢ᠌ᠲᠤᠷ ᠠᠳᠬᠤᠬᠤ ᠬᠡᠷᠡᠭᠲᠡᠢ ᠭᠡᠵᠡᠢ᠃
ᠲᠡᠷᠡ ᠱᠠᠭ᠋ᠠᠷᠳᠠᠬᠤ᠎ᠳᠤ᠎ᠪᠠᠨ᠂ ᠤᠳᠤᠷᠢᠳᠤᠯᠭ᠎ᠠ ᠪᠠᠨ ᠴᠢᠩᠭ᠋ᠠᠳᠬᠠᠨ᠂ ᠬᠠᠷᠢᠭᠤᠴᠠᠯᠭ᠎ᠠ ᠪᠠᠨ ᠲᠣᠳᠣᠷᠬᠠᠢ᠌ᠯᠠᠵᠤ᠂ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠡᠯ᠎ᠡ ᠵᠦᠢ᠍ᠯ᠎ᠤᠨ ᠡᠭᠦᠷᠭᠡ ᠵᠢ ᠪᠣᠳᠠᠲᠠᠢ᠌ᠵᠢᠭᠤᠯᠤᠨ ᠨᠠᠢ᠌ᠳᠠᠪᠤᠷᠢᠵᠢᠭᠤᠯᠬᠤ ᠵᠢ ᠪᠠᠲᠤᠯᠠᠬᠤ ᠬᠡᠷᠡᠭᠲᠡᠢ᠃ ᠲᠢᠩᠬᠢᠮ᠎ᠤᠨ ᠤᠳᠤᠷᠢᠳᠬᠤ ᠪᠠᠭ᠎ᠤᠨ ᠭᠡᠰᠢᠭᠦᠳ 《ᠨᠢᠭᠡ ᠠᠵᠢᠯ᠎ᠤᠨ ᠪᠠᠢ᠌ᠷᠢ᠎ᠳᠤ ᠳᠠᠪᠬᠤᠷ ᠬᠠᠷᠢᠭᠤᠴᠠᠯᠭ᠎ᠠ ᠡᠭᠦᠷᠭᠡᠯᠡᠬᠦ》 ᠱᠠᠭ᠋ᠠᠷᠳᠠᠯᠭ᠎ᠠ ᠵᠢ ᠤᠬᠠᠮᠰᠠᠷ᠎ᠠᠴᠠ᠎ᠪᠠᠨ ᠨᠠᠢ᠌ᠳᠠᠪᠤᠷᠢᠵᠢᠭᠤᠯᠤᠨ᠂ ᠪᠠᠢ᠌ᠭᠤᠯᠭ᠎ᠠ ᠵᠢᠨ ᠨᠠᠮ᠎ᠤᠨ ᠬᠣᠷᠢᠶ᠎ᠠ ᠵᠢᠨ᠎ᠬᠢᠨ ᠲᠦᠷᠦᠭᠦᠯᠡᠨ ᠶᠡᠷᠦᠩᠬᠡᠢ᠎ᠳᠤ᠎ᠨᠢ ᠠᠳᠬᠤᠵᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠦᠢ᠍ᠯᠡᠳᠦᠯ ᠵᠶ᠋ᠡᠨ ᠪᠠᠳᠠᠷᠠᠭᠤᠯᠵᠤ᠂ ᠡᠯ᠎ᠡ ᠨᠠᠮ᠎ᠤᠨ ᠡᠭᠦᠷ (ᠨᠠᠮ᠎ᠤᠨ ᠶᠡᠷᠦᠩᠬᠡᠢ ᠡᠭᠦᠷ)᠎ᠤᠨ ᠱᠦᠵᠢ ᠨᠠᠷ ᠨᠠᠮ᠎ᠤᠨ ᠪᠠᠢ᠌ᠭᠤᠯᠤᠯᠲᠠ ᠵᠢ ᠠᠳᠬᠤᠬᠤ ᠬᠠᠷᠢᠭᠤᠴᠠᠯᠭ᠎ᠠ ᠵᠢ ᠦᠨᠡᠨ ᠬᠦ᠌ ᠡᠭᠦᠷᠭᠡᠯᠡᠬᠦ ᠬᠡᠷᠡᠭᠲᠡᠢ᠃ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠰᠢᠯᠭ᠋ᠠᠨ ᠬᠢᠨᠠᠵᠤ ᠦᠨᠡᠯᠡᠯᠲᠡ ᠬᠢᠬᠦ ᠰᠢᠰᠲ᠋ᠧᠮᠵᠢ ᠵᠢ ᠪᠠᠢ᠌ᠭᠤᠯᠤᠨ ᠪᠦᠷᠢᠨᠰᠢᠭᠦᠯᠬᠦ ᠬᠡᠷᠡᠭᠲᠡᠢ᠃ ᠨᠠᠮ᠎ᠤᠨ ᠪᠠᠢ᠌ᠭᠤᠯᠤᠯᠲᠠ᠎ᠪᠠᠷ ᠣᠯᠠᠨ ᠲᠦᠮᠡᠨ᠎ᠤ ᠵᠣᠬᠢᠶᠠᠨ ᠪᠠᠢ᠌ᠭᠤᠯᠤᠯᠲᠠ ᠵᠢ ᠳᠠᠢ᠌ᠴᠢᠯᠠᠨ᠂ ᠨᠠᠮ ᠣᠯᠠᠨ ᠲᠦᠮᠡᠨ ᠪᠠ ᠺᠠᠳ᠋ᠷ ᠣᠯᠠᠨ ᠲᠦᠮᠡᠨ᠎ᠤ ᠬᠠᠷᠢᠴᠠᠭ᠎ᠠ ᠵᠢ ᠨᠢᠭᠲᠠᠷᠠᠭᠤᠯᠵᠤ᠂ ᠡᠶ᠎ᠡ ᠵᠣᠬᠢᠴᠠᠩᠭᠤᠢ ᠪᠣᠯᠪᠠᠰᠤᠨ ᠡᠷᠡᠭᠦᠯ ᠰᠠᠷᠠᠭᠤᠯ ᠪᠠᠢ᠌ᠭᠤᠯᠭ᠎ᠠ ᠵᠢᠨ ᠠᠭᠤᠷ ᠠᠮᠢᠰᠬᠤᠯ᠎ᠢ ᠴᠢᠷᠮᠠᠢ᠌ᠨ ᠪᠣᠢ ᠪᠣᠯᠭ᠋ᠠᠬᠤ ᠬᠡᠷᠡᠭᠲᠡᠢ ᠭᠡᠵᠡᠢ᠃
ᠵᠠᠩ ᠬᠤᠢ ᠢᠦᠢ ᠨᠥᠬᠥᠷ ᠬᠤᠷᠠᠯ ᠡᠷᠬᠢᠯᠡᠬᠦ ᠶᠠᠷᠢᠶᠠᠨ᠎ᠳᠤ᠎ᠪᠠᠨ᠂ ᠰᠢᠨ᠎ᠡ᠎ᠪᠠᠷ ᠰᠣᠩᠭᠣᠭᠳᠠᠭᠰᠠᠨ ᠪᠠᠢ᠌ᠭᠤᠯᠭ᠎ᠠ ᠵᠢᠨ ᠨᠠᠮ᠎ᠤᠨ ᠬᠣᠷᠢᠶ᠎ᠠ᠂ ᠪᠠᠢ᠌ᠭᠤᠯᠭ᠎ᠠ ᠵᠢᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠵᠢᠨ᠎ᠬᠢᠨ ᠠᠩᠬᠠᠨ᠎ᠤ ᠵᠣᠷᠢᠯᠲᠠ᠎ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠬᠠᠷᠢᠭᠤᠴᠠᠯᠭ᠎ᠠ ᠵᠢ ᠵᠣᠷᠢᠭᠲᠠᠢ ᠡᠭᠦᠷᠭᠡᠯᠡᠨ᠂ ᠡᠯ᠎ᠡ ᠵᠦᠢ᠍ᠯ᠎ᠤᠨ ᠠᠵᠢᠯ ᠵᠶ᠋ᠠᠨ ᠴᠢᠷᠮᠠᠢ᠌ᠨ ᠭᠦᠢ᠍ᠴᠡᠳᠬᠡᠵᠦ᠂ ᠥᠨᠢᠳᠡ ᠴᠥᠬᠥᠷᠡᠰᠢ ᠦᠭᠡᠢ ᠵᠣᠷᠢᠭ ᠰᠠᠨᠠᠭ᠋ᠠᠨ᠎ᠤ ᠪᠠᠢ᠌ᠳᠠᠯ ᠪᠠ ᠴᠤᠴᠠᠯᠲᠠ ᠦᠭᠡᠢ ᠤᠷᠤᠭᠰᠢᠯᠠᠬᠤ ᠲᠡᠮᠡᠴᠡᠯ᠎ᠤᠨ ᠪᠠᠢ᠌ᠳᠠᠯ ᠵᠶ᠋ᠠᠷ᠂ ᠰᠢᠨ᠎ᠡ ᠴᠠᠭ᠎ᠤᠨ ᠪᠠᠢ᠌ᠳᠠᠯ ᠳᠣᠣᠷᠠᠬᠢ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠰᠢᠨ᠎ᠡ ᠪᠠᠢ᠌ᠳᠠᠯ᠎ᠢ ᠡᠭᠦᠳᠦᠨ ᠨᠡᠭᠡᠭᠡᠵᠦ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠨᠠᠢ᠌ᠳᠠᠯᠭ᠎ᠠ ᠪᠠ ᠥᠷᠭᠡᠨ ᠣᠯᠠᠨ ᠨᠠᠮ᠎ᠤᠨ ᠭᠡᠰᠢᠭᠦᠨ᠎ᠤ ᠬᠦᠰᠡᠯ᠎ᠢ ᠬᠥᠰᠡᠷᠳᠡᠭᠦᠯᠬᠦ ᠦᠭᠡᠢ᠎ᠪᠠᠷ ᠴᠢᠷᠮᠠᠢ᠌ᠬᠤ ᠬᠡᠷᠡᠭᠲᠡᠢ; ᠰᠠᠢ᠌ᠰᠢᠶᠠᠭᠳᠠᠨ ᠬᠥᠬᠢᠭᠦᠯᠦᠭᠳᠡᠭᠰᠡᠨ ᠨᠢᠭᠡᠴᠢ ᠪᠠ ᠬᠤᠪᠢ ᠬᠥᠮᠥᠨ᠎ᠠᠴᠠ ᠢᠷᠠᠭᠤ ᠠᠯᠳᠠᠷ ᠵᠶ᠋ᠠᠨ ᠨᠠᠨᠳᠢᠩᠨᠠᠨ᠂ ᠦᠷᠭᠦᠯᠵᠢᠯᠡᠨ ᠴᠢᠷᠮᠠᠢ᠌ᠨ ᠠᠵᠢᠯᠯᠠᠵᠤ᠂ ᠰᠢᠨ᠎ᠡ ᠨᠡᠩ ᠶᠡᠬᠡ ᠦᠷ᠎ᠡ ᠪᠦᠲᠦᠮᠵᠢ ᠭᠠᠷᠭ᠋ᠠᠬᠤ᠎ᠪᠠᠷ ᠴᠢᠷᠮᠠᠢ᠌ᠵᠤ᠂ ᠵᠢᠱ᠌ᠢᠶ᠎ᠡ ᠦᠵᠡᠭᠦᠯᠵᠦ ᠬᠥᠲᠥᠯᠥᠨ ᠳᠠᠭ᠋ᠠᠭᠤᠯᠬᠤ ᠦᠢ᠍ᠯᠡᠳᠦᠯ ᠵᠶ᠋ᠡᠨ ᠭᠦᠢ᠍ᠴᠡᠳ ᠪᠠᠳᠠᠷᠠᠭᠤᠯᠬᠤ ᠬᠡᠷᠡᠭᠲᠡᠢ; ᠥᠷᠭᠡᠨ ᠣᠯᠠᠨ ᠨᠠᠮ᠎ᠤᠨ ᠭᠡᠰᠢᠭᠦᠨ ᠺᠠᠳ᠋ᠷ ᠲᠡᠷᠢᠭᠦᠨ᠎ᠤ᠎ᠬᠢ᠎ᠲᠠᠢ ᠬᠠᠷᠢᠴᠠᠭᠤᠯᠤᠨ᠂ ᠲᠡᠷᠢᠭᠦᠨ᠎ᠤ᠎ᠬᠢ᠎ᠠᠴᠠ᠎ᠲᠠᠭᠠᠨ ᠰᠤᠷᠤᠯᠴᠠᠬᠤ᠎ᠪᠠᠷ ᠰᠡᠳᠬᠢᠨ ᠴᠢᠷᠮᠠᠢ᠌ᠵᠤ᠂ ᠠᠳᠠᠯᠢᠳᠬᠠᠬᠤ ᠰᠤᠷᠤᠯᠴᠠᠬᠤ ᠨᠡᠬᠡᠬᠦ ᠪᠠ ᠲᠦᠷᠦᠭᠦᠯᠡᠵᠦ᠂ ᠲᠡᠷᠢᠭᠦᠨ᠎ᠤ᠎ᠬᠢ ᠵᠢ ᠡᠭᠦᠳᠦᠨ ᠰᠢᠯᠢᠳᠡᠭ ᠪᠣᠯᠬᠤ᠎ᠪᠠᠷ ᠴᠢᠷᠮᠠᠢ᠌ᠬᠤ ᠬᠡᠷᠡᠭᠲᠡᠢ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠰᠢᠶᠠᠩ ᠳ᠋ᠦᠩ᠎ᠤᠨ ᠶᠠᠷᠢᠶᠠᠨ᠎ᠤ ᠵᠣᠷᠢᠭ ᠰᠠᠨᠠᠭ᠎ᠠ ᠵᠢ ᠬᠢᠨᠠᠮᠠᠭ᠋ᠠᠢ ᠰᠤᠷᠤᠯᠴᠠᠨ ᠣᠢ᠌ᠯᠠᠭ᠋ᠠᠵᠤ᠂ ᠯᠠᠪᠳᠠᠭᠤᠨ ᠪᠠᠲᠤᠲᠠᠢ᠎ᠪᠠᠷ ᠠᠳᠬᠤᠨ ᠨᠠᠢ᠌ᠳᠠᠪᠤᠷᠢᠵᠢᠭᠤᠯᠬᠤ ᠵᠣᠷᠢᠭ ᠰᠠᠨᠠᠭ᠎ᠠ᠎ᠪᠠᠷ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠵᠢᠨ ᠡᠯ᠎ᠡ ᠵᠦᠢ᠍ᠯ᠎ᠤᠨ ᠠᠵᠢᠯ ᠡᠭᠦᠷᠭᠡ ᠵᠢ ᠰᠠᠢ᠌ᠲᠤᠷ ᠨᠠᠢ᠌ᠳᠠᠪᠤᠷᠢᠵᠢᠭᠤᠯᠵᠤ᠂ ᠥᠨᠢᠳᠡ ᠴᠤᠴᠠᠯᠲᠠ ᠦᠭᠡᠢ ᠤᠷᠤᠭᠰᠢᠯᠠᠬᠤ ᠡᠷᠡᠰ ᠵᠣᠷᠢᠭ ᠵᠶ᠋ᠠᠷ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠵᠢ ᠤᠯᠠᠮ ᠭᠦᠨᠴᠡ ᠲᠡᠢ᠌ᠰᠢ ᠲᠠᠰᠤᠷᠠᠯᠲᠠ ᠦᠭᠡᠢ ᠠᠬᠢᠭᠤᠯᠵᠤ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠰᠠᠢ᠌ᠲᠤᠷ ᠬᠢᠵᠦ ᠢᠯᠠᠯᠲᠠ ᠣᠯᠣᠨ᠂ 《ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠢ ᠪᠦᠲᠦᠭᠡᠨ ᠪᠠᠢ᠌ᠭᠤᠯᠵᠤ᠂ ᠳᠤᠮᠳᠠᠳᠤ ᠤᠯᠤᠰ᠎ᠤᠨ ᠠᠭᠤᠤ ᠶᠡᠬᠡ ᠬᠦᠰᠡᠯ ᠵᠡᠭᠦᠳᠦ ᠵᠢ ᠬᠠᠮᠲᠤ᠎ᠪᠠᠷ ᠲᠡᠷᠭᠡᠯᠰᠢᠭᠦᠯᠬᠦ》᠎ᠳᠤ ᠪᠠᠲᠤ ᠴᠢᠩᠭ᠎ᠠ ᠤᠯᠤᠰ ᠲᠥᠷᠥ ᠵᠢᠨ ᠪᠠᠲᠤᠯᠠᠭ᠎ᠠ ᠬᠠᠩᠭ᠋ᠠᠬᠤ ᠬᠡᠷᠡᠭᠲᠡᠢ ᠭᠡᠵᠦ ᠱᠠᠭ᠋ᠠᠷᠳᠠᠵᠠᠢ᠃