ᠯᠣᠣ ᠵᠢᠯ᠎ᠤᠨ ᠴᠠᠭ᠋ᠠᠨ ᠰᠠᠷ᠎ᠠ ᠬᠦᠷᠴᠦ ᠢᠷᠡᠬᠦ ᠲᠠᠰᠢᠷᠠᠮ ᠵᠶ᠋ᠠᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ ᠴᠠᠭ᠋ᠠᠨ ᠰᠠᠷ᠎ᠠ ᠵᠢᠨ ᠲᠣᠬᠣᠨᠢᠭᠤᠯᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠵᠤ᠂ ᠨᠢᠮᠪᠠᠢ ᠵᠣᠬᠢᠶᠠᠨ ᠪᠠᠢ᠌ᠭᠤᠯᠵᠤ᠂ 10 ᠲᠣᠬᠣᠨᠢᠭᠤᠯᠬᠤ ᠳᠤᠭᠤᠢ᠌ᠯᠠᠩ ᠪᠠᠢ᠌ᠭᠤᠯᠵᠤ᠂ ᠲᠢᠩᠬᠢᠮ᠎ᠤᠨ ᠤᠳᠤᠷᠢᠳᠤᠯᠭ᠎ᠠ᠎ᠠᠴᠠ ᠪᠦᠯᠬᠦᠮ ᠳᠠᠭ᠋ᠠᠭᠤᠯᠤᠨ ᠪᠦᠬᠦ ᠲᠢᠩᠬᠢᠮ᠎ᠤᠨ ᠠᠵᠢᠯ᠎ᠠᠴᠠ᠎ᠪᠠᠨ ᠠᠮᠠᠷᠠᠭᠰᠠᠨ ᠠᠬᠠᠮᠠᠳ ᠨᠠᠮ᠎ᠤᠨ ᠭᠡᠰᠢᠭᠦᠨ᠂ ᠠᠬᠠᠮᠠᠳ ᠺᠠᠳ᠋ᠷ᠂ ᠠᠮᠢᠳᠤᠷᠠᠯ᠎ᠨᠢ ᠬᠦᠴᠢᠷᠳᠡᠯᠲᠡᠢ ᠨᠠᠮ᠎ᠤᠨ ᠭᠡᠰᠢᠭᠦᠨ ᠵᠢᠴᠢ ᠲᠢᠩᠬᠢᠮ ᠲᠣᠪᠴᠢᠶ᠎ᠠ ᠵᠢᠨ ᠲᠡᠰ᠎ᠤᠨ ᠠᠬᠠᠮᠠᠳ ᠺᠠᠳ᠋ᠷᠴᠤᠳ᠎ᠤᠨ ᠭᠡᠷ ᠪᠦᠯᠢ ᠵᠢᠨ᠎ᠬᠢᠨ᠎ᠢ ᠲᠣᠬᠣᠨᠢᠭᠤᠯᠵᠤ᠂ ᠲᠡᠳᠡᠨ᠎ᠳᠤ ᠴᠠᠭ᠋ᠠᠨ ᠰᠠᠷ᠎ᠠ ᠵᠢᠨ ᠵᠥᠩᠨᠡᠯ ᠪᠠ ᠵᠣᠬᠢᠶᠠᠨ ᠪᠠᠢ᠌ᠭᠤᠯᠤᠯᠲᠠ ᠵᠢᠨ ᠬᠠᠯᠠᠮᠵᠢᠯᠠᠯ᠎ᠢ ᠬᠦᠷᠭᠡᠪᠡ᠃

2 ᠰᠠᠷ᠎ᠠ ᠵᠢᠨ 4᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠸᠠᠩ ᠸᠠᠩ ᠱᠧᠩ ᠨᠠᠷ ᠤᠤᠯ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ ᠵᠢᠨ ᠳᠠᠷᠤᠭ᠎ᠠ ᠶᠦᠨ ᠡᠯ ᠵᠦ᠍ ᠵᠢᠨ ᠭᠡᠷ᠎ᠲᠤ ᠬᠦᠷᠴᠦ ᠲᠣᠬᠣᠨᠢᠭᠤᠯᠪᠠ᠃ ᠠᠬᠠᠮᠠᠳ ᠤᠳᠤᠷᠢᠳᠤᠯᠭ᠎ᠠ ᠵᠢᠨ ᠡᠷᠡᠭᠦᠯ ᠮᠠᠨᠳᠤ ᠪᠠ ᠠᠮᠢᠳᠤᠷᠠᠯ᠎ᠤᠨ ᠪᠠᠶ᠋ᠢᠳᠠᠯ᠎ᠢ ᠨᠠᠷᠢᠨ ᠣᠢ᠌ᠯᠠᠭ᠋ᠠᠵᠤ᠂ ᠡᠭᠦᠨ᠎ᠤ ᠬᠠᠮᠲᠤ ᠠᠬᠠᠮᠠᠳ ᠤᠳᠤᠷᠢᠳᠤᠯᠭ᠎ᠠ᠎ᠲᠠᠢ ᠤᠯᠠᠮᠵᠢᠯᠠᠯ ᠪᠠ ᠬᠤᠪᠢᠷᠠᠯᠲᠠ ᠵᠢᠨ ᠲᠤᠬᠠᠢ ᠶᠠᠷᠢᠯᠴᠠᠵᠤ᠂ ᠬᠥᠭᠵᠢᠯᠲᠡ ᠵᠢᠨ ᠲᠥᠯᠥᠭᠡ ᠴᠢᠷᠮᠠᠢ᠌ᠵᠤ ᠢᠷᠡᠭᠰᠡᠨ ᠠᠬᠠᠮᠠᠳ ᠨᠢᠭᠡ ᠦᠶ᠎ᠡ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠥᠮᠥᠰ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠢ᠍ᠯᠡᠰ᠎ᠤᠨ ᠬᠥᠭᠵᠢᠯᠲᠡ᠎ᠳᠤ ᠦᠵᠡᠭᠦᠯᠦᠭᠰᠡᠨ ᠢᠳᠡᠪᠬᠢᠲᠡᠢ ᠬᠤᠪᠢ ᠨᠡᠮᠡᠷᠢ ᠵᠢ ᠳᠡᠭᠡᠳᠦ ᠬᠡᠮᠵᠢᠶ᠎ᠡ᠎ᠪᠠᠷ ᠮᠠᠭᠲᠠᠨ ᠰᠠᠢ᠌ᠰᠢᠶᠠᠬᠤ ᠵᠢᠨ ᠬᠠᠮᠲᠤ ᠠᠬᠠᠮᠠᠳ ᠨᠥᠬᠥᠳ᠎ᠤᠨ ᠪᠡᠶ᠎ᠡ ᠵᠢᠨ ᠡᠷᠡᠭᠦᠯ ᠮᠠᠨᠳᠤ᠎ᠪᠠᠨ ᠠᠩᠬᠠᠷᠴᠤ᠂ ᠮᠠᠨ᠎ᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠢ᠍ᠯᠡᠰ᠎ᠢ ᠥᠩᠭᠡᠷᠡᠭᠰᠡᠨ᠎ᠲᠠᠢ᠎ᠪᠠᠨ ᠠᠳᠠᠯᠢ᠎ᠪᠠᠷ ᠳᠡᠮᠵᠢᠨ ᠬᠠᠯᠠᠮᠵᠢᠯᠠᠵᠤ᠂ ᠦᠯᠡᠳᠡᠪᠦᠷᠢ ᠢᠯᠴᠢ᠎ᠪᠠᠨ ᠰᠠᠶ᠋ᠢᠲᠤᠷ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠢ ᠥᠨᠳᠥᠷ ᠬᠢᠷᠢ ᠲᠦᠪᠰᠢᠨ ᠵᠶ᠋ᠡᠷ ᠬᠠᠮᠠᠭ᠋ᠠᠯᠠᠬᠤ᠎ᠳᠤ ᠠᠷᠭ᠎ᠠ ᠤᠬᠠᠭ᠋ᠠᠨ ᠭᠠᠷᠭ᠋ᠠᠬᠤ ᠵᠢ ᠵᠣᠷᠢᠭᠵᠢᠭᠤᠯᠪᠠ᠃ ᠲᠣᠬᠣᠨᠢᠭᠤᠯᠬᠤ ᠶᠠᠪᠤᠴᠠ᠎ᠳᠤ᠂ ᠸᠠᠩ ᠸᠠᠩ ᠱᠧᠩ ᠬᠣᠯᠪᠣᠭᠳᠠᠯ ᠪᠦᠬᠦᠢ ᠠᠵᠢᠯᠲᠠᠳ᠎ᠲᠤ᠂ ᠠᠬᠠᠮᠠᠳ ᠨᠥᠬᠥᠳ᠎ᠤᠨ ᠠᠮᠢᠳᠤᠷᠠᠯ᠎ᠢ ᠴᠠᠭ ᠢᠮᠠᠭᠲᠠ ᠠᠩᠬᠠᠷᠤᠨ ᠬᠠᠯᠠᠮᠵᠢᠯᠠᠵᠤ᠂ ᠲᠡᠳᠡᠨ᠎ᠤ ᠰᠠᠨᠠᠯ ᠪᠠ ᠬᠦᠰᠡᠯ ᠱᠠᠭ᠋ᠠᠷᠳᠠᠯᠭ᠎ᠠ ᠵᠢ ᠰᠣᠨᠣᠰᠴᠤ᠂ ᠰᠡᠳᠬᠢᠯ ᠲᠠᠯᠪᠢᠨ ᠬᠠᠶ᠋ᠢᠷ᠎ᠠ ᠰᠡᠳᠬᠢᠯᠭᠡ᠎ᠪᠠᠷ ᠵᠶ᠋ᠡᠨ ᠲᠡᠳᠡᠨ᠎ᠳᠤ ᠰᠠᠢ᠍ᠢ᠍ᠨ ᠦᠢ᠍ᠯᠡᠴᠢᠯᠡᠭᠡ ᠬᠠᠩᠭ᠋ᠠᠬᠤ ᠬᠡᠷᠡᠭᠲᠡᠢ ᠭᠡᠵᠦ ᠲᠠᠬᠢᠨ ᠳᠠᠪᠲᠠᠨ ᠵᠠᠬᠢᠪᠠ᠃

ᠠᠬᠠᠮᠠᠳ ᠨᠥᠬᠥᠳ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠠᠬᠠᠮᠠᠳ ᠺᠠᠳ᠋ᠷᠴᠤᠳ᠎ᠤᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠠᠢ᠌ᠭ᠎ᠠ᠎ᠳᠤ ᠮᠠᠰᠢ ᠲᠠᠯᠠᠷᠬᠠᠵᠤ᠂ ᠥᠷᠭᠡᠨ ᠤᠯᠠᠨ ᠠᠬᠠᠮᠠᠳ ᠨᠥᠬᠥᠳ᠎ᠤᠨ ᠬᠠᠯᠠᠮᠵᠢᠯᠠᠯ᠎ᠤᠨ ᠬᠠᠷᠢᠭᠤ᠎ᠳᠤ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠢ᠍ᠯᠡᠰ᠎ᠢ ᠦᠷᠭᠦᠯᠵᠢᠯᠡᠨ ᠬᠠᠯᠠᠮᠵᠢᠯᠠᠨ ᠳᠡᠮᠵᠢᠵᠦ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠠᠯᠠᠮᠵᠢᠯᠠᠨ ᠬᠠᠢ᠌ᠷᠠᠯᠠᠬᠤ ᠵᠢ ᠦᠷᠭᠦᠯᠵᠢᠯᠡᠨ ᠤᠷᠤᠭᠰᠢᠯᠠᠨ ᠲᠠᠪᠰᠢᠬᠤ ᠬᠦᠴᠦᠨ ᠪᠣᠯᠭ᠋ᠠᠨ ᠬᠤᠪᠢᠷᠠᠭᠤᠯᠵᠤ᠂ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠲᠠᠭ᠋ᠠᠵᠤ》᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠢ᠍ᠯᠡᠰ᠎ᠲᠤ 《ᠪᠤᠭᠤᠷᠤᠯᠴᠤᠳ᠎ᠤᠨ ᠬᠦᠴᠦᠨ》᠎ᠢ ᠦᠷᠭᠦᠯᠵᠢᠯᠡᠨ ᠨᠡᠮᠡᠷᠢᠯᠡᠨ᠎ᠡ ᠭᠡᠵᠦ ᠢᠯᠡᠳᠬᠡᠵᠡᠭᠡᠪᠡ᠃

ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠳᠠᠷᠤᠭ᠎ᠠ ᠯᠢ ᠵᠢᠶᠠᠨ ᠵᠢᠶᠦ᠋ᠨ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠵᠣᠣ ᠱ᠌ᠢ ᠳ᠋ᠧ᠂ ᠹᠠᠨ ᠮᠢᠩ ᠱ᠌ᠢ᠂ ᠸᠠᠩ ᠢ ᠯᠢᠩ᠂ ᠲᠢᠩᠬᠢᠮ᠎ᠤᠨ ᠨᠢᠭᠡᠳᠦᠭᠡᠷ ᠳᠡᠰ᠎ᠤᠨ ᠲᠣᠭᠣᠷᠢᠨ ᠪᠠᠢ᠌ᠴᠠᠭ᠋ᠠᠭᠴᠢ ᠬᠤᠤ ᠴᠢᠩ ᠸᠸᠨ ᠵᠡᠷᠭᠡ ᠲᠢᠩᠬᠢᠮ᠎ᠤᠨ ᠤᠳᠤᠷᠢᠳᠤᠯᠭ᠎ᠠ ᠲᠣᠰ ᠲᠣᠰ ᠬᠠᠮᠢᠶ᠎ᠠ ᠪᠦᠬᠦᠢ ᠭᠠᠵᠠᠷ ᠲᠠᠰᠤᠭ᠎ᠤᠨ ᠬᠠᠷᠢᠭᠤᠴᠠᠯᠭ᠋ᠠᠲᠠᠨ᠎ᠢ ᠳᠠᠭ᠋ᠠᠭᠤᠯᠤᠨ᠂ ᠤᠲᠠᠰᠤ᠎ᠪᠠᠷ ᠲᠣᠬᠣᠨᠢᠭᠤᠯᠬᠤ ᠪᠠ ᠲᠤᠬᠠᠢ ᠵᠢᠨ ᠭᠠᠵᠠᠷ᠎ᠲᠤᠨᠢ ᠰᠤᠷᠪᠤᠯᠵᠢᠯᠠᠬᠤ ᠬᠡᠯᠪᠡᠷᠢ᠎ᠪᠠᠷ ᠲᠣᠬᠣᠨᠢᠭᠤᠯᠵᠤ᠂ ᠪᠠᠶᠠᠷ᠎ᠤᠨ ᠡᠳᠦᠷ᠎ᠤᠨ ᠵᠥᠩᠨᠡᠯ ᠪᠠ ᠵᠣᠬᠢᠶᠠᠨ ᠪᠠᠢ᠌ᠭᠤᠯᠤᠯᠲᠠ ᠵᠢᠨ ᠬᠠᠯᠠᠮᠵᠢᠯᠠᠯ᠎ᠢ ᠠᠬᠠᠮᠠᠳ ᠺᠠᠳ᠋ᠷ ᠨᠢᠭᠡᠪᠦᠷᠢ ᠵᠢᠨ ᠰᠡᠳᠬᠢᠯ᠎ᠳᠤ ᠴᠠᠭ ᠲᠤᠬᠠᠢᠳᠤᠨᠢ ᠬᠦᠷᠭᠡᠭᠰᠡᠨ ᠪᠠᠢ᠌ᠨ᠎ᠠ᠃