1 ᠰᠠᠷ᠎ᠠ ᠵᠢᠨ 27᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠥᠬᠡᠬᠣᠲᠠ᠎ᠳᠤ 2024 ᠣᠨ᠎ᠤ ᠪᠥᠬᠥ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠴᠢ ᠪᠥᠬᠥ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠎ᠤᠨ ᠬᠤᠷᠠᠯ ᠬᠤᠷᠠᠯᠳᠤᠭᠤᠯᠪᠠ᠃ ᠬᠤᠷᠠᠯ᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠣᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠥᠭᠭᠦᠭᠰᠡᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠠᠯᠢ ᠤᠯᠠᠨ ᠴᠢᠬᠤᠯᠠ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠬᠤ ᠵᠢᠴᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠲᠥᠷᠥ ᠵᠢᠨ ᠶᠠᠪᠤᠳᠠᠯ᠎ᠤᠨ ᠬᠣᠷᠢᠶᠠᠨ᠎ᠤ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠪᠥᠬᠥ ᠲᠠᠯ᠎ᠠ᠎ᠪᠠᠷ ᠠᠬᠢᠭᠤᠯᠬᠤ ᠲᠤᠬᠠᠢ ᠰᠠᠨᠠᠯ》 《ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠦᠲᠦᠭᠡᠨ ᠪᠠᠢ᠌ᠭᠤᠯᠬᠤ ᠵᠢ ᠠᠬᠢᠭᠤᠯᠬᠤ ᠳᠦᠷᠢᠮ》 ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠡᠨᠡ ᠬᠦ᠌ ᠭᠣᠣᠯ ᠰᠢᠵᠢᠮ᠎ᠲᠠᠢ ᠤᠶᠠᠯᠳᠤᠭᠤᠯᠤᠨ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠪᠡᠬᠢ ᠪᠠᠢ᠌ᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ 2023 ᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠢ ᠳ᠋ᠦᠩᠨᠡᠵᠦ᠂ 2024 ᠣᠨ᠎ᠤ ᠭᠣᠣᠯᠳᠠᠯᠭ᠎ᠠ᠎ᠲᠠᠢ ᠡᠭᠦᠷᠭᠡ ᠵᠢ ᠲᠣᠬᠢᠷᠠᠭᠤᠯᠤᠨ ᠪᠠᠢ᠌ᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠸᠠᠩ ᠸᠠᠩ ᠱᠧᠩ ᠬᠤᠷᠠᠯ ᠡᠷᠬᠢᠯᠡᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠬᠢᠨᠠᠨ ᠪᠠᠢ᠌ᠴᠠᠭ᠋ᠠᠬᠤ ᠵᠥᠪᠯᠡᠯ᠎ᠤᠨ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠳᠠᠷᠤᠭ᠎ᠠ ᠯᠢ ᠵᠢᠶᠠᠨ ᠵᠢᠶᠦ᠋ᠨ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠠᠵᠢᠯ᠎ᠤᠨ ᠲᠤᠬᠠᠢ ᠪᠠᠢ᠌ᠷᠢᠯᠠᠭᠤᠯᠤᠯᠲᠠ ᠬᠢᠵᠡᠢ᠃

ᠸᠠᠩ ᠸᠠᠩ ᠱᠧᠩ ᠡᠩ ᠲᠡᠷᠢᠭᠦᠨ᠎ᠳᠤ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ ᠲᠤᠰᠬᠠᠢ ᠰᠡᠳᠦᠪᠲᠦ ᠰᠤᠳᠤᠯᠭ᠋ᠠᠨ᠎ᠤ ᠦᠷ᠎ᠡ ᠪᠦᠲᠦᠭᠡᠯ᠎ᠲᠠᠢ ᠤᠶᠠᠯᠳᠤᠭᠤᠯᠵᠤ᠂ ᠬᠤᠷᠠᠯ᠎ᠳᠤ ᠣᠷᠣᠯᠴᠠᠭᠰᠠᠨ ᠪᠦᠬᠦ ᠬᠥᠮᠥᠰ᠎ᠲᠤ ᠬᠢᠴᠢᠶᠡᠯ ᠣᠷᠣᠪᠠ᠃ ᠠᠮᠢ ᠠᠬᠤᠢ ᠵᠢᠨ ᠪᠦᠲᠦᠭᠡᠨ ᠪᠠᠢ᠌ᠭᠤᠯᠤᠯᠲᠠ ᠪᠣᠯᠣᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠨᠢᠭᠡᠳᠦᠯᠲᠡᠢ ᠲᠥᠯᠥᠪᠵᠢᠭᠦᠯᠵᠦ᠂ ᠪᠦᠬᠦ ᠲᠠᠯ᠎ᠠ ᠵᠢᠨ ᠪᠠ ᠪᠦᠬᠦ ᠡᠯᠧᠮᠧᠨ᠋ᠲ᠎ᠤᠨ ᠵᠠᠰᠠᠯᠲᠠ ᠵᠢᠨ ᠪᠠᠢ᠌ᠷᠢᠰᠢᠯ᠎ᠢ ᠪᠠᠢ᠌ᠭᠤᠯᠵᠤ᠂ ᠤᠢ ᠰᠢᠭᠤᠢ ᠡᠪᠡᠰᠦ ᠡᠯᠡᠰᠦᠨ᠎ᠤ ᠰᠢᠰᠲ᠋ᠧᠮ᠎ᠤᠨ ᠬᠠᠮᠠᠭ᠋ᠠᠯᠠᠯᠲᠠ ᠪᠣᠯᠣᠨ ᠰᠡᠷᠭᠦᠭᠡᠯᠲᠡ ᠵᠢ ᠴᠢᠨᠠᠭᠰᠢᠳᠠ ᠴᠢᠩᠭ᠋ᠠᠳᠬᠠᠵᠤ᠂ ᠠᠮᠢ ᠠᠬᠤᠢ ᠵᠢᠨ ᠰᠢᠰᠲ᠋ᠧᠮ᠎ᠤᠨ ᠤᠯᠠᠨ ᠶᠠᠩᠵᠤᠲᠤ ᠴᠢᠨᠠᠷ ᠲᠣᠭᠲᠠᠭᠤᠨ ᠴᠢᠨᠠᠷ᠎ᠤᠨ ᠦᠷᠭᠦᠯᠵᠢᠯᠡᠬᠦ ᠴᠢᠨᠠᠷ᠎ᠢ ᠳᠡᠭᠡᠭᠰᠢᠯᠡᠭᠦᠯᠵᠦ᠂ ᠠᠮᠢ ᠠᠬᠤᠢ ᠵᠢᠨ ᠣᠷᠴᠢᠨ ᠲᠣᠭᠣᠷᠢᠨ᠎ᠤ ᠶᠠᠰᠤ ᠴᠢᠨᠠᠷ᠎ᠢ ᠦᠷᠭᠦᠯᠵᠢᠯᠡᠨ ᠰᠠᠢ᠌ᠵᠢᠷᠠᠭᠤᠯᠵᠤ᠂ ᠲᠡᠭᠷᠢ᠎ᠨᠢ ᠴᠡᠯᠮᠡᠭ ᠤᠰᠤ᠎ᠨᠢ ᠲᠤᠩᠭ᠋ᠠᠯᠠᠭ ᠭᠠᠵᠠᠷ᠎ᠨᠢ ᠨᠣᠭᠣᠭ᠋ᠠᠨ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ; ᠠᠵᠤ ᠦᠢ᠍ᠯᠡᠰ᠎ᠤᠨ ᠠᠮᠢ ᠠᠬᠤᠶ᠋ᠢᠵᠢᠯᠲᠠ᠂ ᠠᠮᠢ ᠠᠬᠤᠢ ᠵᠢᠨ ᠠᠵᠤ ᠦᠢ᠍ᠯᠡᠰᠵᠢᠯᠲᠡ ᠵᠢ ᠠᠬᠢᠭᠤᠯᠵᠤ᠂ ᠠᠮᠢ ᠠᠬᠤᠢ ᠵᠢᠨ ᠠᠵᠤ ᠠᠬᠤᠢ ᠵᠢᠨ ᠰᠢᠰᠲ᠋ᠧᠮ᠎ᠢ ᠪᠠᠢ᠌ᠭᠤᠯᠵᠤ᠂ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠣᠷᠴᠢᠯ ᠠᠵᠤ ᠠᠬᠤᠢ ᠵᠢᠨ ᠰᠢᠰᠲ᠋ᠧᠮ᠎ᠢ ᠬᠦᠴᠦᠯᠡᠨ ᠪᠠᠢ᠌ᠭᠤᠯᠵᠤ᠂ ᠠᠷᠢᠭᠤᠨ ᠴᠡᠪᠡᠷ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠠᠮᠤᠷ ᠲᠦᠪᠰᠢᠨ ᠥᠨᠳᠥᠷ ᠪᠦᠲᠦᠮᠵᠢᠲᠡᠢ ᠡᠨᠧᠷᠭᠢ ᠵᠢᠨ ᠰᠢᠰᠲ᠋ᠧᠮ᠎ᠢ ᠲᠦᠷᠭᠡᠨ ᠪᠠᠢ᠌ᠭᠤᠯᠵᠤ᠂ ᠡᠬᠢ ᠪᠠᠶᠠᠯᠢᠭ᠎ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠵᠢ ᠴᠢᠨᠠᠭᠰᠢᠳᠠ ᠠᠬᠢᠭᠤᠯᠵᠤ᠂ ᠠᠮᠢ ᠠᠬᠤᠢ ᠵᠢᠨ ᠰᠢᠰᠲ᠋ᠧᠮ᠎ᠤᠨ ᠨᠠᠭᠦᠷᠡᠰᠦᠲᠦ᠋ᠷᠦᠭᠴᠢ ᠵᠢ ᠬᠤᠷᠠᠮᠳᠤᠭᠤᠯᠬᠤ ᠠᠵᠢᠯ᠎ᠢ ᠰᠠᠶ᠋ᠢᠲᠤᠷ ᠬᠢᠵᠦ᠂ ᠠᠮᠢ ᠠᠬᠤᠢ ᠵᠢᠨ ᠪᠦᠲᠦᠭᠡᠭᠳᠡᠬᠦᠨ᠎ᠤ ᠥᠷᠲᠡᠭ᠎ᠢ ᠪᠡᠶᠡᠯᠡᠭᠦᠯᠬᠦ ᠠᠷᠭ᠎ᠠ ᠵᠠᠮ᠎ᠢ ᠨᠠᠪᠲᠠᠷᠡᠭᠦᠯᠵᠦ᠂ ᠬᠥᠬᠡᠮᠳᠦᠭ ᠨᠣᠭᠣᠭ᠋ᠠᠨ ᠠᠭᠤᠯᠠ ᠤᠰᠤᠨ᠎ᠤ 《ᠥᠩᠭᠡ ᠦᠵᠡᠮᠵᠢ ᠵᠢᠨ ᠥᠷᠲᠡᠭ》᠎ᠢ ᠳᠡᠭᠡᠭᠰᠢᠯᠡᠭᠦᠯᠵᠦ᠂ ᠠᠯᠳᠠ ᠮᠥᠩᠭᠥᠨ ᠠᠭᠤᠯᠠ ᠵᠢᠨ 《ᠦᠨ᠎ᠡ ᠥᠷᠲᠡᠭ》᠎ᠢ ᠨᠡᠮᠡᠭᠳᠡᠭᠦᠯᠪᠡ; ᠵᠠᠰᠠᠯᠲᠠ ᠵᠢᠨ ᠰᠢᠰᠲ᠋ᠧᠮ᠎ᠤᠨ ᠣᠳᠣᠬᠢᠴᠢᠯᠠᠯᠲᠠ ᠵᠢ ᠠᠬᠢᠭᠤᠯᠵᠤ᠂ ᠠᠮᠢ ᠠᠬᠤᠢ ᠵᠢᠨ ᠣᠷᠴᠢᠨ ᠲᠣᠭᠣᠷᠢᠨ᠎ᠢ ᠬᠠᠮᠠᠭ᠋ᠠᠯᠠᠬᠤ ᠳᠦᠷᠢᠮ ᠲᠣᠭᠲᠠᠴᠠ ᠵᠢ ᠪᠠᠢ᠌ᠭᠤᠯᠵᠤ᠂ ᠡᠯ᠎ᠡ ᠬᠦᠷᠢᠶᠡᠨ᠎ᠤ ᠡᠬᠢ ᠪᠠᠶᠠᠯᠢᠭ᠎ᠢ ᠦᠨᠡᠨᠬᠦ ᠨᠢᠭᠡᠳᠦᠯᠲᠡᠢ ᠲᠥᠯᠥᠪᠵᠢᠭᠦᠯᠵᠦ᠂ ᠡᠯ᠎ᠡ ᠲᠠᠯ᠎ᠠ ᠵᠢᠨ ᠬᠦᠴᠦᠨ᠎ᠢ ᠨᠢᠭᠲᠠᠷᠠᠭᠤᠯᠵᠤ᠂ ᠤᠳᠤᠷᠢᠳᠬᠤ ᠬᠠᠷᠢᠭᠤᠴᠠᠯᠭ᠎ᠠ᠂ ᠬᠠᠤᠯᠢᠵᠢᠯ᠎ᠤᠨ ᠪᠠᠢ᠌ᠭᠤᠯᠤᠯᠲᠠ᠂ ᠬᠢᠨᠠᠨ ᠬᠡᠮᠵᠢᠵᠦ ᠦᠨᠡᠯᠡᠬᠦ᠂ ᠪᠦᠬᠦ ᠲᠠᠯ᠎ᠠ᠎ᠪᠠᠷ ᠬᠢᠨᠠᠯᠲᠠ ᠲᠠᠯᠪᠢᠬᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠂ ᠪᠡᠯᠡ ᠮᠥᠩᠭᠥ ᠵᠢᠨ ᠣᠷᠣᠭᠤᠯᠤᠯᠲᠠ᠂ ᠪᠦᠬᠦ ᠠᠷᠠᠳ᠎ᠤᠨ ᠠᠵᠢᠯᠯᠠᠭ᠋ᠠᠨ᠎ᠤ 《ᠲᠤᠯᠤᠭ᠋ᠠᠨ ᠶᠡᠬᠡ ᠰᠢᠰᠲ᠋ᠧᠮ》᠎ᠢ ᠪᠠᠢ᠌ᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ ᠵᠢᠨ ᠴᠢᠳᠠᠪᠤᠷᠢ ᠪᠣᠯᠣᠨ ᠵᠠᠰᠠᠯᠲᠠ ᠵᠢᠨ ᠰᠢᠰᠲ᠋ᠧᠮ᠎ᠤᠨ ᠣᠳᠣᠬᠢᠴᠢᠯᠠᠯᠲᠠ ᠵᠢ ᠠᠬᠢᠭᠤᠯᠬᠤ ᠬᠡᠷᠡᠭᠲᠡᠢ᠃

ᠸᠠᠩ ᠸᠠᠩ ᠱᠧᠩ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠮᠸ ᠶᠦᠩ ᠪᠥᠸᠧ ᠨᠥᠬᠥᠷ᠎ᠤᠨ ᠴᠣᠬᠣᠯᠠᠪᠤᠷᠢ ᠵᠢᠨ ᠵᠣᠷᠢᠭ ᠰᠠᠨᠠᠭ᠎ᠠ ᠪᠣᠯᠣᠨ ᠪᠦᠬᠦ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠬᠤᠷᠠᠯ᠂ ᠪᠦᠬᠦ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠎ᠤᠨ ᠬᠤᠷᠠᠯ᠂ ᠪᠦᠬᠦ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ ᠲᠡᠷᠢᠭᠦᠨ᠎ᠤ ᠬᠠᠮᠲᠤ ᠪᠣᠯᠣᠨ ᠲᠡᠷᠢᠭᠦᠨ᠎ᠤ ᠠᠵᠢᠯᠲᠠᠨ᠎ᠢ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠵᠢᠴᠢ ᠵᠡᠭᠦᠨ ᠬᠣᠢ᠌ᠲᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠶᠠᠷᠢᠯᠴᠠᠬᠤ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠪᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭ᠋ᠠᠵᠤ᠂ ᠬᠣᠶᠠᠷ ᠶᠡᠬᠡ ᠶᠠᠪᠤᠳᠠᠯ᠎ᠢ ᠰᠠᠶ᠋ᠢᠲᠤᠷ ᠬᠢᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠢᠨ᠎ᠡ ᠵᠠᠮ ᠵᠶ᠋ᠠᠷ ᠵᠠᠮᠨᠠᠬᠤ᠂ ᠳᠤᠮᠳᠠ ᠲᠦᠪᠰᠢᠨ᠎ᠳᠤ ᠣᠷᠣᠬᠤ ᠬᠠᠷᠠᠯᠲᠠ ᠵᠢ ᠲᠣᠭᠲᠠᠭ᠋ᠠᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ ᠵᠢᠨ ᠲᠣᠭᠣᠷᠢᠨ᠎ᠳᠤ᠂ ᠰᠢᠨ᠎ᠡ ᠴᠠᠭ ᠦᠶ᠎ᠡ ᠵᠢᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠢ ᠪᠦᠬᠦ ᠲᠠᠯ᠎ᠠ᠎ᠪᠠᠷ ᠴᠢᠩᠭ᠋ᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃ ᠨᠢᠭᠡ᠎ᠳᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ᠎ᠳᠤ ᠲᠦᠷᠦᠭᠦᠯᠡᠨ ᠶᠡᠷᠦᠩᠬᠡᠢ᠌ᠯᠡᠨ ᠠᠳᠬᠤᠬᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠬᠡᠷᠡᠭᠲᠡᠢ᠃ ᠶᠡᠷᠦᠩᠬᠡᠢ ᠱᠦᠵᠢ ᠰᠢ ᠵᠢᠨ ᠫᠢᠩ᠎ᠤᠨ ᠪᠦᠬᠦ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠠ ᠪᠦᠬᠦ ᠣᠷᠣᠨ᠎ᠤ ᠭᠣᠣᠯᠳᠠᠯᠭ᠎ᠠ᠎ᠲᠠᠢ ᠠᠵᠢᠯ᠎ᠢ ᠠᠬᠢᠭᠤᠯᠬᠤ ᠬᠤᠷᠠᠯ᠎ᠤᠨ ᠪᠠᠢ᠌ᠷᠢᠯᠠᠭᠤᠯᠤᠯᠲᠠ ᠱᠠᠭ᠋ᠠᠷᠳᠠᠯᠭ᠎ᠠ᠎ᠳᠤ ᠴᠢᠭᠯᠡᠭᠦᠯᠦᠨ᠂ ᠬᠠᠷᠢᠭᠤᠴᠠᠯᠭ᠎ᠠ ᠵᠢ ᠮᠡᠳᠡᠵᠦ᠂ ᠬᠠᠷᠢᠭᠤᠴᠠᠯᠭ᠎ᠠ ᠵᠢ ᠲᠣᠳᠣᠷᠬᠠᠢ᠌ᠯᠠᠵᠤ᠂ ᠬᠠᠷᠢᠭᠤᠴᠠᠯᠭ᠎ᠠ ᠵᠢ ᠡᠭᠦᠷᠭᠡᠯᠡᠨ᠂ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠵᠣᠬᠢᠶᠠᠨ ᠪᠠᠢ᠌ᠭᠤᠯᠤᠨ ᠵᠣᠬᠢᠴᠠᠭᠤᠯᠬᠤ᠂ ᠬᠠᠤᠯᠢ ᠲᠣᠭᠲᠠᠭ᠋ᠠᠯ᠎ᠤᠨ ᠪᠠᠷᠢᠮᠵᠢᠶ᠎ᠠ᠂ ᠬᠢᠨᠠᠨ ᠰᠢᠯᠭ᠋ᠠᠵᠤ ᠦᠨᠡᠯᠡᠨ ᠵᠢᠱ᠌ᠢᠬᠦ᠂ ᠬᠢᠨᠠᠯᠲᠠ ᠲᠠᠯᠪᠢᠬᠤ ᠰᠢᠰᠲ᠋ᠧᠮ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠂ ᠭᠠᠳᠠᠭ᠋ᠠᠳᠤ᠎ᠲᠠᠢ ᠬᠠᠮᠲᠤᠷᠠᠯᠴᠠᠬᠤ 《ᠵᠢᠷᠭᠤᠭ᠎ᠠ ᠵᠢ ᠨᠢᠭᠡᠳᠦᠯᠲᠡᠢ ᠲᠥᠯᠥᠪᠯᠡᠬᠦ》 ᠵᠢ ᠪᠥᠬᠥ ᠲᠠᠯ᠎ᠠ᠎ᠪᠠᠷ ᠴᠢᠩᠭ᠋ᠠᠳᠬᠠᠵᠤ᠂ ᠳᠡᠭᠡᠳᠦ ᠳᠣᠣᠷᠠᠳᠤ ᠱᠠᠲᠤ ᠵᠢ ᠵᠣᠯᠭ᠋ᠠᠭᠤᠯᠬᠤ᠂ ᠵᠡᠭᠦᠨᠰᠢ ᠪᠠᠷᠠᠭᠤᠨᠰᠢ ᠨᠡᠪᠲᠡᠷᠡᠯᠴᠡᠬᠦ ᠵᠢ ᠰᠠᠶ᠋ᠢᠲᠤᠷ ᠬᠢᠵᠦ᠂ ᠵᠣᠬᠢᠴᠠᠭᠤᠯᠤᠨ ᠲᠣᠬᠢᠷᠠᠭᠤᠯᠬᠤ ᠪᠠ ᠬᠢᠨᠠᠯᠲᠠ ᠲᠠᠯᠪᠢᠵᠤ ᠬᠠᠮᠢᠶᠠᠷᠬᠤ ᠵᠢ ᠴᠢᠩᠭ᠋ᠠᠳᠬᠠᠨ᠂ 《ᠨᠢᠭᠡᠳᠬᠡᠬᠦ》 ᠠᠵᠢᠯ᠎ᠢ ᠯᠠᠪᠳᠠᠭᠤᠨ ᠪᠠᠲᠤᠲᠠᠢ ᠬᠢᠵᠦ᠂ ᠪᠣᠳᠠᠲᠠᠢ᠎ᠪᠠᠷ ᠪᠡᠶᠡᠯᠡᠭᠦᠯᠬᠦ ᠬᠡᠷᠡᠭᠲᠡᠶ᠃ ᠬᠣᠶᠠᠷ᠎ᠲᠤ᠂ ᠰᠢᠨ᠎ᠡ ᠴᠠᠭ ᠦᠶ᠎ᠡ ᠵᠢᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ 《ᠶᠡᠬᠡ ᠠᠮᠢ ᠠᠬᠤᠢ》 ᠲᠡᠰᠢ ᠬᠡᠯᠪᠡᠷᠢ᠎ᠪᠠᠨ ᠬᠤᠪᠢᠷᠠᠭᠤᠯᠤᠨ ᠲᠡᠰ ᠳᠡᠪᠰᠢᠬᠦ ᠵᠢ ᠲᠦᠷᠭᠡᠨ ᠪᠡᠶᠡᠯᠡᠭᠦᠯᠬᠦ ᠬᠡᠷᠡᠭᠲᠡᠢ᠃ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ ᠵᠶ᠋ᠠᠷ ᠭᠣᠣᠯ ᠪᠣᠯᠭ᠋ᠠᠵᠤ ᠪᠠᠢ᠌ᠭᠰᠠᠨ᠎ᠠᠴᠠ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠦᠲᠦᠭᠡᠨ ᠪᠠᠢ᠌ᠭᠤᠯᠬᠤ ᠪᠠ 《ᠶᠡᠬᠡ ᠠᠮᠢ ᠠᠬᠤᠢ》 ᠵᠢᠨ ᠬᠠᠮᠠᠭ᠋ᠠᠯᠠᠯᠲᠠ ᠬᠢᠨᠠᠯᠲᠠ ᠬᠠᠮᠢᠶᠠᠷᠤᠯᠲᠠ ᠲᠡᠢ᠌ᠰᠢ ᠬᠡᠯᠪᠡᠷᠢ᠎ᠪᠠᠨ ᠬᠤᠪᠢᠷᠠᠭᠤᠯᠬᠤ ᠰᠢᠨ᠎ᠡ ᠪᠠᠶ᠋ᠢᠳᠠᠯ᠎ᠳᠤ ᠵᠣᠬᠢᠴᠠᠭᠤᠯᠤᠨ᠂ ᠪᠦᠬᠦ ᠲᠠᠯ᠎ᠠ ᠵᠢᠨ ᠰᠡᠳᠬᠢᠬᠦᠢ᠂ ᠰᠢᠰᠲ᠋ᠧᠮᠲᠦ ᠦᠵᠡᠯᠲᠡ᠂ ᠬᠤᠪᠢᠰᠤᠩᠭᠤᠢ ᠠᠷᠭ᠎ᠠ ᠵᠢ ᠴᠢᠩᠭ᠋ᠠᠳᠬᠠᠵᠤ᠂ 《ᠥᠨᠳᠥᠷ ᠪᠣᠯᠭ᠋ᠠᠬᠤ᠂ ᠥᠷᠭᠡᠵᠢᠭᠦᠯᠬᠦ᠂ ᠭᠦᠨᠵᠡᠭᠡᠢ᠌ᠷᠡᠭᠦᠯᠬᠦ》 ᠳᠡᠭᠡᠷ᠎ᠡ ᠬᠦᠴᠦ ᠣᠷᠣᠭᠤᠯᠵᠤ᠂ 《ᠤᠨᠢᠨ ᠳᠡᠭᠡᠷ᠎ᠡ᠎ᠨᠢ ᠣᠨᠣᠪᠴᠢᠲᠠᠢ᠂ ᠰᠢᠨᠵᠢᠯᠡᠬᠦ ᠤᠬᠠᠭ᠋ᠠᠨᠴᠢ᠂ ᠬᠠᠤᠯᠢ ᠶᠣᠰᠣ》 ᠳᠡᠭᠡᠷ᠎ᠡ ᠪᠣᠳᠠᠲᠤ ᠦᠷ᠎ᠡ ᠪᠦᠲᠦᠮᠵᠢ ᠭᠠᠷᠭ᠋ᠠᠵᠤ᠂ 《ᠲᠥᠷᠥ ᠵᠢᠨ ᠪᠣᠳᠣᠯᠭ᠎ᠠ ᠵᠢ ᠲᠣᠭᠲᠠᠭ᠋ᠠᠬᠤ᠂ ᠲᠣᠭᠲᠠᠴᠠ ᠵᠢ ᠪᠠᠢ᠌ᠭᠤᠯᠬᠤ᠂ ᠨᠢᠭᠡᠳᠦᠯᠲᠡᠢ ᠲᠥᠯᠥᠪᠵᠢᠭᠦᠯᠬᠦ ᠵᠢ ᠠᠳᠬᠤᠬᠤ》 ᠳᠡᠭᠡᠷ᠎ᠡ ᠬᠦᠴᠦ ᠣᠷᠣᠭᠤᠯᠬᠤ ᠬᠡᠷᠡᠭᠲᠡᠢ᠃ ᠡᠭᠦᠨ᠎ᠤ ᠵᠡᠷᠭᠡ᠎ᠳᠤ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠤᠨ᠂ ᠲᠥᠷᠥᠯ ᠬᠤᠪᠢᠶᠠᠨ ᠲᠥᠷᠥ ᠵᠢᠨ ᠪᠣᠳᠣᠯᠭ᠎ᠠ ᠬᠡᠷᠡᠭᠵᠢᠭᠦᠯᠬᠦ ᠵᠢ ᠪᠠᠷᠢᠮᠲᠠᠯᠠᠵᠤ᠂ ᠠᠶ᠋ᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠠᠮᠢ ᠠᠬᠤᠢ ᠣᠷᠴᠢᠨ ᠲᠣᠭᠣᠷᠢᠨ᠎ᠤ ᠠᠵᠢᠯ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ ᠵᠢ ᠲᠦᠷᠭᠡᠳᠬᠡᠵᠦ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ᠎ᠳᠤ ᠰᠢᠨ᠎ᠡ ᠦᠢ᠍ᠯᠡᠳᠦᠯ ᠵᠶ᠋ᠡᠨ ᠪᠠᠳᠠᠷᠠᠭᠤᠯᠵᠤ᠂ ᠰᠢᠨ᠎ᠡ ᠵᠢᠳᠬᠦᠯ ᠴᠢᠷᠮᠠᠢ᠌ᠯᠭ᠎ᠠ ᠵᠢ ᠢᠯᠡᠷᠡᠭᠦᠯᠬᠦ ᠬᠡᠷᠡᠭᠲᠡᠶ᠃ ᠭᠤᠷᠪᠠ᠎ᠳᠤ᠂ ᠳᠡᠭᠡᠳᠦ ᠬᠡᠮᠵᠢᠶᠡᠨ᠎ᠤ ᠤᠯᠤᠰ ᠲᠥᠷᠥ ᠵᠢᠨ ᠬᠠᠷᠢᠭᠤᠴᠠᠯᠭ᠋ᠠᠲᠤ ᠰᠡᠳᠬᠢᠯᠭᠡ᠎ᠪᠠᠷ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠭᠦᠨᠵᠡᠭᠡᠢ᠌ᠷᠡᠭᠦᠯᠦᠨ ᠠᠬᠢᠭᠤᠯᠬᠤ ᠬᠡᠷᠡᠭᠲᠡᠢ᠃ 《ᠬᠣᠶᠠᠷ ᠡᠭᠦᠷᠢᠳᠡ ᠵᠣᠭᠰᠣᠰᠢ ᠦᠭᠡᠢ ᠪᠠᠶ᠋ᠢᠬᠤ》 ᠬᠤᠷᠴᠠ ᠰᠡᠷᠭᠡᠭ ᠪᠠ ᠡᠷᠡᠰ ᠪᠠᠲᠤ ᠪᠠᠶ᠋ᠢᠬᠤ ᠵᠢ ᠢᠮᠠᠭᠲᠠ ᠪᠠᠷᠢᠮᠲᠠᠯᠠᠵᠤ᠂ ᠤᠯᠤᠰ ᠲᠥᠷᠥ ᠵᠢᠨ ᠤᠳᠤᠷᠢᠳᠬᠤ ᠬᠦᠴᠦᠨ᠎ᠢ ᠴᠢᠩᠭ᠋ᠠᠳᠬᠠᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠠᠮ᠎ᠤᠨ ᠤᠯᠤᠰ ᠲᠥᠷᠥ ᠵᠢᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠬᠤ ᠬᠡᠷᠡᠭᠲᠡᠢ; ᠲᠤᠭᠤᠰᠢᠯᠠᠭᠤᠯᠤᠨ ᠬᠡᠷᠡᠭᠵᠢᠭᠦᠯᠬᠦ ᠬᠦᠴᠦᠨ᠎ᠢ ᠴᠢᠩᠭ᠋ᠠᠳᠬᠠᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠠᠮ᠎ᠤᠨ ᠰᠤᠷᠲᠠᠯ᠎ᠤᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠬᠤ ᠬᠡᠷᠡᠭᠲᠡᠢ; ᠡᠩᠨᠡᠭᠡᠨ᠎ᠤ ᠲᠠᠢ᠌ᠴᠢᠨ ᠬᠦᠴᠦᠨ᠎ᠢ ᠴᠢᠩᠭ᠋ᠠᠳᠬᠠᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠪᠠᠢ᠌ᠭᠤᠯᠤᠯᠲᠠ ᠵᠢ ᠪᠦᠬᠦ ᠢᠯᠵᠢᠷᠡᠬᠦ ᠵᠢ ᠰᠡᠷᠭᠡᠢ᠌ᠯᠡᠵᠦ ᠬᠤᠪᠢᠷᠠᠬᠤ ᠵᠢ ᠡᠰᠡᠷᠭᠦᠴᠡᠬᠦ ᠬᠦᠴᠦᠨ᠎ᠢ ᠴᠢᠩᠭ᠋ᠠᠳᠬᠠᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠠᠮ᠎ᠤᠨ ᠰᠠᠬᠢᠯᠭ᠎ᠠ ᠪᠠᠲᠤ ᠵᠢᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ᠂ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠢ ᠪᠦᠲᠦᠭᠡᠨ ᠪᠠᠢ᠌ᠭᠤᠯᠬᠤ᠎ᠳᠤ ᠪᠠᠲᠤ ᠴᠢᠩᠭ᠎ᠠ ᠤᠯᠤᠰ ᠲᠥᠷᠥ᠂ ᠰᠠᠬᠢᠯᠭ᠎ᠠ ᠪᠠᠲᠤ ᠪᠠ ᠰᠤᠷᠲᠠᠯ᠎ᠤᠨ ᠪᠠᠲᠤᠯᠠᠭ᠎ᠠ ᠬᠠᠩᠭ᠋ᠠᠬᠤ ᠬᠡᠷᠡᠭᠲᠡᠢ᠃ ᠳᠥᠷᠪᠡ᠎ᠳᠤ ᠴᠢᠬᠤᠯᠠ ᠠᠵᠢᠯ᠎ᠤᠨ ᠬᠦᠷᠢᠶᠡᠨ᠎ᠳᠤ ᠠᠩᠬᠠᠷᠤᠯ ᠵᠶ᠋ᠠᠨ ᠲᠥᠪᠯᠡᠷᠡᠭᠦᠯᠦᠨ ᠭᠣᠣᠯᠳᠠᠯᠭ᠎ᠠ᠎ᠲᠠᠢ ᠡᠭᠦᠷᠭᠡ ᠵᠢ ᠨᠠᠢ᠌ᠳᠠᠪᠤᠷᠢᠵᠢᠭᠤᠯᠬᠤ ᠵᠢ ᠰᠠᠶ᠋ᠢᠲᠤᠷ ᠠᠵᠤ ᠦᠢ᠍ᠯᠡᠰ᠎ᠤᠨ ᠪᠦᠲᠦᠴᠡ ᠵᠢᠨ ᠲᠣᠬᠢᠷᠠᠭᠤᠯᠤᠯᠲᠠ᠂ ᠪᠣᠬᠢᠷᠲᠤᠯ᠎ᠤᠨ ᠵᠠᠰᠠᠯᠲᠠ᠂ ᠠᠮᠢ ᠠᠬᠤᠢ ᠵᠢᠨ ᠬᠠᠮᠠᠭ᠋ᠠᠯᠠᠯᠲᠠ ᠵᠢ ᠨᠢᠭᠡᠳᠦᠯᠲᠡᠢ ᠲᠥᠯᠥᠪᠯᠡᠵᠦ᠂ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠨ᠂ ᠨᠠᠭᠦᠷᠡᠰᠦᠲᠦ᠋ᠷᠦᠭᠴᠢ ᠵᠢᠨ ᠳᠠᠪᠬᠤᠷ ᠢᠰᠦᠯ᠎ᠢ ᠪᠠᠭᠤᠷᠠᠭᠤᠯᠬᠤ᠂ ᠪᠣᠬᠢᠷᠲᠤᠯ᠎ᠢ ᠪᠠᠭ᠋ᠠᠰᠬᠠᠬᠤ᠂ ᠨᠣᠭᠣᠭ᠋ᠠᠷᠠᠭᠤᠯᠤᠯᠲᠠ ᠵᠢ ᠥᠷᠭᠡᠳᠬᠡᠬᠦ᠂ ᠨᠡᠮᠡᠭᠳᠡᠯ᠎ᠢ ᠬᠠᠮᠵᠢᠯᠴᠠᠨ ᠠᠬᠢᠭᠤᠯᠵᠤ᠂ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠭᠣᠣᠯᠳᠠᠯᠭ᠎ᠠ᠎ᠲᠠᠢ ᠣᠷᠣᠨ ᠪᠦᠰᠡ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠣᠢ᠌ᠮ᠎ᠠ ᠠᠰᠠᠭᠤᠳᠠᠯ᠎ᠢ ᠪᠦᠬᠦ ᠲᠠᠯ᠎ᠠ᠎ᠪᠠᠷ ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠵᠠᠰᠠᠵᠤ᠂ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠵᠢ ᠲᠦᠷᠭᠡᠳᠬᠡᠨ ᠠᠬᠢᠭᠤᠯᠵᠤ᠂ ᠠᠮᠢ ᠠᠬᠤᠢ ᠵᠢᠨ ᠣᠷᠴᠢᠨ ᠲᠣᠭᠣᠷᠢᠨ᠎ᠤ ᠬᠦᠷᠢᠶᠡᠨ᠎ᠳᠠᠬᠢ ᠠᠶᠤᠯᠭᠦᠢ ᠦᠢ᠍ᠯᠡᠳᠪᠦᠷᠢᠯᠡᠯ᠎ᠤᠨ ᠠᠵᠢᠯ᠎ᠢ ᠨᠠᠷᠢᠨ ᠨᠢᠮᠪᠠᠢ ᠰᠠᠶ᠋ᠢᠲᠤᠷ ᠬᠢᠵᠦ᠂ ᠣᠨ᠎ᠤ ᠠᠵᠢᠯ᠎ᠤᠨ ᠭᠣᠣᠯᠳᠠᠯᠭ᠎ᠠ᠎ᠪᠠᠨ ᠨᠠᠷᠢᠨ ᠨᠢᠮᠪᠠᠢ ᠵᠣᠬᠢᠶᠠᠨ ᠪᠠᠢ᠌ᠭᠤᠯᠤᠨ ᠲᠣᠭᠲᠠᠭ᠋ᠠᠵᠤ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠂ ᠴᠢᠳᠠᠮᠠᠭ᠋ᠠᠢ᠎ᠪᠠᠷ ᠠᠵᠢᠯᠯᠠᠵᠤ ᠴᠢᠳᠠᠮᠠᠭ᠋ᠠᠢ᠎ᠪᠠᠷ ᠪᠦᠲᠦᠭᠡᠵᠦ᠂ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠪᠠᠶ᠋ᠢᠭ᠋ᠠᠳ ᠰᠢᠨ᠎ᠡ ᠴᠠᠭ ᠦᠶ᠎ᠡ ᠵᠢᠨ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠰᠢᠨ᠎ᠡ ᠪᠠᠶ᠋ᠢᠳᠠᠯ᠎ᠢ ᠡᠭᠦᠳᠴᠦ᠂ ᠠᠮᠢ ᠠᠬᠤᠢ ᠣᠷᠴᠢᠨ ᠲᠣᠭᠣᠷᠢᠨ᠎ᠤ ᠥᠨᠳᠥᠷ ᠲᠦᠪᠰᠢᠨ᠎ᠤ ᠬᠠᠮᠠᠭ᠋ᠠᠯᠠᠯᠲᠠ᠎ᠪᠠᠷ ᠠᠵᠤ ᠠᠬᠤᠢ ᠨᠡᠢ᠌ᠭᠡᠮ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠦᠨᠡᠨᠬᠦ ᠨᠡᠩ ᠪᠠᠲᠤ ᠪᠡᠬᠢ ᠪᠠᠢ᠌ᠭᠤᠯᠵᠤ᠂ ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠳᠤ ᠨᠡᠩ ᠤᠯᠠᠨ ᠦᠵᠡᠰᠬᠦᠯᠡᠩᠲᠦ ᠰᠠᠢ᠌ᠬᠠᠨ ᠠᠮᠢ ᠠᠬᠤᠢ ᠣᠷᠴᠢᠨ ᠲᠣᠭᠣᠷᠢᠨ᠎ᠤ ᠦᠷ᠎ᠡ ᠪᠦᠲᠦᠭᠡᠯ᠎ᠢ ᠡᠳ᠋ᠯᠡᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠯᠢ ᠵᠢᠶᠠᠨ ᠵᠢᠶᠦ᠋ᠨ 2023 ᠣᠨ᠎ᠤ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠠᠵᠢᠯ᠎ᠢ ᠪᠦᠬᠦ ᠲᠠᠯ᠎ᠠ᠎ᠪᠠᠷ ᠳ᠋ᠦᠩᠨᠡᠵᠦ᠂ 2024 ᠣᠨ᠎ᠳᠤ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠥᠪᠡᠷ᠎ᠤᠨ ᠪᠡᠶ᠎ᠡ᠎ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠠᠢ᠌ᠯᠳᠤᠬᠤ ᠪᠣᠳᠣᠯᠭ᠎ᠠ ᠵᠢᠨ ᠴᠢᠭᠯᠡᠯᠲᠡ ᠵᠢ ᠡᠷᠡᠰ ᠨᠠᠢ᠌ᠳᠠᠪᠤᠷᠢᠵᠢᠭᠤᠯᠵᠤ᠂ ᠬᠣᠷᠢᠳᠤᠭ᠋ᠠᠷ ᠬᠤᠭᠤᠴᠠᠭ᠋ᠠᠨ᠎ᠤ ᠲᠥᠪ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠵᠢᠨ ᠭᠤᠷᠪᠠᠳᠤᠭ᠋ᠠᠷ ᠪᠦᠭᠦᠳᠡ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠳᠥᠷᠪᠡᠳᠦᠭᠡᠷ ᠪᠦᠭᠦᠳᠡ ᠬᠤᠷᠠᠯ᠎ᠤᠨ ᠪᠠᠢ᠌ᠷᠢᠯᠠᠭᠤᠯᠤᠯᠲᠠ ᠵᠢᠨ ᠱᠠᠭ᠋ᠠᠷᠳᠠᠯᠭ᠎ᠠ ᠶᠣᠰᠣᠭ᠋ᠠᠷ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠡᠷᠡᠰ ᠭᠤᠶ᠋ᠢᠪᠢᠰᠢ ᠦᠭᠡᠢ ᠠᠬᠢᠭᠤᠯᠵᠤ᠂ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ ᠵᠢ ᠴᠢᠩᠳᠠᠯᠠᠵᠤ ᠢᠯᠵᠢᠷᠡᠯ᠎ᠢ ᠡᠰᠡᠷᠭᠦᠴᠡᠬᠦ ᠵᠢ ᠭᠦᠨᠵᠡᠭᠡᠢ ᠠᠬᠢᠭᠤᠯᠵᠤ᠂ ᠰᠢᠨ᠎ᠡ ᠠᠶᠠᠨ᠎ᠳᠠᠬᠢ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠲᠦᠷᠭᠡᠨ ᠠᠬᠢᠭᠤᠯᠬᠤ ᠬᠡᠷᠡᠭᠲᠡᠢ᠃ ᠨᠢᠭᠡ᠎ᠳᠤ᠂ ᠭᠣᠣᠯ ᠰᠡᠳᠦᠪᠲᠦ ᠬᠥᠮᠦᠵᠢᠯ᠂ ᠰᠤᠷᠭ᠋ᠠᠨ ᠬᠥᠮᠦᠵᠢᠯ᠎ᠤᠨ ᠴᠡᠭᠴᠡᠯᠡᠯᠲᠡ ᠵᠢᠨ ᠦᠷ᠎ᠡ ᠪᠦᠲᠦᠭᠡᠯ᠎ᠢ ᠭᠦᠨᠵᠡᠭᠡᠢ᠌ᠷᠡᠭᠦᠯᠦᠨ ᠥᠷᠭᠡᠳᠬᠡᠵᠦ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠬᠢᠯ ᠰᠠᠨᠠᠭ᠎ᠠ᠎ᠪᠠᠨ ᠨᠢᠭᠲᠠᠷᠠᠭᠤᠯᠤᠨ ᠴᠥᠬᠥᠷᠡᠰᠢ ᠦᠭᠡᠢ᠎ᠪᠠᠷ ᠰᠦᠭ ᠰᠦᠨᠡᠰᠦ ᠵᠢ ᠱᠤᠭᠤᠬᠤ ᠬᠡᠷᠡᠭᠳᠡᠢ᠃ ᠬᠣᠶᠠᠷ᠎ᠲᠤ᠂ ᠤᠯᠤᠰ ᠲᠥᠷᠥ ᠵᠢᠨ ᠬᠢᠨᠠᠯᠲᠠ ᠵᠢ ᠭᠦᠨᠵᠡᠭᠡᠢ᠌ᠷᠡᠭᠦᠯᠵᠦ᠂ ᠬᠣᠶᠠᠷ ᠶᠡᠬᠡ ᠶᠠᠪᠤᠳᠠᠯ᠎ᠢ ᠰᠠᠶ᠋ᠢᠲᠤᠷ ᠬᠢᠬᠦ᠎ᠳᠤ ᠪᠠᠲᠤ ᠴᠢᠩᠭ᠎ᠠ ᠤᠯᠤᠰ ᠲᠥᠷᠥ ᠵᠢᠨ ᠪᠠᠲᠤᠯᠠᠭ᠎ᠠ ᠬᠠᠩᠭ᠋ᠠᠬᠤ ᠬᠡᠷᠡᠭᠳᠡᠢ; ᠭᠤᠷᠪᠠ᠎ᠳᠤ᠂ ᠰᠤᠷᠲᠠᠯ᠎ᠢ ᠲᠥᠪ ᠪᠣᠯᠭ᠋ᠠᠨ ᠰᠠᠬᠢᠯᠭ᠎ᠠ ᠪᠠᠲᠤ ᠵᠢ ᠴᠢᠩᠳᠠᠯᠠᠵᠤ ᠢᠯᠵᠢᠷᠡᠯ᠎ᠢ ᠡᠰᠡᠷᠭᠦᠴᠡᠬᠦ ᠵᠢ ᠭᠦᠨᠵᠡᠭᠡᠢ᠌ᠷᠡᠭᠦᠯᠵᠦ᠂ ᠬᠣᠶᠠᠷ ᠶᠡᠬᠡ ᠶᠠᠪᠤᠳᠠᠯ᠎ᠢ ᠰᠠᠶ᠋ᠢᠲᠤᠷ ᠬᠢᠬᠦ᠎ᠳᠤ ᠬᠠᠷᠰᠢ ᠰᠠᠭ᠋ᠠᠳ᠎ᠢ ᠠᠷᠢᠯᠭ᠋ᠠᠵᠤ ᠠᠶᠠᠨ ᠵᠠᠮ᠎ᠢ ᠬᠠᠮᠠᠭ᠋ᠠᠯᠠᠬᠤ ᠬᠡᠷᠡᠭᠲᠡᠢ; ᠳᠥᠷᠪᠡ᠎ᠳᠤ᠂ ᠠᠷᠠᠳ᠎ᠤᠨ ᠲᠥᠯᠥᠭᠡ ᠰᠠᠬᠢᠯᠭ᠎ᠠ ᠪᠠᠲᠤ ᠵᠢ ᠬᠡᠷᠡᠭᠵᠢᠭᠦᠯᠬᠦ ᠪᠠ ᠬᠠᠤᠯᠢ ᠬᠡᠷᠡᠭᠵᠢᠭᠦᠯᠬᠦ ᠵᠢ ᠭᠦᠨᠵᠡᠭᠡᠢ᠌ᠷᠡᠭᠦᠯᠵᠦ᠂ ᠤᠯᠠᠨ ᠲᠦᠮᠡᠨ᠎ᠤ ᠵᠣᠯ ᠵᠢᠷᠭ᠋ᠠᠯᠲᠤ ᠲᠥᠷᠥᠭᠳᠡᠯ᠂ ᠬᠦᠷᠲᠡᠮᠵᠢ ᠵᠢᠨ ᠲᠥᠷᠥᠭᠳᠡᠯ᠂ ᠠᠮᠤᠷ ᠲᠦᠪᠰᠢᠨ᠎ᠤ ᠲᠥᠷᠥᠭᠳᠡᠯ᠎ᠢ ᠲᠠᠰᠤᠷᠠᠯᠳᠡ ᠦᠭᠡᠢ ᠨᠡᠮᠡᠭᠳᠡᠭᠦᠯᠬᠦ ᠬᠡᠷᠡᠭᠳᠡᠢ; ᠲᠠᠪᠤ᠎ᠳᠤ᠂ ᠲᠤᠰ ᠪᠡᠶ᠎ᠡ ᠵᠢᠨ ᠪᠠᠢ᠌ᠭᠤᠯᠤᠯᠲᠠ᠎ᠪᠠᠨ ᠭᠦᠨᠵᠡᠭᠡᠢ᠌ᠷᠡᠭᠦᠯᠵᠦ᠂ ᠦᠨᠡᠨᠴᠢ ᠰᠢᠳᠤᠷᠭᠤ ᠠᠷᠢᠭᠤᠨ ᠴᠢᠬᠡᠴᠢ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠡᠭᠦᠷᠭᠡ ᠵᠢ ᠡᠭᠦᠷᠭᠡᠯᠡᠬᠦ ᠲᠡᠮᠦᠷ ᠴᠡᠷᠢᠭ᠎ᠢ ᠳᠠᠪᠲᠠᠨ ᠪᠣᠯᠪᠠᠰᠤᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠡᠯ᠎ᠡ ᠬᠤᠪᠢᠳᠠᠨ ᠬᠠᠮᠢᠶᠠᠷᠬᠤ ᠲᠢᠩᠬᠢᠮ᠎ᠤᠨ ᠤᠳᠤᠷᠢᠳᠤᠯᠭ᠎ᠠ 《ᠶᠡᠬᠡ ᠠᠮᠢ ᠠᠬᠤᠢ》 ᠵᠢᠨ ᠬᠡᠯᠪᠡᠷᠢ ᠵᠢ ᠬᠤᠪᠢᠷᠠᠭᠤᠯᠤᠨ ᠲᠡᠰ ᠳᠡᠪᠰᠢᠭᠦᠯᠬᠦ ᠰᠡᠳᠬᠢᠴᠡ ᠠᠷᠭ᠎ᠠ ᠬᠡᠮᠵᠢᠶ᠎ᠡ ᠵᠢᠨ ᠲᠣᠭᠣᠷᠢᠨ᠎ᠳᠤ ᠶᠠᠷᠢᠶ᠎ᠠ ᠲᠠᠯᠪᠢᠵᠤ᠂ ᠬᠤᠪᠢᠳᠠᠨ ᠬᠠᠮᠢᠶᠠᠷᠴᠤ ᠪᠠᠢ᠌ᠭ᠎ᠠ ᠬᠦᠷᠢᠶᠡᠨ᠎ᠤ 2023 ᠣᠨ᠎ᠤ ᠠᠵᠢᠯ᠎ᠳᠤ ᠳ᠋ᠦᠩᠨᠡᠯᠲᠡ ᠬᠢᠵᠦ᠂ 2024 ᠣᠨ᠎ᠤ ᠭᠣᠣᠯᠳᠠᠯᠭ᠎ᠠ᠎ᠲᠠᠢ ᠡᠭᠦᠷᠭᠡ᠎ᠳᠤ ᠪᠠᠢ᠌ᠷᠢᠯᠠᠭᠤᠯᠤᠯᠲᠠ ᠬᠢᠵᠡᠢ᠃ ᠪᠤᠭᠤᠲᠤ ᠬᠤᠳᠠ᠂ ᠣᠷᠳᠣᠰ ᠬᠤᠳᠠ᠂ ᠰᠢᠯᠢ ᠵᠢᠨ ᠭᠣᠣᠯ ᠠᠶ᠋ᠢᠮᠠᠭ᠂ ᠬᠢᠩᠭ᠋ᠠᠨ ᠠᠶ᠋ᠢᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠭᠣᠣᠯ ᠬᠠᠷᠢᠭᠤᠴᠠᠯᠭ᠋ᠠᠲᠠᠨ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ᠂ 《ᠶᠡᠬᠡ ᠠᠮᠢ ᠠᠬᠤᠢ》 ᠵᠢᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠵᠢᠨ ᠬᠡᠯᠪᠡᠷᠢ ᠵᠢ ᠬᠤᠪᠢᠷᠠᠭᠤᠯᠬᠤ ᠵᠢ ᠠᠬᠢᠭᠤᠯᠬᠤ ᠵᠢᠨ ᠲᠣᠭᠣᠷᠢᠨ᠎ᠳᠤ ᠬᠠᠷᠢᠭᠤ ᠮᠡᠳᠡᠭᠦᠯᠦᠯᠲᠡ ᠵᠢᠨ ᠶᠠᠷᠢᠶ᠎ᠠ ᠲᠠᠯᠪᠢᠵᠠᠢ᠃
ᠬᠤᠷᠠᠯ᠎ᠢ ᠰᠦᠯᠵᠢᠶᠡᠨ ᠳᠡᠭᠡᠷ᠎ᠡ ᠪᠠ ᠠᠬᠤᠢ ᠳᠠᠯᠠᠪᠠᠢ ᠵᠢ ᠤᠶᠠᠯᠳᠤᠭᠤᠯᠬᠤ ᠬᠡᠯᠪᠡᠷᠢ᠎ᠪᠠᠷ ᠬᠤᠷᠠᠯᠳᠤᠭᠤᠯᠪᠠ᠃ ᠡᠯ᠎ᠡ ᠠᠶ᠋ᠢᠮᠠᠭ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ᠂ ᠲᠢᠩᠬᠢᠮ ᠪᠠᠢ᠌ᠭᠤᠯᠤᠯᠭ᠎ᠠ ᠵᠢᠨ ᠳᠡᠳ᠋ ᠭᠠᠵᠠᠷ᠎ᠤᠨ ᠲᠡᠰ᠎ᠠᠴᠠ ᠳᠡᠭᠡᠭᠰᠢᠬᠢ ᠺᠠᠳ᠋ᠷ᠂ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ ᠤᠳᠤᠷᠢᠳᠬᠤ ᠪᠠᠭ᠎ᠤᠨ ᠪᠦᠷᠢᠯᠳᠦᠬᠦᠨ ᠭᠣᠣᠯ ᠬᠤᠷᠠᠯ᠎ᠤᠨ ᠲᠠᠯᠠᠪᠠᠢ᠎ᠳᠤ ᠣᠷᠣᠯᠴᠠᠨ᠎ᠠ; ᠡᠯ᠎ᠡ ᠠᠶ᠋ᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ ᠺᠠᠳ᠋ᠷ ᠠᠵᠢᠯᠲᠠᠨ ᠠᠵᠢᠯᠴᠢᠨ ᠬᠤᠪᠢᠶᠠᠷᠢ ᠬᠤᠷᠠᠯ᠎ᠤᠨ ᠲᠠᠯᠠᠪᠠᠶ᠎ᠳᠤ ᠬᠤᠷᠠᠯ᠎ᠳᠤ ᠣᠷᠣᠯᠴᠠᠪᠠ᠃