《ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ》᠎ᠳᠤ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ᠎ᠳᠤ ᠪᠣᠳᠠᠲᠠᠢ ᠱᠠᠭ᠋ᠠᠷᠳᠠᠯᠭ᠎ᠠ ᠭᠠᠷᠭ᠋ᠠᠭᠰᠠᠨ᠎ᠨᠢ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠥᠪᠥᠷ ᠮᠣᠩᠭᠣᠯ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠠᠶ᠋ᠢᠬᠤ ᠵᠢ ᠭᠦᠢ᠍ᠴᠡᠳ ᠬᠠᠷᠠᠭᠤᠯᠵᠤ ᠪᠠᠢ᠌ᠨ᠎ᠠ》 ᠭᠡᠵᠦ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ᠎ᠤᠨ ᠳᠠᠷᠤᠭ᠎ᠠ ᠸᠠᠩ ᠸᠠᠩ ᠱᠧᠩ ᠬᠡᠯᠡᠪᠡ᠃ ᠥᠪᠥᠷ ᠮᠣᠩᠭᠣᠯ᠎ᠨᠢ ᠮᠠᠨ᠎ᠤ ᠤᠯᠤᠰ᠎ᠤᠨ ᠤᠮᠠᠷᠠᠲᠤ ᠵᠢᠨ ᠲᠠᠯᠠᠪᠠᠢ᠎ᠪᠠᠷ ᠬᠠᠮᠤᠭ᠎ᠤᠨ ᠶᠡᠬᠡ᠂ ᠳᠦᠷᠦᠯ ᠵᠦᠢ᠍ᠯ ᠵᠶ᠋ᠡᠷ ᠬᠠᠮᠤᠭ᠎ᠤᠨ ᠪᠦᠷᠢᠨ ᠠᠮᠢ ᠠᠬᠤᠢ ᠵᠢᠨ ᠴᠢᠳᠠᠮᠵᠢᠲᠤ ᠣᠷᠣᠨ ᠪᠣᠯᠤᠭᠰᠠᠨ᠎ᠤ ᠬᠤᠪᠢ᠎ᠳᠤ᠂ 《ᠤᠯᠤᠰ᠎ᠤᠨ ᠶᠡᠬᠡ ᠶᠠᠪᠤᠳᠠᠯ》᠎ᠢ ᠪᠠᠲᠤ ᠴᠡᠭᠡᠵᠢᠯᠡᠵᠦ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠨ ᠪᠠᠢ᠌ᠭᠤᠯᠬᠤ ᠤᠯᠤᠰ ᠲᠥᠷᠥ ᠵᠢᠨ ᠬᠠᠷᠢᠭᠤᠴᠠᠯᠭ᠎ᠠ ᠵᠢ ᠡᠷᠡᠰ ᠡᠭᠦᠷᠭᠡᠯᠡᠵᠦ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠨᠢᠭᠡ ᠴᠣᠭᠴᠠᠵᠢᠭᠤᠯᠤᠨ ᠬᠠᠮᠠᠭ᠋ᠠᠯᠠᠬᠤ ᠪᠠ ᠰᠢᠰᠲ᠋ᠧᠮ᠎ᠲᠠᠢ ᠵᠠᠰᠠᠬᠤ ᠵᠢ ᠪᠠᠷᠢᠮᠲᠠᠯᠠᠵᠤ᠂ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠤᠨ᠎ᠠ ᠭᠡᠪᠡ᠃
ᠶᠡᠷᠦᠩᠬᠡᠢ ᠰᠠᠢ᠌ᠳ ᠯᠢ ᠴᠢᠶᠠᠩ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠡᠭᠡᠨ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠨᠢᠭᠡ ᠴᠣᠭᠴᠠᠵᠢᠭᠤᠯᠤᠨ ᠬᠠᠮᠠᠭ᠋ᠠᠯᠠᠬᠤ ᠪᠠ ᠰᠢᠰᠲ᠋ᠧᠮ᠎ᠲᠠᠢ ᠵᠠᠰᠠᠬᠤ ᠵᠢ ᠪᠠᠷᠢᠮᠲᠠᠯᠠᠵᠤ᠂ ᠠᠮᠢ ᠠᠬᠤᠢ ᠣᠷᠴᠢᠨ ᠲᠣᠭᠣᠷᠢᠨ᠎ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠵᠢ ᠴᠢᠩᠭ᠋ᠠᠳᠬᠠᠬᠤ ᠬᠡᠷᠡᠭᠲᠡᠢ ᠭᠡᠵᠦ ᠳᠠᠬᠢᠨᠲᠠ ᠴᠢᠬᠤᠯᠠᠴᠢᠯᠠᠪᠠ᠃ ᠡᠨᠡ᠎ᠨᠢ ᠸᠠᠩ ᠸᠠᠩ ᠱᠧᠩ᠎ᠤᠨ ᠢᠷᠡᠭᠡᠳᠦᠢ ᠵᠢᠨ ᠠᠵᠢᠯ᠎ᠢ ᠨᠡᠩ ᠢᠲᠡᠭᠡᠯ ᠲᠡᠭᠦᠯᠳᠡᠷ ᠪᠣᠯᠭ᠋ᠠᠵᠠᠢ᠃ ᠲᠡᠷᠡ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ᠎ᠬᠢᠨ ᠲᠦᠷᠦᠭᠦᠯᠡᠨ ᠶᠡᠷᠦᠩᠬᠡᠢ ᠠᠳᠬᠤᠬᠤ ᠦᠢ᠍ᠯᠡᠳᠦᠯ ᠵᠶ᠋ᠡᠨ ᠪᠠᠳᠠᠷᠠᠭᠤᠯᠵᠤ᠂ ᠮᠠᠨ᠎ᠤ ᠣᠷᠣᠨ ᠭᠣᠣᠯ ᠬᠦᠴᠦᠨ᠎ᠤ ᠬᠣᠰᠢᠭᠤᠴᠢ ᠳᠦᠷᠢ᠎ᠪᠠᠷ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ ᠪᠣᠯᠣᠨ ᠭᠤᠷᠪᠠᠨ ᠶᠡᠬᠡ ᠪᠡᠯᠭᠡ ᠲᠡᠮᠳᠡᠭ᠎ᠤᠨ ᠴᠢᠨᠠᠷᠲᠠᠢ ᠳᠠᠢ᠌ᠯᠠᠯᠳᠤᠭ᠋ᠠᠨ᠎ᠤ ᠢᠯᠠᠯᠲᠠ ᠵᠢ ᠣᠯᠬᠤ᠎ᠳᠤ ᠬᠦᠴᠦ ᠨᠡᠮᠡᠷᠢᠯᠡᠨ᠎ᠡ; ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ ᠢᠨᠵᠧᠨᠧᠷᠢᠩ᠎ᠢ ᠲᠦᠷᠭᠡᠳᠬᠡᠨ ᠬᠡᠷᠡᠭᠵᠢᠭᠦᠯᠵᠦ᠂ ᠤᠯᠤᠰ᠎ᠤᠨ ᠪᠡᠯᠡ ᠮᠥᠩᠭᠥ᠂ ᠲᠥᠷᠥᠯ ᠵᠦᠢ᠍ᠯ᠂ ᠮᠡᠷᠭᠡᠵᠢᠯ ᠵᠡᠷᠭᠡ ᠡᠯ᠎ᠡ ᠲᠠᠯ᠎ᠠ ᠵᠢᠨ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠰᠠᠶ᠋ᠢᠲᠤᠷ ᠭᠦᠢ᠍ᠴᠡᠳ ᠬᠡᠷᠡᠭᠯᠡᠨ᠂ ᠪᠥᠬᠥ ᠬᠦᠴᠦᠨ ᠵᠦᠢ᠍ᠯ᠎ᠢ ᠪᠥᠬᠥ ᠲᠠᠯ᠎ᠠ᠎ᠪᠠᠷ ᠵᠠᠰᠠᠬᠤ ᠪᠠᠢ᠌ᠷᠢᠰᠢᠯ᠎ᠢ ᠴᠢᠷᠮᠠᠢ᠌ᠨ ᠪᠤᠢ ᠪᠣᠯᠭ᠋ᠠᠵᠤ᠂ ᠠᠮᠢ ᠠᠬᠤᠢ ᠣᠷᠴᠢᠨ ᠲᠣᠭᠣᠷᠢᠨ᠎ᠤ ᠥᠨᠳᠥᠷ ᠬᠢᠷᠢ ᠲᠦᠪᠰᠢᠨ ᠪᠦᠬᠦᠢ ᠬᠠᠮᠠᠭ᠋ᠠᠯᠠᠯᠲᠠ ᠪᠠ ᠠᠵᠤ ᠠᠬᠤᠢ ᠨᠡᠢ᠌ᠭᠡᠮ᠎ᠤᠨ ᠴᠢᠨᠠᠷ ᠰᠠᠢ᠌ᠲᠠᠢ ᠬᠥᠭᠵᠢᠯᠲᠡ ᠵᠢ ᠬᠠᠮᠵᠢᠯᠴᠠᠨ ᠠᠬᠢᠭᠤᠯᠵᠤ᠂ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ᠎ᠳᠤ ᠪᠠᠲᠤ ᠴᠢᠩᠭ᠎ᠠ ᠪᠠᠲᠤᠯᠠᠭ᠎ᠠ ᠬᠠᠩᠭ᠋ᠠᠨ᠎ᠠ᠃