
ᠪᠥᠬᠥ ᠤᠯᠤᠰ᠎ᠤᠨ ᠬᠣᠶᠠᠷ ᠬᠤᠷᠠᠯ᠎ᠤᠨ ᠬᠤᠭᠤᠴᠠᠭ᠋ᠠᠨ᠎ᠳᠤ᠂ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ ᠸᠠᠩ ᠸᠠᠩ ᠱᠧᠩ ᠪᠣᠭᠴᠣᠨ᠎ᠳᠠᠭᠠᠨ ᠣᠨᠴᠠᠭ᠋ᠠᠢ 《ᠵᠢᠷᠤᠭ》 ᠠᠪᠠᠴᠢᠯ᠎ᠠ᠂ ᠲᠡᠷᠡ ᠪᠥᠬᠥ ᠤᠯᠤᠰ᠎ᠤᠨ ᠡᠯ᠎ᠡ ᠭᠠᠵᠠᠷ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢᠳ᠎ᠲᠠᠢ ᠡᠨᠡ ᠬᠦ᠌ 《ᠵᠢᠷᠤᠭ》᠎ᠤᠨ ᠲᠣᠭᠣᠷᠢᠨ᠎ᠳᠤ ᠰᠠᠨᠠᠯ ᠵᠶ᠋ᠠᠨ ᠰᠣᠯᠢᠯᠴᠠᠵᠤ᠂ ᠥᠪᠥᠷ ᠮᠣᠩᠭᠣᠯ᠎ᠤᠨ ᠬᠥᠬᠡᠮᠳᠦᠭ ᠨᠣᠭᠣᠭ᠋ᠠᠨ ᠠᠭᠤᠯᠠ ᠤᠰᠤ ᠵᠢ ᠤᠯᠠᠨ᠎ᠳᠤ ᠲᠠᠨᠢᠯᠴᠠᠭᠤᠯᠤᠯ᠎ᠠ᠃
ᠡᠨᠡ ᠪᠣᠯ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠪᠦᠲᠦᠭᠡᠨ ᠪᠠᠢ᠌ᠭᠤᠯᠤᠯᠲᠠ ᠵᠢᠨ ᠪᠠᠢ᠌ᠷᠢᠯᠠᠭᠤᠯᠤᠯᠲᠠ ᠵᠢᠨ ᠵᠢᠷᠤᠭ᠂ ᠥᠪᠥᠷ ᠮᠣᠩᠭᠣᠯ᠎ᠤᠨ ᠤᠢ ᠰᠢᠭᠤᠢ᠂ ᠲᠠᠯ᠎ᠠ ᠨᠤᠲᠤᠭ᠂ ᠡᠯᠡᠰᠦᠷᠬᠡᠭ ᠭᠠᠵᠠᠷ ᠡᠯᠡᠰᠦ ᠮᠠᠩᠬ᠎ᠠ᠂ ᠭᠣᠣᠯ ᠮᠥᠷᠡᠨ ᠨᠠᠭᠤᠷ ᠴᠥᠭᠥᠷᠥᠮ᠂ ᠲᠠᠷᠢᠶᠠᠨ ᠭᠠᠵᠠᠷ ᠵᠡᠷᠭᠡ 5 ᠳᠦᠷᠦᠯ᠎ᠤᠨ ᠴᠢᠬᠤᠯᠠ ᠠᠮᠢ ᠠᠬᠤᠢ ᠵᠢᠨ ᠡᠯᠧᠮᠧᠨ᠋ᠲ᠎ᠢ ᠬᠤᠷᠠᠮᠳᠤᠭᠤᠯᠵᠤ᠂ 〈ᠤᠮᠠᠷᠠᠲᠤ ᠵᠢᠨ ᠭᠤᠷᠪᠠᠨ ᠣᠷᠣᠨ〉᠎ᠤ ᠢᠨᠵᠧᠨᠧᠷᠢᠩ᠎ᠤᠨ ᠭᠤᠷᠪᠠᠨ ᠶᠡᠬᠡ ᠪᠡᠯᠭᠡ ᠲᠡᠮᠳᠡᠭ᠎ᠤᠨ ᠴᠢᠨᠠᠷᠲᠠᠢ ᠳᠠᠢ᠌ᠯᠠᠯᠳᠤᠭ᠋ᠠᠨ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠬᠠᠮᠠᠭ᠋ᠠᠯᠠᠬᠤ ᠪᠠ ᠵᠠᠰᠠᠨ ᠰᠡᠷᠭᠦᠭᠡᠬᠦ ᠵᠡᠷᠭᠡ ᠲᠠᠯ᠎ᠠ ᠵᠢᠨ ᠠᠭᠤᠯᠭ᠎ᠠ ᠵᠢ ᠬᠠᠮᠤᠷᠴᠤ᠂ 23 ᠵᠦᠢ᠍ᠯ᠎ᠤᠨ ᠭᠣᠣᠯᠳᠠᠯᠭ᠎ᠠ᠎ᠲᠠᠢ ᠢᠨᠵᠧᠨᠧᠷᠢᠩ᠎ᠤᠨ ᠡᠭᠦᠷᠭᠡ ᠵᠢ ᠳᠡᠯᠭᠡᠨ ᠦᠵᠡᠭᠦᠯᠵᠦ᠂ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠤᠨ 〈ᠠᠮᠢ ᠠᠬᠤᠢ ᠵᠢᠨ ᠰᠢᠯᠭ᠋ᠠᠯᠲᠠ ᠵᠢᠨ ᠬᠠᠭᠤᠳᠠᠰᠤ〉 ᠵᠢ 〈ᠨᠢᠭᠡ ᠵᠷᠢᠤᠭ〉 ᠵᠶ᠋ᠠᠷ ᠪᠦᠬᠦᠨ᠎ᠢ ᠬᠠᠷᠠᠭᠤᠯᠵᠠᠢ》 ᠭᠡᠵᠦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠸᠠᠩ ᠸᠠᠩ ᠱᠧᠩ ᠢᠯᠡᠳᠬᠡᠵᠦ᠂ ᠡᠬᠡ ᠤᠯᠤᠰ᠎ᠤᠨ ᠤᠮᠠᠷᠠᠲᠤ ᠵᠢᠨ ᠲᠦᠮᠡᠨ ᠭᠠᠵᠠᠷ᠎ᠤᠨ ᠨᠣᠭᠣᠭ᠋ᠠᠨ ᠴᠠᠭ᠋ᠠᠨ ᠬᠡᠷᠡᠮ᠎ᠢ ᠰᠠᠶ᠋ᠢᠲᠤᠷ ᠪᠦᠲᠦᠭᠡᠨ ᠪᠠᠢ᠌ᠭᠤᠯᠬᠤ᠎ᠳᠤ ᠥᠪᠥᠷ ᠮᠣᠩᠭᠣᠯ᠎ᠤᠨ ᠬᠠᠷᠢᠭᠤᠴᠠᠯᠭ᠎ᠠ ᠡᠭᠦᠷᠭᠡᠯᠡᠨ᠎ᠡ ᠭᠡᠯᠡ᠃
ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠴᠢᠩᠭ᠋ᠠᠳᠬᠠᠵᠤ᠂ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢ ᠠᠬᠢᠭᠤᠯᠵᠤ᠂ ᠠᠮᠢ ᠠᠬᠤᠢ ᠵᠢᠨ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠯᠲᠠ ᠵᠢ ᠠᠬᠢᠭᠤᠯᠵᠤ᠂ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠭᠤᠷᠪᠠᠨ ᠶᠡᠬᠡ ᠪᠡᠯᠭᠡ ᠲᠡᠮᠳᠡᠭ᠎ᠤᠨ ᠴᠢᠨᠠᠷᠲᠠᠢ ᠳᠠᠢ᠌ᠯᠠᠯᠳᠤᠭ᠋ᠠᠨ᠎ᠢ ᠰᠠᠶ᠋ᠢᠲᠤᠷ ᠵᠣᠬᠢᠶᠠᠨ ᠪᠠᠢ᠌ᠭᠤᠯᠬᠤ ᠬᠡᠷᠡᠭᠲᠡᠢ ᠭᠡᠵᠦ ᠳᠤᠷᠠᠳᠴᠠᠢ᠃ 《ᠡᠲᠡᠭᠡᠷ᠎ᠨᠢ ᠴᠥᠮ ᠪᠢᠳᠡᠨ᠎ᠲᠠᠢ ᠨᠢᠭᠲᠠ ᠬᠣᠯᠪᠣᠭ᠎ᠠ᠎ᠲᠠᠢ ᠶᠤᠮ᠂ ᠥᠪᠥᠷ ᠮᠣᠩᠭᠣᠯ ᠡᠷᠬᠡᠪᠰᠢ ᠭᠣᠣᠯ ᠡᠭᠦᠷᠭᠡ ᠵᠢ ᠡᠭᠦᠷᠭᠡᠯᠡᠵᠦ᠂ ᠬᠦᠨᠳᠦ ᠡᠭᠦᠷᠭᠡ ᠵᠢ ᠡᠭᠦᠷᠭᠡᠯᠡᠬᠦ ᠬᠡᠷᠡᠭᠲᠡᠶ》 ᠭᠡᠵᠦ ᠸᠠᠩ ᠸᠠᠩ ᠱᠧᠩ ᠢᠲᠡᠭᠡᠯ ᠲᠡᠭᠦᠯᠳᠡᠷ ᠪᠠᠢ᠌ᠯ᠎ᠠ᠃ ᠥᠪᠥᠷ ᠮᠣᠩᠭᠣᠯ᠎ᠳᠠᠬᠢ ᠶᠡᠬᠡ ᠲᠠᠯ᠎ᠠ ᠨᠤᠲᠤᠭ᠂ ᠶᠡᠬᠡ ᠤᠢ ᠰᠢᠭᠤᠢ᠂ ᠶᠡᠬᠡ ᠭᠣᠣᠯ ᠨᠠᠭᠤᠷ᠂ ᠶᠡᠬᠡ ᠨᠤᠭᠤ ᠭᠠᠵᠠᠷ᠂ ᠶᠡᠬᠡ ᠡᠯᠡᠰᠦᠨ ᠴᠦᠯ ᠪᠣᠯ ᠮᠠᠨ᠎ᠤ ᠤᠯᠤᠰ᠎ᠤᠨ ᠤᠮᠠᠷᠠᠲᠤ ᠵᠢᠨ ᠲᠠᠯᠠᠪᠠᠢ᠎ᠪᠠᠷ ᠬᠠᠮᠤᠭ᠎ᠤᠨ ᠶᠡᠬᠡ᠂ ᠳᠦᠷᠦᠯ ᠵᠦᠢ᠍ᠯ ᠵᠶ᠋ᠡᠷ ᠬᠠᠮᠤᠭ᠎ᠤᠨ ᠪᠦᠷᠢᠨ ᠠᠮᠢ ᠠᠬᠤᠢ ᠵᠢᠨ ᠴᠢᠳᠠᠮᠵᠢᠲᠤ ᠣᠷᠣᠨ ᠪᠣᠯᠣᠨ᠎ᠠ; ᠠᠮᠢ ᠠᠬᠤᠢ ᠵᠢ ᠪᠠᠲᠤᠯᠠᠵᠤ᠂ ᠠᠷᠪᠢᠯᠠᠨ ᠭᠠᠮᠨᠠᠬᠤ ᠵᠢ ᠠᠳᠬᠤᠵᠤ᠂ ᠪᠣᠬᠢᠷᠲᠤᠯ᠎ᠢ ᠵᠠᠰᠠᠵᠤ᠂ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠵᠤ᠂ ᠠᠮᠢ ᠠᠬᠤᠢ ᠵᠢᠨ ᠣᠷᠴᠢᠨ ᠲᠣᠭᠣᠷᠢᠨ᠎ᠤ ᠶᠠᠰᠤ ᠴᠢᠨᠠᠷ᠎ᠢ ᠦᠷᠭᠦᠯᠵᠢᠯᠡᠨ ᠰᠠᠢ᠌ᠵᠢᠷᠠᠭᠤᠯᠪᠠ; ᠤᠢ ᠰᠢᠭᠤᠢ ᠵᠢᠨ ᠪᠦᠷᠬᠦᠴᠡ ᠵᠢᠨ ᠨᠤᠷᠮ᠎ᠠ᠂ ᠨᠤᠲᠤᠭ ᠪᠡᠯᠴᠢᠭᠡᠷ᠎ᠤᠨ ᠤᠷᠭᠤᠮᠠᠯ᠎ᠤᠨ ᠬᠤᠴᠢᠯᠭ᠎ᠠ ᠵᠢᠨ ᠪᠦᠷᠬᠦᠴᠡ ᠵᠢᠨ ᠬᠡᠮᠵᠢᠶ᠎ᠡ ᠵᠢ ᠦᠷᠭᠦᠯᠵᠢᠯᠡᠨ 《ᠬᠣᠣᠰ ᠳᠡᠭᠡᠭᠰᠢᠯᠡᠯᠲᠡ》 ᠵᠢ ᠪᠡᠶᠡᠯᠡᠭᠦᠯᠵᠦ᠂ ᠴᠦᠯᠡᠷᠭᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠢ ᠵᠢᠨ ᠦᠷᠭᠦᠯᠵᠢᠯᠡᠨ 《ᠬᠣᠣᠰ ᠪᠠᠭᠤᠷᠠᠯᠲᠠ》 ᠵᠢ ᠪᠡᠶᠡᠯᠡᠭᠦᠯᠵᠦ᠂ 《ᠡᠯᠡᠰᠦ ᠤᠷᠤᠭᠰᠢᠯᠠᠵᠤ ᠬᠥᠮᠥᠨ ᠤᠬᠤᠷᠢᠬᠤ》᠎ᠠᠴᠠ 《ᠨᠤᠭᠤᠭ᠋ᠠᠷᠠᠯᠳᠠ ᠤᠷᠤᠭᠰᠢᠯᠠᠵᠤ ᠡᠯᠡᠰᠦ ᠤᠬᠤᠷᠢᠬᠤ》 ᠪᠤᠯᠠᠭ᠋ᠠᠨ ᠬᠤᠪᠢᠷᠠᠭᠤᠯᠪᠠ᠃ ᠡᠨᠡ ᠬᠦ᠌ 《ᠪᠣᠬᠢᠷᠲᠤᠯ ᠦᠭᠡᠢ ᠬᠢᠷᠢ ᠪᠦᠲᠦᠮᠵᠢ ᠵᠢᠨ ᠬᠠᠭᠤᠳᠠᠰᠤ》᠎ᠨᠢ ᠥᠪᠥᠷ ᠮᠣᠩᠭᠣᠯ᠎ᠤᠨ ᠠᠮᠢ ᠠᠬᠤᠢ ᠵᠢᠨ ᠪᠦᠲᠦᠭᠡᠨ ᠪᠠᠢ᠌ᠭᠤᠯᠤᠯᠲᠠ ᠵᠢᠨ ᠠᠮᠵᠢᠯᠲᠠ ᠪᠦᠲᠦᠮᠵᠢ ᠵᠢ ᠭᠡᠷᠡᠴᠢᠯᠡᠭᠰᠡᠨ ᠵᠶ᠋ᠡᠷ ᠪᠠᠷᠠᠬᠤ ᠦᠭᠡᠢ᠂ ᠤᠯᠠᠮ᠎ᠠᠴᠠ ᠤᠯᠠᠮ ᠤᠯᠠᠨ ᠠᠷᠠᠳ ᠲᠦᠮᠡᠨ᠎ᠳᠤ ᠬᠥᠬᠡ ᠲᠡᠭᠷᠢ ᠴᠠᠭ᠋ᠠᠨ ᠡᠭᠦᠯᠡ᠂ ᠬᠥᠬᠡᠮᠳᠦᠭ ᠨᠣᠭᠣᠭ᠋ᠠᠨ ᠠᠭᠤᠯᠠ ᠤᠰᠤ ᠵᠢ ᠡᠳ᠋ᠯᠡᠭᠦᠯᠦᠭᠰᠡᠨ ᠪᠠᠢ᠌ᠨ᠎ᠠ᠃
ᠡᠨᠡ ᠵᠢᠯ᠎ᠤᠨ ᠪᠦᠬᠦ ᠤᠯᠤᠰ᠎ᠤᠨ ᠬᠣᠶᠠᠷ ᠬᠤᠷᠠᠯ᠎ᠳᠤ᠂ ᠸᠠᠩ ᠸᠠᠩ ᠱᠧᠩ ᠠᠮᠢ ᠠᠬᠤᠢ ᠵᠢᠨ ᠲᠠᠯ᠎ᠠ᠎ᠪᠠᠷ᠎ᠬᠢ ᠬᠣᠶᠠᠷ ᠵᠦᠢ᠍ᠯ᠎ᠤᠨ ᠰᠠᠨᠠᠭᠤᠯᠭ᠎ᠠ ᠵᠢ ᠠᠪᠴᠢᠷᠠᠵᠠᠢ᠃ ᠤᠯᠤᠰ᠎ᠤᠨ ᠲᠠᠯ᠎ᠠ᠎ᠠᠴᠠ ᠥᠪᠥᠷ ᠮᠣᠩᠭᠣᠯ᠎ᠤᠨ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠦᠲᠦᠭᠡᠨ ᠪᠠᠢ᠌ᠭᠤᠯᠬᠤ ᠴᠢᠬᠤᠯᠠ ᠶᠡᠬᠡ ᠢᠨᠵᠧᠨᠧᠷᠢᠩ᠎ᠤᠨ ᠲᠥᠯᠦᠪᠵᠢᠭᠦᠯᠭᠡ ᠵᠢ ᠲᠣᠭᠲᠠᠭ᠋ᠠᠨ ᠬᠡᠷᠡᠭᠵᠢᠭᠦᠯᠵᠦ᠂ ᠨᠤᠲᠤᠭ ᠪᠡᠯᠴᠢᠭᠡᠷ ᠣᠢ ᠰᠢᠭᠤᠢ ᠨᠤᠭᠤ ᠭᠠᠵᠠᠷ ᠵᠡᠷᠭᠡ ᠴᠢᠬᠤᠯᠠ ᠠᠮᠢ ᠠᠬᠤᠢ ᠵᠢᠨ ᠰᠢᠰᠲ᠋ᠧᠮ᠎ᠢ ᠬᠠᠮᠠᠭ᠋ᠠᠯᠠᠨ ᠰᠡᠷᠭᠦᠭᠡᠬᠦ᠂ ᠣᠷᠴᠢᠨ ᠠᠬᠤᠢ ᠵᠢᠨ ᠪᠣᠬᠢᠷᠲᠤᠯ᠎ᠢ ᠰᠡᠷᠭᠡᠢ᠌ᠯᠡᠨ ᠵᠠᠰᠠᠬᠤ᠂ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠡᠷᠭᠢᠯᠲᠡᠲᠦ ᠬᠥᠭᠵᠢᠯᠲᠡ ᠵᠡᠷᠭᠡ ᠲᠠᠯ᠎ᠠ᠎ᠪᠠᠷ ᠲᠥᠷᠥ ᠵᠢᠨ ᠪᠣᠳᠣᠯᠭ᠎ᠠ᠂ ᠪᠡᠯᠡ ᠮᠥᠩᠭᠥ᠂ ᠲᠥᠷᠥᠯ ᠵᠦᠢ᠍ᠯ᠎ᠤᠨ ᠳᠡᠮᠵᠢᠯᠭᠡ ᠦᠵᠡᠭᠦᠯᠬᠦ ᠵᠢ ᠰᠠᠨᠠᠭᠤᠯᠵᠤ ᠪᠠᠢ᠌ᠨ᠎ᠠ; ᠤᠯᠤᠰ᠎ᠠᠴᠠ ᠥᠪᠥᠷ ᠮᠣᠩᠭᠣᠯ᠎ᠳᠤ ᠤᠮᠠᠷᠠᠲᠤ ᠵᠢᠨ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠰᠤᠳᠤᠯᠭ᠋ᠠᠨ᠎ᠤ ᠲᠥᠪ ᠪᠠᠢ᠌ᠭᠤᠯᠵᠤ᠂ ᠥᠪᠥᠷ ᠮᠣᠩᠭᠣᠯ᠎ᠤᠨ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠳᠡᠮᠵᠢᠬᠦ ᠵᠢ ᠬᠦᠰᠡᠵᠦ ᠪᠠᠢ᠌ᠨ᠎ᠠ ᠭᠡᠪᠡ᠃
《ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠬᠤ ᠪᠣᠯ ᠥᠪᠥᠷ ᠮᠣᠩᠭᠣᠯ᠎ᠤᠨ ᠡᠷᠬᠡᠪᠰᠢ ᠪᠠᠲᠤ ᠴᠡᠭᠡᠵᠢᠯᠡᠬᠦ ᠬᠡᠷᠡᠭᠲᠡᠢ 〈ᠤᠯᠤᠰ᠎ᠤᠨ ᠶᠡᠬᠡ ᠶᠠᠪᠤᠳᠠᠯ〉 ᠪᠣᠯᠣᠨ᠎ᠠ》 ᠭᠡᠵᠦ ᠸᠠᠩ ᠸᠠᠩ ᠱᠧᠩ ᠢᠯᠡᠳᠬᠡᠵᠦ᠂ ᠡᠨᠡᠬᠦ ᠬᠥᠬᠡᠮᠳᠦᠭ ᠨᠣᠭᠣᠭ᠋ᠠᠨ᠂ ᠡᠨᠡᠬᠦ ᠠᠷᠢᠭᠤᠨ ᠴᠡᠪᠡᠷ᠎ᠢ ᠰᠠᠶ᠋ᠢᠲᠤᠷ ᠰᠠᠬᠢᠨ ᠬᠠᠮᠠᠭ᠋ᠠᠯᠠᠵᠤ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠦᠲᠦᠭᠡᠨ ᠪᠠᠢ᠌ᠭᠤᠯᠬᠤ ᠶᠠᠪᠤᠴᠠ᠎ᠳᠤ ᠥᠪᠥᠷ ᠮᠣᠩᠭᠣᠯ᠎ᠤᠨ ᠡᠭᠦᠷᠭᠡᠯᠡᠯ᠎ᠢ ᠢᠯᠡᠷᠡᠭᠦᠯᠵᠦ᠂ ᠥᠪᠥᠷ ᠮᠣᠩᠭᠣᠯ᠎ᠤᠨ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠢᠯᠡᠳᠬᠡᠪᠡ᠃
(ᠬᠠᠮ ᠵᠠᠭᠤᠴᠢᠯᠠᠭᠤᠷ᠎ᠤᠨ ᠮᠡᠳᠡᠭᠡᠯᠡᠬᠦ ᠪᠦᠯᠬᠦᠮ᠄ ᠰᠦᠨ ᠢ ᠹᠠᠨ᠂ ᠼᠦᠢ ᠨᠠᠨ᠂ ᠬᠠᠨ ᠴᠢᠩ ᠯᠢ᠂ ᠢᠦᠢ ᠲᠤᠤ᠂ ᠯᠠᠢ ᠴᠦᠨ ᠢᠦᠢ᠂ ᠴᠧᠩ ᠶᠢᠩ ᠵᠢᠶᠦ᠋ᠨ᠂ ᠮᠠ ᠵᠢᠶᠠᠨ ᠴᠢᠤᠸᠠᠨ᠂ ᠸᠠᠩ ᠫᠧᠩ᠂ ᠮᠥᠩᠬᠡᠴᠢᠯᠠᠭᠤ)