ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠵᠢᠷᠤᠬᠲᠦ᠍ ᠮᠡᠳᠡᠭᠡ
2024 ᠣᠨ᠎ᠤ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠰᠤᠳᠤᠯᠤᠨ ᠶᠠᠷᠢᠯᠴᠠᠬᠤ ᠬᠤᠷᠠᠯ ᠪᠡᠭᠡᠵᠢᠩ᠎ᠳᠤ ᠬᠤᠷᠠᠯᠳᠤᠪᠠ
ᠨᠡᠶ᠋ᠢᠲᠡᠯᠡᠭᠰᠡᠨ ᠴᠠᠭ᠄ 2024-12-05

      2024 ᠣᠨ᠎ᠤ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠰᠤᠳᠤᠯᠤᠨ ᠶᠠᠷᠢᠯᠴᠠᠬᠤ ᠬᠤᠷᠠᠯ 11 ᠰᠠᠷ᠎ᠠ ᠵᠢᠨ 29᠎ᠤ ᠡᠳᠦᠷ ᠪᠡᠭᠡᠵᠢᠩ᠎ᠳᠤ ᠬᠤᠷᠠᠯᠳᠤᠪᠠ᠃ ᠰᠤᠳᠤᠯᠤᠨ ᠶᠠᠷᠢᠯᠴᠠᠬᠤ ᠬᠤᠷᠠᠯ᠎ᠨᠢ 《ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠬᠤ》᠎ᠪᠠᠷ ᠭᠣᠣᠯ ᠰᠡᠳᠦᠪ ᠪᠣᠯᠭ᠋ᠠᠵᠤ᠂ ᠰᠤᠳᠤᠯᠤᠨ ᠶᠠᠷᠢᠯᠴᠠᠵᠤ ᠰᠣᠯᠢᠯᠴᠠᠭ᠎ᠠ ᠥᠷᠨᠢᠭᠦᠯᠬᠦ᠎ᠪᠠᠷ ᠳᠠᠮᠵᠢᠭᠤᠯᠵᠤ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠬᠤ᠎ᠳᠤ ᠣᠶᠤᠨ ᠤᠬᠠᠭ᠋ᠠᠨ ᠪᠠ ᠬᠦᠴᠦᠨ ᠴᠢᠳᠠᠯ ᠵᠶ᠋ᠠᠨ ᠡᠷᠭᠦᠵᠡᠢ᠃
      ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠰᠦᠨ ᠵᠢᠨ ᠯᠦᠩ᠂ ᠠᠷᠠᠳ᠎ᠤᠨ ᠡᠳᠦᠷ᠎ᠤᠨ ᠰᠣᠨᠢᠨ᠎ᠤ ᠬᠣᠷᠢᠶ᠎ᠠ ᠵᠢᠨ ᠶᠡᠷᠦᠩᠬᠡᠢ ᠨᠠᠢ᠌ᠷᠠᠭᠤᠯᠤᠭᠴᠢ ᠴᠧᠨ ᠵᠢᠶᠠᠨ ᠸᠧᠨ ᠰᠤᠳᠤᠯᠤᠨ ᠶᠠᠷᠢᠯᠴᠠᠬᠤ ᠬᠤᠷᠠᠯ᠎ᠤᠨ ᠭᠣᠣᠯ ᠶᠠᠷᠢᠶᠠᠨ᠎ᠤ ᠲᠠᠪᠴᠠᠩ᠎ᠳᠤ ᠣᠷᠣᠯᠴᠠᠵᠤ ᠶᠠᠷᠢᠶ᠎ᠠ ᠲᠠᠯᠪᠢᠵᠠᠢ᠃

图片01.jpg

      ᠰᠦᠨ ᠵᠢᠨ ᠯᠦᠩ ᠶᠠᠷᠢᠶᠠᠨ᠎ᠳᠠᠭᠠᠨ ᠵᠢᠭ᠋ᠠᠵᠤ ᠭᠠᠷᠭ᠋ᠠᠭᠰᠠᠨ᠎ᠨᠢ᠂ ᠰᠢᠨ᠎ᠡ ᠴᠠᠭ ᠦᠶ᠎ᠡ᠎ᠳᠤ ᠮᠠᠨ᠎ᠤ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠯᠤᠲᠤ ᠶᠡᠬᠡ ᠠᠮᠵᠢᠯᠲᠠ ᠪᠦᠲᠦᠮᠵᠢ ᠣᠯᠵᠤ᠂ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠭᠰᠠᠨ ᠠᠮᠢ ᠠᠬᠤᠢ ᠵᠢᠨ ᠭᠠᠶ᠋ᠢᠬᠠᠮᠰᠢᠭ ᠪᠣᠯᠣᠨ ᠪᠣᠬᠢᠷᠲᠤᠯ ᠦᠭᠡᠢ ᠬᠥᠭᠵᠢᠯᠲᠡ ᠵᠢᠨ ᠭᠠᠶ᠋ᠢᠬᠠᠮᠰᠢᠭ᠎ᠢ ᠡᠭᠦᠳᠦᠭᠰᠡᠨ᠎ᠤ ᠦᠨᠳᠦᠰᠦ᠎ᠨᠢ ᠶᠡᠷᠦᠩᠬᠡᠢ ᠱᠦᠵᠢ ᠰᠢ ᠵᠢᠨ ᠫᠢᠩ ᠵᠠᠮᠴᠢᠯᠠᠨ ᠵᠠᠯᠠᠭᠤᠷ᠎ᠢ ᠠᠳᠬᠤᠭᠰᠠᠨ᠎ᠳᠤ ᠪᠤᠢ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠣᠨᠴᠠᠭ᠋ᠠᠢ᠌ᠯᠠᠨ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠋ᠠᠨ᠎ᠤ ᠰᠢᠨᠵᠢᠯᠡᠬᠦ ᠤᠬᠠᠭ᠋ᠠᠨᠴᠢ ᠵᠢᠯᠣᠭᠣᠳᠤᠯᠭ᠎ᠠ᠎ᠳᠤ ᠪᠤᠢ᠂ ᠮᠥᠨ ᠴᠦ᠍ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠬᠦᠴᠦᠲᠡᠢ ᠲᠤᠯᠭ᠋ᠠᠭᠤᠷᠢᠯᠠᠯ ᠪᠣᠯᠣᠨ ᠪᠠᠲᠤᠯᠠᠭ᠎ᠠ᠎ᠠᠴᠠ ᠰᠠᠯᠵᠤ ᠴᠢᠳᠠᠬᠤ ᠦᠭᠡᠢ ᠶᠤᠮ᠃ ᠰᠢᠨ᠎ᠡ ᠴᠠᠭ ᠦᠶ᠎ᠡ ᠵᠢᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠮᠵᠢ ᠵᠢᠨ ᠥᠭᠡᠷᠡᠴᠢᠯᠡᠯᠲᠡ ᠢᠯᠡᠳᠲᠡ ᠦᠷ᠎ᠡ ᠪᠦᠲᠦᠮᠵᠢ ᠣᠯᠵᠤ᠂ ᠠᠮᠢ ᠠᠬᠤᠢ ᠵᠢᠨ ᠪᠣᠯᠪᠠᠰᠤᠨ᠎ᠤ ᠳᠦᠷᠢᠮ᠎ᠤᠨ ᠲᠣᠭᠲᠠᠯᠴᠠᠭ᠎ᠠ ᠵᠢ ᠰᠢᠰᠲ᠋ᠧᠮ᠎ᠤᠨ ᠴᠢᠨᠠᠷᠲᠠᠢ ᠲᠠᠬᠢᠨ ᠴᠣᠭᠴᠠᠯᠠᠬᠤ ᠵᠢ ᠪᠡᠶᠡᠯᠡᠭᠦᠯᠵᠦ᠂ ᠠᠮᠢ ᠠᠬᠤᠢ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠪᠠᠢ᠌ᠭᠤᠯᠤᠮᠵᠢ ᠵᠢᠨ ᠥᠭᠡᠷᠡᠴᠢᠯᠡᠯᠲᠡ ᠴᠢᠬᠤᠯᠠ ᠶᠡᠬᠡ ᠰᠢᠪᠲᠤᠯᠤᠯᠲᠠ᠎ᠲᠠᠢ ᠪᠣᠯᠵᠤ᠂ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ ᠵᠢᠨ ᠰᠢᠰᠲ᠋ᠧᠮ᠎ᠤᠨ ᠥᠭᠡᠷᠡᠴᠢᠯᠡᠯᠲᠡ ᠦᠷᠭᠦᠯᠵᠢᠯᠡᠨ ᠭᠦᠨᠵᠡᠭᠡᠢ᠌ᠷᠡᠵᠦ᠂ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ ᠶᠠᠪᠤᠴᠠ᠎ᠳᠠᠬᠢ ᠦᠵᠡᠰᠬᠦᠯᠡᠩᠲᠦ ᠰᠠᠢ᠌ᠬᠠᠨ ᠬᠠᠭᠤᠳᠠᠰᠤ ᠵᠢ ᠪᠢᠴᠢᠭᠯᠡᠵᠡᠢ᠃ ᠰᠢᠨ᠎ᠡ ᠴᠠᠭ ᠦᠶ᠎ᠡ ᠵᠢᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠦᠢ᠍ᠯᠡᠳᠦᠯᠭᠡ ᠵᠢ ᠳ᠋ᠦᠩᠨᠡᠬᠦ᠎ᠳᠤ ᠮᠠᠰᠢ ᠤᠯᠠᠨ ᠴᠢᠬᠤᠯᠠ ᠲᠤᠷᠰᠢᠯᠭ᠎ᠠ ᠰᠡᠩᠬᠡᠷᠡᠭᠦᠯᠦᠯ ᠪᠤᠢ᠃ ᠥᠭᠡᠷᠡᠴᠢᠯᠡᠯᠲᠡ ᠵᠢᠨ ᠤᠳᠤᠷᠢᠳᠤᠮᠵᠢ ᠵᠢ ᠳᠤᠪᠤᠢ᠍ᠢ᠍ᠯᠭ᠋ᠠᠵᠤ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠭᠦᠨ ᠳᠠᠪᠬᠤᠷᠭ᠎ᠠ ᠵᠢᠨ ᠠᠰᠠᠭᠤᠳᠠᠯ ᠵᠢᠴᠢ ᠪᠠᠢ᠌ᠭᠤᠯᠤᠮᠵᠢ ᠲᠣᠭᠲᠠᠴᠠ ᠵᠢᠨ ᠬᠠᠷᠰᠢ ᠰᠠᠭ᠋ᠠᠳ᠎ᠢ ᠡᠷᠡᠰ ᠠᠷᠢᠯᠭ᠋ᠠᠬᠤ ᠬᠡᠷᠡᠭᠲᠡᠢ; ᠥᠭᠡᠷᠡᠴᠢᠯᠡᠯᠲᠡ ᠵᠢᠨ ᠬᠥᠳᠡᠯᠭᠡᠬᠦ ᠬᠦᠴᠦᠨ᠎ᠢ ᠴᠢᠩᠭ᠋ᠠᠳᠬᠠᠵᠤ᠂ ᠠᠷᠠᠳ ᠤᠯᠠᠨ᠎ᠤ ᠠᠮᠢ ᠠᠬᠤᠢ ᠣᠷᠴᠢᠨ ᠲᠣᠭᠣᠷᠢᠨ᠎ᠤ ᠪᠤᠶᠠᠨ ᠵᠢᠷᠭ᠋ᠠᠯ᠎ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ; ᠥᠭᠡᠷᠡᠴᠢᠯᠡᠯᠲᠡ ᠵᠢᠨ ᠭᠣᠣᠯᠳᠠᠯᠭ᠎ᠠ ᠵᠢ ᠣᠨᠣᠪᠴᠢᠲᠠᠢ ᠡᠷᠢᠵᠦ᠂ ᠰᠢᠰᠲ᠋ᠧᠮ᠎ᠤᠨ ᠴᠤᠭᠯᠠᠷᠠᠯ᠂ ᠬᠠᠮᠵᠢᠯᠴᠠᠭᠰᠠᠨ ᠥᠨᠳᠥᠷ ᠪᠦᠲᠦᠮᠵᠢᠲᠡᠢ ᠠᠮᠢ ᠠᠬᠤᠢ ᠵᠢᠨ ᠪᠣᠯᠪᠠᠰᠤᠨ᠎ᠤ ᠳᠦᠷᠢᠮ᠎ᠤᠨ ᠰᠢᠰᠲ᠋ᠧᠮ᠎ᠢ ᠪᠠᠢ᠌ᠭᠤᠯᠬᠤ ᠬᠡᠷᠡᠭᠲᠡᠢ; ᠥᠭᠡᠷᠡᠴᠢᠯᠡᠯᠲᠡ ᠵᠢᠨ ᠠᠷᠭ᠎ᠠ ᠵᠢ ᠰᠠᠶ᠋ᠢᠲᠤᠷ ᠬᠡᠷᠡᠭᠯᠡᠵᠦ᠂ ᠰᠢᠰᠲ᠋ᠧᠮᠲᠦ ᠦᠵᠡᠯᠲᠡ᠎ᠪᠠᠷ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠤᠬᠠᠭ᠋ᠠᠯᠠᠨ ᠠᠬᠢᠭᠤᠯᠬᠤ ᠬᠡᠷᠡᠭᠲᠡᠢ᠃ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠠᠴᠠ 《ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢ᠌ᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠲᠣᠭᠲᠠᠭ᠋ᠠᠯ》᠎ᠢ ᠬᠢᠨᠠᠨ ᠪᠠᠲᠤᠯᠠᠵᠤ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠦᠲᠦᠭᠡᠨ ᠪᠠᠢ᠌ᠭᠤᠯᠬᠤ᠂ ᠬᠥᠮᠥᠨ ᠬᠢᠭᠡᠳ ᠪᠠᠶ᠋ᠢᠭ᠋ᠠᠯᠢ ᠵᠢᠨ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠰᠢᠬᠤ ᠵᠢ ᠠᠬᠢᠭᠤᠯᠬᠤ ᠵᠢ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ ᠶᠡᠷᠦᠩᠬᠡᠢ ᠬᠠᠷᠠᠯᠲᠠ ᠵᠢᠨ ᠴᠢᠬᠤᠯᠠ ᠲᠠᠯ᠎ᠠ ᠪᠣᠯᠭ᠋ᠠᠬᠤ᠎ᠪᠠᠷ ᠲᠣᠳᠣᠷᠬᠠᠢ ᠲᠣᠭᠲᠠᠭ᠋ᠠᠵᠤ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠭᠣᠣᠯᠳᠠᠯᠭ᠎ᠠ᠎ᠲᠠᠢ ᠡᠭᠦᠷᠭᠡ ᠪᠠ ᠴᠢᠬᠤᠯᠠ ᠶᠡᠬᠡ ᠠᠷᠭ᠎ᠠ ᠬᠡᠮᠵᠢᠶ᠎ᠡ ᠵᠢ ᠰᠢᠰᠲ᠋ᠧᠮ᠎ᠲᠠᠢ ᠪᠠᠢ᠌ᠷᠢᠯᠠᠭᠤᠯᠵᠤ᠂ ᠰᠢ ᠵᠢᠨ ᠫᠢᠩ ᠨᠥᠬᠥᠷ ᠵᠶ᠋ᠡᠷ ᠭᠣᠣᠯᠯᠠᠭᠤᠯᠤᠭᠰᠠᠨ ᠨᠠᠮ᠎ᠤᠨ ᠲᠥᠪ ᠬᠣᠷᠢᠶ᠎ᠠ᠎ᠠᠴᠠ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠠᠶ᠋ᠢᠬᠤ ᠪᠠ ᠪᠠᠢ᠌ᠯᠳᠤᠬᠤ ᠪᠣᠳᠣᠯᠭ᠎ᠠ ᠵᠢᠨ ᠲᠥᠯᠦᠪᠵᠢᠭᠦᠯᠭᠡ ᠵᠢ ᠭᠦᠢ᠍ᠴᠡᠳ ᠢᠯᠡᠷᠡᠭᠦᠯᠪᠡ᠃ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠵᠢᠨ ᠫᠢᠩ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ 《ᠬᠣᠶᠠᠷ᠎ᠢ ᠲᠣᠭᠲᠠᠭ᠋ᠠᠬᠤ》 ᠵᠢᠨ ᠰᠢᠢ᠍ᠳᠪᠦᠷᠢᠯᠡᠭᠴᠢ ᠠᠴᠢ ᠬᠣᠯᠪᠣᠭᠳᠠᠯ᠎ᠢ ᠭᠦᠨᠵᠡᠭᠡᠢ ᠣᠢ᠌ᠯᠠᠭ᠋ᠠᠵᠤ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠵᠦ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠦᠲᠦᠭᠡᠨ ᠪᠠᠢ᠌ᠭᠤᠯᠬᠤ ᠬᠠᠷᠠᠯᠲᠠ᠎ᠪᠠᠨ ᠲᠣᠭᠲᠠᠭ᠋ᠠᠵᠤ᠂ ᠠᠮᠢ ᠠᠬᠤᠢ ᠵᠢᠨ ᠪᠣᠯᠪᠠᠰᠤᠨ᠎ᠤ ᠰᠠᠭᠤᠷᠢ ᠪᠠᠢ᠌ᠭᠤᠯᠤᠮᠵᠢ ᠵᠢ ᠲᠡᠭᠦᠯᠳᠡᠷᠵᠢᠭᠦᠯᠵᠦ᠂ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ ᠵᠢᠨ ᠰᠢᠰᠲ᠋ᠧᠮ᠎ᠢ ᠲᠡᠭᠦᠯᠳᠡᠷᠵᠢᠭᠦᠯᠵᠦ᠂ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠣᠭᠲᠠᠴᠠ ᠵᠢ ᠪᠦᠷᠢᠨᠰᠢᠭᠦᠯᠵᠦ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠡᠯ᠎ᠡ ᠵᠦᠢ᠍ᠯ᠎ᠤᠨ ᠡᠭᠦᠷᠭᠡ ᠵᠢ ᠪᠣᠳᠠᠲᠠᠢ᠎ᠳᠤ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠠᠬᠢᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ ᠵᠢᠨ ᠣᠳᠣᠬᠢᠴᠢᠯᠠᠯᠲᠠ ᠵᠢᠨ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠬᠦ᠂ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠪᠦᠬᠦ ᠲᠠᠯ᠎ᠠ᠎ᠪᠠᠷ ᠪᠣᠬᠢᠷᠲᠤᠯ ᠦᠭᠡᠢ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠬᠤ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢᠨ ᠰᠢᠨ᠎ᠡ ᠪᠠᠢ᠌ᠷᠢᠰᠢᠯ᠎ᠢ ᠲᠦᠷᠭᠡᠨ ᠪᠠᠢ᠌ᠭᠤᠯᠬᠤ᠎ᠳᠤ ᠬᠦᠴᠦᠷᠬᠡᠭ ᠶᠡᠬᠡ ᠬᠥᠳᠡᠯᠭᠡᠬᠦ ᠬᠦᠴᠦᠨ ᠪᠠ ᠳᠦᠷᠢᠮ᠎ᠤᠨ ᠪᠠᠲᠤᠯᠠᠭ᠎ᠠ ᠬᠠᠩᠭ᠋ᠠᠬᠤ ᠬᠡᠷᠡᠭᠲᠡᠢ ᠭᠡᠪᠡ᠃
      ᠴᠧᠨ ᠵᠢᠶᠠᠨ ᠸᠧᠨ ᠶᠠᠷᠢᠶᠠᠨ᠎ᠳᠠᠭᠠᠨ᠂ ᠨᠡᠢ᠌ᠭᠡᠮ ᠵᠢᠷᠤᠮ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ᠎ᠨᠢ ᠰᠢᠨ᠎ᠡ ᠴᠠᠭ ᠦᠶ᠎ᠡ ᠵᠢᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠡᠯᠪᠡᠭ ᠪᠠᠶᠠᠯᠢᠭ ᠦᠢ᠍ᠯᠡᠳᠦᠯᠭᠡ ᠵᠢᠨ ᠲᠤᠷᠰᠢᠯᠭ᠎ᠠ ᠪᠣᠯᠣᠨ ᠴᠢᠬᠤᠯᠠ ᠤᠨᠤᠯ᠎ᠤᠨ ᠦᠷ᠎ᠡ ᠪᠦᠲᠦᠭᠡᠯ᠎ᠢ ᠨᠢᠭᠲᠠᠷᠠᠭᠤᠯᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢᠨ 《ᠵᠢᠷᠭᠤᠭ᠎ᠠ ᠵᠢ ᠡᠷᠬᠡᠪᠰᠢ ᠪᠠᠷᠢᠮᠲᠠᠯᠠᠬᠤ》 ᠶᠢᠷᠲᠢᠨᠴᠦ ᠵᠢᠨ ᠦᠵᠡᠯᠲᠡ ᠪᠣᠯᠣᠨ ᠠᠷᠭ᠎ᠠ ᠵᠢᠨ ᠤᠨᠤᠯ᠎ᠢ ᠠᠭᠤᠯᠵᠤ᠂ ᠰᠢᠨ᠎ᠡ ᠴᠠᠭ ᠦᠶ᠎ᠡ ᠵᠢᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ᠎ᠳᠤ ᠦᠨᠳᠦᠰᠦᠨ ᠵᠢᠷᠤᠮᠯᠠᠯ ᠬᠠᠩᠭ᠋ᠠᠵᠠᠢ᠃ ᠠᠷᠠᠳ᠎ᠤᠨ ᠡᠳᠦᠷ᠎ᠤᠨ ᠰᠣᠨᠢᠨ᠎ᠨᠢ ᠨᠠᠮ᠎ᠤᠨ ᠲᠥᠪ ᠬᠣᠷᠢᠶᠠᠨ᠎ᠤ ᠪᠠᠢ᠌ᠭᠤᠯᠭ᠎ᠠ ᠵᠢᠨ ᠰᠣᠨᠢᠨ ᠪᠣᠯᠤᠭᠰᠠᠨ᠎ᠤ ᠬᠤᠪᠢ᠎ᠳᠤ᠂ ᠳᠡᠭᠡᠭᠰᠢ᠎ᠪᠠᠨ ᠨᠠᠮ᠎ᠤᠨ ᠰᠡᠳᠬᠢᠯ᠎ᠲᠠᠢ ᠵᠣᠯᠭ᠋ᠠᠭᠤᠯᠵᠤ᠂ ᠳᠣᠷᠣᠭᠰᠢ᠎ᠪᠠᠨ ᠠᠷᠠᠳ᠎ᠤᠨ ᠰᠡᠳᠬᠢᠯ᠎ᠲᠠᠢ ᠬᠣᠯᠪᠣᠨ᠎ᠠ᠂ ᠰᠣᠨᠢᠨ ᠮᠡᠳᠡᠭᠡᠯᠡᠯ᠂ ᠰᠢᠭᠦᠮᠵᠢ ᠤᠨᠤᠯ᠎ᠤᠨ ᠵᠣᠬᠢᠶᠠᠯ ᠪᠣᠯᠣᠨ ᠬᠠᠮ ᠵᠠᠭᠤᠴᠢᠯᠠᠭᠤᠷ᠎ᠤᠨ ᠳᠠᠮᠵᠢᠭᠤᠯᠭ᠎ᠠ ᠵᠢᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ ᠤᠯᠠᠨ ᠲᠦᠮᠡᠨ᠎ᠤ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠲᠤᠭᠤᠰᠢᠯᠠᠭᠤᠯᠬᠤ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ᠎ᠳᠤ ᠣᠷᠣᠯᠴᠠᠬᠤ ᠭᠠᠯ ᠬᠠᠯᠠᠭᠤᠨ ᠦᠢ᠍ᠯᠡᠳᠦᠯᠭᠡ ᠪᠣᠯᠣᠨ ᠣᠶᠤᠨ ᠰᠠᠨᠠᠭ᠋ᠠᠨ᠎ᠤ ᠳᠦᠷᠰᠦ ᠪᠠᠶ᠋ᠢᠳᠠᠯ᠎ᠢ ᠪᠦᠬᠦ ᠲᠠᠯ᠎ᠠ᠎ᠪᠠᠷ ᠢᠯᠡᠷᠡᠭᠦᠯᠬᠦ ᠬᠡᠷᠡᠭᠲᠡᠢ᠃ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠤᠬᠠᠭᠤᠯᠤᠨ ᠲᠠᠢ᠌ᠯᠪᠤᠷᠢᠯᠠᠵᠤ᠂ ᠪᠦᠬᠦ ᠨᠠᠮ ᠪᠦᠬᠦ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠠᠬᠢᠭᠤᠯᠬᠤ ᠦᠵᠡᠯ ᠰᠠᠨᠠᠭ᠋ᠠᠨ᠎ᠤ ᠰᠠᠭᠤᠷᠢ ᠵᠢ ᠴᠢᠨᠠᠭᠰᠢᠳᠠ ᠪᠡᠬᠢᠵᠢᠭᠦᠯᠵᠦ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ ᠤᠯᠠᠨ ᠲᠦᠮᠡᠨ᠎ᠤ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠤᠯᠤᠰ ᠲᠥᠷᠥ ᠵᠢᠨ ᠤᠬᠠᠮᠰᠠᠷ᠂ ᠦᠵᠡᠯ ᠰᠠᠨᠠᠭ᠋ᠠᠨ᠎ᠤ ᠤᠬᠠᠮᠰᠠᠷ᠂ ᠠᠵᠢᠯᠯᠠᠭ᠋ᠠᠨ᠎ᠤ ᠤᠬᠠᠮᠰᠠᠷ᠎ᠢ ᠲᠠᠰᠤᠷᠠᠯᠲᠠ ᠦᠭᠡᠢ ᠴᠢᠩᠭ᠋ᠠᠳᠬᠠᠬᠤ ᠬᠡᠷᠡᠭᠲᠡᠢ᠃ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠲᠤᠬᠠᠢ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠰᠢᠨ᠎ᠡ ᠪᠠᠢ᠌ᠷᠢᠯᠠᠭᠤᠯᠤᠯᠲᠠ ᠰᠢᠨ᠎ᠡ ᠱᠠᠭ᠋ᠠᠷᠳᠠᠯᠭ᠎ᠠ ᠵᠢ ᠭᠦᠨᠵᠡᠭᠡᠢ ᠤᠬᠠᠭᠤᠯᠵᠤ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠦᠢ᠍ᠯᠡᠳᠦᠯᠭᠡ ᠵᠢ ᠭᠦᠨᠵᠡᠭᠡᠢ ᠶᠠᠷᠢᠵᠤ᠂ ᠬᠠᠮ ᠵᠠᠭᠤᠴᠢᠯᠠᠭᠤᠷ᠎ᠲᠤ ᠢᠯᠡᠷᠡᠭᠦᠯᠵᠦ᠂ ᠵᠥᠪ ᠲᠠᠯ᠎ᠠ ᠵᠢᠨ ᠤᠬᠠᠭᠤᠯᠭ᠎ᠠ ᠪᠣᠯᠣᠨ ᠶᠠᠷᠢᠶ᠎ᠠ ᠬᠡᠯᠡᠯᠴᠡᠭᠡᠨ᠎ᠤ ᠵᠢᠯᠣᠭᠣᠳᠤᠯᠭ᠎ᠠ ᠵᠢ ᠲᠠᠰᠤᠷᠠᠯᠳᠡ ᠦᠭᠡᠢ ᠴᠢᠩᠭ᠋ᠠᠳᠬᠠᠵᠤ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠬᠤ ᠬᠦᠴᠦᠷᠬᠡᠭ ᠶᠡᠬᠡ ᠬᠠᠮᠲᠤᠷᠠᠯ᠎ᠤᠨ ᠬᠦᠴᠦᠨ᠎ᠢ ᠴᠢᠨᠠᠭᠰᠢᠳᠠ ᠨᠢᠭᠲᠠᠷᠠᠭᠤᠯᠬᠤ ᠬᠡᠷᠡᠭᠲᠡᠢ᠃ 《ᠳᠥᠷᠪᠡᠨ ᠬᠦᠴᠦᠨ》᠎ᠢ ᠭᠦᠨᠵᠡᠭᠡᠢ ᠦᠢ᠍ᠯᠡᠳᠦᠯᠭᠡᠵᠢᠭᠦᠯᠵᠦ᠂ ᠦᠨᠳᠦᠰᠦᠨ ᠱᠠᠲᠤᠨ᠎ᠤ ᠡᠮᠦᠨ᠎ᠡ ᠹᠷᠣᠨᠲ᠎ᠲᠤ ᠭᠦᠨᠵᠡᠭᠡᠢ᠌ᠷᠡᠵᠦ᠂ ᠨᠡᠢ᠌ᠲᠡᠯᠢᠭ ᠵᠢᠱ᠌ᠢᠶ᠎ᠡ ᠵᠢ ᠣᠨᠣᠪᠴᠢᠲᠠᠢ ᠡᠷᠢᠵᠦ᠂ ᠨᠡᠢ᠌ᠲᠡᠯᠢᠭ ᠵᠢᠱ᠌ᠢᠶ᠎ᠡ ᠵᠢᠨ ᠮᠡᠳᠡᠭᠡᠯᠡᠯ᠎ᠢ ᠰᠠᠶ᠋ᠢᠲᠤᠷ ᠠᠳᠬᠤᠵᠤ᠂ ᠥᠯᠢᠭᠡᠷ ᠵᠶ᠋ᠡᠷ ᠦᠵᠡᠯ ᠰᠠᠨᠠᠭ᠎ᠠ ᠵᠢ ᠲᠠᠢ᠌ᠯᠪᠤᠷᠢᠯᠠᠵᠤ᠂ ᠦᠵᠡᠯ ᠰᠠᠨᠠᠭ᠎ᠠ᠎ᠪᠠᠷ ᠥᠯᠢᠭᠡᠷ᠎ᠢ ᠶᠡᠷᠦᠩᠬᠡᠢ᠌ᠯᠡᠨ ᠵᠢᠯᠤᠭᠣᠳᠴᠤ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠰᠡᠳᠬᠢᠯ᠎ᠳᠡᠭᠡᠨ ᠰᠢᠮᠡᠳᠬᠡᠵᠦ ᠵᠢᠷᠦᠬᠡᠨ᠎ᠳᠡᠭᠡᠨ ᠬᠠᠳᠠᠩᠰᠢᠭᠤᠯᠬᠤ ᠬᠡᠷᠡᠭᠲᠡᠢ᠃ ᠵᠠᠭᠤᠴᠢᠯᠠᠭᠤᠷ᠎ᠤᠨ ᠠᠭᠤᠰᠤᠯᠴᠠᠯ᠎ᠢ ᠦᠷᠭᠦᠯᠵᠢᠯᠡᠨ ᠠᠬᠢᠭᠤᠯᠵᠤ᠂ ᠭᠠᠳᠠᠭ᠋ᠠᠳᠤ᠎ᠳᠤ ᠤᠬᠠᠭᠤᠯᠤᠨ ᠲᠠᠨᠢᠯᠴᠠᠭᠤᠯᠬᠤ ᠵᠢ ᠴᠢᠩᠭ᠋ᠠᠳᠬᠠᠵᠤ᠂ ᠬᠠᠮ ᠵᠠᠭᠤᠴᠢᠯᠠᠭᠤᠷ᠎ᠤᠨ ᠦᠢ᠍ᠯᠡᠳᠪᠦᠷᠢᠯᠡᠯ ᠳᠠᠮᠵᠢᠭᠤᠯᠭ᠎ᠠ ᠵᠢᠨ ᠴᠢᠨᠠᠷ ᠴᠢᠨᠰᠠᠭ᠎ᠠ ᠦᠷ᠎ᠡ ᠪᠦᠲᠦᠮᠵᠢ ᠵᠢ ᠴᠢᠨᠠᠭᠰᠢᠳᠠ ᠳᠡᠭᠡᠭᠰᠢᠯᠡᠭᠦᠯᠵᠦ᠂ ᠰᠦᠯᠵᠢᠶᠡᠨ᠎ᠤ ᠣᠨᠴᠠᠯᠢᠭ᠎ᠲᠤ ᠨᠡᠢ᠌ᠴᠡᠭᠰᠡᠨ᠂ ᠤᠯᠠᠨ ᠲᠦᠮᠡᠨ᠎ᠤ ᠳᠤᠷ᠎ᠠ ᠪᠠᠬ᠎ᠠ ᠵᠢ ᠲᠠᠲᠠᠭᠰᠠᠨ ᠨᠡᠩ ᠤᠯᠠᠨ ᠰᠣᠳᠣᠨ ᠪᠦᠲᠦᠭᠡᠯ᠎ᠢ ᠪᠦᠲᠦᠭᠡᠵᠦ᠂ ᠳᠤᠮᠳᠠᠳᠤ ᠤᠯᠤᠰ᠎ᠤᠨ ᠪᠣᠬᠢᠷᠲᠤᠯ ᠦᠭᠡᠢ ᠬᠥᠭᠵᠢᠯᠲᠡ ᠵᠢ ᠪᠠᠷᠢᠮᠲᠠᠯᠠᠭᠰᠠᠨ᠂ ᠠᠮᠢ ᠠᠬᠤᠢ ᠵᠢᠨ ᠪᠣᠯᠪᠠᠰᠤᠨ᠎ᠢ ᠪᠠᠢ᠌ᠭᠤᠯᠤᠭᠰᠠᠨ ᠥᠯᠢᠭᠡᠷ᠎ᠢ ᠰᠠᠶ᠋ᠢᠲᠤᠷ ᠶᠠᠷᠢᠵᠤ᠂ ᠢᠲᠡᠭᠡᠮᠵᠢᠲᠡᠢ᠂ ᠬᠠᠢ᠌ᠷᠠᠯᠠᠯᠲᠠᠢ᠂ ᠬᠦᠨᠳᠦᠳᠬᠡᠭᠦᠰᠢᠲᠡᠢ ᠳᠤᠮᠳᠠᠳᠤ ᠤᠯᠤᠰ᠎ᠤᠨ ᠳᠦᠷᠢ ᠲᠥᠷᠬᠦ ᠵᠢ ᠢᠯᠡᠷᠡᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠳᠡᠳ᠋ ᠰᠠᠢ᠌ᠳ᠂ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ ᠵᠤᠤ ᠶᠢᠩ ᠮᠢᠨ ᠰᠤᠳᠤᠯᠤᠨ ᠶᠠᠷᠢᠯᠴᠠᠬᠤ ᠬᠤᠷᠠᠯ᠎ᠤᠨ ᠭᠣᠣᠯ ᠶᠠᠷᠢᠶᠠᠨ᠎ᠤ ᠲᠠᠪᠴᠠᠩ᠎ᠢ ᠡᠷᠬᠢᠯᠡᠪᠡ᠃ ᠲᠥᠪ᠎ᠤᠨ ᠨᠠᠮ᠎ᠤᠨ ᠰᠤᠷᠭ᠋ᠠᠭᠤᠯᠢ (ᠤᠯᠤᠰ᠎ᠤᠨ ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ) ᠵᠢᠨ ᠳᠡᠳ᠋ ᠵᠠᠬᠢᠷᠤᠯ (ᠳᠡᠭᠡᠳᠦ ᠰᠤᠷᠭ᠋ᠠᠭᠤᠯᠢ ᠵᠢᠨ ᠳᠡᠳ᠋ ᠵᠠᠬᠢᠷᠤᠯ) ᠬᠥᠩ ᠸᠧᠢ ᠪᠢᠨ᠂ ᠲᠥᠪ᠎ᠤᠨ ᠨᠠᠮ᠎ᠤᠨ ᠲᠡᠦᠬᠡ ᠪᠣᠯᠣᠨ ᠲᠤᠯᠭᠤᠷ ᠪᠢᠴᠢᠭ᠎ᠤᠨ ᠰᠤᠳᠤᠯᠭ᠋ᠠᠨ᠎ᠤ ᠬᠦᠷᠢᠶᠡᠯᠡᠩ᠎ᠤᠨ ᠳᠡᠳ᠋ ᠳᠠᠷᠤᠭ᠎ᠠ ᠬᠤᠸᠠᠩ ᠢ ᠪᠢᠩ᠂ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠣᠷᠴᠢᠨ ᠲᠣᠭᠣᠷᠢᠨ᠎ᠤ ᠡᠬᠢ ᠪᠠᠶᠠᠯᠢᠭ᠎ᠤᠨ ᠵᠥᠪᠯᠡᠯ᠎ᠤᠨ ᠳᠡᠳ᠋ ᠡᠷᠬᠢᠯᠡᠭᠴᠢ ᠭᠡᠰᠢᠭᠦᠨ ᠸᠠᠩ ᠬᠣᠩ᠂ ᠳᠤᠮᠳᠠᠳᠤ ᠤᠯᠤᠰ᠎ᠤᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠳᠡᠳ᠋ ᠳᠠᠷᠤᠭ᠎ᠠ᠂ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ ᠸᠠᠩ ᠴᠠᠩ ᠯᠢᠨ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠥᠭᠵᠢᠯᠲᠡ ᠵᠢᠨ ᠰᠤᠳᠤᠯᠭ᠋ᠠᠨ᠎ᠤ ᠲᠥᠪ᠎ᠤᠨ ᠳᠡᠳ᠋ ᠡᠷᠬᠢᠯᠡᠭᠴᠢ᠂ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ ᠯᠦᠩ ᠭᠥᠸᠧ ᠴᠢᠶᠠᠩ᠂ ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠢᠨ ᠰᠤᠳᠤᠯᠭ᠋ᠠᠨ᠎ᠤ ᠲᠣᠪᠴᠢᠶ᠎ᠠ ᠵᠢᠨ ᠳᠠᠷᠤᠭ᠎ᠠ ᠸᠠᠩ ᠰᠢᠨ ᠭᠣᠣᠯ ᠶᠠᠷᠢᠶᠠᠨ᠎ᠤ ᠲᠠᠪᠴᠠᠩ᠎ᠳᠤ ᠭᠣᠣᠯ ᠵᠤᠷᠢᠯᠳᠠᠳᠤ ᠶᠠᠷᠢᠶ᠎ᠠ ᠲᠠᠯᠪᠢᠵᠠᠢ᠃
      ᠰᠤᠳᠤᠯᠤᠨ ᠶᠠᠷᠢᠯᠴᠠᠬᠤ ᠬᠤᠷᠠᠯ᠎ᠢ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠠᠴᠠ ᠭᠣᠣᠯᠯᠠᠨ ᠡᠷᠭᠢᠯᠡᠵᠦ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠋ᠠᠨ᠎ᠤ ᠰᠤᠳᠤᠯᠭ᠋ᠠᠨ᠎ᠤ ᠲᠥᠪ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠣᠷᠴᠢᠨ ᠲᠣᠭᠣᠷᠢᠨ ᠬᠢᠭᠡᠳ ᠠᠵᠤ ᠠᠬᠤᠢ ᠵᠢᠨ ᠲᠥᠷᠥ ᠵᠢᠨ ᠪᠣᠳᠣᠯᠭ᠎ᠠ ᠵᠢᠨ ᠰᠤᠳᠤᠯᠭ᠋ᠠᠨ᠎ᠤ ᠲᠥᠪ᠎ᠠᠴᠠ ᠳᠠᠭ᠋ᠠᠭ᠋ᠠᠴᠢᠯᠠᠨ ᠡᠷᠬᠢᠯᠡᠵᠦ᠂ ᠭᠣᠣᠯ ᠶᠠᠷᠢᠶᠠᠨ᠎ᠤ ᠲᠠᠪᠴᠠᠩ ᠪᠣᠯᠣᠨ 《ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢᠨ ᠤᠨᠤᠯ᠎ᠤᠨ ᠰᠢᠨ᠎ᠡ ᠲᠠᠢ᠌ᠯᠪᠤᠷᠢᠯᠠᠯᠲᠠ》᠂ 《ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠪᠦᠬᠦ ᠲᠠᠯ᠎ᠠ᠎ᠪᠠᠷ ᠪᠣᠬᠢᠷᠲᠤᠯ ᠦᠭᠡᠢ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠬᠤ》᠂ 《ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠦᠲᠦᠭᠡᠨ ᠪᠠᠢ᠌ᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ》᠂ 《ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠳᠡᠯᠡᠬᠡᠢ᠎ᠳᠤ ᠤᠯᠠᠮᠵᠢᠯᠠᠬᠤ ᠪᠠ ᠦᠭᠡ ᠶᠠᠷᠢᠶ᠎ᠠ ᠵᠢ ᠪᠠᠢ᠌ᠭᠤᠯᠬᠤ》 4 ᠵᠡᠷᠭᠡᠴᠡᠭᠡ ᠬᠤᠪᠢᠶᠠᠷᠢ ᠶᠠᠷᠢᠶᠠᠨ᠎ᠤ ᠲᠠᠪᠴᠠᠩ᠎ᠢ ᠲᠣᠬᠢᠷᠠᠭᠤᠯᠪᠠ᠃
      ᠪᠡᠭᠡᠵᠢᠩ᠂ ᠲᠢᠶᠠᠨᠵᠢᠨ᠂ ᠥᠪᠥᠷ ᠮᠣᠩᠭᠣᠯ᠂ ᠱᠠᠩᠬᠠᠢ᠂ ᠵᠧᠵᠢᠶᠠᠩ᠂ ᠹᠦᠵᠢᠶᠠᠨ᠂ ᠱᠠᠨᠳᠦ᠋ᠩ᠂ ᠭᠤᠸᠠᠩᠰᠢ᠂ ᠶᠦᠨᠨᠠᠨ᠂ ᠱᠠᠨᠰᠢ᠂ ᠭᠠᠨᠰᠤ᠂ ᠬᠥᠬᠡᠨᠠᠭᠤᠷ᠂ ᠨᠢᠩᠰᠢᠶᠠ ᠵᠡᠷᠭᠡ ᠮᠤᠵᠢ (ᠣᠷᠣᠨ᠂ ᠬᠤᠳᠠ) ᠵᠢᠨ ᠠᠷᠠᠳ᠎ᠤᠨ ᠵᠠᠰᠠᠭ᠎ᠤᠨ ᠣᠷᠳᠣᠨ᠎ᠤ ᠬᠠᠷᠢᠭᠤᠴᠠᠯᠭ᠋ᠠᠲᠠᠨ ᠨᠥᠬᠥᠳ᠂ ᠲᠥᠪ᠎ᠤᠨ ᠲᠥᠷᠥ ᠵᠢᠨ ᠪᠣᠳᠣᠯᠭ᠎ᠠ ᠰᠤᠳᠤᠯᠬᠤ ᠲᠠᠰᠤᠭ᠂ ᠲᠥᠪ᠎ᠤᠨ ᠡᠳ᠋᠎ᠤᠨ ᠵᠠᠰᠠᠭ᠎ᠤᠨ ᠠᠵᠢᠯ᠎ᠤᠨ ᠠᠯᠪᠠᠨ ᠭᠡᠷ᠂ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠣᠷᠴᠢᠨ ᠲᠣᠭᠣᠷᠢᠨ ᠪᠠ ᠡᠬᠢ ᠪᠠᠶᠠᠯᠢᠭ᠎ᠤᠨ ᠬᠠᠮᠠᠭ᠋ᠠᠯᠠᠯᠲᠠ ᠵᠢᠨ ᠠᠵᠢᠯ᠎ᠤᠨ ᠵᠥᠪᠯᠡᠯ᠂ ᠪᠥᠬᠥ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠣᠷᠴᠢᠨ ᠲᠣᠭᠣᠷᠢᠨ᠎ᠤ ᠠᠵᠢᠯ᠎ᠤᠨ ᠵᠥᠪᠯᠡᠯ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠶᠠᠮᠤᠨ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠂ ᠤᠰᠤᠨ ᠠᠰᠢᠭᠯᠠᠯᠲᠠ ᠵᠢᠨ ᠶᠠᠮᠤᠨ᠂ ᠲᠠᠷᠢᠶᠠᠯᠠᠩ ᠬᠥᠳᠡᠭᠡ ᠲᠣᠰᠬᠤᠨ᠎ᠤ ᠶᠠᠮᠤᠨ᠂ ᠳᠤᠮᠳᠠᠳᠤ ᠤᠯᠤᠰ᠎ᠤᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠥᠭᠵᠢᠯᠲᠡ ᠵᠢᠨ ᠰᠤᠳᠤᠯᠭ᠋ᠠᠨ᠎ᠤ ᠲᠥᠪ᠂ ᠳᠤᠮᠳᠠᠳᠤ ᠤᠯᠤᠰ᠎ᠤᠨ ᠭᠠᠳᠠᠭ᠋ᠠᠳᠤ ᠪᠢᠴᠢᠭ᠎ᠤᠨ ᠲᠣᠪᠴᠢᠶ᠎ᠠ ᠵᠢᠨ ᠬᠠᠮᠢᠶ᠎ᠠ ᠪᠦᠬᠦᠢ ᠵᠤᠷᠭ᠋ᠠᠨ ᠲᠣᠪᠴᠢᠶ᠎ᠠ ᠪᠠ ᠨᠢᠭᠡᠴᠢ ᠵᠢᠨ ᠬᠠᠷᠢᠭᠤᠴᠠᠯᠭ᠋ᠠᠲᠠᠨ ᠨᠥᠬᠥᠳ᠂ ᠬᠡᠰᠡᠭ ᠮᠤᠵᠢ (ᠣᠷᠣᠨ᠂ ᠬᠤᠳᠠ) ᠵᠢᠨ ᠠᠮᠢ ᠠᠬᠤᠢ ᠣᠷᠴᠢᠨ ᠲᠣᠭᠣᠷᠢᠨ᠎ᠤ ᠲᠢᠩᠬᠢᠮ (ᠲᠣᠪᠴᠢᠶ᠎ᠠ)᠎ᠤᠨ ᠬᠠᠷᠢᠭᠤᠴᠠᠯᠭ᠋ᠠᠲᠠᠨ ᠨᠥᠬᠥᠳ ᠪᠣᠯᠣᠨ ᠬᠣᠯᠪᠣᠭᠳᠠᠯ ᠪᠦᠬᠦᠢ ᠲᠤᠰᠬᠠᠢ ᠣᠷᠣᠨ ᠬᠤᠳᠠ ᠵᠢᠨ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠬᠠᠷᠢᠭᠤᠴᠠᠯᠭ᠋ᠠᠲᠠᠨ ᠨᠥᠬᠥᠳ᠂ ᠬᠡᠰᠡᠭ ᠲᠥᠪ᠎ᠠᠴᠠ ᠵᠥᠪᠰᠢᠶᠡᠷᠡᠨ ᠪᠠᠢ᠌ᠭᠤᠯᠤᠭᠰᠠᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠋ᠠᠨ᠎ᠤ ᠰᠤᠳᠤᠯᠭ᠋ᠠᠨ᠎ᠤ ᠲᠥᠪ (ᠬᠦᠷᠢᠶᠡᠯᠡᠩ)᠂ ᠬᠡᠰᠡᠭ ᠲᠥᠪ᠎ᠤᠨ ᠵᠠᠭᠤᠴᠢᠯᠠᠭᠤᠷ᠎ᠤᠨ ᠪᠠᠢ᠌ᠭᠤᠯᠤᠮᠵᠢ᠂ ᠰᠤᠳᠤᠯᠭ᠋ᠠᠨ᠎ᠤ ᠪᠠᠢ᠌ᠭᠤᠯᠤᠮᠵᠢ᠂ ᠶᠡᠬᠡ ᠳᠡᠭᠡᠳᠦ ᠰᠤᠷᠭ᠋ᠠᠭᠤᠯᠢ᠂ ᠠᠵᠤ ᠠᠬᠤᠢ᠌ᠯᠠᠯ᠎ᠤᠨ ᠬᠠᠷᠢᠭᠤᠴᠠᠯᠭ᠋ᠠᠲᠠᠨ ᠨᠥᠬᠥᠳ ᠪᠣᠯᠣᠨ ᠲᠤᠰᠬᠠᠢ ᠮᠡᠷᠭᠡᠵᠢᠯᠲᠡᠨ᠎ᠤ ᠲᠥᠯᠥᠭᠡᠯᠡᠭᠴᠢ᠂ ᠵᠠᠭᠤᠴᠢᠯᠠᠭᠤᠷ᠎ᠤᠨ ᠰᠤᠷᠪᠤᠯᠵᠢᠯᠠᠭᠴᠢ ᠨᠠᠷ ᠬᠤᠷᠠᠯ᠎ᠳᠤ ᠣᠷᠣᠯᠴᠠᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ᠎ᠤᠨ ᠤᠨᠤᠯ ᠰᠤᠷᠤᠯᠴᠠᠬᠤ ᠭᠣᠣᠯ ᠳᠤᠭᠤᠢ᠌ᠯᠠᠩ (ᠥᠷᠭᠡᠳᠬᠡᠭᠰᠡᠨ)᠎ᠤᠨ 2024 ᠣᠨ᠎ᠤ 12 ᠳ᠋ᠤᠭ᠋ᠠᠷ ᠤᠳᠠᠭ᠎ᠠ ᠵᠢᠨ ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ᠎ᠤᠨ ᠤᠨᠤᠯ ᠰᠤᠷᠤᠯᠴᠠᠬᠤ ᠭᠣᠣᠯ ᠳᠤᠭᠤᠢ᠌ᠯᠠᠩ (ᠥᠷᠭᠡᠳᠬᠡᠭᠰᠡᠨ)᠎ᠤᠨ 2025 ᠣᠨ᠎ᠤ ᠠᠩᠬᠠᠳᠤᠭ᠋ᠠᠷ ᠤᠳᠠᠭ᠎ᠠ ᠵᠢᠨ ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠪᠠ
2025 ᠣᠨ᠎ᠤ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠴᠢ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠎ᠤᠨ ᠬᠤᠷᠠᠯ ᠬᠤᠷᠠᠯᠳᠤᠪᠠ
ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢ᠌ᠭᠤᠯᠭ᠎ᠠ ᠵᠢᠨ ᠨᠢᠭᠡᠳᠦᠭᠡᠷ ᠨᠠᠮ᠎ᠤᠨ ᠪᠠᠢ᠌ᠭᠤᠯᠤᠯᠲᠠ ᠵᠢᠨ ᠬᠠᠷᠢᠯᠴᠠᠬᠤ ᠬᠡᠰᠡᠭ᠎ᠤᠨ ᠳᠤᠭᠤᠢ᠌ᠯᠠᠩ᠎ᠤᠨ ᠠᠵᠢᠯ᠎ᠢ ᠵᠣᠬᠢᠴᠠᠭᠤᠯᠬᠤ ᠬᠤᠷᠠᠯ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠳᠤ ᠬᠤᠷᠠᠯᠳᠤᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠡᠬᠢᠯᠡᠭᠦᠯᠪᠡ
 
             蒙ICP备05000248号