
ᠵᠢᠷᠤᠭ ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠸᠠᠩ ᠸᠠᠩ ᠱᠧᠩ 2024 ᠣᠨ᠎ᠤ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠴᠢ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠎ᠤᠨ ᠬᠤᠷᠠᠯ ᠳᠡᠭᠡᠷ᠎ᠡ ᠶᠠᠷᠢᠶ᠎ᠠ ᠲᠠᠯᠪᠢᠵᠤ ᠪᠠᠢ᠌ᠭ᠎ᠠ᠎ᠨᠢ᠃
ᠶᠡᠷᠦᠩᠬᠡᠢ ᠱᠦᠵᠢ ᠰᠢ ᠵᠢᠨ ᠫᠢᠩ᠂ ᠥᠪᠥᠷ ᠮᠣᠩᠭᠣᠯ᠎ᠢ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠪᠣᠯᠭ᠋ᠠᠨ ᠪᠦᠲᠦᠭᠡᠨ ᠪᠠᠢ᠌ᠭᠤᠯᠬᠤ ᠪᠣᠯ ᠪᠥᠬᠥ ᠤᠯᠤᠰ᠎ᠤᠨ ᠬᠥᠭᠵᠢᠯᠲᠡ ᠵᠢᠨ ᠶᠡᠬᠡ ᠲᠠᠯ᠎ᠠ᠎ᠳᠤ ᠰᠠᠭᠤᠷᠢᠯᠠᠨ ᠲᠣᠭᠲᠠᠭ᠋ᠠᠭᠰᠠᠨ ᠪᠠᠢ᠌ᠯᠳᠤᠬᠤ ᠪᠣᠳᠣᠯᠭ᠎ᠠ ᠵᠢᠨ ᠪᠠᠶ᠋ᠢᠷᠢ ᠲᠣᠭᠲᠠᠭ᠋ᠠᠯᠲᠠ ᠮᠥᠨ᠂ ᠪᠠᠰᠠ ᠴᠤ᠌ ᠥᠪᠥᠷ ᠮᠣᠩᠭᠣᠯ᠎ᠤᠨ ᠡᠷᠬᠡᠪᠰᠢ ᠤᠬᠠᠮᠰᠠᠷ᠎ᠠᠴᠠ᠎ᠪᠠᠨ ᠡᠭᠦᠷᠭᠡᠯᠡᠬᠦ ᠬᠡᠷᠡᠭᠲᠡᠶ ᠴᠢᠬᠤᠯᠠ ᠶᠡᠬᠡ ᠬᠠᠷᠢᠭᠤᠴᠠᠯᠭ᠎ᠠ ᠮᠥᠨ᠃ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠬᠤ ᠪᠣᠯ ᠥᠪᠥᠷ ᠮᠣᠩᠭᠣᠯ᠎ᠤᠨ ᠡᠷᠬᠡᠪᠰᠢ ᠪᠠᠲᠤ ᠴᠡᠭᠡᠵᠢᠯᠡᠬᠦ ᠬᠡᠷᠡᠭᠲᠡᠢ 《ᠤᠯᠤᠰ᠎ᠤᠨ ᠶᠡᠬᠡ ᠶᠠᠪᠤᠳᠠᠯ》 ᠪᠣᠯᠣᠨ᠎ᠠ ᠭᠡᠵᠦ ᠵᠢᠭ᠋ᠠᠵᠤ ᠭᠠᠷᠭ᠋ᠠᠪᠠ᠃
2024 ᠣᠨ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠨᠢ ᠥᠪᠡᠷᠲᠡᠭᠡᠨ ᠵᠠᠰᠠᠬᠤ ᠣᠷᠣᠨ᠎ᠤ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠣᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠥᠭᠭᠦᠭᠰᠡᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠪᠦᠬᠦ ᠤᠯᠤᠰ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠬᠡ ᠬᠤᠷᠠᠯ᠂ ᠬᠣᠷᠢᠳᠤᠭ᠋ᠠᠷ ᠬᠤᠭᠤᠴᠠᠭ᠋ᠠᠨ᠎ᠤ ᠬᠣᠶᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠂ ᠬᠣᠷᠢᠳᠤᠭ᠋ᠠᠷ ᠬᠤᠭᠤᠴᠠᠭ᠋ᠠᠨ᠎ᠤ ᠲᠥᠪ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠣᠶᠠᠳᠤᠭ᠋ᠠᠷ ᠤᠳᠠᠭ᠋ᠠᠨ᠎ᠤ ᠠᠷᠢᠭᠤᠨ ᠴᠢᠬᠡᠴᠢ᠎ᠪᠠᠷ ᠵᠠᠰᠠᠭ ᠪᠠᠷᠢᠬᠤ ᠠᠵᠢᠯ᠎ᠤᠨ ᠬᠤᠷᠠᠯ ᠪᠣᠯᠣᠨ ᠪᠦᠬᠦ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠎ᠤᠨ ᠬᠤᠷᠠᠯ ᠵᠡᠷᠭᠡ ᠠᠯᠢ ᠤᠯᠠᠨ ᠴᠢᠬᠤᠯᠠ ᠬᠤᠷᠠᠯ᠎ᠤᠨ ᠪᠠᠢ᠌ᠷᠢᠯᠠᠭᠤᠯᠤᠯᠲᠠ ᠵᠢᠴᠢ 《ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠬᠤ ᠲᠤᠬᠠᠢ ᠨᠠᠮ᠎ᠤᠨ ᠲᠥᠪ ᠬᠣᠷᠢᠶ᠎ᠠ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ》 《ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ》 ᠵᠡᠷᠭᠡ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ᠎ᠪᠠᠷ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠡᠨᠡᠬᠦ ᠠᠵᠢᠯ᠎ᠤᠨ ᠭᠣᠣᠯ ᠱᠤᠭᠤᠮ᠎ᠤᠨ ᠲᠣᠭᠣᠷᠢᠨ᠎ᠳᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠠᠵᠤ ᠦᠢ᠍ᠯᠡᠰ᠎ᠤᠨ ᠪᠦᠲᠦᠴᠡ ᠵᠢ ᠲᠣᠬᠢᠷᠠᠭᠤᠯᠬᠤ᠂ ᠪᠣᠬᠢᠷᠲᠤᠯ᠎ᠢ ᠵᠠᠰᠠᠬᠤ᠂ ᠠᠮᠢ ᠠᠬᠤᠢ ᠵᠢ ᠬᠠᠮᠠᠭ᠋ᠠᠯᠠᠬᠤ᠂ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠵᠢ ᠨᠢᠭᠡᠳᠦᠯᠲᠡᠢ ᠲᠥᠯᠥᠪᠵᠢᠭᠦᠯᠵᠦ᠂ ᠨᠠᠭᠦᠷᠡᠰᠦᠲᠦ᠋ᠷᠦᠭᠴᠢ ᠵᠢ ᠪᠠᠭ᠋ᠠᠰᠬᠠᠬᠤ᠂ ᠪᠣᠬᠢᠷᠲᠤᠯ᠎ᠢ ᠪᠠᠭ᠋ᠠᠰᠬᠠᠬᠤ᠂ ᠨᠣᠭᠣᠭ᠋ᠠᠷᠠᠭᠤᠯᠤᠯᠲᠠ ᠵᠢ ᠥᠷᠭᠡᠳᠬᠡᠬᠦ᠂ ᠨᠡᠮᠡᠭᠳᠡᠯ᠎ᠢ ᠲᠦᠷᠭᠡᠳᠬᠡᠬᠦ ᠵᠢ ᠬᠠᠮᠵᠢᠯᠴᠠᠨ ᠠᠬᠢᠭᠤᠯᠵᠤ᠂ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠵᠦ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ 《ᠲᠠᠪᠤᠨ ᠶᠡᠬᠡ ᠡᠭᠦᠷᠭᠡ》 ᠪᠣᠯᠣᠨ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠬᠤ ᠬᠣᠶᠠᠷ ᠶᠡᠬᠡ ᠶᠠᠪᠤᠳᠠᠯ᠎ᠢ ᠰᠠᠶ᠋ᠢᠲᠤᠷ ᠬᠢᠵᠦ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠦᠲᠦᠭᠡᠨ ᠪᠠᠢ᠌ᠭᠤᠯᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠬᠦ᠎ᠪᠠᠷ ᠴᠢᠷᠮᠠᠢ᠌ᠬᠤ ᠪᠣᠯᠣᠨ᠎ᠠ᠃
ᠨᠢᠭᠡ᠎ᠳᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ᠎ᠳᠤ ᠲᠦᠷᠦᠭᠦᠯᠡᠨ ᠶᠡᠷᠦᠩᠬᠡᠢ᠌ᠯᠡᠨ ᠠᠳᠬᠤᠬᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠎ᠠ᠃ ᠶᠡᠷᠦᠩᠬᠡᠢ ᠱᠦᠵᠢ ᠰᠢ ᠵᠢᠨ ᠫᠢᠩ᠎ᠤᠨ ᠪᠦᠬᠦ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠣᠨ ᠪᠦᠬᠦ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠬᠤᠷᠠᠯ᠂ ᠪᠦᠬᠦ ᠣᠷᠣᠨ᠎ᠤ ᠭᠣᠣᠯᠳᠠᠯᠭ᠎ᠠ᠎ᠲᠠᠢ ᠠᠵᠢᠯ᠎ᠢ ᠠᠬᠢᠭᠤᠯᠬᠤ ᠬᠤᠷᠠᠯ᠎ᠤᠨ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ ᠬᠠᠷᠭᠤᠭᠤᠯᠵᠤ᠂ ᠬᠠᠷᠢᠭᠤᠴᠠᠯᠭ᠎ᠠ ᠵᠢ ᠮᠡᠳᠡᠵᠦ᠂ ᠬᠠᠷᠢᠭᠤᠴᠠᠯᠭ᠎ᠠ ᠵᠢ ᠲᠣᠳᠣᠷᠬᠠᠢ᠌ᠯᠠᠵᠤ᠂ ᠬᠠᠷᠢᠭᠤᠴᠠᠯᠭ᠎ᠠ ᠵᠢ ᠡᠭᠦᠷᠭᠡᠯᠡᠵᠦ᠂ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ ᠪᠦᠬᠦ ᠡᠯᠧᠮᠧᠨ᠋ᠲ᠎ᠢ ᠪᠦᠬᠦ ᠲᠠᠯ᠎ᠠ᠎ᠪᠠᠷ ᠵᠠᠰᠠᠬᠤ ᠶᠠᠪᠤᠴᠠ᠎ᠳᠠᠬᠢ ᠲᠦᠷᠦᠭᠦᠯᠡᠨ ᠶᠡᠷᠦᠩᠬᠡᠢ ᠶᠠᠪᠤᠳᠠᠯ᠎ᠢ ᠠᠳᠬᠤᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠎ᠠ᠃ ᠳᠡᠭᠡᠷ᠎ᠡ ᠳᠣᠣᠷ᠎ᠠ ᠱᠠᠲᠤ ᠵᠢ ᠵᠣᠯᠭ᠋ᠠᠭᠤᠯᠬᠤ᠂ ᠵᠡᠭᠦᠨᠰᠢ ᠪᠠᠷᠠᠭᠤᠨᠰᠢ ᠨᠡᠪᠲᠡᠷᠡᠯᠴᠡᠬᠦ ᠵᠢ ᠬᠦᠴᠦ ᠲᠠᠯᠪᠢᠨ ᠰᠠᠶ᠋ᠢᠲᠤᠷ ᠬᠢᠵᠦ᠂ ᠳᠦᠷᠢᠮ᠎ᠢ ᠲᠡᠭᠦᠯᠳᠡᠷᠵᠢᠭᠦᠯᠵᠦ᠂ ᠲᠣᠭᠲᠠᠴᠠ ᠵᠢ ᠲᠡᠭᠦᠯᠳᠡᠷᠵᠢᠭᠦᠯᠵᠦ᠂ ᠰᠢᠰᠲ᠋ᠧᠮ᠎ᠲᠠᠢ ᠲᠡᠭᠦᠯᠳᠡᠷᠵᠢᠭᠰᠡᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠳᠤᠷᠢᠳᠬᠤ ᠬᠠᠷᠢᠭᠤᠴᠠᠯᠭ᠎ᠠ᠂ ᠬᠠᠤᠯᠢᠵᠢᠯ᠎ᠤᠨ ᠪᠠᠢ᠌ᠭᠤᠯᠤᠯᠲᠠ᠂ ᠬᠢᠨᠠᠨ ᠬᠡᠮᠵᠢᠵᠦ ᠦᠨᠡᠯᠡᠨ ᠵᠢᠱ᠌ᠢᠬᠦ᠂ ᠪᠦᠬᠦ ᠲᠠᠯ᠎ᠠ᠎ᠪᠠᠷ ᠬᠢᠨᠠᠯᠲᠠ ᠲᠠᠯᠪᠢᠬᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠂ ᠪᠡᠯᠡ ᠮᠥᠩᠭᠥ ᠵᠢᠨ ᠣᠷᠣᠭᠤᠯᠤᠯᠲᠠ᠂ ᠪᠦᠬᠦ ᠠᠷᠠᠳ᠎ᠤᠨ ᠠᠵᠢᠯᠯᠠᠭ᠎ᠠ ᠵᠡᠷᠭᠡ 《ᠳᠤᠯᠤᠭ᠋ᠠᠨ ᠶᠡᠬᠡ ᠰᠢᠰᠲ᠋ᠧᠮ》᠎ᠢ ᠪᠠᠢ᠌ᠭᠤᠯᠬᠤ ᠵᠢ ᠲᠦᠷᠭᠡᠳᠬᠡᠨ ᠠᠬᠢᠭᠤᠯᠤᠨ᠎ᠠ᠃ ᠪᠦᠬᠦ ᠡᠯᠧᠮᠧᠨ᠋ᠲ᠎ᠤᠨ ᠪᠦᠬᠦ ᠲᠠᠯ᠎ᠠ ᠵᠢᠨ ᠵᠠᠰᠠᠯᠲᠠ ᠵᠢᠨ ᠪᠠᠢ᠌ᠷᠢᠰᠢᠯ᠎ᠢ ᠴᠢᠷᠮᠠᠢ᠌ᠨ ᠪᠠᠢ᠌ᠭᠤᠯᠵᠤ᠂ ᠠᠮᠢ ᠠᠬᠤᠢ ᠵᠢᠨ ᠠᠵᠤ ᠠᠬᠤᠢ ᠵᠢᠨ ᠰᠢᠰᠲ᠋ᠧᠮ᠎ᠢ ᠪᠠᠢ᠌ᠭᠤᠯᠵᠤ᠂ ᠠᠮᠢ ᠠᠬᠤᠢ ᠣᠷᠴᠢᠨ ᠲᠣᠭᠣᠷᠢᠨ᠎ᠢ ᠬᠠᠮᠠᠭ᠋ᠠᠯᠠᠬᠤ ᠳᠦᠷᠢᠮ ᠲᠣᠭᠲᠠᠴᠠ ᠵᠢ ᠪᠠᠢ᠌ᠭᠤᠯᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠡᠪᠳᠡᠷᠡᠰᠢ ᠦᠭᠡᠢ ᠪᠠᠲᠤ ᠪᠡᠬᠢ ᠪᠠᠢ᠌ᠭᠤᠯᠤᠨ᠎ᠠ᠃
ᠬᠣᠶᠠᠷ᠎ᠲᠤ᠂ ᠰᠢᠨ᠎ᠡ ᠴᠠᠭ ᠦᠶ᠎ᠡ ᠵᠢᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ 《ᠶᠡᠬᠡ ᠠᠮᠢ ᠠᠬᠤᠢ》 ᠲᠡᠰᠢ ᠬᠡᠯᠪᠡᠷᠢ᠎ᠪᠠᠨ ᠬᠤᠪᠢᠷᠠᠭᠤᠯᠤᠨ ᠲᠡᠰ ᠳᠡᠪᠰᠢᠬᠦ ᠵᠢ ᠲᠦᠷᠭᠡᠨ ᠪᠡᠶᠡᠯᠡᠭᠦᠯᠦᠨ᠎ᠡ᠃ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠪᠠ 《ᠶᠡᠬᠡ ᠠᠮᠢ ᠠᠬᠤᠢ》 ᠵᠢᠨ ᠬᠠᠮᠠᠭ᠋ᠠᠯᠠᠯᠲᠠ ᠬᠢᠨᠠᠯᠲᠠ ᠬᠠᠮᠢᠶᠠᠷᠤᠯᠲᠠ ᠲᠡᠶ᠋ᠢᠰᠢ ᠬᠡᠯᠪᠡᠷᠢ᠎ᠪᠠᠨ ᠬᠤᠪᠢᠷᠠᠭᠤᠯᠬᠤ ᠰᠢᠨ᠎ᠡ ᠪᠠᠶ᠋ᠢᠳᠠᠯ᠂ ᠰᠢᠨ᠎ᠡ ᠡᠭᠦᠷᠭᠡ᠂ ᠰᠢᠨ᠎ᠡ ᠱᠠᠭ᠋ᠠᠷᠳᠠᠯᠭ᠎ᠠ᠎ᠳᠤ ᠵᠣᠬᠢᠴᠠᠭᠤᠯᠤᠨ᠂ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ ᠦᠵᠡᠯᠲᠡ ᠵᠢ ᠬᠤᠪᠢᠷᠠᠭᠤᠯᠬᠤ᠂ ᠪᠠᠢ᠌ᠭᠤᠯᠤᠮᠵᠢ ᠵᠢᠨ ᠥᠭᠡᠷᠡᠴᠢᠯᠡᠯᠲᠡ᠂ ᠲᠣᠭᠲᠠᠴᠠ ᠵᠢᠨ ᠰᠢᠨ᠎ᠡ ᠵᠢ ᠡᠭᠦᠳᠬᠦ᠂ ᠡᠭᠦᠷᠭᠡ ᠴᠢᠳᠠᠪᠤᠷᠢ ᠵᠢ ᠲᠣᠬᠢᠷᠠᠭᠤᠯᠬᠤ᠂ ᠪᠠᠢ᠌ᠭᠤᠯᠤᠮᠵᠢ ᠵᠢ ᠰᠢᠯᠢᠳᠡᠭᠵᠢᠭᠦᠯᠬᠦ ᠪᠠ ᠡᠩᠨᠡᠭᠡ ᠵᠢ ᠲᠠᠬᠢᠨ ᠪᠠᠢ᠌ᠭᠤᠯᠬᠤ ᠵᠢ ᠲᠦᠷᠭᠡᠳᠬᠡᠵᠦ᠂ ᠵᠣᠬᠢᠶᠠᠨ ᠪᠠᠢ᠌ᠭᠤᠯᠵᠤ ᠵᠣᠬᠢᠴᠠᠭᠤᠯᠬᠤ᠂ ᠬᠠᠤᠯᠢ ᠲᠣᠭᠲᠠᠭ᠋ᠠᠯ᠎ᠤᠨ ᠪᠠᠷᠢᠮᠵᠢᠶ᠎ᠠ᠂ ᠬᠢᠨᠠᠨ ᠬᠡᠮᠵᠢᠵᠦ ᠦᠨᠡᠯᠡᠨ ᠵᠢᠱ᠌ᠢᠬᠦ᠂ ᠬᠢᠨᠠᠯᠲᠠ ᠲᠠᠯᠪᠢᠬᠤ ᠰᠢᠰᠲ᠋ᠧᠮ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠂ ᠭᠠᠳᠠᠭ᠋ᠠᠳᠤ᠎ᠲᠠᠢ ᠬᠠᠮᠲᠤᠷᠠᠨ ᠠᠵᠢᠯᠯᠠᠬᠤ 《ᠵᠢᠷᠭᠤᠭ᠎ᠠ ᠵᠢ ᠨᠢᠭᠡᠳᠦᠯᠲᠡᠢ ᠲᠥᠯᠥᠪᠯᠡᠬᠦ》 ᠵᠢ ᠪᠦᠬᠦ ᠲᠠᠯ᠎ᠠ᠎ᠪᠠᠷ ᠴᠢᠩᠭ᠋ᠠᠳᠬᠠᠵᠤ᠂《ᠨᠢᠭᠡᠳᠦᠯᠲᠡᠢ》 ᠠᠵᠢᠯ᠎ᠢ ᠯᠠᠪᠳᠠᠭᠤᠨ ᠪᠠᠲᠤᠲᠠᠢ ᠬᠢᠵᠦ᠂ ᠪᠣᠳᠠᠲᠠᠢ᠎ᠪᠠᠷ ᠪᠡᠶᠡᠯᠡᠭᠦᠯᠦᠨ᠎ᠡ᠃ ᠪᠦᠬᠦ ᠲᠠᠯ᠎ᠠ ᠵᠢᠨ ᠦᠵᠡᠯᠲᠡ᠂ ᠰᠢᠰᠲ᠋ᠧᠮᠲᠦ ᠰᠡᠳᠬᠢᠬᠦᠢ᠂ ᠬᠤᠪᠢᠰᠤᠩᠭᠤᠢ ᠠᠷᠭ᠎ᠠ ᠵᠢ ᠬᠦᠴᠦᠯᠡᠨ ᠴᠢᠩᠭ᠋ᠠᠳᠬᠠᠵᠤ᠂ ᠪᠠᠶ᠋ᠢᠳᠠᠯ᠎ᠢ ᠤᠯᠠᠮ ᠴᠢᠨᠠᠭᠰᠢᠳᠠ ᠲᠣᠳᠣᠷᠬᠠᠢ ᠣᠢ᠌ᠯᠠᠭ᠋ᠠᠵᠤ᠂ ᠭᠣᠣᠯ ᠵᠥᠷᠢᠴᠡᠯ᠎ᠢ ᠠᠳᠬᠤᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠯᠭ᠋ᠠᠭᠤᠷᠢᠯᠠᠯ᠎ᠢ ᠴᠢᠩᠭ᠋ᠠᠳᠬᠠᠵᠤ᠂ ᠤᠯᠠᠮᠵᠢᠯᠠᠯᠲᠤ ᠬᠦᠷᠢᠶᠡᠨ᠎ᠤ ᠠᠵᠢᠯ᠎ᠢ 《ᠳᠡᠭᠡᠭᠰᠢᠯᠡᠭᠦᠯᠬᠦ᠂ ᠥᠷᠭᠡᠳᠬᠡᠬᠦ᠂ ᠭᠦᠨᠵᠡᠭᠡᠢ᠌ᠷᠡᠭᠦᠯᠬᠦ》 ᠳᠡᠭᠡᠷ᠎ᠡ ᠬᠦᠴᠦ ᠲᠠᠯᠪᠢᠵᠤ᠂ ᠤᠨᠢᠨ ᠳᠡᠭᠡᠷ᠎ᠡ᠎ᠨᠢ᠂ ᠰᠢᠨᠵᠢᠯᠡᠬᠦ ᠤᠬᠠᠭ᠋ᠠᠨᠴᠢ᠂ ᠬᠠᠤᠯᠢ ᠶᠣᠰᠣᠭ᠋ᠠᠷ ᠪᠣᠬᠢᠷᠲᠤᠯ᠎ᠢ ᠵᠠᠰᠠᠬᠤ ᠴᠢᠳᠠᠪᠤᠷᠢ ᠵᠢᠨ ᠲᠦᠪᠰᠢᠨ᠎ᠢ ᠳᠡᠬᠡᠭᠰᠢᠯᠡᠬᠦᠯᠦᠨ᠎ᠡ᠃ ᠲᠥᠷᠥ ᠵᠢᠨ ᠪᠣᠳᠣᠯᠭ᠎ᠠ ᠵᠢ ᠨᠡᠪᠳᠡᠷᠡᠳᠡᠯ᠎ᠠ ᠡᠵᠡᠮᠰᠢᠵᠦ᠂ ᠴᠢᠭᠯᠡᠯ᠎ᠢ ᠣᠨᠣᠪᠴᠢᠲᠠᠢ ᠡᠵᠡᠮᠳᠡᠵᠦ᠂ ᠵᠠᠮ ᠨᠡᠭᠡᠭᠡᠨ ᠰᠢᠨ᠎ᠡ ᠵᠢ ᠡᠭᠦᠳᠴᠦ᠂ ᠬᠦᠴᠢᠷ᠎ᠢ ᠲᠤᠭᠤᠯᠤᠨ ᠪᠡᠷᠬᠡ ᠵᠢ ᠳᠠᠪᠠᠵᠤ᠂ ᠰᠢᠨ᠎ᠡ ᠬᠦᠷᠢᠶᠡᠨ᠎ᠤ ᠠᠵᠢᠯ᠎ᠳᠤ 《ᠲᠥᠷᠥ ᠵᠢᠨ ᠪᠣᠳᠣᠯᠭ᠎ᠠ ᠲᠣᠭᠲᠠᠭ᠋ᠠᠬᠤ᠂ ᠲᠣᠭᠲᠠᠴᠠ ᠪᠠᠢ᠌ᠭᠤᠯᠬᠤ᠂ ᠨᠢᠭᠡᠳᠦᠯᠲᠡᠢ ᠲᠥᠯᠥᠪᠵᠢᠭᠦᠯᠬᠦ ᠵᠢ ᠠᠳᠬᠤᠬᠤ》 ᠲᠠᠯ᠎ᠠ᠎ᠪᠠᠷ ᠬᠦᠴᠦ ᠣᠷᠣᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠬᠢᠨᠠᠯᠲᠠ ᠲᠠᠯᠪᠢᠵᠤ ᠬᠠᠮᠢᠶᠠᠷᠬᠤ ᠴᠢᠳᠠᠪᠤᠷᠢ ᠵᠢᠨ ᠲᠦᠪᠰᠢᠨ᠎ᠢ ᠳᠡᠬᠡᠭᠰᠢᠯᠡᠬᠦᠯᠦᠨ᠎ᠡ᠃ ᠡᠭᠦᠨ᠎ᠤ ᠬᠠᠮᠲᠤ᠂ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠤᠨ᠂ ᠲᠥᠷᠥᠯ ᠬᠤᠪᠢᠶᠠᠨ ᠲᠥᠷᠥ ᠵᠢᠨ ᠪᠣᠳᠣᠯᠭ᠎ᠠ ᠬᠡᠷᠡᠭᠵᠢᠭᠦᠯᠬᠦ ᠵᠢ ᠪᠠᠷᠢᠮᠲᠠᠯᠠᠵᠤ᠂ ᠠᠶ᠋ᠢᠮᠠᠭ ᠬᠣᠲᠠ᠂ ᠬᠣᠰᠢᠭᠤ ᠰᠢᠶᠠᠨ᠎ᠤ ᠠᠮᠢ ᠠᠬᠤᠢ ᠣᠷᠴᠢᠨ ᠲᠣᠭᠣᠷᠢᠨ᠎ᠤ ᠠᠵᠢᠯ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ ᠵᠢ ᠲᠦᠷᠭᠡᠳᠬᠡᠨ ᠠᠬᠢᠭᠤᠯᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ᠎ᠳᠤ ᠰᠢᠨ᠎ᠡ ᠦᠢ᠍ᠯᠡᠳᠦᠯ ᠪᠠᠳᠠᠷᠠᠭᠤᠯᠵᠤ᠂ ᠰᠢᠨ᠎ᠡ ᠵᠢᠳᠬᠦᠯ ᠴᠢᠷᠮᠠᠢ᠌ᠯᠭ᠎ᠠ ᠵᠢ ᠢᠯᠡᠷᠡᠭᠦᠯᠦᠨ᠎ᠡ᠃
ᠭᠤᠷᠪᠠ᠎ᠳᠤ ᠴᠢᠬᠤᠯᠠ ᠠᠵᠢᠯ᠎ᠤᠨ ᠬᠦᠷᠢᠶᠡᠨ᠎ᠳᠤ ᠠᠩᠬᠠᠷᠤᠯ ᠵᠶ᠋ᠠᠨ ᠲᠥᠪᠯᠡᠷᠡᠭᠦᠯᠦᠨ ᠭᠣᠣᠯᠳᠠᠯᠭ᠎ᠠ᠎ᠲᠠᠢ ᠡᠭᠦᠷᠭᠡ ᠵᠢ ᠨᠠᠢ᠌ᠳᠠᠪᠤᠷᠢᠵᠢᠭᠤᠯᠬᠤ ᠵᠢ ᠰᠠᠶ᠋ᠢᠲᠤᠷ ᠠᠳᠬᠤᠨ᠎ᠠ᠃ 《ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠦᠲᠦᠭᠡᠨ ᠪᠠᠢ᠌ᠭᠤᠯᠤᠨ ᠬᠡᠷᠡᠭᠵᠢᠭᠦᠯᠬᠦ ᠲᠥᠰᠥᠯ》᠎ᠳᠤ ᠵᠠᠰᠠᠪᠤᠷᠢ ᠣᠷᠣᠭᠤᠯᠵᠤ᠂ 《ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ ᠵᠢ ᠪᠥᠬᠥ ᠲᠠᠯ᠎ᠠ᠎ᠪᠠᠷ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ》᠎ᠢ ᠨᠡᠢ᠌ᠲᠡᠯᠡᠬᠦ ᠵᠢ ᠠᠬᠢᠭᠤᠯᠵᠤ᠂ 《ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠵᠦ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ ᠵᠢ ᠪᠥᠬᠥ ᠲᠠᠯ᠎ᠠ᠎ᠪᠠᠷ ᠠᠬᠢᠭᠤᠯᠬᠤ ᠲᠥᠯᠦᠪᠵᠢᠭᠦᠯᠭᠡ ᠵᠢᠨ ᠬᠥᠲᠥᠯᠪᠦᠷᠢ》 ᠵᠢ ᠰᠢᠨᠵᠢᠯᠡᠬᠦ ᠤᠬᠠᠭ᠋ᠠᠨᠴᠢ᠎ᠪᠠᠷ ᠨᠠᠢ᠌ᠷᠠᠭᠤᠯᠤᠨ ᠵᠣᠬᠢᠶᠠᠵᠤ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠬᠣᠰᠢᠭᠤᠴᠢ ᠣᠷᠣᠨ᠎ᠤ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠥᠷᠨᠢᠭᠦᠯᠦᠨ᠎ᠡ᠃ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠵᠤ ᠬᠠᠷᠢᠭᠤ ᠲᠤᠰᠬᠠᠭᠰᠠᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠵᠢ ᠲᠦᠷᠭᠡᠳᠬᠡᠨ ᠠᠬᠢᠭᠤᠯᠵᠤ᠂ ᠭᠣᠣᠯᠳᠠᠯᠭ᠎ᠠ᠎ᠲᠠᠢ ᠣᠷᠣᠨ ᠪᠦᠰᠡ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠣᠢ᠌ᠮ᠎ᠠ ᠠᠰᠠᠭᠤᠳᠠᠯ᠎ᠢ ᠪᠦᠬᠦ ᠲᠠᠯ᠎ᠠ᠎ᠪᠠᠷ ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠵᠠᠰᠠᠵᠤ᠂ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠤ ᠠᠶᠤᠯᠭᠦᠢ ᠦᠢ᠍ᠯᠡᠳᠪᠦᠷᠢᠯᠡᠯ᠎ᠤᠨ ᠠᠵᠢᠯ᠎ᠢ ᠴᠢᠩᠭ᠎ᠠ ᠨᠢᠮᠪᠠᠢ ᠰᠠᠶ᠋ᠢᠲᠤᠷ ᠬᠢᠵᠦ᠂ ᠣᠨ᠎ᠤ ᠠᠵᠢᠯ᠎ᠤᠨ ᠭᠣᠣᠯᠳᠠᠯᠭ᠎ᠠ ᠵᠢ ᠨᠠᠷᠢᠨ ᠬᠢᠨᠠᠮᠠᠭ᠋ᠠᠢ ᠲᠣᠭᠲᠠᠭ᠋ᠠᠬᠤ ᠵᠢᠨ ᠬᠠᠮᠲᠤ ᠴᠢᠩᠭ᠎ᠠ ᠬᠡᠷᠡᠭᠵᠢᠭᠦᠯᠵᠦ᠂ ᠰᠢᠨ᠎ᠡ ᠴᠠᠭ ᠦᠶ᠎ᠡ ᠵᠢᠨ ᠥᠪᠥᠷ ᠮᠣᠩᠭᠣᠯ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠰᠢᠨ᠎ᠡ ᠪᠠᠶ᠋ᠢᠳᠠᠯ᠎ᠢ ᠴᠢᠷᠮᠠᠢ᠌ᠨ ᠡᠭᠦᠳᠴᠦ᠂ ᠠᠮᠢ ᠠᠬᠤᠢ ᠣᠷᠴᠢᠨ ᠲᠣᠭᠣᠷᠢᠨ᠎ᠤ ᠥᠨᠳᠥᠷ ᠲᠦᠪᠰᠢᠨ᠎ᠤ ᠬᠠᠮᠠᠭ᠋ᠠᠯᠠᠯᠲᠠ᠎ᠪᠠᠷ ᠠᠵᠤ ᠠᠬᠤᠢ ᠨᠡᠢ᠌ᠭᠡᠮ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ᠂ ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠳᠤ ᠨᠡᠩ ᠤᠯᠠᠨ ᠭᠤᠶᠤ ᠰᠠᠢ᠌ᠬᠠᠨ ᠠᠮᠢ ᠠᠬᠤᠢ ᠣᠷᠴᠢᠨ ᠲᠣᠭᠣᠷᠢᠨ᠎ᠤ ᠦᠷ᠎ᠡ ᠪᠦᠲᠦᠭᠡᠯ᠎ᠢ ᠡᠳ᠋ᠯᠡᠭᠦᠯᠦᠨ᠎ᠡ᠃
ᠳᠥᠷᠪᠡ᠎ᠳᠤ᠂ ᠳᠡᠭᠡᠳᠦ ᠬᠡᠮᠵᠢᠶᠡᠨ᠎ᠤ ᠤᠯᠤᠰ ᠲᠥᠷᠥ ᠵᠢᠨ ᠬᠠᠷᠢᠭᠤᠴᠠᠯᠭ᠋ᠠᠲᠤ ᠰᠡᠳᠬᠢᠯᠭᠡ᠎ᠪᠠᠷ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠭᠦᠨᠵᠡᠭᠡᠢ᠌ᠷᠡᠭᠦᠯᠦᠨ ᠠᠬᠢᠭᠤᠯᠤᠨ᠎ᠠ᠃ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠥᠪᠡᠷ᠎ᠤᠨ ᠪᠡᠶ᠎ᠡ᠎ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ 《ᠬᠣᠶᠠᠷ ᠡᠭᠦᠷᠢᠳᠡ ᠵᠣᠭᠰᠣᠰᠢ ᠦᠭᠡᠢ》 ᠪᠠᠶ᠋ᠢᠬᠤ ᠰᠡᠷᠭᠡᠭ ᠪᠥᠭᠡᠳ ᠡᠷᠡᠰ ᠪᠠᠲᠤ ᠪᠠᠶ᠋ᠢᠬᠤ ᠵᠢ ᠢᠮᠠᠭᠲᠠ ᠪᠠᠷᠢᠮᠲᠠᠯᠠᠵᠤ᠂ ᠤᠯᠤᠰ ᠲᠥᠷᠥ ᠵᠢᠨ ᠤᠳᠤᠷᠢᠳᠬᠤ ᠬᠦᠴᠦᠨ᠎ᠢ ᠴᠢᠩᠭ᠋ᠠᠳᠬᠠᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠠᠮ᠎ᠤᠨ ᠤᠯᠤᠰ ᠲᠥᠷᠥ ᠵᠢᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠨ᠎ᠠ; ᠲᠤᠭᠤᠰᠢᠯᠠᠭᠤᠯᠤᠨ ᠬᠡᠷᠡᠭᠵᠢᠭᠦᠯᠬᠦ ᠬᠦᠴᠦᠨ᠎ᠢ ᠴᠢᠩᠭ᠋ᠠᠳᠬᠠᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠠᠮ᠎ᠤᠨ ᠰᠤᠷᠲᠠᠯ᠎ᠤᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠨ᠎ᠠ; ᠡᠩᠨᠡᠭᠡᠨ᠎ᠤ ᠲᠠᠢ᠌ᠴᠢᠨ ᠬᠦᠴᠦᠨ᠎ᠢ ᠴᠢᠩᠭ᠋ᠠᠳᠬᠠᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠴᠣᠭᠴᠠᠯᠠᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠨ᠎ᠠ; ᠢᠯᠵᠢᠷᠡᠬᠦ ᠵᠢ ᠰᠡᠷᠭᠡᠢ᠌ᠯᠡᠵᠦ ᠬᠤᠪᠢᠷᠠᠬᠤ ᠵᠢ ᠡᠰᠡᠷᠭᠦᠴᠡᠬᠦ ᠬᠦᠴᠦᠨ᠎ᠢ ᠴᠢᠩᠭ᠋ᠠᠳᠬᠠᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠠᠮ᠎ᠤᠨ ᠰᠠᠬᠢᠯᠭ᠎ᠠ ᠪᠠᠲᠤ ᠵᠢᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ᠂ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠢ ᠪᠦᠲᠦᠭᠡᠨ ᠪᠠᠢ᠌ᠭᠤᠯᠬᠤ᠎ᠳᠤ ᠪᠠᠲᠤ ᠴᠢᠩᠭ᠎ᠠ ᠤᠯᠤᠰ ᠲᠥᠷᠥ᠂ ᠰᠠᠬᠢᠯᠭ᠎ᠠ ᠪᠠᠲᠤ ᠪᠠ ᠰᠤᠷᠲᠠᠯ᠎ᠤᠨ ᠪᠠᠲᠤᠯᠠᠭ᠎ᠠ ᠬᠠᠩᠭ᠋ᠠᠨ᠎ᠠ᠃

ᠵᠢᠷᠤᠭ ᠪᠣᠯ ᠣᠳᠣᠬᠠᠨ᠎ᠤ ᠤᠯᠠᠭ᠋ᠠᠨᠰᠤᠬᠠᠢ ᠨᠠᠭᠤᠷ᠎ᠤᠨ ᠴᠡᠯᠮᠡᠭ ᠲᠡᠭᠷᠢ ᠲᠤᠩᠭ᠋ᠠᠯᠠᠭ ᠤᠰᠤ