ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠵᠢᠷᠤᠬᠲᠦ᠍ ᠮᠡᠳᠡᠭᠡ
《ᠪᠦᠬᠦ ᠤᠯᠤᠰ᠎ᠤᠨ ᠬᠣᠶᠠᠷ ᠬᠤᠷᠠᠯ᠎ᠳᠤ ᠠᠩᠬᠠᠷᠤᠯ ᠵᠶ᠋ᠠᠨ ᠲᠥᠪᠯᠡᠷᠡᠭᠦᠯᠦᠶ᠎ᠡ》 ᠭᠣᠣᠯ ᠬᠦᠴᠦᠨ᠎ᠤ ᠬᠣᠰᠢᠭᠤᠴᠢ ᠲᠥᠷᠬᠦ᠎ᠪᠠᠷ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠤ ᠢᠯᠠᠯᠲᠠ ᠵᠢ ᠣᠯᠵᠤ ᠡᠬᠡ ᠤᠯᠤᠰ᠎ᠤᠨ ᠤᠮᠠᠷᠠᠲᠤ ᠵᠢᠨ ᠲᠦᠮᠡᠨ ᠭᠠᠵᠠᠷ᠎ᠤᠨ ᠨᠣᠮᠢᠨ ᠨᠣᠭᠣᠭ᠋ᠠᠨ ᠤᠷᠳᠤ ᠴᠠᠭ᠋ᠠᠨ ᠬᠡᠷᠡᠮ᠎ᠢ ᠰᠠᠶ᠋ᠢᠲᠤᠷ ᠪᠦᠲᠦᠭᠡᠨ ᠪᠠᠢ᠌ᠭᠤᠯᠤᠨ᠎ᠠ
ᠨᠡᠶ᠋ᠢᠲᠡᠯᠡᠭᠰᠡᠨ ᠴᠠᠭ᠄ 2024-03-13

      ᠭᠣᠣᠯ ᠬᠦᠴᠦᠨ᠎ᠤ ᠬᠣᠰᠢᠭᠤᠴᠢ ᠲᠥᠷᠬᠦ᠎ᠪᠠᠷ ᠢᠯᠠᠯᠲᠠ ᠣᠯᠣᠨ᠎ᠠ

      《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠡᠷᠬᠡ ᠰᠡᠳᠦᠪ᠎ᠢ ᠰᠢᠢ᠍ᠳᠪᠦᠷᠢᠯᠡᠬᠦ ᠳᠠᠢ᠌ᠯᠠᠯᠳᠤᠭ᠋ᠠᠨ

      ᠡᠬᠡ ᠤᠯᠤᠰ᠎ᠤᠨ ᠤᠮᠠᠷᠠᠲᠤ ᠵᠢᠨ ᠲᠦᠮᠡᠨ ᠭᠠᠵᠠᠷ᠎ᠤᠨ ᠨᠣᠮᠢᠨ ᠨᠣᠭᠣᠭ᠋ᠠᠨ ᠴᠠᠭ᠋ᠠᠨ ᠬᠡᠷᠡᠮ᠎ᠢ ᠰᠠᠶ᠋ᠢᠲᠤᠷ ᠪᠦᠲᠦᠭᠡᠨ ᠪᠠᠢ᠌ᠭᠤᠯᠤᠨ᠎ᠠ

      ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ

      ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠸᠠᠩ ᠸᠠᠩ ᠱᠧᠩ

      ᠬᠤᠯᠠ ᠵᠢᠨ ᠬᠤᠯᠠ ᠦᠷᠭᠦᠯᠵᠢᠯᠡᠬᠦ ᠰᠢᠷᠭ᠋ᠠᠯ ᠡᠯᠡᠰᠦ᠎ᠠᠴᠠ ᠨᠡᠯᠦᠭᠡᠷ ᠠᠭᠤᠳᠠᠮ ᠨᠣᠭᠣᠭ᠋ᠠᠨ ᠪᠦᠷᠢᠳᠦ ᠬᠦᠷᠲᠡᠯ᠎ᠡ᠂ 《ᠡᠯᠡᠰᠦ ᠤᠷᠤᠭᠰᠢᠯᠠᠵᠤ ᠬᠥᠮᠥᠨ ᠤᠬᠤᠷᠢᠬᠤ》᠎ᠠᠴᠠ 《ᠨᠤᠭᠤᠭ᠋ᠠᠷᠠᠭᠤᠯᠤᠳᠠ᠎ᠪᠠᠷ ᠡᠯᠡᠰᠦ ᠵᠢ ᠤᠬᠤᠷᠢᠭᠤᠯᠬᠤ》 ᠬᠦᠷᠲᠡᠯ᠎ᠡ᠂ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠢ ᠡᠬᠢᠯᠡᠭᠦᠯᠦᠭᠰᠡᠨ᠎ᠠᠴᠠ ᠨᠠᠭ᠋ᠠᠰᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠨᠠᠢ᠌ᠳᠠ 1.19 ᠳ᠋ᠦᠩᠰᠢᠭᠤᠷ ᠮᠦ᠍ ᠪᠦᠲᠦᠭᠡᠨ ᠪᠠᠢ᠌ᠭᠤᠯᠤᠯᠲᠠ ᠵᠢᠨ ᠡᠭᠦᠷᠭᠡ ᠵᠢ ᠪᠡᠶᠡᠯᠡᠭᠦᠯᠵᠦ᠂ ᠪᠦᠬᠦ ᠤᠯᠤᠰ᠎ᠤᠨ 25.1%᠎ᠢ ᠡᠵᠡᠯᠡᠵᠦ᠂ ᠤᠮᠠᠷᠠᠲᠤ ᠬᠢᠯᠢ ᠵᠢᠨ ᠡᠬᠡ ᠭᠠᠵᠠᠷ᠎ᠲᠤ ᠯᠤᠲᠤ ᠶᠡᠬᠡ ᠠᠮᠢ ᠠᠬᠤᠢ ᠵᠢᠨ ᠬᠠᠮᠠᠭ᠋ᠠᠯᠠᠯᠲᠠ ᠵᠢᠨ ᠲᠣᠣᠷ᠎ᠢ ᠰᠦᠯᠵᠢᠵᠦ᠂ 《ᠨᠣᠭᠣᠭ᠋ᠠᠨ ᠪᠦᠰᠡ᠎ᠪᠠᠷ ᠰᠢᠷ᠎ᠠ ᠯᠣᠣ ᠵᠢ ᠣᠷᠢᠶᠠᠬᠤ》 ᠰᠦᠷᠯᠢᠭ ᠦᠵᠡᠮᠵᠢ ᠵᠢ ᠪᠡᠶᠡᠯᠡᠭᠦᠯᠵᠡᠢ᠃

      

图片01.png


ᠦᠵᠡᠰᠬᠦᠯᠡᠩᠲᠦ ᠰᠠᠢ᠌ᠬᠠᠨ ᠳᠠᠭᠤᠲᠤ ᠨᠠᠭᠤᠷ (ᠦᠦᠰᠢᠨ ᠬᠣᠰᠢᠭᠤ)

      ᠥᠪᠥᠷ ᠮᠣᠩᠭᠣᠯ 《ᠤᠮᠠᠷᠠᠲᠤ ᠵᠢᠨ ᠭᠤᠷᠪᠠᠨ ᠣᠷᠣᠨ》᠎ᠢ ᠰᠤᠨᠳᠠᠯᠠᠵᠤ᠂ ᠬᠢᠵᠠᠭ᠋ᠠᠷ ᠳᠣᠲᠣᠷ᠎ᠠ᠎ᠨᠢ ᠪᠠᠳᠠᠢ ᠵᠢᠨ ᠵᠢᠷᠠᠨ᠂ ᠲᠡᠭᠷᠢ ᠡᠯᠡᠰᠦ᠂ ᠤᠯᠠᠭ᠋ᠠᠨᠪᠤᠭ᠎ᠠ ᠵᠢᠨ ᠡᠯᠡᠰᠦ᠂ ᠬᠥᠪᠴᠢ ᠵᠢᠨ ᠡᠯᠡᠰᠦ ᠵᠡᠷᠭᠡ ᠳᠥᠷᠪᠡᠨ ᠶᠡᠬᠡ ᠡᠯᠡᠰᠦᠨ ᠴᠦᠯ ᠪᠣᠯᠣᠨ ᠮᠤᠤᠠᠤᠰᠤ᠂ ᠬᠤᠯᠠᠨ ᠰᠢᠷᠭ᠎ᠠ ᠵᠢᠨ ᠳᠠᠭ᠎ᠠ᠂ ᠬᠣᠷᠴᠢᠨ᠂ ᠬᠥᠯᠥᠨ ᠪᠣᠢ᠌ᠷ ᠳᠥᠷᠪᠡᠨ ᠶᠡᠬᠡ ᠡᠯᠡᠰᠦᠷᠬᠡᠭ ᠭᠠᠵᠠᠷ ᠲᠠᠷᠬᠠᠵᠤ᠂ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠤ ᠭᠤᠷᠪᠠᠨ ᠶᠡᠬᠡ ᠪᠡᠯᠭᠡ ᠲᠡᠮᠳᠡᠭ᠎ᠤᠨ ᠴᠢᠨᠠᠷᠲᠠᠢ ᠳᠠᠢ᠌ᠯᠠᠯᠳᠤᠭ᠋ᠠᠨ᠎ᠤ ᠭᠣᠣᠯ ᠳᠠᠢ᠌ᠯᠠᠯᠳᠤᠭ᠋ᠠᠨ᠎ᠤ ᠲᠠᠯᠠᠪᠤᠷ᠎ᠲᠤ 《ᠬᠣᠶᠠᠷ ᠬᠠᠭ᠋ᠠᠰ》᠎ᠨᠢ ᠥᠪᠥᠷ ᠮᠣᠩᠭᠣᠯ᠎ᠳᠤ ᠪᠤᠢ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ 《ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ ᠪᠣᠯ ᠥᠪᠥᠷ ᠮᠣᠩᠭᠣᠯ᠎ᠤᠨ ᠡᠷᠬᠡᠪᠰᠢ ᠪᠠᠲᠤ ᠴᠡᠭᠡᠵᠢᠯᠡᠬᠦ ᠬᠡᠷᠡᠭᠲᠡᠶ 〈ᠤᠯᠤᠰ᠎ᠤᠨ ᠲᠣᠮᠣ ᠶᠠᠪᠤᠳᠠᠯ〉 ᠮᠥᠨ》 ᠭᠡᠵᠦ ᠲᠣᠳᠣᠷᠬᠠᠢ ᠱᠠᠭ᠋ᠠᠷᠳᠠᠭᠰᠠᠨ ᠪᠠᠢ᠌ᠨ᠎ᠠ᠃

      ᠥᠪᠥᠷ ᠮᠣᠩᠭᠣᠯ ᠬᠦᠰᠡᠯ ᠨᠠᠢ᠌ᠳᠠᠯᠭ᠎ᠠ ᠵᠢ ᠪᠠᠲᠤ ᠴᠡᠭᠡᠵᠢᠯᠡᠵᠦ᠂ ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠦᠲᠦᠭᠡᠨ ᠪᠠᠢ᠌ᠭᠤᠯᠬᠤ ᠵᠢ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠵᠢᠨ ᠲᠡᠷᠢᠭᠦᠨ᠎ᠳᠤ ᠲᠠᠯᠪᠢᠵᠤ᠂ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠨᠠᠢ᠌ᠳᠠ 1.37 ᠳ᠋ᠦᠩᠰᠢᠭᠤᠷ ᠮᠦ᠍ ᠮᠣᠳᠣ ᠲᠠᠷᠢᠵᠤ ᠣᠶ᠋ᠢᠵᠢᠭᠤᠯᠬᠤ᠂ 3.36 ᠳ᠋ᠦᠩᠰᠢᠭᠤᠷ ᠮᠦ᠍ ᠡᠪᠡᠰᠦ ᠲᠠᠷᠢᠬᠤ᠂ 1.48 ᠳ᠋ᠦᠩᠰᠢᠭᠤᠷ ᠮᠦ᠍ ᠡᠯᠡᠰᠦ ᠵᠢ ᠰᠡᠷᠭᠡᠢ᠌ᠯᠡᠵᠦ ᠡᠯᠡᠰᠦ ᠵᠢ ᠵᠠᠰᠠᠬᠤ ᠵᠢ ᠪᠡᠶᠡᠯᠡᠭᠦᠯᠵᠦ᠂ ᠬᠡᠪᠴᠢᠶ᠎ᠡ᠎ᠨᠢ ᠪᠦᠬᠦ ᠤᠯᠤᠰ᠎ᠤᠨ ᠲᠡᠷᠢᠭᠦᠨ᠎ᠳᠤ ᠣᠷᠣᠭᠰᠠᠨ ᠪᠥᠭᠡᠳ ᠬᠥᠪᠴᠢ ᠵᠢᠨ ᠵᠠᠭᠪᠤᠷ᠂ ᠳ᠋ᠸᠩᠺᠸᠦ ᠵᠢᠨ ᠵᠠᠭᠪᠤᠷ᠎ᠢ ᠪᠦᠷᠢᠯᠳᠦᠭᠦᠯᠵᠡᠢ᠃

      

图片02.png


ᠡᠯᠡᠰᠦ ᠮᠠᠩᠬ᠎ᠠ ᠵᠢ ᠪᠡᠬᠢᠯᠡᠨ ᠵᠠᠰᠠᠨ᠎ᠠ (ᠠᠯᠠᠱ᠌ᠠ ᠠᠶ᠋ᠢᠮᠠᠭ)

      ᠨᠢᠳᠤᠨᠤᠨ᠎ᠤ 6 ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠴᠦᠯᠯᠡᠷᠬᠡᠭᠵᠢᠯ᠎ᠢ ᠶᠡᠷᠦᠩᠬᠡᠢ᠌ᠯᠡᠨ ᠰᠡᠷᠭᠡᠢ᠌ᠯᠡᠨ ᠵᠠᠰᠠᠬᠤ ᠵᠢ ᠴᠢᠩᠭ᠋ᠠᠳᠬᠠᠬᠤ ᠪᠠ 《ᠤᠮᠠᠷᠠᠲᠤ ᠵᠢᠨ ᠭᠤᠷᠪᠠᠨ ᠣᠷᠣᠨ》 ᠵᠡᠷᠭᠡ ᠭᠣᠣᠯᠳᠠᠯᠭ᠎ᠠ᠎ᠲᠠᠢ ᠠᠮᠢ ᠠᠬᠤᠢ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠶᠠᠷᠢᠯᠴᠠᠬᠤ ᠬᠤᠷᠠᠯ ᠳᠡᠭᠡᠷ᠎ᠡ᠂ ᠰᠢᠨ᠎ᠡ ᠴᠠᠭ ᠦᠶ᠎ᠡ ᠵᠢᠨ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠡᠷᠡᠰ ᠰᠠᠶ᠋ᠢᠲᠤᠷ ᠬᠢᠵᠦ᠂ ᠰᠢᠨ᠎ᠡ ᠴᠠᠭ ᠦᠶ᠎ᠡ ᠵᠢᠨ ᠡᠯᠡᠰᠦ ᠵᠢ ᠰᠡᠷᠭᠡᠢ᠌ᠯᠡᠵᠦ ᠡᠯᠡᠰᠦ ᠵᠢ ᠵᠠᠰᠠᠬᠤ ᠰᠢᠨ᠎ᠡ ᠭᠠᠶ᠋ᠢᠬᠠᠮᠰᠢᠭ᠎ᠢ ᠴᠢᠷᠮᠠᠢ᠌ᠨ ᠡᠭᠦᠳᠬᠦ ᠶᠡᠷᠦᠩᠬᠡᠢ ᠳᠠᠢ᠌ᠴᠢᠯᠠᠯᠲᠠ ᠵᠢᠨ ᠵᠠᠷᠯᠢᠭ ᠪᠠᠭᠤᠯᠭ᠋ᠠᠵᠠᠢ᠃ ᠥᠪᠥᠷ ᠮᠣᠩᠭᠣᠯ ᠡᠷᠡᠰ ᠴᠤᠤᠷᠢᠶᠠᠲᠤᠨ ᠲᠠᠭ᠋ᠠᠵᠤ᠂ ᠭᠣᠣᠯ ᠳᠠᠭ᠋ᠠᠷᠢᠯᠲᠠ ᠬᠢᠵᠦ᠂ ᠭᠣᠣᠯ ᠬᠦᠴᠦᠨ ᠪᠣᠯᠵᠤ᠂ ᠪᠤᠰᠢᠭᠤᠬᠠᠨ ᠪᠠᠢ᠌ᠯᠳᠤᠭ᠋ᠠᠨ᠎ᠳᠤ ᠣᠷᠣᠯ᠎ᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠤᠮᠠᠷᠠᠲᠤ ᠵᠢᠨ ᠭᠤᠷᠪᠠᠨ ᠣᠷᠣᠨ〉᠎ᠤ ᠢᠨᠵᠧᠨᠧᠷᠢᠩ᠎ᠤᠨ ᠵᠢᠷᠭᠤᠳᠤᠭ᠋ᠠᠷ ᠬᠤᠭᠤᠴᠠᠭ᠋ᠠᠨ᠎ᠤ ᠲᠥᠯᠦᠪᠵᠢᠭᠦᠯᠭᠡ (2021 — 2030 ᠣᠨ)》 ᠪᠠ 《ᠬᠠᠲᠤᠨ ᠭᠣᠣᠯ᠎ᠤᠨ 〈ᠲᠣᠬᠣᠢ ᠵᠢᠨ ᠬᠡᠰᠡᠭ〉 ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠬᠡᠷᠡᠭᠵᠢᠭᠦᠯᠬᠦ ᠲᠥᠰᠥᠯ》 《ᠬᠣᠷᠴᠢᠨ ᠪᠠ ᠬᠤᠯᠠᠨ ᠰᠢᠷᠬ᠎ᠠ ᠵᠢᠨ ᠡᠯᠡᠰᠦᠷᠬᠡᠭ ᠭᠠᠵᠠᠷ᠎ᠢ ᠤᠰᠠᠳᠬᠠᠬᠤ ᠳᠠᠢ᠌ᠯᠠᠯᠳᠤᠭ᠋ᠠᠨ᠎ᠤ ᠬᠡᠷᠡᠭᠵᠢᠭᠦᠯᠬᠦ ᠲᠥᠰᠥᠯ》 《ᠬᠠᠲᠤᠨ ᠭᠣᠣᠯ᠎ᠤᠨ ᠪᠠᠷᠠᠭᠤᠨ ᠬᠣᠩᠭᠢᠯ — ᠲᠠᠺᠯᠢᠮᠠᠺᠠᠨ ᠡᠯᠡᠰᠦᠨ ᠴᠥᠯ᠎ᠤᠨ ᠭᠥᠪᠡᠭᠡ᠎ᠪᠠᠷ ᠬᠣᠷᠢᠭᠯᠠᠨ ᠴᠣᠬᠢᠬᠤ ᠳᠠᠢ᠌ᠯᠠᠯᠳᠤᠭ᠋ᠠᠨ᠎ᠤ ᠬᠡᠷᠡᠭᠵᠢᠭᠦᠯᠬᠦ ᠲᠥᠰᠥᠯ》᠎ᠢ ᠨᠠᠢ᠌ᠷᠠᠭᠤᠯᠤᠨ ᠵᠣᠬᠢᠶᠠᠵᠤ ᠳᠠᠭᠤᠰᠬᠠᠪᠠ᠃ 5 ᠵᠠᠰᠠᠯᠲᠠ ᠵᠢᠨ ᠣᠷᠣᠨ ᠪᠠ 11 ᠴᠢᠬᠤᠯᠠ ᠶᠡᠬᠡ ᠲᠥᠷᠥᠯ ᠵᠦᠢ᠍ᠯ᠎ᠢ ᠪᠦᠬᠦᠨ᠎ᠢ ᠤᠯᠤᠰ᠎ᠤᠨ ᠲᠥᠯᠦᠪᠵᠢᠭᠦᠯᠭᠡ᠎ᠳᠤ ᠣᠷᠣᠭᠤᠯᠵᠤ᠂ ᠪᠤᠢ ᠪᠦᠬᠦᠢ ᠬᠣᠰᠢᠭᠤ ᠰᠢᠶᠠᠨ᠎ᠢ ᠬᠡᠷᠡᠭᠵᠢᠭᠦᠯᠬᠦ ᠬᠡᠪᠴᠢᠶᠡᠨ᠎ᠳᠤ ᠣᠷᠣᠭᠤᠯᠬᠤ ᠵᠢ ᠠᠬᠢᠭᠤᠯᠪᠠ; 2023 ᠣᠨ᠎ᠤ 6 ᠰᠠᠷ᠎ᠠ᠎ᠠᠴᠠ ᠰᠡᠭᠦᠯᠡᠷ᠂ ᠡᠳᠦᠷ ᠪᠦᠷᠢ ᠳᠤᠮᠳᠠᠴᠢ᠎ᠪᠠᠷ 1.7 ᠲᠦᠮᠡᠨ ᠮᠦ᠍ ᠮᠣᠳᠣ ᠳᠠᠷᠢᠵᠤ᠂ 8.8 ᠲᠦᠮᠡᠨ ᠮᠦ᠍ ᠡᠪᠡᠰᠦ ᠲᠠᠷᠢᠵᠤ᠂ 4.3 ᠲᠦᠮᠡᠨ ᠮᠦ᠍ ᠡᠯᠡᠰᠦ ᠵᠢ ᠰᠡᠷᠭᠡᠢ᠌ᠯᠡᠨ ᠵᠠᠰᠠᠵᠤ᠂ ᠪᠦᠬᠦ ᠵᠢᠯ᠎ᠳᠤ 556 ᠲᠦᠮᠡᠨ ᠮᠦ᠍ ᠮᠣᠳᠣ ᠳᠠᠷᠢᠵᠤ᠂ 1817 ᠲᠦᠮᠡᠨ ᠮᠦ᠍ ᠡᠪᠡᠰᠦ ᠲᠠᠷᠢᠵᠤ᠂ 950 ᠲᠦᠮᠡᠨ ᠮᠦ᠍ ᠡᠯᠡᠰᠦ ᠵᠢ ᠰᠡᠷᠭᠡᠢ᠌ᠯᠡᠨ ᠵᠠᠰᠠᠵᠤ᠂ ᠣᠨ᠎ᠤ ᠡᠭᠦᠷᠭᠡ᠎ᠪᠠᠨ ᠲᠤᠰ ᠲᠤᠰ 149%᠂ 140%᠂ 151%᠎ᠪᠠᠷ ᠪᠡᠶᠡᠯᠡᠭᠦᠯᠵᠦ᠂ ᠤᠯᠤᠰ᠎ᠤᠨ ᠨᠤᠲᠤᠭ ᠳᠡᠪᠢᠰᠬᠡᠷ᠎ᠢ ᠨᠣᠭᠣᠭ᠋ᠠᠷᠠᠭᠤᠯᠬᠤ ᠪᠠ ᠡᠯᠡᠰᠦ ᠵᠢ ᠰᠡᠷᠭᠡᠢ᠌ᠯᠡᠨ ᠡᠯᠡᠰᠦ ᠵᠢ ᠵᠠᠰᠠᠬᠤ 《ᠬᠤᠷᠳᠤᠴᠠ》 ᠵᠢ ᠦᠨᠡᠨᠬᠦ ᠪᠡᠶᠡᠯᠡᠭᠦᠯᠦᠭᠰᠡᠨ ᠪᠠᠢ᠌ᠨ᠎ᠠ᠃

      ᠡᠷᠡᠰ ᠰᠢᠭᠤᠷᠬᠠᠢ᠎ᠪᠠᠷ ᠤᠷᠤᠭᠰᠢᠯᠠᠪᠠᠰᠤ ᠬᠡᠳᠦᠢ ᠬᠣᠯᠠ ᠪᠠᠢ᠌ᠭᠰᠠᠨ ᠴᠤ᠌ ᠵᠠᠪᠠᠯ ᠬᠦᠷᠳᠡᠭ; ᠳᠠᠷᠳᠠᠩ ᠵᠠᠮ ᠳᠥᠭᠥᠮ ᠳᠥᠲᠡ ᠪᠣᠯᠪᠠᠴᠤ ᠪᠣᠳᠠᠲᠠᠢ ᠠᠵᠢᠯᠯᠠᠬᠤ ᠴᠢᠬᠤᠯᠠ᠎ᠲᠠᠢ᠃ ᠮᠠᠨ᠎ᠤ ᠤᠯᠤᠰ᠎ᠤᠨ ᠴᠦᠯᠯᠡᠷᠭᠡᠭᠵᠢᠯ᠎ᠢ ᠵᠠᠰᠠᠬᠤ ᠭᠣᠣᠯ ᠳᠠᠢ᠌ᠯᠠᠯᠳᠤᠭ᠋ᠠᠨ᠎ᠤ ᠲᠠᠯᠠᠪᠤᠷ᠂ ᠡᠯᠡᠰᠦᠨ ᠰᠢᠭᠤᠷᠭ᠎ᠠ ᠵᠢ ᠰᠡᠷᠭᠡᠢ᠌ᠯᠡᠬᠦ ᠭᠣᠣᠯ ᠰᠡᠷᠭᠡᠢ᠌ᠯᠡᠯᠲᠡ ᠵᠢᠨ ᠱᠤᠭᠤᠮ ᠪᠣᠯᠤᠭᠰᠠᠨ᠎ᠤ ᠬᠤᠪᠢ᠎ᠳᠤ᠂ ᠥᠪᠥᠷ ᠮᠣᠩᠭᠣᠯ 《ᠮᠣᠩᠭᠣᠯ ᠮᠣᠷᠢᠨ᠎ᠤ ᠵᠣᠷᠢᠭ ᠰᠠᠨᠠᠭ᠎ᠠ》 ᠪᠣᠯᠣᠨ 《ᠤᠮᠠᠷᠠᠲᠤ ᠵᠢᠨ ᠭᠤᠷᠪᠠᠨ ᠣᠷᠣᠨ᠎ᠤ ᠵᠣᠷᠢᠭ ᠰᠠᠨᠠᠭ᠎ᠠ》 ᠵᠢ ᠦᠷᠭᠦᠯᠵᠢᠯᠡᠨ ᠪᠠᠳᠠᠷᠠᠭᠤᠯᠵᠤ᠂ ᠭᠣᠣᠯ ᠬᠣᠰᠢᠭᠤᠴᠢ ᠲᠥᠷᠬᠦ᠎ᠪᠠᠷ ᠭᠣᠣᠯ ᠲᠤᠯᠭ᠋ᠠᠭᠤᠷᠢ ᠪᠣᠯᠵᠤ᠂ ᠬᠦᠨᠳᠦ ᠡᠭᠦᠷᠭᠡ ᠵᠢ ᠡᠭᠦᠷᠭᠡᠯᠡᠵᠦ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠵᠤ᠂ ᠭᠠᠮᠰᠢᠭ᠎ᠠᠴᠠ ᠪᠣᠯᠵᠤ ᠰᠡᠷᠭᠡᠢ᠌ᠯᠡᠯᠲᠡ ᠪᠠᠢ᠌ᠷᠢᠯᠠᠭᠤᠯᠵᠤ᠂ ᠣᠷᠣᠨ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠤᠮᠠᠷᠠᠲᠤ ᠵᠢᠨ ᠭᠤᠷᠪᠠᠨ ᠣᠷᠣᠨ᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠤ ᠢᠯᠠᠯᠲᠠ ᠵᠢ ᠵᠠᠪᠠᠯ ᠣᠯᠬᠤ ᠪᠣᠯᠣᠨ᠎ᠠ᠃

      

图片03.png


ᠤᠰᠤᠨ᠎ᠤ ᠡᠬᠢ ᠰᠤᠷᠪᠤᠯᠵᠢ ᠵᠢ ᠬᠠᠳᠠᠭ᠋ᠠᠯᠠᠬᠤ ᠣᠢ ᠵᠢ ᠬᠠᠮᠠᠭ᠋ᠠᠯᠠᠬᠤ ᠪᠠ ᠰᠡᠷᠭᠦᠭᠡᠬᠦ (ᠬᠥᠯᠥᠨ ᠪᠣᠢ᠌ᠷ ᠬᠣᠲᠠ)

      ᠭᠤᠷᠪᠠᠨ ᠶᠡᠬᠡ ᠪᠡᠯᠭᠡ ᠲᠡᠮᠳᠡᠭ᠎ᠤᠨ ᠴᠢᠨᠠᠷᠲᠠᠢ ᠳᠠᠢ᠌ᠯᠠᠯᠳᠤᠭ᠋ᠠᠨ᠎ᠢ ᠪᠦᠬᠦ ᠬᠦᠴᠦᠨ ᠵᠶ᠋ᠡᠷ ᠵᠶ᠋ᠡᠨ ᠰᠠᠶ᠋ᠢᠲᠤᠷ ᠬᠢᠵᠦ ᠪᠤᠢ᠃ 《ᠬᠣᠣᠰ》 ᠢᠨᠵᠧᠨᠧᠷᠢᠩ ᠪᠠ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢ ᠬᠠᠮᠵᠢᠯᠴᠠᠨ ᠠᠬᠢᠭᠤᠯᠵᠤ᠂ ᠬᠥᠪᠴᠢ ᠵᠢᠨ ᠬᠡᠪ ᠵᠠᠭᠪᠤᠷ᠂ ᠳ᠋ᠸᠩᠺᠸᠦ ᠵᠢᠨ ᠬᠡᠪ ᠵᠠᠭᠪᠤᠷ᠎ᠢ ᠢᠳᠡᠪᠬᠢᠲᠡᠢ ᠳᠡᠯᠭᠡᠷᠡᠭᠦᠯᠵᠦ᠂ ᠥᠪᠥᠷ ᠮᠣᠩᠭᠣᠯ᠎ᠤᠨ ᠪᠠᠷᠠᠭᠤᠨ ᠬᠡᠰᠡᠭ᠎ᠤᠨ ᠡᠯᠡᠰᠦᠨ ᠴᠥᠯ᠎ᠢ ᠶᠡᠷᠦᠩᠬᠡᠢ᠌ᠯᠡᠨ ᠵᠠᠰᠠᠬᠤ ᠵᠡᠷᠭᠡ 《ᠬᠣᠣᠰ》 ᠲᠥᠷᠥᠯ ᠵᠦᠢ᠍ᠯ᠎ᠢ ᠭᠣᠣᠯᠳᠠᠯᠭ᠎ᠠ᠎ᠲᠠᠢ ᠰᠠᠶ᠋ᠢᠲᠤᠷ ᠬᠡᠷᠡᠭᠵᠢᠭᠦᠯᠵᠦ᠂ ᠤᠯᠤᠰ᠎ᠠᠴᠠ ᠴᠣᠬᠣᠯᠠᠪᠤᠷᠢᠯᠠᠨ ᠬᠠᠷᠢᠭᠤᠯᠤᠭᠰᠠᠨ ᠬᠣᠷᠴᠢᠨ᠎ᠤ ᠡᠯᠡᠰᠦᠷᠬᠡᠭ ᠭᠠᠵᠠᠷ᠎ᠢ ᠶᠡᠷᠦᠩᠬᠡᠢ᠌ᠯᠡᠨ ᠵᠠᠰᠠᠬᠤ ᠵᠡᠷᠭᠡ 《ᠤᠮᠠᠷᠠᠲᠤ ᠵᠢᠨ ᠭᠤᠷᠪᠠᠨ ᠣᠷᠣᠨ》᠎ᠤ ᠲᠥᠷᠥᠯ ᠵᠦᠢ᠍ᠯ᠎ᠢ ᠠᠬᠢᠭᠤᠯᠤᠨ᠂ ᠵᠢᠯ᠎ᠤᠨ ᠳᠣᠲᠣᠷ᠎ᠠ ᠬᠠᠲᠤᠨ ᠭᠣᠣᠯ᠎ᠤᠨ 《ᠲᠣᠬᠣᠢ ᠵᠢᠨ ᠬᠡᠰᠡᠭ》᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ ᠵᠶ᠋ᠠᠷ 758 ᠲᠦᠮᠡᠨ ᠮᠦ᠍᠂ ᠬᠣᠷᠴᠢᠨ ᠪᠣᠯᠣᠨ ᠬᠤᠯᠠᠨ ᠰᠢᠷᠭ᠎ᠠ ᠲᠠᠭ᠎ᠠ ᠵᠢᠨ ᠡᠯᠡᠰᠦᠷᠬᠡᠭ ᠭᠠᠵᠠᠷ᠎ᠢ ᠤᠰᠠᠳᠬᠠᠬᠤ ᠳᠠᠢ᠌ᠯᠠᠯᠳᠤᠭ᠋ᠠᠨ ᠵᠶ᠋ᠠᠷ 549 ᠲᠦᠮᠡᠨ ᠮᠦ᠍᠂ ᠾᠸᠰᠢ ᠵᠢᠨ ᠬᠣᠩᠭᠢᠯ — ᠲᠠᠺᠯᠢᠮᠠᠺᠠᠨ ᠡᠯᠡᠰᠦᠨ ᠴᠥᠯ᠎ᠤᠨ ᠭᠥᠪᠡᠭᠡ ᠵᠢ ᠬᠣᠷᠢᠭᠯᠠᠨ ᠴᠣᠬᠢᠬᠤ ᠳᠠᠢ᠌ᠯᠠᠯᠳᠤᠭ᠋ᠠᠨ ᠵᠶ᠋ᠠᠷ 131 ᠲᠦᠮᠡᠨ ᠮᠦ᠍ ᠵᠢ ᠪᠡᠶᠡᠯᠡᠭᠦᠯᠬᠦ ᠵᠢ ᠦᠨᠡᠨᠬᠦ ᠪᠠᠲᠤᠯᠠᠪᠠ᠃

      ᠡᠯᠡᠰᠦᠷᠬᠡᠭᠵᠢᠬᠦ ᠵᠢ ᠰᠡᠷᠭᠡᠢ᠌ᠯᠡᠵᠦ ᠡᠯᠡᠰᠦ ᠵᠢ ᠵᠠᠰᠠᠬᠤ ᠪᠠ ᠰᠠᠯᠬᠢᠨ ᠬᠦᠴᠦᠨ ᠎ᠤ ᠴᠠᠬᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠢ ᠶᠡᠬᠡᠪᠡᠷ ᠬᠡᠷᠡᠭᠵᠢᠭᠦᠯᠪᠡ᠃ 《ᠡᠯᠡᠰᠦᠷᠬᠡᠭᠵᠢᠬᠦ ᠵᠢ ᠰᠡᠷᠭᠡᠢ᠌ᠯᠡᠵᠦ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠬᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠤᠨ ᠬᠡᠷᠡᠭᠵᠢᠭᠦᠯᠬᠦ ᠲᠥᠰᠥᠯ》᠎ᠢ ᠲᠣᠭᠲᠠᠭ᠋ᠠᠵᠤ᠂ ᠪᠦᠲᠦᠭᠡᠨ ᠪᠠᠢ᠌ᠭᠤᠯᠬᠤ ᠪᠠᠷᠢᠮᠵᠢᠶ᠎ᠠ ᠵᠢ ᠲᠣᠳᠣᠷᠬᠠᠢ᠌ᠯᠠᠨ᠂ ᠲᠣᠭᠲᠠᠴᠠ ᠵᠢᠨ ᠵᠠᠭᠪᠤᠷ᠎ᠤᠨ ᠰᠢᠨ᠎ᠡ ᠵᠢ ᠡᠭᠦᠳᠴᠦ᠂ ᠡᠯ᠎ᠡ ᠲᠠᠯ᠎ᠠ ᠵᠢᠨ ᠬᠦᠴᠦᠨ᠎ᠢ ᠬᠤᠷᠠᠮᠳᠤᠭᠤᠯᠤᠨ᠂ ᠰᠠᠯᠬᠢᠨ ᠬᠦᠴᠦᠨ᠎ᠤ ᠴᠠᠬᠢᠯᠭ᠋ᠠᠨ ᠬᠡᠷᠡᠯᠴᠢ ᠴᠡᠨᠡᠭ᠎ᠢ ᠨᠡᠭᠡᠭᠡᠨ ᠬᠥᠭᠵᠢᠭᠦᠯᠬᠦ ᠪᠠ ᠡᠯᠡᠰᠦᠷᠬᠡᠭᠵᠢᠬᠦ ᠵᠢ ᠰᠡᠷᠭᠡᠢ᠌ᠯᠡᠵᠦ ᠡᠯᠡᠰᠦ ᠵᠢ ᠵᠠᠰᠠᠬᠤ ᠵᠢ ᠣᠷᠭ᠋ᠠᠨᠢᠭ ᠵᠶ᠋ᠠᠷ ᠠᠭᠤᠰᠤᠯᠴᠠᠭᠤᠯᠬᠤ᠂ ᠨᠢᠭᠡ ᠴᠣᠭᠴᠠᠵᠢᠭᠤᠯᠤᠨ ᠪᠦᠲᠦᠭᠡᠨ ᠪᠠᠢ᠌ᠭᠤᠯᠬᠤ ᠵᠢ ᠠᠬᠢᠭᠤᠯᠪᠠ᠃ ᠣᠷᠳᠣᠰ᠎ᠤᠨ 《ᠬᠡᠷᠡᠯᠴᠢ ᠴᠡᠨᠡᠭ᠎ᠤᠨ ᠣᠷᠳᠣ ᠴᠠᠭ᠋ᠠᠨ ᠬᠡᠷᠡᠮ》 ᠪᠠᠢ᠌ᠭᠤᠯᠬᠤ ᠵᠢ ᠳᠡᠮᠵᠢᠵᠦ᠂ ᠲᠣᠮᠣ ᠬᠡᠯᠪᠡᠷᠢ ᠵᠢᠨ ᠡᠨᠧᠷᠭᠢ ᠵᠢᠨ ᠠᠵᠤ ᠠᠬᠤᠢ᠌ᠯᠠᠯ᠎ᠢ ᠵᠣᠷᠢᠭᠵᠢᠭᠤᠯᠤᠨ ᠬᠥᠲᠥᠯᠥᠨ ᠵᠢᠯᠤᠭᠣᠳᠴᠤ 《ᠡᠯᠡᠰᠦ ᠮᠠᠩᠬ᠎ᠠ ᠭᠣᠪᠢ ᠲᠠᠴᠢᠷ》 ᠭᠠᠵᠠᠷ᠎ᠤᠨ ᠥᠩᠭᠡ ᠦᠵᠡᠮᠵᠢ ᠵᠢᠨ ᠰᠠᠭᠤᠷᠢᠨ ᠭᠠᠵᠠᠷ᠎ᠤᠨ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ᠎ᠳᠤ ᠣᠷᠣᠯᠴᠠᠭᠤᠯᠵᠤ᠂ 《ᠬᠡᠷᠡᠯᠴᠢ ᠴᠡᠨᠡᠭ +》 《ᠰᠠᠯᠬᠢᠨ ᠬᠦᠴᠦᠨ᠎ᠤ ᠴᠠᠬᠢᠯᠭ᠋ᠠᠨ +》 ᠵᠠᠭᠪᠤᠷ᠎ᠢ ᠶᠡᠬᠡᠪᠡᠷ ᠳᠡᠯᠭᠡᠷᠡᠭᠦᠯᠦᠨ᠂ ᠲᠠᠷᠢᠶᠠᠯᠠᠩ᠎ᠤᠨ ᠬᠡᠷᠡᠯᠴᠢ ᠴᠠᠬᠢᠯᠭ᠋ᠠᠨ᠎ᠤ ᠬᠠᠷᠢᠯᠴᠠᠨ ᠨᠥᠬᠥᠪᠦᠷᠢᠯᠡᠬᠦ᠂ ᠮᠠᠯ ᠠᠵᠤ ᠠᠬᠤᠢ ᠬᠡᠷᠡᠯᠴᠢ ᠴᠠᠬᠢᠯᠭ᠋ᠠᠨ᠎ᠤ ᠬᠠᠷᠢᠯᠴᠠᠨ ᠨᠥᠬᠥᠪᠦᠷᠢᠯᠡᠬᠦ ᠵᠢ ᠠᠬᠢᠭᠤᠯᠵᠤ᠂ ᠡᠯᠡᠰᠦ ᠵᠢ ᠵᠠᠰᠠᠬᠤ ᠮᠥᠷᠲᠡᠭᠡᠨ ᠪᠠᠰᠠ ᠨᠣᠭᠣᠭ᠋ᠠᠨ ᠴᠠᠬᠢᠯᠭ᠋ᠠᠨ ᠭᠠᠷᠭ᠋ᠠᠬᠤ ᠵᠢᠨ ᠬᠠᠮᠲᠤ ᠤᠯᠠᠨ ᠲᠦᠮᠡᠨ᠎ᠤ ᠣᠷᠣᠯᠭ᠎ᠠ ᠵᠢ ᠨᠡᠮᠡᠭᠳᠡᠭᠦᠯᠵᠦ᠂ ᠠᠮᠢ ᠠᠬᠤᠢ᠂ ᠦᠢ᠍ᠯᠡᠳᠪᠦᠷᠢᠯᠡᠯ᠂ ᠠᠮᠢᠳᠤᠷᠠᠯ᠎ᠤᠨ 《ᠭᠤᠷᠪᠠᠨ ᠲᠠᠯ᠎ᠠ᠎ᠪᠠᠷ ᠠᠰᠢᠭ ᠭᠥᠷᠳᠡᠬᠦ》 ᠵᠢ ᠪᠡᠶᠡᠯᠡᠭᠦᠯᠪᠡ᠃

      ᠣᠷᠣᠨ ᠪᠦᠰᠡ ᠵᠢᠨ ᠬᠠᠮᠲᠤᠷᠠᠨ ᠰᠡᠷᠭᠡᠢ᠌ᠯᠡᠵᠦ ᠬᠠᠮᠲᠤᠷᠠᠨ ᠵᠠᠰᠠᠬᠤ ᠵᠢ ᠪᠦᠬᠦ ᠲᠠᠯ᠎ᠠ᠎ᠪᠠᠷ ᠴᠢᠩᠭ᠋ᠠᠳᠬᠠᠪᠠ᠃ 《ᠭᠠᠨᠰᠤ ᠥᠪᠥᠷ ᠮᠣᠩᠭᠣᠯ᠎ᠤᠨ ᠴᠦᠯᠯᠡᠷᠭᠡᠭᠵᠢᠯ᠎ᠢ ᠶᠡᠷᠦᠩᠬᠡᠢ᠌ᠯᠡᠨ ᠰᠡᠷᠭᠡᠢ᠌ᠯᠡᠨ ᠵᠠᠰᠠᠬᠤ ᠪᠠ 〈ᠤᠮᠠᠷᠠᠲᠤ ᠵᠢᠨ ᠭᠤᠷᠪᠠᠨ ᠣᠷᠣᠨ〉 ᠵᠡᠷᠭᠡ ᠭᠣᠣᠯᠳᠠᠯᠭ᠎ᠠ᠎ᠲᠠᠢ ᠠᠮᠢ ᠠᠬᠤᠢ ᠵᠢᠨ ᠵᠠᠰᠠᠯᠲᠠ ᠵᠢᠨ ᠢᠨᠵᠧᠨᠧᠷᠢᠩ᠎ᠤᠨ ᠬᠠᠮᠲᠤᠷᠠᠨ ᠰᠡᠷᠭᠡᠢ᠌ᠯᠡᠵᠦ ᠬᠠᠮᠲᠤᠷᠠᠨ ᠵᠠᠰᠠᠬᠤ ᠬᠠᠮᠲᠤᠷᠠᠯᠴᠠᠭ᠋ᠠᠨ᠎ᠤ ᠪᠣᠷᠣ ᠲᠥᠯᠥᠪ᠎ᠤᠨ ᠵᠥᠪᠯᠡᠯᠴᠡᠭᠡᠷ》 《ᠮᠤᠤᠠᠠᠤᠰᠤ ᠵᠢᠨ ᠡᠯᠡᠰᠦᠷᠬᠡᠭ ᠭᠠᠵᠠᠷ᠎ᠤᠨ ᠬᠠᠮᠲᠤᠷᠠᠨ ᠰᠡᠷᠭᠡᠢ᠌ᠯᠡᠵᠦ ᠬᠠᠮᠲᠤᠷᠠᠨ ᠵᠠᠰᠠᠬᠤ ᠪᠣᠷᠣ ᠲᠥᠯᠥᠪ᠎ᠤᠨ ᠬᠠᠮᠲᠤᠷᠠᠯᠴᠠᠭ᠋ᠠᠨ᠎ᠤ ᠵᠥᠪᠯᠡᠯᠴᠡᠭᠡᠷ》᠎ᠢ ᠰᠠᠶ᠋ᠢᠲᠤᠷ ᠨᠠᠢ᠌ᠳᠠᠪᠤᠷᠢᠵᠢᠭᠤᠯᠵᠤ᠂ ᠥᠪᠥᠷ ᠮᠣᠩᠭᠣᠯ ᠯᠢᠶᠣᠣᠨᠢᠩ᠂ ᠥᠪᠥᠷ ᠮᠣᠩᠭᠣᠯ ᠾᠧᠪᠧᠢ᠂ ᠥᠪᠥᠷ ᠮᠣᠩᠭᠣᠯ ᠨᠢᠩᠰᠢᠶᠠ᠂ ᠥᠪᠥᠷ ᠮᠣᠩᠭᠣᠯ ᠭᠠᠨᠰᠤ ᠵᠡᠷᠭᠡ ᠭᠠᠵᠠᠷ ᠣᠷᠣᠨ᠎ᠳᠤ ᠨᠢᠭᠡ ᠪᠦᠯᠦᠭ ᠬᠠᠮᠲᠤᠷᠠᠨ ᠰᠡᠷᠭᠡᠢ᠌ᠯᠡᠵᠦ ᠬᠠᠮᠲᠤᠷᠠᠨ ᠵᠠᠰᠠᠬᠤ ᠲᠥᠷᠥᠯ ᠵᠦᠢ᠍ᠯ᠎ᠢ ᠭᠣᠣᠯᠳᠠᠯᠭ᠎ᠠ᠎ᠲᠠᠢ ᠬᠡᠷᠡᠭᠵᠢᠭᠦᠯᠵᠦ᠂ ᠲᠤᠬᠠᠢ ᠵᠢᠨ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠤᠨ ᠨᠢᠭᠡ ᠪᠦᠯᠦᠭ ᠡᠯᠡᠰᠦᠷᠬᠡᠭᠵᠢᠬᠦ ᠵᠢ ᠰᠡᠷᠭᠡᠢ᠌ᠯᠡᠨ ᠡᠯᠡᠰᠦ ᠵᠢ ᠵᠠᠰᠠᠬᠤ ᠥᠯᠢᠭᠡᠷ ᠳᠠᠭᠤᠷᠢᠶᠠᠯ᠎ᠤᠨ ᠢᠨᠵᠧᠨᠧᠷᠢᠩ᠎ᠢ ᠪᠠᠢ᠌ᠭᠤᠯᠪᠠ᠃ ᠡᠭᠦᠨ᠎ᠤ ᠬᠠᠮᠲᠤ᠂ ᠡᠯᠡᠰᠦ ᠵᠢ ᠰᠡᠷᠭᠡᠢ᠌ᠯᠡᠵᠦ ᠡᠯᠡᠰᠦ ᠵᠢ ᠵᠠᠰᠠᠬᠤ ᠵᠢᠱ᠌ᠢᠶ᠎ᠡ ᠦᠵᠡᠭᠦᠯᠬᠦ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠵᠤ᠂ ᠬᠣᠷᠴᠢᠨ — ᠬᠤᠯᠠᠨ ᠰᠢᠷᠭ᠎ᠠ ᠲᠠᠭ᠎ᠠ ᠵᠢᠨ ᠡᠯᠡᠰᠦᠷᠬᠡᠭ ᠭᠠᠵᠠᠷ᠎ᠤᠨ ᠡᠮᠦᠨ᠎ᠡ ᠵᠠᠬ᠎ᠠ᠎ᠳᠤ ᠵᠦᠩ ᠯᠢᠨ ᠪᠦᠯᠦᠭᠯᠡᠯ᠎ᠲᠠᠢ ᠬᠠᠮᠲᠤᠷᠠᠯᠴᠠᠵᠤ ᠪᠠᠶ᠋ᠢᠭ᠋ᠠᠳ ᠡᠯᠡᠰᠦ ᠵᠢ ᠰᠡᠷᠭᠡᠢ᠌ᠯᠡᠵᠦ ᠡᠯᠡᠰᠦ ᠵᠢ ᠵᠠᠰᠠᠬᠤ ᠶᠡᠷᠦᠩᠬᠡᠢ᠌ᠯᠡᠭᠰᠡᠨ ᠵᠢᠱ᠌ᠢᠶ᠎ᠡ ᠦᠵᠡᠭᠦᠯᠬᠦ ᠣᠷᠣᠨ᠎ᠢ ᠬᠠᠮᠲᠤᠪᠠᠷ ᠪᠦᠲᠦᠭᠡᠨ ᠪᠠᠢ᠌ᠭᠤᠯᠵᠤ᠂ ᠳ᠋ᠥ᠋ᠩᠺᠸᠤ ᠰᠢᠶᠠᠨ᠎ᠳᠤ ᠳᠤᠮᠳᠠᠳᠤ ᠤᠯᠤᠰ᠎ᠤᠨ ᠤᠢ ᠰᠢᠭᠤᠢ ᠵᠢᠨ ᠬᠦᠷᠢᠶᠡᠯᠡᠩ᠎ᠤᠨ ᠡᠯᠡᠰᠦᠷᠬᠡᠭ ᠤᠢ ᠵᠢᠨ ᠲᠥᠪ᠎ᠲᠠᠢ ᠬᠠᠮᠲᠤᠷᠠᠨ ᠪᠦᠬᠦ ᠤᠯᠤᠰ᠎ᠤᠨ ᠡᠯᠡᠰᠦ ᠵᠢ ᠰᠡᠷᠭᠡᠢ᠌ᠯᠡᠵᠦ ᠡᠯᠡᠰᠦ ᠵᠢ ᠵᠠᠰᠠᠬᠤ ᠴᠢᠨᠠᠷ ᠰᠠᠢ᠌ᠲᠠᠢ ᠬᠥᠭᠵᠢᠯᠲᠡ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢ ᠦᠷᠨᠢᠬᠦᠥᠯᠪᠡ᠃

      ᠡᠯ᠎ᠡ ᠲᠠᠯ᠎ᠠ ᠵᠢᠨ ᠢᠳᠡᠪᠬᠢᠵᠢᠯ᠎ᠢ ᠭᠦᠢ᠍ᠴᠡᠳ ᠲᠠᠢ᠌ᠴᠢᠯᠠᠪᠠ᠃ ᠲᠥᠪ᠎ᠤᠨ ᠠᠵᠤ ᠠᠬᠤᠢ᠌ᠯᠠᠯ᠂ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ᠎ᠤᠨ ᠡᠯᠡᠰᠦ ᠵᠢ ᠰᠡᠷᠭᠡᠢ᠌ᠯᠡᠵᠦ ᠡᠯᠡᠰᠦ ᠵᠢ ᠵᠠᠰᠠᠬᠤ ᠵᠦᠢ᠍ᠯᠡᠰ᠎ᠤᠨ ᠪᠦᠲᠦᠭᠡᠨ ᠪᠠᠢ᠌ᠭᠤᠯᠤᠯᠲᠠ᠎ᠳᠤ ᠣᠷᠣᠯᠴᠠᠬᠤ ᠵᠢ ᠵᠣᠷᠢᠭᠵᠢᠭᠤᠯᠤᠨ ᠬᠥᠲᠥᠯᠥᠨ ᠵᠢᠯᠤᠭᠣᠳᠴᠤ᠂ ᠶᠡᠬᠡ ᠬᠡᠪᠴᠢᠶ᠎ᠡ᠎ᠪᠠᠷ᠂ ᠲᠥᠪᠯᠡᠷᠡᠨ ᠵᠠᠯᠭ᠋ᠠᠯᠳᠤᠭᠰᠠᠨ ᠡᠯᠡᠰᠦᠷᠬᠡᠭ ᠭᠠᠵᠠᠷ᠎ᠢ ᠵᠠᠰᠠᠬᠤ ᠠᠵᠢᠯ᠎ᠢ ᠥᠷᠨᠢᠭᠦᠯᠪᠡ᠃ ᠤᠯᠠᠨ ᠡᠰᠢᠵᠢᠭᠰᠡᠨ ᠣᠷᠣᠭᠤᠯᠤᠯᠲᠠ ᠵᠢᠨ ᠲᠣᠭᠲᠠᠴᠠ ᠵᠢ ᠪᠦᠷᠢᠨᠰᠢᠭᠦᠯᠵᠦ᠂ ᠮᠠ ᠢ ᠪᠦᠯᠦᠭᠯᠡᠯ᠂ ᠳᠤᠮᠳᠠᠳᠤ ᠤᠯᠤᠰ᠎ᠤᠨ ᠨᠣᠭᠣᠭ᠋ᠠᠷᠠᠭᠤᠯᠤᠯᠲᠠ ᠵᠢᠨ ᠰᠠᠭᠤᠷᠢ ᠮᠥᠩᠭᠥᠨ᠎ᠤ ᠨᠡᠢ᠌ᠭᠡᠮᠯᠢᠭ ᠵᠡᠷᠭᠡ ᠠᠵᠤ ᠠᠬᠤᠢ᠌ᠯᠠᠯ ᠪᠣᠯᠣᠨ ᠨᠠᠢ᠌ᠳᠠ ᠵᠢᠨ ᠠᠰᠠᠷᠠᠮᠵᠢ ᠵᠢᠨ ᠵᠣᠬᠢᠶᠠᠨ ᠪᠠᠢ᠌ᠭᠤᠯᠤᠯᠲᠠ᠎ᠯᠤᠭ᠎ᠠ ᠵᠢᠨ ᠬᠠᠮᠲᠤᠷᠠᠯᠴᠠᠭ᠎ᠠ᠎ᠪᠠᠨ ᠭᠦᠨᠵᠡᠭᠡᠢ᠌ᠷᠡᠭᠦᠯᠵᠦ᠂ ᠠᠮᠢ ᠠᠬᠤᠢ ᠵᠢᠨ ᠪᠦᠲᠦᠭᠡᠨ ᠪᠠᠢ᠌ᠭᠤᠯᠤᠯᠲᠠ ᠵᠢᠨ ᠪᠡᠯᠡ ᠣᠷᠣᠭᠤᠯᠵᠤ ᠪᠡᠯᠡ ᠲᠣᠬᠢᠷᠠᠭᠤᠯᠬᠤ ᠠᠷᠭ᠎ᠠ ᠵᠠᠮ᠎ᠢ ᠲᠠᠰᠤᠷᠠᠯᠲᠠ ᠦᠭᠡᠢ ᠥᠷᠭᠡᠳᠬᠡᠨ᠂ ᠠᠮᠢ ᠠᠬᠤᠢ ᠣᠷᠴᠢᠨ ᠲᠣᠭᠣᠷᠢᠨ ᠵᠶ᠋ᠠᠷ ᠤᠳᠤᠷᠢᠳᠤᠮᠵᠢ ᠪᠣᠯᠭ᠋ᠠᠭᠰᠠᠨ ᠪᠡᠯᠡ ᠣᠷᠣᠭᠤᠯᠵᠤ ᠪᠡᠯᠡ ᠲᠣᠬᠢᠷᠠᠭᠤᠯᠬᠤ ᠵᠠᠭᠪᠤᠷ᠎ᠤᠨ ᠰᠢᠨ᠎ᠡ ᠵᠢ ᠡᠭᠦᠳᠬᠦ ᠵᠢ ᠠᠬᠢᠭᠤᠯᠵᠤ᠂ ᠨᠡᠢ᠌ᠭᠡᠮ᠎ᠤᠨ ᠬᠥᠷᠥᠩᠭᠡ ᠪᠣᠯᠣᠨ ᠲᠥᠷᠥ ᠵᠢᠨ ᠪᠣᠳᠣᠯᠭ᠎ᠠ ᠵᠢᠨ ᠴᠢᠨᠠᠷᠲᠠᠢ᠂ ᠨᠡᠭᠡᠭᠡᠯᠲᠡ ᠵᠢᠨ ᠴᠢᠨᠠᠷᠲᠠᠢ ᠵᠡᠷᠭᠡ ᠡᠯ᠎ᠡ ᠲᠥᠷᠥᠯ᠎ᠤᠨ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢᠨ ᠣᠷᠣᠭᠤᠯᠤᠯᠲᠠ᠎ᠪᠠᠨ ᠨᠡᠮᠡᠭᠳᠡᠭᠦᠯᠬᠦ ᠵᠢ ᠢᠳᠡᠪᠬᠢᠲᠡᠢ ᠰᠦᠪᠡᠭᠴᠢᠯᠡᠪᠡ᠃ ᠤᠯᠠᠨ ᠲᠦᠮᠡᠨ᠎ᠤ ᠣᠷᠣᠯᠴᠠᠬᠤ ᠠᠷᠭ᠎ᠠ ᠮᠠᠶᠢᠭ᠎ᠤᠨ ᠰᠢᠨ᠎ᠡ ᠵᠢ ᠡᠭᠦᠳᠬᠦ ᠵᠢ ᠢᠳᠡᠪᠬᠢᠲᠡᠢ᠎ᠪᠠᠷ ᠬᠠᠢ᠌ᠨ ᠰᠦᠪᠡᠭᠴᠢᠯᠡᠵᠦ᠂ ᠤᠯᠠᠨ ᠲᠦᠮᠡᠨ᠎ᠤ ᠣᠳᠣᠬᠠᠨ᠎ᠤ ᠪᠠ ᠠᠯᠤᠰ ᠬᠡᠲᠦ ᠵᠢᠨ ᠠᠰᠢᠭ ᠲᠤᠰᠠ ᠵᠢ ᠬᠠᠮᠲᠤ᠎ᠳᠤᠨᠢ ᠬᠠᠷᠠᠭ᠋ᠠᠯᠵᠠᠵᠤ᠂ ᠠᠵᠢᠯ ᠣᠯᠭᠣᠬᠤ᠎ᠪᠠᠷ ᠲᠡᠳᠬᠦᠮᠵᠢ ᠵᠢ ᠣᠷᠣᠯᠠᠭᠤᠯᠬᠤ᠂ ᠤᠷᠢᠳᠠᠪᠠᠷ ᠪᠠᠢ᠌ᠭᠤᠯᠵᠤ ᠰᠡᠭᠦᠯᠡᠷ᠎ᠨᠢ ᠨᠥᠬᠥᠪᠦᠷᠢᠯᠡᠬᠦ ᠵᠡᠷᠭᠡ ᠵᠠᠭᠪᠤᠷ᠎ᠢ ᠶᠡᠬᠡᠪᠡᠷ ᠳᠡᠯᠭᠡᠷᠡᠭᠦᠯᠵᠦ᠂ ᠦᠨ᠎ᠡ ᠲᠥᠯᠥᠪᠦᠷᠢ᠎ᠲᠠᠢ ᠬᠥᠳᠡᠯᠮᠦᠷᠢ᠎ᠪᠠᠷ ᠳᠠᠮᠵᠢᠭᠤᠯᠤᠨ ᠤᠯᠠᠨ ᠲᠦᠮᠡᠨ᠎ᠢ ᠪᠦᠲᠦᠮᠵᠢᠲᠡᠢ᠎ᠪᠠᠷ ᠵᠣᠬᠢᠶᠠᠨ ᠪᠠᠢ᠌ᠭᠤᠯᠤᠨ ᠠᠮᠢ ᠠᠬᠤᠢ ᠵᠢᠨ ᠪᠦᠲᠦᠭᠡᠨ ᠪᠠᠢ᠌ᠭᠤᠯᠤᠯᠲᠠ᠎ᠳᠤ ᠣᠷᠣᠯᠴᠠᠭᠤᠯᠵᠤ᠂ ᠡᠯᠡᠰᠦ ᠵᠢ ᠵᠠᠰᠠᠬᠤ ᠮᠥᠷᠲᠡᠭᠡᠨ ᠪᠠᠰᠠ ᠪᠠᠶᠠᠵᠢᠭᠤᠯᠬᠤ ᠵᠢ ᠪᠡᠶᠡᠯᠡᠭᠦᠯᠪᠡ᠃

      

图片04.png


ᠤᠯᠠᠭ᠋ᠠᠨᠰᠤᠬᠠᠢ

      ᠴᠢᠩ ᠰᠡᠳᠬᠢᠯ᠎ᠤᠨ ᠬᠦᠰᠡᠯ ᠡᠷᠡᠮᠡᠯᠵᠡᠯ᠎ᠤᠨ ᠦᠭᠡ ᠴᠢᠬᠢᠨ᠎ᠳᠤ ᠬᠠᠳᠠᠩᠰᠢᠲᠠᠯ᠎ᠠ ᠶᠠᠷᠢᠭᠳᠠᠨ᠎ᠠ; ᠴᠢᠩ ᠰᠡᠳᠬᠢᠯ᠎ᠤᠨ ᠬᠦᠰᠡᠯ ᠨᠠᠢ᠌ᠳᠠᠯᠭ᠎ᠠ ᠮᠢᠩᠭ᠋ᠠᠨ ᠵᠢᠩ᠎ᠠᠴᠠ ᠬᠦᠨᠳᠦ᠃ ᠥᠪᠥᠷ ᠮᠣᠩᠭᠣᠯ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠥᠭᠭᠦᠭᠰᠡᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠡᠷᠡᠰ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ 《ᠲᠠᠪᠤᠨ ᠶᠡᠬᠡ ᠡᠭᠦᠷᠭᠡ》 ᠵᠢ ᠨᠠᠢ᠌ᠳᠠᠪᠤᠷᠢᠵᠢᠭᠤᠯᠬᠤ ᠪᠠ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠬᠤ ᠬᠣᠶᠠᠷ ᠶᠡᠬᠡ ᠶᠠᠪᠤᠳᠠᠯ᠎ᠢ ᠴᠢᠩᠭ᠎ᠠ ᠠᠳᠬᠤᠨ ᠰᠠᠶ᠋ᠢᠲᠤᠷ ᠬᠢᠵᠦ᠂ ᠡᠭᠦᠷᠭᠡ ᠬᠠᠷᠢᠭᠤᠴᠠᠯᠭ᠎ᠠ᠎ᠪᠠᠨ ᠵᠣᠷᠢᠭᠲᠠᠢ᠎ᠪᠠᠷ ᠡᠭᠦᠷᠭᠡᠯᠡᠵᠦ᠂ ᠤᠷᠳᠤ ᠬᠤᠭᠤᠴᠠᠭ᠎ᠠ᠎ᠪᠠᠷ ᠴᠢᠷᠮᠠᠢ᠌ᠨ ᠠᠵᠢᠯᠯᠠᠵᠤ᠂ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ ᠪᠣᠯᠣᠨ ᠭᠤᠷᠪᠠᠨ ᠶᠡᠬᠡ ᠪᠡᠯᠭᠡ ᠲᠡᠮᠳᠡᠭ᠎ᠤᠨ ᠴᠢᠨᠠᠷᠲᠠᠢ ᠳᠠᠢ᠌ᠯᠠᠯᠳᠤᠭ᠋ᠠᠨ᠎ᠢ ᠪᠦᠬᠦ ᠬᠦᠴᠦᠨ ᠵᠶ᠋ᠡᠷ ᠵᠶ᠋ᠡᠨ ᠰᠠᠶ᠋ᠢᠲᠤᠷ ᠬᠢᠵᠦ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠨᠢᠭᠡ ᠴᠣᠭᠴᠠᠵᠢᠭᠤᠯᠤᠨ ᠬᠠᠮᠠᠭ᠋ᠠᠯᠠᠬᠤ ᠪᠠ ᠰᠢᠰᠲ᠋ᠧᠮ᠎ᠲᠠᠢ ᠵᠠᠰᠠᠬᠤ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ 《ᠨᠣᠮᠢᠨ ᠨᠣᠭᠣᠭ᠋ᠠᠨ ᠤᠷᠤᠭᠰᠢᠯᠠᠵᠤ ᠡᠯᠡᠰᠦ ᠤᠬᠤᠷᠢᠬᠤ》 ᠰᠠᠢ᠍ᠢ᠍ᠨ ᠰᠠᠢ᠌ᠬᠠᠨ ᠬᠠᠨᠳᠤᠰᠢ ᠵᠢ ᠴᠢᠨᠠᠭᠰᠢᠳᠠ ᠪᠡᠬᠢᠵᠢᠭᠦᠯᠦᠨ ᠬᠥᠭᠵᠢᠭᠦᠯᠵᠦ᠂ ᠰᠢᠨ᠎ᠡ ᠴᠠᠭ ᠦᠶ᠎ᠡ ᠵᠢᠨ ᠡᠯᠡᠰᠦ ᠵᠢ ᠰᠡᠷᠭᠡᠢ᠌ᠯᠡᠵᠦ ᠡᠯᠡᠰᠦ ᠵᠢ ᠵᠠᠰᠠᠬᠤ ᠰᠢᠨ᠎ᠡ ᠭᠠᠶ᠋ᠢᠬᠠᠮᠰᠢᠭ᠎ᠢ ᠴᠢᠷᠮᠠᠢ᠌ᠨ ᠡᠭᠦᠳᠴᠦ᠂ ᠡᠬᠡ ᠤᠯᠤᠰ᠎ᠤᠨ ᠤᠮᠠᠷᠠᠲᠤ ᠬᠢᠯᠢ ᠵᠢᠨ ᠡᠨᠡᠬᠦ ᠲᠦᠮᠡᠨ ᠭᠠᠵᠠᠷ᠎ᠤᠨ ᠨᠣᠮᠢᠨ ᠨᠣᠭᠣᠭ᠋ᠠᠨ ᠤᠷᠳᠤ ᠴᠠᠭ᠋ᠠᠨ ᠬᠡᠷᠡᠮ᠎ᠢ ᠨᠡᠩ ᠪᠠᠲᠤ ᠪᠡᠬᠢ ᠴᠣᠭᠴᠠᠯᠠᠨ ᠪᠠᠢ᠌ᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
《ᠪᠦᠬᠦ ᠤᠯᠤᠰ᠎ᠤᠨ ᠬᠣᠶᠠᠷ ᠬᠤᠷᠠᠯ᠎ᠳᠤ ᠠᠩᠬᠠᠷᠤᠯ ᠵᠶ᠋ᠠᠨ ᠲᠥᠪᠯᠡᠷᠡᠭᠦᠯᠦᠶ᠎ᠡ》 ᠸᠠᠩ ᠸᠠᠩ ᠱᠧᠩ ᠲᠥᠯᠥᠭᠡᠯᠡᠭᠴᠢ᠄ ᠨᠣᠮᠢᠨ ᠨᠣᠭᠣᠭ᠋ᠠᠨ᠎ᠢ ᠬᠥᠭᠡᠭᠡᠴᠡᠯᠳᠦᠵᠦ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠦᠲᠦᠭᠡᠨ ᠪᠠᠢ᠌ᠭᠤᠯᠬᠤ᠎ᠳᠤ ᠥᠪᠥᠷ ᠮᠣᠩᠭᠣᠯ᠎ᠤᠨ ᠬᠦᠴᠦᠨ ᠴᠢᠳᠠᠯ᠎ᠢ ᠨᠡᠮᠡᠷᠢᠯᠡᠨ᠎ᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠨᠠᠮ᠎ᠤᠨ ᠭᠡᠰᠢᠭᠦᠨ ᠺᠠᠳ᠋ᠷᠴᠤᠳ᠎ᠢ ᠵᠣᠬᠢᠶᠠᠨ ᠪᠠᠢ᠌ᠭᠤᠯᠵᠤ 《ᠬᠦᠰᠡᠯ ᠨᠠᠢ᠌ᠳᠠᠯᠭ᠎ᠠ ᠵᠢ ᠪᠠᠲᠤ ᠴᠡᠭᠡᠵᠢᠯᠡᠵᠦ ᠠᠴᠢ ᠡᠨᠡᠷᠢᠯ᠎ᠳᠤ᠎ᠨᠢ ᠲᠠᠯᠠᠷᠬᠠᠨ ᠡᠷᠡᠯᠬᠡᠭᠯᠡᠨ ᠤᠷᠤᠭᠰᠢᠯᠠᠶ᠎ᠠ》 ᠭᠡᠬᠦ ᠭᠣᠣᠯ ᠰᠡᠳᠦᠪᠲᠦ ᠦᠵᠡᠰᠬᠦᠯᠡᠩ᠎ᠢ ᠲᠣᠭᠣᠷᠢᠨ ᠦᠵᠡᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠸᠠᠩ ᠸᠠᠩ ᠱᠧᠩ 《ᠵᠢᠷᠭᠤᠭ᠎ᠠ ᠵᠢ ᠨᠢᠭᠡᠳᠦᠯᠲᠡᠢ ᠲᠥᠯᠥᠪᠵᠢᠭᠦᠯᠬᠦ》 ᠠᠵᠢᠯ᠎ᠢ ᠠᠬᠢᠭᠤᠯᠤᠭᠰᠠᠨ ᠪᠠᠶ᠋ᠢᠳᠠᠯ᠎ᠤᠨ ᠲᠤᠬᠠᠢ ᠪᠠᠢ᠌ᠴᠠᠭ᠋ᠠᠨ ᠰᠤᠳᠤᠯᠤᠯᠲᠠ ᠥᠷᠨᠢᠭᠦᠯᠵᠡᠢ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠣᠣᠯᠳᠠᠯᠭ᠎ᠠ᠎ᠲᠠᠢ ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠪᠠ
4.15 ᠪᠦᠬᠦ ᠠᠷᠠᠳ᠎ᠤᠨ ᠤᠯᠤᠰ᠎ᠤᠨ ᠠᠮᠤᠷ ᠲᠦᠪᠰᠢᠨ᠎ᠤ ᠬᠥᠮᠦᠵᠢᠯ᠎ᠤᠨ ᠡᠳᠦᠷ — ᠠᠮᠢ ᠠᠬᠤᠢ ᠵᠢᠨ ᠠᠮᠤᠷ ᠲᠦᠪᠰᠢᠨ᠂ ᠴᠥᠮ᠎ᠡ ᠵᠢᠨ ᠠᠮᠤᠷ ᠲᠦᠪᠰᠢᠨ᠎ᠤ ᠭᠣᠣᠯ ᠰᠡᠳᠦᠪᠲᠦ ᠤᠬᠠᠭᠤᠯᠭ᠎ᠠ ᠵᠢᠨ ᠵᠠᠷᠯᠠᠯ
 
             蒙ICP备05000248号