1 ᠰᠠᠷ᠎ᠠ ᠵᠢᠨ 27᠎ᠤ ᠡᠳᠦᠷ᠎ᠤᠨ ᠦᠳᠡ ᠵᠢᠨ ᠬᠣᠢ᠌ᠨ᠎ᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠥᠪᠥᠷ ᠮᠣᠩᠭᠣᠯ᠎ᠤᠨ ᠵᠡᠭᠦᠨ ᠬᠣᠢ᠌ᠲᠤ ᠣᠷᠣᠨ᠎ᠤ ᠠᠮᠢ ᠠᠬᠤᠢ ᠣᠷᠴᠢᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠸᠠᠩ ᠸᠠᠩ ᠱᠧᠩ ᠬᠤᠷᠠᠯ᠎ᠢ ᠡᠷᠬᠢᠯᠡᠬᠦ ᠵᠢᠨ ᠬᠠᠮᠲᠤ ᠶᠠᠷᠢᠶ᠎ᠠ ᠲᠠᠯᠪᠢᠵᠠᠢ᠃
ᠬᠤᠷᠠᠯ ᠳᠡᠭᠡᠷ᠎ᠡ᠂ ᠸᠠᠩ ᠸᠠᠩ ᠱᠧᠩ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠳᠡᠳ᠋ ᠰᠠᠢ᠌ᠳ ᠵᠤᠤ ᠶᠢᠩ ᠮᠢᠨᠤ ᠵᠡᠭᠦᠨ ᠬᠣᠢ᠌ᠲᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ᠎ᠤ ᠵᠣᠷᠢᠭ ᠰᠠᠨᠠᠭ᠎ᠠ ᠵᠢ ᠤᠯᠠᠮᠵᠢᠯᠠᠵᠤ᠂ ᠥᠪᠥᠷ ᠮᠣᠩᠭᠣᠯ᠎ᠤᠨ ᠵᠡᠭᠦᠨ ᠬᠣᠢ᠌ᠲᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠣᠣᠯᠳᠠᠯᠭ᠎ᠠ᠎ᠲᠠᠢ ᠠᠵᠢᠯ᠎ᠳᠤ ᠪᠠᠢ᠌ᠷᠢᠯᠠᠭᠤᠯᠤᠯᠲᠠ ᠬᠢᠵᠡᠢ᠃

ᠸᠠᠩ ᠸᠠᠩ ᠱᠧᠩ᠂ ᠰᠢᠨ᠎ᠡ ᠴᠠᠭ ᠦᠶ᠎ᠡ ᠵᠢᠨ ᠵᠡᠭᠦᠨ ᠬᠣᠢ᠌ᠲᠤ ᠣᠷᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠳᠤ ᠰᠢᠨ᠎ᠡ ᠰᠢᠪᠲᠤᠯᠤᠯᠲᠠ᠎ᠲᠠᠢ ᠪᠣᠯᠬᠤ ᠵᠢ ᠠᠬᠢᠭᠤᠯᠬᠤ ᠪᠣᠯ ᠤᠯᠤᠰ᠎ᠤᠨ ᠰᠢᠨ᠎ᠡ ᠴᠠᠭ ᠦᠶ᠎ᠡ ᠵᠢᠨ ᠬᠥᠭᠵᠢᠯᠲᠡ ᠵᠢᠨ ᠱᠠᠭ᠋ᠠᠷᠳᠠᠯᠭ᠎ᠠ᠎ᠳᠤ ᠰᠠᠭᠤᠷᠢᠯᠠᠵᠤ᠂ ᠵᠡᠭᠦᠨ ᠬᠣᠢ᠌ᠲᠤ ᠣᠷᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠦᠭᠰᠡᠨ 20 ᠵᠢᠯ᠎ᠤᠨ ᠠᠵᠢᠯ᠎ᠤᠨ ᠦᠷ᠎ᠡ ᠪᠦᠲᠦᠮᠵᠢ᠎ᠲᠠᠢ ᠤᠶᠠᠯᠳᠤᠭᠤᠯᠵᠤ᠂ ᠵᠡᠭᠦᠨ ᠬᠣᠢ᠌ᠲᠤ ᠣᠷᠣᠨ᠎ᠤ ᠪᠠᠶ᠋ᠢᠳᠠᠯ᠎ᠢ ᠦᠨᠳᠦᠰᠦᠯᠡᠨ ᠴᠣᠭᠴᠠᠯᠠᠨ ᠪᠠᠢ᠌ᠭᠤᠯᠬᠤ ᠪᠠᠢ᠌ᠯᠳᠤᠬᠤ ᠪᠣᠳᠣᠯᠭ᠎ᠠ ᠵᠢᠨ ᠲᠥᠷᠥ ᠵᠢᠨ ᠪᠣᠳᠣᠯᠭ᠎ᠠ ᠪᠣᠯᠣᠨ᠎ᠠ᠂ ᠤᠯᠤᠰ᠎ᠤᠨ ᠠᠮᠤᠷ ᠲᠦᠪᠰᠢᠨ᠎ᠢ ᠬᠠᠮᠠᠭ᠋ᠠᠯᠠᠬᠤ᠎ᠳᠤ ᠲᠤᠢ᠌ᠯ᠎ᠤᠨ ᠴᠢᠬᠤᠯᠠ ᠠᠴᠢ ᠬᠣᠯᠪᠣᠭᠳᠠᠯ᠎ᠲᠠᠢ ᠶᠤᠮ ᠭᠡᠵᠦ ᠵᠢᠭ᠋ᠠᠵᠤ ᠭᠠᠷᠭ᠋ᠠᠪᠠ᠃ ᠡᠯ᠎ᠡ ᠠᠶ᠋ᠢᠮᠠᠭ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ ᠪᠣᠯᠣᠨ ᠡᠯ᠎ᠡ ᠭᠠᠵᠠᠷ ᠲᠠᠰᠤᠭ᠂ ᠨᠢᠭᠡᠴᠢ ᠵᠢᠨ᠎ᠬᠢᠨ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠬᠣᠯᠪᠣᠭᠳᠠᠯ ᠪᠦᠬᠦᠢ ᠠᠵᠢᠯ᠎ᠢ ᠵᠥᠪ ᠲᠠᠨᠢᠬᠤ ᠪᠠ ᠪᠦᠬᠦ ᠬᠦᠴᠦᠨ ᠵᠶ᠋ᠡᠷ ᠵᠶ᠋ᠡᠨ ᠰᠠᠶ᠋ᠢᠲᠤᠷ ᠬᠢᠵᠦ᠂ ᠠᠮᠢ ᠠᠬᠤᠢ ᠵᠢᠨ ᠠᠮᠤᠷ ᠲᠦᠪᠰᠢᠨ᠎ᠢ ᠬᠠᠮᠠᠭ᠋ᠠᠯᠠᠬᠤ ᠴᠢᠬᠤᠯᠠ ᠶᠡᠬᠡ ᠤᠯᠤᠰ ᠲᠥᠷᠥ ᠵᠢᠨ ᠬᠠᠷᠢᠭᠤᠴᠠᠯᠭ᠎ᠠ᠎ᠪᠠᠨ ᠦᠨᠡᠨᠬᠦ ᠡᠭᠦᠷᠭᠡᠯᠡᠵᠦ᠂ ᠨᠡᠩ ᠶᠡᠬᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠸᠠᠩ ᠸᠠᠩ ᠱᠧᠩ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠵᠤ᠂ ᠲᠥᠷᠥᠯ ᠵᠦᠢ᠍ᠯ ᠵᠶ᠋ᠡᠷ ᠲᠦᠰᠢᠭ ᠪᠣᠯᠭ᠋ᠠᠨ᠂ ᠡᠯ᠎ᠡ ᠵᠦᠢ᠍ᠯ᠎ᠤᠨ ᠠᠵᠢᠯ᠎ᠢ ᠨᠠᠷᠢᠨ ᠪᠣᠳᠠᠲᠠᠢ ᠠᠳᠬᠤᠬᠤ ᠬᠡᠷᠡᠭᠲᠡᠶ᠃ ᠬᠠᠷᠠᠯᠲᠠ ᠡᠭᠦᠷᠭᠡ᠂ ᠠᠵᠢᠯ᠎ᠤᠨ ᠠᠷᠭ᠎ᠠ ᠬᠡᠮᠵᠢᠶ᠎ᠡ ᠵᠢ ᠴᠢᠨᠠᠭᠰᠢᠳᠠ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠱᠠᠯᠠᠪᠳᠠᠭᠤᠯᠤᠨ ᠲᠣᠬᠢᠷᠠᠭᠤᠯᠬᠤ ᠵᠢ ᠴᠢᠩᠭ᠋ᠠᠳᠬᠠᠵᠤ᠂ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠳᠠᠬᠢ ᠲᠣᠪᠣᠢ᠌ᠮ᠎ᠠ ᠠᠰᠠᠭᠤᠳᠠᠯ᠎ᠢ ᠰᠢᠢ᠍ᠳᠪᠦᠷᠢᠯᠡᠬᠦ ᠵᠢ ᠪᠦᠬᠦ ᠬᠦᠴᠦᠨ ᠵᠶ᠋ᠡᠷ ᠠᠬᠢᠭᠤᠯᠬᠤ ᠬᠡᠷᠡᠭᠲᠡᠢ; ᠤᠯᠤᠰ᠎ᠤᠨ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠎ᠢ ᠪᠠᠷᠢᠮᠵᠢᠶ᠎ᠠ᠎ᠲᠠᠢ ᠬᠠᠷᠭᠤᠭᠤᠯᠵᠤ᠂ ᠨᠢᠭᠡ ᠪᠦᠯᠦᠭ ᠭᠣᠣᠯᠳᠠᠯᠭ᠎ᠠ᠎ᠲᠠᠢ ᠲᠥᠷᠥᠯ ᠵᠦᠢ᠍ᠯ᠎ᠢ ᠨᠠᠷᠢᠨ ᠬᠢᠨᠠᠮᠠᠭ᠋ᠠᠢ ᠤᠬᠠᠭ᠋ᠠᠯᠠᠨ ᠬᠡᠷᠡᠭᠵᠢᠭᠦᠯᠵᠦ᠂ ᠲᠥᠷᠥᠯ ᠵᠦᠢ᠍ᠯ᠎ᠤᠨ ᠬᠥᠮᠥᠷᠭᠡ ᠵᠢ ᠱᠠᠯᠠᠪᠳᠠᠨ ᠪᠠᠢ᠌ᠭᠤᠯᠵᠤ᠂ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠪᠦᠲᠦᠭᠡᠨ ᠪᠠᠢ᠌ᠭᠤᠯᠤᠯᠲᠠ ᠵᠢ ᠨᠠᠷᠢᠯᠢᠭ ᠣᠨᠣᠴᠠᠲᠠᠢ᠎ᠪᠠᠷ ᠲᠤᠯᠭ᠋ᠠᠭᠤᠷᠢᠯᠠᠭᠤᠯᠬᠤ ᠬᠡᠷᠡᠭᠳᠡᠢ ᠭᠡᠵᠦ ᠴᠢᠬᠤᠯᠠᠴᠢᠯᠠᠪᠠ᠃
ᠸᠠᠩ ᠸᠠᠩ ᠱᠧᠩ᠂ ᠣᠷᠣᠨ ᠪᠦᠰᠡ ᠵᠢᠨ ᠬᠠᠮᠲᠤᠷᠠᠯᠴᠠᠭ᠎ᠠ ᠵᠢ ᠴᠢᠩᠭ᠋ᠠᠳᠬᠠᠵᠤ᠂ ᠵᠡᠭᠦᠨ ᠬᠣᠢ᠌ᠲᠤ ᠵᠢᠨ 《ᠭᠤᠷᠪᠠᠨ ᠮᠤᠵᠢ ᠨᠢᠭᠡ ᠣᠷᠣᠨ》᠎ᠤ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠪᠦᠳᠦᠭᠦᠪᠴᠢ ᠵᠥᠪᠯᠡᠯᠴᠡᠭᠡᠷ᠎ᠢ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠲᠦᠷᠭᠡᠳᠬᠡᠨ ᠠᠬᠢᠭᠤᠯᠬᠤ ᠬᠡᠷᠡᠭᠲᠡᠢ᠃ ᠬᠥᠭᠵᠢᠭᠰᠡᠨ ᠭᠠᠵᠠᠷ ᠣᠷᠣᠨ᠎ᠤ ᠲᠡᠷᠢᠭᠦᠨ᠎ᠤ ᠲᠤᠷᠰᠢᠯᠭ᠎ᠠ ᠠᠷᠭ᠎ᠠ ᠬᠢᠳᠡᠯ᠎ᠢ ᠢᠳᠡᠪᠬᠢᠲᠡᠢ᠎ᠪᠠᠷ ᠰᠤᠷᠤᠯᠴᠠᠵᠤ᠂ ᠵᠡᠭᠦᠨ ᠬᠣᠢ᠌ᠲᠤ ᠵᠢᠨ ᠭᠤᠷᠪᠠᠨ ᠮᠤᠵᠢ ᠵᠢᠨ ᠬᠣᠯᠪᠣᠭᠳᠠᠯ ᠪᠦᠬᠦᠢ ᠲᠢᠩᠬᠢᠮ ᠲᠣᠪᠴᠢᠶ᠎ᠠ᠎ᠯᠤᠭ᠎ᠠ ᠵᠢᠨ ᠡᠳᠦᠷ ᠲᠤᠲᠤᠮ᠎ᠤᠨ ᠵᠣᠬᠢᠴᠠᠭᠤᠯᠭ᠎ᠠ ᠵᠥᠪᠳᠡᠯᠴᠡᠭᠡ᠎ᠪᠠᠨ ᠦᠨᠡᠨ ᠬᠦ᠌ ᠴᠢᠩᠭ᠋ᠠᠳᠬᠠᠵᠤ᠂ ᠬᠥᠷᠰᠢ ᠵᠡᠷᠭᠡᠯᠡᠳᠡᠭᠡ ᠲᠤᠰᠬᠠᠢ ᠣᠷᠣᠨ ᠬᠤᠳᠠ᠎ᠯᠤᠭ᠎ᠠ ᠵᠢᠨ ᠰᠣᠯᠢᠯᠴᠠᠭ᠎ᠠ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠠᠮᠢ ᠠᠬᠤᠢ ᠵᠢᠨ ᠣᠷᠴᠢᠨ ᠲᠣᠭᠣᠷᠢᠨ᠎ᠤ ᠬᠣᠯᠪᠤᠭ᠋ᠠᠯᠠᠨ ᠰᠡᠷᠭᠡᠢ᠌ᠯᠡᠵᠦ ᠬᠣᠯᠪᠤᠭ᠋ᠠᠯᠠᠨ ᠡᠵᠡᠮᠳᠡᠵᠦ ᠬᠣᠯᠪᠤᠭ᠋ᠠᠯᠠᠨ ᠵᠠᠰᠠᠬᠤ ᠵᠢ ᠪᠦᠬᠦ ᠲᠠᠯ᠎ᠠ᠎ᠪᠠᠷ ᠴᠢᠩᠭ᠋ᠠᠳᠬᠠᠵᠤ᠂ ᠣᠷᠣᠨ ᠪᠦᠰᠡ ᠵᠢᠨ ᠠᠮᠢ ᠠᠬᠤᠢ ᠵᠢᠨ ᠠᠮᠤᠷ ᠲᠦᠪᠰᠢᠨ᠎ᠢ ᠬᠠᠮᠲᠤ᠎ᠪᠠᠷ ᠬᠠᠮᠠᠭ᠋ᠠᠯᠠᠬᠤ ᠬᠡᠷᠡᠭᠳᠡᠢ᠃ ᠡᠭᠦᠨ᠎ᠤ ᠬᠠᠮᠲᠤ᠂ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ) ᠭᠤᠷᠪᠠᠨ ᠱᠠᠲᠤ᠎ᠪᠠᠷ ᠵᠶ᠋ᠠᠨ ᠬᠣᠯᠪᠤᠭ᠋ᠠᠯᠠᠨ ᠬᠥᠳᠡᠯᠦᠯᠴᠡᠵᠦ᠂ ᠤᠬᠠᠭᠤᠯᠭ᠎ᠠ ᠵᠢᠨ ᠡᠷᠴᠢᠮ ᠵᠶ᠋ᠡᠨ ᠴᠢᠩᠭ᠋ᠠᠷᠠᠭᠤᠯᠤᠨ᠂ ᠵᠡᠭᠦᠨ ᠬᠣᠢ᠌ᠲᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠢ ᠴᠢᠩᠭ᠋ᠠᠳᠬᠠᠬᠤ᠎ᠳᠤ ᠰᠠᠶ᠋ᠢᠨ ᠰᠠᠢ᠌ᠬᠠᠨ ᠠᠭᠤᠷ ᠠᠮᠢᠰᠬᠤᠯ᠎ᠢ ᠪᠤᠢ ᠪᠣᠯᠭ᠋ᠠᠬᠤ ᠬᠡᠷᠡᠭᠲᠡᠶ ᠭᠡᠵᠦ ᠱᠠᠭ᠋ᠠᠷᠳᠠᠪᠠ᠃
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠳᠡᠳ᠋ ᠲᠢᠩᠬᠢᠮ᠎ᠤᠨ ᠳᠠᠷᠤᠭ᠎ᠠ ᠸᠠᠩ ᠢ ᠯᠢᠩ᠂ ᠬᠣᠶᠠᠳᠤᠭ᠋ᠠᠷ ᠳᠡᠰ᠎ᠤᠨ ᠲᠣᠭᠣᠷᠢᠨ ᠪᠠᠢ᠌ᠴᠠᠭ᠋ᠠᠭᠴᠢ ᠫᠧᠢ ᠳ᠋ᠡ ᠱ᠌ᠢ᠂ ᠵᠦ᠍ ᠵᠢᠶᠠᠨ ᠴᠢᠩ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠳᠠᠷᠤᠭ᠎ᠠ ᠲᠢᠶᠠᠨ ᠶᠦᠩ ᠯᠢ᠂ ᠬᠥᠯᠥᠨ ᠪᠣᠢ᠌ᠷ ᠬᠤᠳᠠ᠂ ᠬᠢᠩᠭ᠋ᠠᠨ ᠠᠶ᠋ᠢᠮᠠᠭ᠂ ᠲᠦᠩᠯᠢᠶᠣᠣ ᠬᠤᠳᠠ᠂ ᠤᠯᠠᠭ᠋ᠠᠨᠬᠠᠳᠠ ᠬᠤᠳᠠ᠂ ᠰᠢᠯᠢ ᠵᠢᠨ ᠭᠣᠣᠯ ᠠᠶ᠋ᠢᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠂ ᠲᠢᠩᠬᠢᠮ᠎ᠤᠨ ᠪᠠᠢ᠌ᠭᠤᠯᠭ᠎ᠠ ᠵᠢᠨ ᠬᠠᠮᠢᠶ᠎ᠠ ᠪᠦᠬᠦᠢ ᠭᠠᠵᠠᠷ ᠦᠷᠦᠭᠡ᠂ ᠨᠢᠭᠡᠴᠢ ᠵᠢᠨ ᠭᠣᠣᠯ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠪᠠ᠃