ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠵᠢᠷᠤᠬᠲᠦ᠍ ᠮᠡᠳᠡᠭᠡ
ᠰᠦᠨ ᠱᠤᠤ ᠴᠧᠩ ᠸᠢᠳᠢᠤ᠋᠎ᠪᠠᠷ ᠬᠣᠯᠪᠣᠭᠳᠠᠬᠤ ᠬᠡᠯᠪᠡᠷᠢ᠎ᠪᠠᠷ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠯᠢᠭᠡᠷ — ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢᠨ ᠵᠡᠭᠦᠨ ᠬᠣᠢ᠌ᠲᠤ ᠣᠷᠣᠨ᠎ᠳᠠᠬᠢ ᠦᠢ᠍ᠯᠡᠳᠦᠯᠭᠡ》 ᠭᠡᠬᠦ ᠲᠤᠰᠬᠠᠢ ᠰᠡᠳᠦᠪᠲᠦ ᠤᠬᠠᠭᠤᠯᠤᠨ ᠲᠠᠨᠢᠯᠴᠠᠭᠤᠯᠬᠤ ᠬᠤᠷᠠᠯ᠎ᠳᠤ ᠣᠷᠣᠯᠴᠠᠪᠠ
ᠨᠡᠶ᠋ᠢᠲᠡᠯᠡᠭᠰᠡᠨ ᠴᠠᠭ᠄ 2024-10-16

      10 ᠰᠠᠷ᠎ᠠ ᠵᠢᠨ 14᠎ᠤ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠭᠠᠳᠠᠭ᠋ᠠᠳᠤ᠎ᠲᠠᠢ ᠬᠣᠯᠪᠣᠭ᠎ᠠ ᠠᠪᠬᠤ ᠬᠡᠯᠲᠡᠰ ᠪᠣᠯᠣᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠂ ᠯᠢᠶᠣᠣᠨᠢᠩ ᠮᠤᠵᠢ ᠵᠢᠨ ᠬᠣᠷᠢᠶ᠎ᠠ᠂ ᠬᠢᠷᠢᠨ ᠮᠤᠵᠢ ᠵᠢᠨ ᠬᠣᠷᠢᠶ᠎ᠠ᠂ ᠬᠠᠷᠠᠮᠥ᠋ᠷᠡᠨ ᠮᠤᠵᠢ ᠵᠢᠨ ᠬᠣᠷᠢᠶ᠎ᠠ ᠵᠢᠨ ᠬᠠᠮᠲᠤᠷᠠᠨ ᠡᠷᠬᠢᠯᠡᠭᠰᠡᠨ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠯᠢᠭᠡᠷ — ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢᠨ ᠵᠡᠭᠦᠨ ᠬᠣᠢ᠌ᠲᠤ ᠣᠷᠣᠨ᠎ᠳᠠᠬᠢ ᠦᠢ᠍ᠯᠡᠳᠦᠯᠭᠡ》 ᠭᠡᠬᠦ ᠲᠤᠰᠬᠠᠢ ᠰᠡᠳᠦᠪᠲᠦ ᠤᠬᠠᠭᠤᠯᠤᠨ ᠲᠠᠨᠢᠯᠴᠠᠭᠤᠯᠬᠤ ᠬᠤᠷᠠᠯ ᠬᠢᠷᠢᠨ ᠮᠤᠵᠢ ᠵᠢᠨ ᠴᠠᠩᠴᠦ᠋ᠨ ᠬᠤᠳᠠ᠎ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠸᠢᠳᠢᠤ᠋᠎ᠪᠠᠷ ᠬᠣᠯᠪᠣᠭᠳᠠᠬᠤ ᠬᠡᠯᠪᠡᠷᠢ᠎ᠪᠠᠷ ᠪᠠᠶᠠᠷ᠎ᠤᠨ ᠦᠭᠡ ᠬᠡᠯᠡᠭᠰᠡᠨ ᠪᠥᠭᠡᠳ ᠠᠰᠠᠭᠤᠯᠲᠠ ᠵᠢ ᠬᠠᠷᠢᠭᠤᠯᠵᠠᠢ᠃

图片01.jpg

图片02.jpg


      10 ᠰᠠᠷ᠎ᠠ ᠵᠢᠨ 14᠎ᠤ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠭᠠᠳᠠᠭ᠋ᠠᠳᠤ᠎ᠲᠠᠢ ᠬᠣᠯᠪᠣᠭ᠎ᠠ ᠠᠪᠬᠤ ᠬᠡᠯᠲᠡᠰ ᠪᠣᠯᠣᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠂ ᠯᠢᠶᠣᠣᠨᠢᠩ ᠮᠤᠵᠢ ᠵᠢᠨ ᠬᠣᠷᠢᠶ᠎ᠠ᠂ ᠬᠢᠷᠢᠨ ᠮᠤᠵᠢ ᠵᠢᠨ ᠬᠣᠷᠢᠶ᠎ᠠ᠂ ᠬᠠᠷᠠᠮᠥ᠋ᠷᠡᠨ ᠮᠤᠵᠢ ᠵᠢᠨ ᠬᠣᠷᠢᠶ᠎ᠠ ᠵᠢᠨ ᠬᠠᠮᠲᠤᠷᠠᠨ ᠡᠷᠬᠢᠯᠡᠭᠰᠡᠨ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠯᠢᠭᠡᠷ — ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢᠨ ᠵᠡᠭᠦᠨ ᠬᠣᠢ᠌ᠲᠤ ᠣᠷᠣᠨ᠎ᠳᠠᠬᠢ ᠦᠢ᠍ᠯᠡᠳᠦᠯᠭᠡ》 ᠭᠡᠬᠦ ᠲᠤᠰᠬᠠᠢ ᠰᠡᠳᠦᠪᠲᠦ ᠤᠬᠠᠭᠤᠯᠤᠨ ᠲᠠᠨᠢᠯᠴᠠᠭᠤᠯᠬᠤ ᠬᠤᠷᠠᠯ ᠬᠢᠷᠢᠨ ᠮᠤᠵᠢ ᠵᠢᠨ ᠴᠠᠩᠴᠦ᠋ᠨ ᠬᠤᠳᠠ᠎ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠸᠢᠳᠢᠤ᠋᠎ᠪᠠᠷ ᠬᠣᠯᠪᠣᠭᠳᠠᠬᠤ ᠬᠡᠯᠪᠡᠷᠢ᠎ᠪᠠᠷ ᠪᠠᠶᠠᠷ᠎ᠤᠨ ᠦᠭᠡ ᠬᠡᠯᠡᠭᠰᠡᠨ ᠪᠥᠭᠡᠳ ᠠᠰᠠᠭᠤᠯᠲᠠ ᠵᠢ ᠬᠠᠷᠢᠭᠤᠯᠵᠠᠢ᠃ ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠷᠯᠡᠪᠡ
      ᠰᠦᠨ ᠱᠤᠤ ᠴᠧᠩ᠂ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠢ ᠮᠠᠰᠢ ᠬᠠᠯᠠᠮᠵᠢᠯᠠᠵᠤ᠂ ᠥᠪᠥᠷ ᠮᠣᠩᠭᠣᠯ᠎ᠤᠨ ᠬᠥᠭᠵᠢᠯᠲᠡ ᠵᠢᠨ ᠵᠢᠷᠤᠭ ᠲᠥᠯᠥᠪᠯᠡᠭᠡ ᠵᠢ ᠪᠡᠶ᠎ᠡ᠎ᠪᠠᠷ ᠵᠶ᠋ᠡᠨ ᠵᠢᠷᠤᠭᠯᠠᠵᠤ᠂ ᠥᠪᠥᠷ ᠮᠣᠩᠭᠣᠯ᠎ᠳᠤ 《ᠲᠠᠪᠤᠨ ᠶᠡᠬᠡ ᠡᠭᠦᠷᠭᠡ》 ᠣᠯᠭᠣᠵᠠᠢ᠃ ᠶᠡᠷᠦᠩᠬᠡᠢ ᠱᠦᠵᠢ ᠰᠢ ᠵᠢᠨ ᠫᠢᠩ ᠪᠣᠯᠣᠨ ᠨᠠᠮ᠎ᠤᠨ ᠲᠥᠪ ᠬᠣᠷᠢᠶᠠᠨ᠎ᠤ ᠬᠠᠯᠠᠮᠵᠢᠯᠠᠯ ᠳᠣᠣᠷ᠎ᠠ᠂ ᠥᠪᠥᠷ ᠮᠣᠩᠭᠣᠯ ᠵᠡᠭᠦᠨ ᠬᠣᠢ᠌ᠲᠤ ᠣᠷᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠂ ᠪᠠᠷᠠᠭᠤᠨ ᠣᠷᠣᠨ᠎ᠢ ᠶᠡᠬᠡᠪᠡᠷ ᠨᠡᠭᠡᠭᠡᠨ ᠬᠥᠭᠵᠢᠭᠦᠯᠬᠦ᠂ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠣᠯᠣᠨ ᠴᠢᠨᠠᠷ ᠰᠠᠢ᠌ᠲᠠᠢ ᠬᠥᠭᠵᠢᠯᠲᠡ᠂ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ ᠵᠡᠷᠭᠡ ᠤᠯᠤᠰ᠎ᠤᠨ ᠴᠢᠬᠤᠯᠠ ᠶᠡᠬᠡ ᠪᠠᠢ᠌ᠯᠳᠤᠬᠤ ᠪᠣᠳᠣᠯᠭ᠎ᠠ ᠵᠢᠨ ᠳᠡᠮᠵᠢᠯᠭᠡ ᠵᠢ ᠵᠡᠷᠭᠡᠪᠡᠷ ᠡᠳ᠋ᠯᠡᠪᠡ᠃ ᠨᠢᠳᠤᠨᠤᠨ᠎ᠤ 10 ᠰᠠᠷ᠎ᠠ᠎ᠳᠤ ᠲᠥᠷᠥ ᠵᠢᠨ ᠶᠠᠪᠤᠳᠠᠯ᠎ᠤᠨ ᠬᠣᠷᠢᠶ᠎ᠠ ᠪᠠᠰᠠ 《ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠰᠠᠨᠠᠯ》᠎ᠢ ᠨᠡᠢ᠌ᠲᠡᠯᠡᠪᠡ᠂ ᠡᠲᠡᠭᠡᠷ᠎ᠨᠢ ᠴᠥᠮ ᠥᠪᠥᠷ ᠮᠣᠩᠭᠣᠯ᠎ᠤᠨ ᠬᠥᠭᠵᠢᠯᠲᠡ᠎ᠳᠤ ᠥᠷᠭᠡᠨ ᠠᠭᠤᠳᠠᠮ ᠣᠷᠣᠨ ᠵᠠᠢ ᠬᠠᠩᠭ᠋ᠠᠭᠰᠠᠨ ᠪᠠᠢ᠌ᠨ᠎ᠠ᠃
      ᠰᠦᠨ ᠱᠤᠤ ᠴᠧᠩ᠂ ᠣᠢ᠌ᠷ᠎ᠠ ᠵᠢᠨ ᠵᠢᠯ᠎ᠠᠴᠠ ᠥᠪᠥᠷ ᠮᠣᠩᠭᠣᠯ ᠶᠡᠷᠦᠩᠬᠡᠢ ᠱᠦᠵᠢ ᠰᠢ ᠵᠢᠨ ᠫᠢᠩ᠎ᠤᠨ ᠲᠤᠰᠢᠶᠠᠭᠰᠠᠨ ᠲᠠᠪᠤᠨ ᠶᠡᠬᠡ ᠡᠭᠦᠷᠭᠡ ᠵᠢ ᠪᠡᠶᠡᠯᠡᠭᠦᠯᠬᠦ ᠪᠠ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠬᠤ ᠬᠣᠶᠠᠷ ᠶᠡᠬᠡ ᠶᠠᠪᠤᠳᠠᠯ᠎ᠢ ᠪᠦᠬᠦ ᠬᠦᠴᠦᠨ ᠵᠶ᠋ᠡᠷ ᠵᠶ᠋ᠡᠨ ᠰᠠᠶ᠋ᠢᠲᠤᠷ ᠬᠢᠵᠦ᠂ ᠠᠮᠢ ᠠᠬᠤᠢ ᠣᠷᠴᠢᠨ ᠲᠣᠭᠣᠷᠢᠨ ᠶᠡᠬᠡᠪᠡᠷ ᠰᠠᠢ᠌ᠵᠢᠷᠠᠵᠤ᠂ ᠡᠨᠧᠷᠭᠢ ᠵᠢᠨ ᠠᠵᠤ ᠠᠬᠤᠢ ᠵᠢᠨ ᠬᠥᠭᠵᠢᠯᠲᠡ ᠵᠢᠨ ᠬᠠᠨᠳᠤᠰᠢ ᠡᠷᠴᠢᠮᠲᠡᠢ ᠪᠣᠯᠵᠤ᠂ ᠣᠲᠣ ᠦᠶ᠎ᠡ ᠵᠢᠨ ᠮᠠᠯ ᠠᠵᠤ ᠠᠬᠤᠢ ᠲᠠᠷᠢᠶᠠᠯᠠᠩ ᠥᠷᠨᠢᠩᠭᠦᠢ ᠬᠥᠭᠵᠢᠵᠦ᠂ ᠭᠠᠳᠠᠭ᠋ᠠᠳᠤ ᠨᠡᠭᠡᠭᠡᠯᠲᠡ ᠲᠠᠰᠤᠷᠠᠯᠳᠡ ᠦᠭᠡᠢ ᠥᠷᠭᠡᠵᠢᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠢ ᠡᠬᠢᠯᠡᠭᠦᠯᠵᠦ ᠬᠥᠭᠵᠢᠭᠦᠯᠦᠨ᠂ ᠡᠯ᠎ᠡ ᠵᠦᠢ᠍ᠯ᠎ᠤᠨ ᠠᠵᠢᠯ ᠦᠢ᠍ᠯᠡᠰ ᠢᠯᠡᠳᠲᠡ ᠠᠮᠵᠢᠯᠲᠠ ᠣᠯᠵᠠᠢ᠃ ᠬᠥᠭᠵᠢᠯᠲᠡ ᠵᠢ ᠠᠬᠢᠭᠤᠯᠬᠤ ᠵᠢᠨ ᠬᠠᠮᠲᠤ᠂ ᠪᠢᠳᠡ ᠶᠡᠷᠦᠩᠬᠡᠢ ᠱᠦᠵᠢ ᠰᠢ ᠵᠢᠨ ᠫᠢᠩ᠎ᠤᠨ 《ᠬᠢᠯᠢ ᠬᠢᠵᠠᠭ᠋ᠠᠷ᠎ᠤᠨ ᠦᠨᠳᠦᠰᠦᠲᠡᠨ᠎ᠤ ᠭᠠᠵᠠᠷ ᠣᠷᠣᠨ ᠬᠠᠮᠲᠤ᠎ᠪᠠᠷ ᠴᠢᠨᠡᠭᠡᠯᠢᠭᠵᠢᠬᠦ ᠵᠠᠮ ᠳᠡᠭᠡᠷ᠎ᠡ ᠡᠩᠨᠡᠭᠡ᠎ᠠᠴᠠ᠎ᠪᠠᠨ ᠬᠣᠴᠣᠷᠴᠤ ᠪᠣᠯᠬᠤ ᠦᠭᠡᠢ》 ᠭᠡᠰᠡᠨ ᠴᠢᠬᠤᠯᠠ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠠᠵᠢᠯ ᠣᠯᠭᠣᠯᠲᠠ᠂ ᠣᠷᠣᠯᠭ᠎ᠠ ᠵᠢᠨ ᠨᠡᠮᠡᠭᠳᠡᠯ ᠪᠠ ᠰᠤᠷᠭ᠋ᠠᠨ ᠬᠥᠮᠦᠵᠢᠯ᠂ ᠡᠮ ᠡᠮᠨᠡᠯᠭᠡ᠂ ᠨᠠᠰᠤᠵᠢᠯ᠎ᠤᠨ ᠠᠰᠠᠷᠠᠮᠵᠢ ᠵᠡᠷᠭᠡ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠬᠦᠴᠦ ᠲᠠᠯᠪᠢᠨ ᠰᠠᠶ᠋ᠢᠲᠤᠷ ᠬᠢᠵᠦ᠂ ᠠᠷᠠᠳ᠎ᠤᠨ ᠠᠮᠢᠳᠤᠷᠠᠯ ᠤᠯᠠᠮ᠎ᠠᠴᠠ ᠤᠯᠠᠮ ᠰᠠᠢ᠌ᠵᠢᠷᠠᠵᠤ᠂ ᠵᠣᠯ ᠵᠢᠷᠭ᠋ᠠᠯ᠎ᠤᠨ ᠲᠥᠷᠥᠭᠳᠡᠯ ᠤᠯᠠᠮ᠎ᠠᠴᠠ ᠤᠯᠠᠮ ᠴᠢᠩᠭ᠋ᠠᠷᠠᠵᠤ᠂ ᠬᠠᠨᠤᠮᠵᠢ ᠵᠢᠨ ᠬᠡᠮᠵᠢᠶ᠎ᠡ ᠤᠯᠠᠮ᠎ᠠᠴᠠ ᠤᠯᠠᠮ ᠥᠨᠳᠥᠷ ᠪᠣᠯᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ ᠰᠡᠳᠬᠢᠯ᠎ᠤᠨ ᠤᠭ᠎ᠠᠴᠠ᠎ᠪᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠢ᠍ᠢ᠍ᠨ᠎ᠢ ᠮᠡᠳᠡᠷᠡᠵᠦ᠂ ᠶᠡᠷᠦᠩᠬᠡᠢ ᠱᠦᠵᠢ ᠰᠢ ᠵᠢᠨ ᠫᠢᠩ᠎ᠤᠨ ᠰᠠᠢ᠍ᠢ᠍ᠨ᠎ᠢ ᠮᠡᠳᠡᠷᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ ᠰᠡᠳᠬᠢᠯ᠎ᠳᠤ ᠭᠦᠨ ᠬᠠᠳᠠᠩᠰᠢᠵᠤ᠂ ᠤᠯᠠᠨ ᠵᠶ᠋ᠠᠷ ᠵᠶ᠋ᠠᠨ ᠠᠨᠠᠷ᠎ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠦᠵᠡᠰᠬᠦᠯᠡᠩᠲᠦ ᠰᠠᠢ᠌ᠬᠠᠨ ᠤᠮᠠᠷᠠᠲᠤ ᠬᠢᠯᠢ ᠵᠢ ᠬᠠᠮᠲᠤᠪᠠᠷ ᠪᠦᠲᠦᠭᠡᠨ ᠪᠠᠢ᠌ᠭᠤᠯᠵᠤ᠂ ᠰᠠᠢ᠍ᠢ᠍ᠨ ᠰᠠᠢ᠌ᠬᠠᠨ ᠠᠮᠢᠳᠤᠷᠠᠯ᠎ᠢ ᠬᠠᠮᠲᠤᠪᠠᠷ ᠴᠣᠭᠴᠠᠯᠠᠨ ᠪᠠᠢ᠌ᠭᠤᠯᠪᠠ ᠭᠡᠪᠡ᠃
      ᠰᠦᠨ ᠱᠤᠤ ᠴᠧᠩ᠂ ᠥᠪᠥᠷ ᠮᠣᠩᠭᠣᠯ᠎ᠤᠨ ᠭᠠᠵᠠᠷ ᠨᠤᠲᠤᠭ ᠥᠷᠭᠡᠨ ᠠᠭᠤᠳᠠᠮ᠂ ᠡᠬᠢ ᠪᠠᠶᠠᠯᠢᠭ ᠡᠯᠪᠡᠭ᠂ ᠥᠩᠭᠡ ᠦᠵᠡᠮᠵᠢ ᠰᠦᠷᠯᠢᠭ ᠰᠠᠢ᠌ᠬᠠᠨ᠂ ᠣᠷᠣᠨ ᠪᠠᠶ᠋ᠢᠷᠢ ᠳᠠᠪᠠᠭᠤᠯᠢᠭ᠂ ᠬᠥᠭᠵᠢᠯᠲᠡ ᠵᠢᠨ ᠨᠥᠬᠥᠴᠡᠯ ᠤᠯᠠᠨ᠎ᠠᠴᠠ ᠣᠨᠴᠠᠭ᠋ᠠᠢ᠂ ᠬᠥᠭᠵᠢᠯᠲᠡ ᠵᠢᠨ ᠢᠷᠡᠭᠡᠳᠦᠢ ᠥᠷᠭᠡᠨ ᠠᠭᠤᠳᠠᠮ ᠶᠤᠮ᠂ ᠪᠢᠳᠡ ᠳᠤᠷᠠᠲᠠᠶ᠎ᠠ ᠬᠣᠯᠪᠣᠭᠳᠠᠯ ᠪᠦᠬᠦᠢ ᠤᠯᠤᠰ ᠣᠷᠣᠨ᠎ᠲᠠᠢ ᠰᠣᠯᠢᠯᠴᠠᠭ᠎ᠠ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠰᠠᠢ᠍ᠢ᠍ᠨ ᠰᠠᠢ᠌ᠬᠠᠨ ᠢᠷᠡᠭᠡᠳᠦᠢ᠎ᠪᠠᠨ ᠬᠠᠮᠲᠤᠪᠠᠷ ᠴᠣᠭᠴᠠᠯᠠᠨ᠎ᠠ ᠭᠡᠵᠦ ᠬᠡᠯᠡᠪᠡ᠃
ᠰᠦᠨ ᠱᠤᠤ ᠴᠧᠩ ᠪᠠᠰᠠ ᠥᠪᠡᠷᠲᠡᠭᠡᠨ ᠵᠠᠰᠠᠬᠤ ᠣᠷᠣᠨ᠎ᠤ ᠬᠥᠭᠵᠢᠯᠲᠡ ᠵᠢᠨ ᠲᠤᠷᠰᠢᠯᠭ᠎ᠠ ᠪᠣᠯᠣᠨ ᠳᠠᠷᠠᠭ᠋ᠠᠴᠢ ᠵᠢᠨ ᠠᠯᠬᠤᠮ᠎ᠤᠨ ᠲᠥᠯᠥᠪᠯᠡᠭᠡ ᠵᠢᠨ ᠲᠤᠬᠠᠢ ᠬᠥᠲᠥᠯᠥᠭᠴᠢ ᠵᠢᠨ ᠠᠰᠠᠭᠤᠯᠲᠠ ᠵᠢ ᠬᠠᠷᠢᠭᠤᠯᠵᠠᠢ᠃
ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠢ ᠯᠢ ᠰᠢᠨ᠂ ᠶᠠᠩ ᠵᠢᠨ ᠠᠵᠢᠯᠯᠠᠭ᠎ᠠ᠎ᠳᠤ ᠣᠷᠣᠯᠴᠠᠪᠠ᠃

 

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ᠎ᠤᠨ ᠤᠨᠤᠯ ᠰᠤᠷᠤᠯᠴᠠᠬᠤ ᠭᠣᠣᠯ ᠳᠤᠭᠤᠢ᠌ᠯᠠᠩ (ᠥᠷᠭᠡᠳᠬᠡᠭᠰᠡᠨ)᠎ᠤᠨ 2024 ᠣᠨ᠎ᠤ 11 ᠳ᠋ᠦ᠍ᠭᠡᠷ ᠤᠳᠠᠭ᠎ᠠ ᠵᠢᠨ ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠪᠠ
2024 ᠣᠨ᠎ᠤ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠰᠤᠳᠤᠯᠤᠨ ᠶᠠᠷᠢᠯᠴᠠᠬᠤ ᠬᠤᠷᠠᠯ ᠪᠡᠭᠡᠵᠢᠩ᠎ᠳᠤ ᠬᠤᠷᠠᠯᠳᠤᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ᠎ᠤᠨ ᠤᠨᠤᠯ ᠰᠤᠷᠤᠯᠴᠠᠬᠤ ᠭᠣᠣᠯ ᠳᠤᠭᠤᠢ᠌ᠯᠠᠩ (ᠥᠷᠭᠡᠳᠬᠡᠭᠰᠡᠨ)᠎ᠤᠨ 2024 ᠣᠨ᠎ᠤ 12 ᠳ᠋ᠤᠭ᠋ᠠᠷ ᠤᠳᠠᠭ᠎ᠠ ᠵᠢᠨ ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ᠎ᠤᠨ ᠤᠨᠤᠯ ᠰᠤᠷᠤᠯᠴᠠᠬᠤ ᠭᠣᠣᠯ ᠳᠤᠭᠤᠢ᠌ᠯᠠᠩ (ᠥᠷᠭᠡᠳᠬᠡᠭᠰᠡᠨ)᠎ᠤᠨ 2025 ᠣᠨ᠎ᠤ ᠠᠩᠬᠠᠳᠤᠭ᠋ᠠᠷ ᠤᠳᠠᠭ᠎ᠠ ᠵᠢᠨ ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠪᠠ
2025 ᠣᠨ᠎ᠤ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠴᠢ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠎ᠤᠨ ᠬᠤᠷᠠᠯ ᠬᠤᠷᠠᠯᠳᠤᠪᠠ
 
             蒙ICP备05000248号